ᠤᠤᠯ ᠭᠠᠷᠴᠠᠭ ᠄ ᠡᠪᠡᠳᠴᠢᠨ ᠦᠵᠡᠭᠦᠯᠬᠦ ᠳᠤ ᠨᠡᠩ ᠳᠦᠭᠦᠮ ᠂ ᠡᠪᠡᠳᠴᠢᠨ ᠦᠵᠡᠭᠦᠯᠬᠦ ᠳᠤ ᠳᠠᠷᠤᠭᠠᠰᠤ ᠶᠢ | ᠬᠥᠩᠭᠡᠷᠡᠭᠦᠯᠦᠨ ᠂ ᠡᠪᠡᠳᠴᠢᠨ ᠦᠵᠡᠭᠦᠯᠬᠦ ᠳᠤ ᠨᠡᠩ ᠲᠠᠭᠠᠯᠠᠮᠵᠢᠲᠠᠢ ᠪᠣᠯᠭᠠᠨ᠎ᠠ | ᠰᠤᠷᠪᠤᠯᠵᠢᠯᠠᠭᠴᠢ᠄ ᠱᠠᠩ ᠶᠠᠩ ᠂ ᠵᠠᠩ ᡁᠢ ᠹᠧᠩ ᠂ ᠯᠢᠦ ᠨᠢᠶᠠᠨ | | ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠯ ᠬᠠᠵᠠᠭᠤ ᠳᠤ ᠪᠣᠢ ᠨᠢᠳᠦᠨ ᠡᠮᠦᠨ᠎ᠡ | ᠪᠣᠢ | ᠲᠠᠨ ᠤ ᠨᠢᠳᠦᠨ ᠳᠠᠬᠢ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠨᠢ ᠶᠠᠮᠠᠷ ᠰᠢᠤᠬᠠᠨ ᠪᠤᠢ︖ | ᠵᠠᠷᠢᠮ ᠬᠦᠮᠦᠨ ᠬᠡᠯᠡᠭᠦ ᠳᠤ ᠪᠠᠨ ᠂ ᠡᠮᠴᠢᠯᠡᠭᠡᠨ ᠤ ᠪᠠᠶᠢᠭᠤᠯᠤᠯ ᠤᠨ ᠦᠭᠡᠷᠡᠴᠢᠯᠠᠯᠲᠠ ᠪᠤᠯ ᠰᠢᠲᠠᠷ᠎ᠠ ᠶᠢᠨ | ᠬᠥᠯᠭᠡ ᠪᠠᠶᠢᠵᠤ ᠂ ᠠᠯᠢ ᠤᠯᠠᠨ ᠳᠦᠷᠦ ᠶᠢᠨ ᠪᠤᠲᠤᠯᠭ᠎ᠠ ᠪᠠ ᠳᠦᠷᠢᠮ ᠳᠤᠭᠲᠠᠭᠠᠯ ᠲᠠᠢ ᠬᠤᠯᠪᠤᠭᠲᠠᠵᠤ ᠪᠠᠶᠢᠨ᠎ᠠ | ᠭᠡᠵᠡᠢ ︔ | ᠵᠠᠷᠢᠮ ᠬᠦᠮᠦᠨ ᠬᠡᠯᠡᠭᠦ ᠳᠤ ᠪᠠᠨ ᠂ ᠡᠮᠴᠢᠯᠡᠭᠡᠨ ᠤ ᠪᠠᠶᠢᠭᠤᠯᠤᠯ ᠤᠨ ᠦᠭᠡᠷᠡᠴᠢᠯᠠᠯᠲᠠ ᠪᠤᠯ ᠨᠢᠭᠡ ᠬᠠᠭᠤᠳᠠᠰᠤ | ᠠᠮᠵᠢᠯᠲᠠ ᠶᠢᠨ ᠬᠠᠭᠤᠲᠠᠰᠦ ᠪᠠᠶᠢᠵᠤ ᠂ ᠠᠵᠢᠯ ᠪᠠ ᠳᠤᠭ᠎ᠠ ᠪᠠᠷᠢᠮᠲᠠ ᠶᠢᠨ ᠬᠤᠷᠠᠮᠳᠤᠭᠤᠯᠭ᠎ᠠ ᠮᠥᠨ ᠭᠡᠵᠡᠢ ᠃ | ᠪᠠᠰᠠ ᠵᠠᠷᠢᠮ ᠬᠦᠮᠦᠨ ᠬᠡᠯᠡᠬᠦ ᠳᠤ ᠪᠠᠨ ᠂ ᠡᠮᠴᠢᠯᠡᠭᠡᠨ ᠤ ᠪᠠᠶᠢᠭᠤᠯᠤᠯ ᠤᠨ ᠦᠭᠡᠷᠡᠴᠢᠯᠠᠯᠲᠠ ᠪᠤᠯ ᠨᠢᠬᠡᠨ | ᠵᠦᠢᠯ ᠤᠨ ᠬᠦᠷᠲᠡᠮᠵᠢ ᠶᠢᠨ ᠳᠦᠷᠦᠭᠲᠡᠯ ᠮᠦᠨ ᠂ ᠬᠦᠰᠢᠬᠡ ᠶᠢᠨ ᠦᠵᠡᠭᠲᠡᠯ ᠪᠤᠯᠤᠨ ᠲᠤᠷᠠᠳᠬᠠᠯ ᠨᠢ ᠬᠡᠵᠢᠶᠡᠲᠡ | ᠬᠦᠮᠦᠨ ᠪᠤᠯᠭᠠᠨ ᠢ ᠦᠨᠡᠨ ᠰᠡᠳᠭᠢᠯᠬᠡ ᠲᠠᠢ ᠪᠣᠯᠭᠠᠨ᠎ᠠ ᠭᠡᠵᠡᠢ ᠃ | ᠶᠡᠷᠦᠩᠬᠡᠶ ᠱᠦᠵᠢ ᠰᠢ ᠶᠢᠨ ᠫᠢᠩ ᠄ ︽ᠣᠳᠣᠬᠢᠴᠢᠯᠠᠯᠲᠠ ᠶᠢᠨ ᠬᠠᠮᠤᠭ ᠤᠨ ᠴᠢᠬᠤᠯᠠ ᠭᠦᠢᠴᠡᠳᠬᠡᠯ ᠲᠤᠭ᠎ᠠ | ᠪᠣᠯ ᠠᠷᠠᠳ ᠲᠦᠮᠡᠨ ᠤ ᠡᠷᠡᠭᠦᠯ ᠮᠡᠨᠳᠦ ᠶᠤᠮ ᠂ ᠡᠨᠡ ᠪᠣᠯ ᠠᠷᠠᠳ ᠲᠦᠮᠡᠨ ᠤ ᠵᠣᠯ ᠵᠢᠷᠭᠠᠯᠲᠤ ᠠᠮᠢᠳᠤᠷᠠᠯ ᠤᠨ | ᠰᠠᠭᠤᠷᠢ ᠮᠥᠨ ᠃ ᠡᠨᠡ ᠬᠦ ᠶᠠᠪᠤᠳᠠᠯ ᠢ ᠪᠠᠲᠤ ᠠᠳᠬᠤᠵᠤ ᠂ ᠠᠷᠠᠳ ᠲᠦᠮᠡᠨ ᠢ ᠳᠡᠭᠡᠳᠦᠯᠡᠬᠦ ᠂ ᠠᠮᠢ ᠨᠠᠰᠤ ᠶᠢ | ᠳᠡᠭᠡᠳᠦᠯᠡᠬᠦ ᠪᠣᠯ ᠪᠦᠬᠦ ᠨᠠᠮ ᠪᠦᠬᠦ ᠨᠡᠶᠢᠭᠡᠮ ᠤᠨ ᠡᠷᠬᠡᠪᠰᠢ ᠪᠠᠲᠤ ᠪᠤᠢ ᠪᠣᠯᠭᠠᠬᠤ ᠨᠢᠭᠡᠨ ᠣᠶᠢᠯᠠᠭᠠᠭᠳᠠᠬᠤᠨ ᠮᠥᠨ︾ | ᠭᠡᠵᠦ ᠵᠢᠭᠠᠵᠤ ᠭᠠᠷᠭᠠᠪᠠ ᠃ | ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ ᠤᠨ ︽ | ᠲᠣᠭᠲᠠᠭᠠᠯ︾ ᠳᠤ ᠂ ︽ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ︽ᠡᠷᠡᠭᠦᠯ | ᠮᠡᠨᠳᠦ ᠶᠢ ᠡᠩ ᠲᠡᠷᠢᠭᠦᠨ ᠳᠤ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠦᠨ᠎ᠡ︾ ᠭᠡᠵᠦ ᠳᠤᠷᠠᠳᠤᠨ | ᠭᠠᠷᠭᠠᠪᠠ ᠃ | ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠂ ᠡᠮᠴᠢᠯᠡᠭᠡᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠬᠠᠢ ᠥᠭᠦᠯᠡᠯᠲᠡ ᠳᠤ᠄ ︽ᠰᠢᠯᠢᠳᠡᠭ ᠡᠮᠴᠢᠯᠡᠭᠡᠨ ᠤ ᠡᠬᠢ ᠪᠠᠶᠠᠯᠢᠭ ᠤᠨ ᠪᠠᠭᠲᠠᠭᠠᠮᠵᠢ ᠶᠢ | ᠥᠷᠭᠡᠳᠬᠡᠨ ᠳᠣᠷᠣᠭᠰᠢ ᠪᠠᠭᠤᠯᠭᠠᠬᠤ ᠪᠠ ᠣᠷᠣᠨ ᠪᠦᠰᠡ ᠶᠢᠨ ᠲᠡᠩᠴᠡᠭᠦᠷᠢᠲᠡᠢ ᠪᠠᠶᠢᠷᠢᠰᠢᠭᠤᠯᠬᠤ ᠶᠢ ᠠᠬᠢᠭᠤᠯᠵᠤ ᠂ | ᠡᠮ ᠡᠮᠨᠡᠯᠭᠡ ᠡᠷᠡᠭᠦᠯ ᠬᠠᠮᠠᠭᠠᠯᠠᠯ ᠢᠶᠠᠷ ᠰᠠᠭᠤᠷᠢ ᠶᠢ ᠪᠠᠬᠢᠵᠢᠭᠦᠯᠬᠦ ᠢᠨᠵᠧᠨᠧᠷᠢᠩ ᠢ ᠬᠡᠷᠡᠭᠵᠢᠭᠦᠯᠬᠦ︾ ︽ᠡᠮ ᠤᠨ | ᠵᠦᠢᠯ ᠤᠨ ᠦᠨ᠎ᠡ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠵᠦ ᠂ ᠰᠢᠨ᠎ᠡ ᠶᠢ ᠡᠭᠦᠳᠬᠦ ᠡᠮ ᠤᠨ ᠭᠠᠷᠴᠠᠭ ᠢ | ᠲᠣᠭᠲᠠᠭᠠᠵᠤ ᠂ ᠰᠢᠨ᠎ᠡ ᠶᠢ ᠡᠭᠦᠳᠬᠦ ᠡᠮ ᠪᠠ ᠡᠮᠴᠢᠯᠡᠭᠡᠨ ᠤ ᠪᠠᠭᠠᠵᠢ ᠬᠡᠷᠡᠭᠰᠡᠯ ᠤᠨ ᠬᠥᠭᠵᠢᠯᠲᠡ ᠶᠢ ᠳᠡᠮᠵᠢᠬᠦ︾ ︽ | ᠡᠮᠴᠢᠯᠡᠭᠡᠨ ᠤ ᠳᠠᠭᠠᠳᠬᠠᠯ ᠤᠨ ᠲᠣᠭᠠᠴᠠᠭ᠎ᠠ ᠬᠢᠬᠦ ᠠᠷᠭ᠎ᠠ ᠮᠠᠶ᠋ᠢᠭ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠂ | ᠱᠠᠳᠤ ᠬᠤᠪᠢᠶᠠᠨ ᠣᠨᠣᠰᠢᠯᠠᠨ ᠡᠮᠨᠡᠬᠦ ᠶᠢ ᠠᠬᠢᠭᠤᠯᠬᠤ︾ ᠁ | ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠭᠦᠨᠵᠡᠭᠡᠶᠢᠷᠡᠯ ᠨᠢ ᠬᠦᠮᠦᠨ ᠪᠣᠯᠭᠠᠨ ᠤ ᠬᠠᠵᠠᠭᠤ ᠳᠤ | ᠪᠣᠢ ᠨᠢᠳᠦᠨ ᠡᠮᠦᠨ᠎ᠡ ᠪᠣᠢ | ᠨᠢᠭᠡ ᠪᠦᠯᠦᠭ ᠬᠥᠮᠥᠰ ᠬᠤᠯᠠ ᠮᠥᠷᠲᠡᠭᠡᠨ ᠣᠶᠢᠷ᠎ᠠ ᠪᠠᠶᠢᠨ᠎ᠠ ᠃ ᠪᠤᠶᠢᠳᠠ ᠪᠥᠭᠯᠡᠭᠦᠦ ᠭᠠᠵᠠᠷ ᠣᠷᠣᠨ ᠳᠤ ᠂ | ᠮᠠᠰᠢ ᠣᠯᠠᠨ ᠬᠥᠳᠡᠭᠡ ᠲᠣᠰᠬᠤᠨ ᠤ ᠡᠮᠴᠢ ᠪᠣᠯᠤᠨ ᠦᠨᠳᠦᠰᠦᠨ ᠱᠠᠲᠤᠨ ᠳᠤ ᠣᠷᠣᠯᠴᠠᠵᠤ ᠂ ᠬᠠᠪᠰᠤᠷᠤᠨ | ᠲᠡᠳᠬᠦᠬᠦ ᠪᠠᠷ ᠴᠢᠷᠮᠠᠶᠢᠵᠤ ᠪᠠᠶᠢᠭ᠎ᠠ ᠡᠮᠨᠡᠯᠭᠡ ᠶᠢᠨ ᠠᠵᠢᠯᠲᠠᠳ ᠲᠡᠳᠡᠨ ᠥᠷᠭᠡᠨ ᠠᠭᠤᠳᠠᠮ ᠬᠥᠷᠥᠰᠥ ᠰᠢᠷᠣᠶ ᠳᠤ | ᠦᠨᠳᠦᠰᠦᠯᠡᠵᠦ ᠂ ᠣᠯᠠᠨ ᠲᠦᠮᠡᠨ ᠤ ᠡᠷᠡᠭᠦᠯ ᠮᠡᠨᠳᠦ ᠶᠢ ᠰᠠᠬᠢᠨ ᠬᠠᠮᠠᠭᠠᠯᠠᠵᠤ ᠂ ᠬᠠᠷᠢᠯᠴᠠᠨ ᠮᠠᠰᠢ ᠣᠶᠢᠷᠠᠲᠤᠭᠰᠠᠨ | ᠪᠠᠶᠢᠨ᠎ᠠ ᠃ ᠦᠨᠳᠦᠰᠦᠨ ᠱᠠᠲᠤᠨ ᠤ ᠡᠮᠴᠢᠯᠡᠭᠡᠨ ᠤ ᠨᠥᠬᠦᠴᠡᠯ ᠨᠢ ᠡᠭᠦᠨ ᠠᠴᠠ ᠪᠣᠯᠵᠤ ᠬᠤᠪᠢᠷᠠᠯᠲᠠ ᠲᠠᠢ ᠪᠣᠯᠵᠤ ᠂ | ᠰᠣᠨᠤᠰᠤᠭᠤᠷ ᠂ ᠳᠤᠯᠠᠭᠠᠴᠠ ᠶᠢᠨ ᠬᠡᠮᠵᠢᠭᠦᠷ ᠂ ᠴᠢᠰᠤᠨ ᠳᠠᠷᠤᠯᠲᠠ ᠶᠢᠨ ᠬᠡᠮᠵᠢᠭᠦᠷ ᠵᠡᠷᠭᠡ ᠠᠴᠠ ᠭᠠᠳᠠᠨ᠎ᠠ ᠂ ᠶᠡᠷᠦᠩᠬᠡᠶ | ᠰᠠᠯᠠᠭᠠᠨ ᠤ ᠡᠮᠴᠢ ᠶᠢᠨ ᠬᠠᠪᠰᠤᠷᠤᠨ ᠡᠮᠨᠡᠬᠦ ᠪᠣᠭᠴᠣ ᠂ ᠵᠢᠷᠦᠬᠡᠨ ᠯᠤᠭᠰᠢᠯᠲᠠ ᠶᠢᠨ ᠵᠢᠷᠤᠭ ᠤᠨ ᠮᠠᠰᠢᠨ ᠂ ᠰᠢᠨᠵᠢᠯᠡᠨ | ᠰᠢᠯᠭᠠᠬᠤ ᠬᠡᠮᠵᠢᠭᠦᠷᠯᠢᠭ ᠵᠡᠷᠭᠡ ᠶᠢ ᠪᠡᠶ᠎ᠡ ᠳᠤ ᠪᠠᠨ ᠠᠪᠴᠤ ᠶᠠᠪᠤᠳᠠᠭ ︔ ᠲᠣᠰᠬᠤᠨ ᠤ ᠡᠷᠡᠭᠦᠯ ᠬᠠᠮᠠᠭᠠᠯᠠᠯ ᠤᠨ | ᠲᠠᠰᠤᠭ ᠡᠮ ᠤᠨ ᠵᠦᠢᠯ ᠢᠶᠠᠨ ᠪᠠᠶᠠᠯᠢᠭᠵᠢᠭᠤᠯᠵᠤ ᠂ ᠰᠡᠷᠢᠭᠦᠨ ᠠᠪᠳᠠᠷ᠎ᠠ ᠂ ᠡᠮ ᠴᠢᠨᠠᠬᠤ ᠲᠠᠰᠤᠭ ᠂ ᠡᠷᠡᠭᠦᠯᠵᠢᠭᠦᠯᠬᠦ | ᠹᠢᠽᠢᠺ ᠵᠠᠰᠠᠯ ᠤᠨ ᠲᠠᠰᠤᠭ ᠵᠡᠷᠭᠡ ᠶᠢ ᠵᠠᠯᠭᠠᠭ᠎ᠠ ᠪᠠᠷ ᠲᠣᠬᠢᠷᠠᠭᠤᠯᠪᠠ︔ ᠡᠯ᠎ᠡ ᠭᠠᠵᠠᠷ ᠤᠨ ᠬᠢᠨ ᠪᠠᠰᠠ ᠲᠥᠷᠥ ᠶᠢᠨ | ᠪᠣᠳᠣᠯᠭ᠎ᠠ ᠲᠣᠭᠲᠠᠭᠠᠵᠤ ᠂ ᠦᠨᠳᠦᠰᠦᠨ ᠱᠠᠲᠤᠨ ᠳᠤ ᠬᠤᠪᠢ ᠨᠡᠮᠡᠷᠢ ᠦᠵᠡᠭᠦᠯᠦᠭᠰᠡᠨ ᠡᠮᠴᠢ ᠳᠤ ᠮᠡᠷᠭᠡᠵᠢᠯ ᠤᠨ | ᠴᠣᠯᠠ ᠥᠭᠴᠦ ᠵᠡᠷᠭᠡ ᠳᠡᠪᠰᠢᠭᠦᠯᠬᠦ ᠂ ᠠᠵᠢᠯ ᠤᠨ ᠪᠠᠶᠢᠷᠢ ᠶᠢᠨ ᠨᠥᠬᠦᠪᠥᠷᠢ ᠣᠯᠭᠤᠬᠤ ᠵᠡᠷᠭᠡ ᠳᠡᠮᠵᠢᠯᠭᠡ ᠬᠠᠩᠭᠠᠵᠤ ᠂ | ᠡᠮᠴᠢ ᠨᠠᠷ ᠤᠨ ᠡᠨᠡᠷᠢᠩᠭᠦᠶ ᠰᠡᠳᠬᠢᠯ ᠢ ᠳᠤᠯᠠᠭᠠᠴᠠᠭᠤᠯᠤᠨ ᠵᠣᠷᠢᠭᠵᠢᠭᠤᠯᠵᠠᠢ ᠃ | ᠨᠢᠭᠡ ᠬᠡᠯᠬᠢᠶ᠎ᠡ ᠺᠣᠳ᠋ ᠵᠢᠵᠢᠭᠬᠡᠨ ᠭᠡᠬᠦ ᠳᠤ ᠪᠠᠰᠠ ᠲᠣᠮᠣᠬᠠᠨ ᠃ ᠺᠠᠷᠲ ᠠᠪᠬᠤ ᠴᠢᠬᠤᠯᠠ ᠥᠬᠡᠶ ᠂ ᠭᠠᠷ | ᠤᠲᠠᠰᠤᠨ ᠳᠡᠭᠡᠷᠡᠬᠢ ᠡᠮᠴᠢᠯᠡᠭᠡᠨ ᠤ ᠳᠠᠭᠠᠳᠬᠠᠯ ᠤᠨ ᠺᠣᠳ᠋ ᠢᠶᠠᠷ ᠳᠠᠷᠤᠶ ᠡᠪᠡᠳᠴᠢᠨ ᠦᠵᠡᠭᠦᠯᠬᠦ ᠂ ᠡᠮ ᠬᠤᠳᠠᠯᠳᠤᠨ | ᠠᠪᠴᠤ ᠪᠣᠯᠤᠨ᠎ᠠ ᠂ ᠪᠤᠶᠤ ᠣᠨᠳᠣᠤ ᠭᠠᠵᠠᠷ ᠲᠤ ᠡᠮᠴᠢᠯᠡᠭᠦᠯᠬᠦ ᠶᠢ ᠳᠠᠩᠰᠠᠯᠠᠭᠤᠯᠵᠤ ᠂ ᠰᠦᠯᠵᠢᠶᠡᠨ ᠳᠡᠭᠡᠷᠡᠬᠢ | ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠢᠴᠡᠳᠭᠡᠬᠦ ᠳᠤ ᠪᠠᠰᠠ ᠲᠥᠷᠥᠯ ᠰᠠᠳᠤᠨ ᠤ | ᠬᠤᠭᠤᠷᠤᠨᠳᠤᠬᠢ ᠲᠠᠩᠰᠠᠨ ᠡᠷᠦᠬᠡ ᠶᠢ ᠬᠤᠯᠪᠣᠵᠤ ᠂ ᠨᠢᠭᠡ ᠬᠡᠷ ᠤᠨ ᠬᠢᠨ ᠳᠤ ᠠᠰᠢᠭ ᠬᠦᠷᠲᠡᠭᠡᠨ᠎ᠡ ᠃ ᠵᠢᠷᠤᠭᠠᠰᠤᠨ | ᠲᠡᠮᠳᠡᠭ ᠬᠡᠳᠦ᠋ᠢᠪᠡᠷ ᠵᠢᠵᠢᠭ ᠪᠣᠯᠪᠠᠴᠤ ᠴᠢᠳᠠᠮᠵᠢ ᠨᠢ ᠳᠥᠭᠦᠮ ᠳᠥᠲᠡ ᠪᠥᠭᠡᠳ ᠬᠦᠴᠦᠷᠬᠡᠭ ᠶᠡᠭᠡ ᠪᠠᠶᠢᠵᠤ ᠂ | ᠠᠷᠤ ᠳᠠᠬᠢ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠶᠠᠪᠤᠳᠠᠯ ᠨᠢ ᠬᠤᠲᠠ ᠬᠥᠳᠡᠭᠡ ᠶᠢᠨ ᠰᠠᠭᠤᠭᠠᠯᠢ | ᠠᠷᠠᠳ ᠤᠨ ᠳᠠᠷᠤᠭᠠᠰᠤ ᠶᠢ ᠬᠥᠩᠭᠡᠷᠡᠭᠦᠯᠬᠦ ᠪᠠ ᠦᠨᠳᠦᠰᠦᠨ ᠵᠦᠢᠯ ᠢ ᠪᠠᠲᠤᠯᠠᠵᠤ ᠪᠣᠢ ᠃ | ᠨᠢᠭᠡᠳᠦᠭᠡᠷ ᠲᠥᠷᠥᠯ ᠤᠨ ᠡᠮ ᠢ ᠬᠠᠰᠤᠭᠰᠠᠨ ᠮᠥᠷᠲᠡᠬᠡᠨ ᠨᠡᠮᠡᠪᠡ ᠃ ︽ᠪᠢ ᠡᠮ ᠤᠨ ᠰᠠᠬᠢᠭᠤᠯᠰᠤᠨ ᠪᠢᠰᠢ ︾ | ᠭᠡᠬᠦ ᠺᠢᠨᠣ᠋ ᠪᠠᠷ ᠠᠯᠳᠠᠷᠰᠢᠭᠰᠠᠨ ︽ᠭᠧ ᠯᠢᠶᠧ ᠸᠧᠢ︾ ᠵᠡᠷᠭᠡ ᠥᠮᠡᠨ ᠡᠰᠡᠷᠭᠦᠴᠡᠬᠦ ᠬᠠᠨᠳᠤᠯᠭᠠᠲᠤ ᠡᠮ ᠨᠢ | ᠨᠢᠭᠡᠨᠲᠡ ᠳᠠᠪᠠᠵᠤ ᠪᠣᠯᠣᠰᠢ ᠦᠭᠡᠢ ᠪᠣᠯᠪᠠ ᠃ ᠨᠢᠭᠡ ᠲᠠᠯ᠎ᠠ ᠪᠠᠷ ᠂ ᠤᠯᠤᠰ ᠤᠨ ᠡᠮᠴᠢᠯᠡᠭᠡᠨ ᠤ ᠳᠠᠭᠠᠳᠬᠠᠯ ᠤᠨ | ᠵᠥᠪᠯᠡᠯᠴᠡᠭᠡᠷ ᠢᠶᠠᠷ ᠬᠠᠰᠤᠬᠤ ᠠᠷᠭ᠎ᠠ ᠶᠢ ᠬᠡᠷᠡᠭᠵᠢᠭᠦᠯᠵᠦ ᠂ ᠡᠮ ᠤᠨ ᠦᠨ᠎ᠡ ᠶᠢ ᠬᠢᠮᠳᠠᠷᠠᠭᠤᠯᠪᠠ ︔ ᠨᠦᠭᠦᠭᠡ | ᠲᠠᠯ᠎ᠠ ᠪᠠᠷ ᠂ ᠠᠷᠭ᠎ᠠ ᠪᠠᠷ ᠥᠭᠡᠷᠡᠴᠢᠯᠡᠯᠲᠡ ᠪᠠ ᠰᠢᠨ᠎ᠡ ᠶᠢ ᠡᠭᠦᠳᠬᠦ ᠪᠠᠷ ᠨᠡᠮᠡᠵᠦ ᠂ ᠨᠠᠩ ᠣᠯᠠᠨ ᠬᠠᠨᠳᠤᠯᠭᠠᠲᠤ ᠡᠮ ᠢ | ᠡᠮᠴᠢᠯᠡᠭᠡᠨ ᠤ ᠳᠠᠭᠠᠳᠬᠠᠯ ᠳᠤ ᠣᠷᠣᠭᠤᠯᠬᠤ ᠶᠢᠨ ᠬᠠᠮᠲᠤ ᠲᠠᠩᠰᠠ ᠲᠠᠶᠢᠯᠬᠤ ᠬᠠᠷᠢᠴᠠᠯ ᠢ ᠳᠡᠭᠡᠭᠰᠢᠯᠡᠭᠦᠯᠬᠦ ᠶᠢᠨ | ᠬᠠᠮᠲᠤ ᠪᠡᠶ᠎ᠡ ᠪᠠᠨ ᠳᠠᠭᠠᠭᠠᠵᠤ ᠰᠤᠳᠤᠯᠤᠨ ᠨᠡᠭᠡᠭᠡᠬᠦ ᠪᠠᠨ ᠴᠢᠩᠭᠠᠳᠬᠠᠵᠤ ᠂ ᠤᠯᠤᠰ ᠠᠴᠠ ᠦᠢᠯᠡᠳᠪᠦᠷᠢᠯᠡᠭᠰᠡᠨ | ᠡᠮ ᠤᠨ ᠲᠦᠭᠡᠮᠡᠯᠵᠢᠯᠲᠡ ᠪᠠ ᠭᠠᠳᠠᠭᠰᠢ ᠭᠠᠷᠭᠠᠬᠤ ᠳᠤ ᠬᠦᠴᠦᠨ ᠨᠡᠮᠡᠷᠢᠯᠡᠪᠡ ᠃ ᠳᠠᠭᠤᠷᠢᠶᠠᠵᠤ ᠪᠠᠶᠢᠭᠰᠠᠨ ᠠᠴᠠ | ᠡᠭᠦᠳᠬᠦ ᠂ ᠪᠠᠭᠤᠷᠠᠢ ᠠᠴᠠ ᠬᠦᠴᠦᠷᠬᠡᠭ ᠪᠣᠯᠵᠤ ᠂ ᠠᠯᠤᠰ ᠤᠨ ᠲᠥᠯᠥᠪ ᠲᠠᠰᠤᠷᠠᠯᠲᠠ ᠦᠭᠡᠢ ᠪᠣᠳᠠᠲᠤ ᠵᠦᠢᠯ ᠪᠣᠯᠵᠤ | ᠪᠠᠶᠢᠨ᠎ᠠ ᠃ | ᠡᠪᠡᠳᠴᠢᠯᠡᠪᠡᠯ ᠡᠮ ᠡᠮᠨᠡᠯᠭᠡ ᠲᠠᠢ ᠂ ᠪᠦᠬᠦ ᠠᠷᠠᠳ ᠡᠷᠡᠭᠦᠯ ᠮᠡᠨᠳᠦ ᠂ ᠪᠣᠳᠠᠲᠤ ᠶᠠᠪᠤᠳᠠᠯ ᠪᠣᠯᠭᠠᠨ ᠳᠤ | ᠠᠮᠠᠯᠠᠯᠲᠠ ᠪᠠᠨ ᠪᠡᠶᠡᠯᠡᠭᠦᠯᠵᠦ ᠪᠠᠶᠢᠨ᠎ᠠ ᠃ | ᠡᠪᠡᠳᠴᠢᠨ ᠦᠵᠡᠭᠦᠯᠬᠦ ᠳᠤ ᠨᠡᠩ ᠳᠦᠭᠦᠮ | ᠮᠤᠵᠢ ᠠᠯᠤᠰᠯᠠᠬᠤ ᠦᠭᠡᠢ ᠪᠠᠷ ᠬᠦᠨᠳᠦ ᠡᠪᠡᠳᠴᠢᠨ ᠢᠶᠠᠨ ᠦᠵᠡᠭᠦᠯᠵᠦ ᠂ ᠲᠤᠰᠬᠠᠢ ᠮᠡᠷᠭᠡᠵᠢᠯᠲᠡᠨ | ᠣᠶᠢᠷ᠎ᠠ ᠳᠤ ᠣᠳᠠᠭᠠᠨ ᠡᠪᠡᠳᠴᠢᠨ ᠢ ᠦᠵᠡᠵᠦ ᠂ ᠭᠡᠷ ᠪᠦᠯᠢ ᠶᠢᠨ ᠡᠮᠴᠢ ᠬᠥᠩᠭᠡᠨ ᠡᠪᠡᠳᠴᠢᠨ ᠢ ᠬᠠᠮᠢᠶᠠᠷᠤᠨ᠎ᠠ | ︽ᠡᠪᠡᠳᠴᠢᠨ ᠦᠵᠡᠭᠦᠯᠬᠦ ᠳᠤ ᠬᠦᠴᠢᠷ︾ ᠪᠠᠶᠢᠬᠤ ᠶᠢᠨ ᠬᠦᠴᠢᠷ ᠨᠢ ᠡᠮᠴᠢᠯᠡᠭᠡᠨ ᠤ ᠡᠬᠢ ᠪᠠᠶᠠᠯᠢᠭ | ᠲᠡᠩᠴᠡᠭᠦᠷᠢ ᠦᠭᠡᠢ ᠳᠤ ᠪᠣᠢ ᠃ ᠰᠢᠢᠳᠪᠦᠷᠢᠯᠡᠬᠦ ᠠᠷᠭ᠎ᠠ ᠵᠠᠮ ᠢ ᠰᠢᠯᠢᠳᠡᠭᠵᠢᠬᠦᠯᠦᠨ ᠲᠤᠬᠢᠷᠠᠭᠤᠯᠵᠦ ᠂ ᠰᠢᠯᠢᠳᠡᠭ ᠡᠬᠢ | ᠪᠠᠶᠠᠯᠢᠭ ᠢᠶᠠᠷ ᠦᠨᠳᠦᠰᠦᠨ ᠱᠠᠲᠤ ᠪᠠ ᠳᠣᠬᠢᠷᠠᠬᠤ ᠭᠠᠵᠠᠷ ᠲᠤ ᠬᠦᠴᠦᠨ ᠨᠡᠮᠡᠷᠢᠯᠡᠭᠦᠯᠦᠨᠡ ᠃ | — ᠳᠤᠮᠳᠠ ᠪᠠᠷᠠᠭᠤᠨ ᠣᠷᠣᠨ ᠤ ᠣᠯᠠᠨ ᠲᠦᠮᠡᠨ ᠢ ᠣᠷᠣᠨ ᠨᠤᠲᠤᠭ ᠲᠤ ᠪᠠᠨ ᠵᠡᠭᠦᠨ ᠬᠡᠰᠡᠭ ᠤᠨ | ᠲᠤᠰᠬᠠᠢ ᠮᠡᠷᠭᠡᠵᠢᠯᠲᠡᠨ ᠢᠶᠠᠷ ᠡᠪᠡᠳᠴᠢᠨ ᠦᠵᠡᠭᠦᠯᠦᠨ᠎ᠡ ᠃ | 2019 ᠣᠨ ᠠᠴᠠ ᠡᠬᠢᠯᠡᠨ ᠂ ᠪᠡᠭᠡᠵᠢᠩ ᠂ ᠱᠠᠩᠬᠠᠶ ᠂ ᠭᠤᠸᠠᠩᠳᠦ᠋ᠩ ᠵᠡᠷᠭᠡ ᠭᠠᠵᠠᠷ ᠤᠨ ᠬᠢᠨ ᠥᠨᠳᠥᠷ | ᠬᠢᠷᠢ ᠲᠦᠪᠰᠢᠨ ᠪᠥᠬᠦᠶ ᠡᠮᠴᠢᠯᠡᠭᠡᠨ ᠤ ᠪᠠᠶᠢᠭᠤᠯᠤᠮᠵᠢ ᠶᠢ ᠰᠣᠩᠭᠤᠵᠣ ᠭᠠᠷᠭᠠᠬᠤ ᠡᠮᠨᠡᠯᠭᠡ ᠶᠢᠨ ᠬᠤᠷᠢᠶ᠎ᠠ ᠪᠣᠯᠭᠠᠵᠤ ᠂ | ᠮᠤᠵᠢ ᠶᠢᠨ ᠬᠤᠭᠤᠷᠣᠨᠳᠣᠬᠢ ᠬᠠᠮᠲᠤᠷᠠᠯᠴᠠᠭᠠᠨ ᠤ ᠬᠡᠯᠪᠡᠷᠢ ᠪᠠᠷ ᠳᠤᠮᠳᠠ ᠪᠠᠷᠠᠭᠤᠨ ᠣᠷᠣᠨ ᠵᠡᠷᠭᠡ ᠡᠮᠴᠢᠯᠡᠭᠡᠨ ᠤ | ᠡᠬᠢ ᠪᠠᠶᠠᠯᠢᠭ ᠢᠶᠠᠷ ᠬᠠᠷᠢᠴᠠᠩᠭᠤᠶ ᠪᠠᠭᠤᠷᠠᠶ ᠭᠠᠵᠠᠷ ᠣᠷᠣᠨ ᠳᠤ ᠤᠯᠤᠰ ᠤᠨ ᠣᠷᠣᠨ ᠪᠦᠰᠡ ᠶᠢᠨ 125 | ᠡᠮᠴᠢᠯᠡᠭᠡᠨ ᠤ ᠲᠥᠪ ᠢ ᠪᠠᠶᠢᠭᠤᠯᠵᠤ ᠂ ᠲᠤᠬᠠᠶ ᠶᠢᠨ ᠭᠠᠵᠠᠷ ᠤᠨ ᠡᠪᠡᠳᠴᠢᠲᠡᠨ ᠢ ︽ᠲᠣᠰ ᠮᠤᠵᠢ ᠠᠴᠠ ᠪᠠᠨ ᠭᠠᠷᠬᠤ | ᠥᠬᠡᠶ ᠪᠠᠷ ᠬᠦᠨᠳᠦ ᠡᠪᠡᠳᠴᠢᠨ ᠢᠶᠠᠨ ᠵᠠᠰᠠᠵᠤ ᠳᠡᠶᠢᠯᠬᠦ ︾ ᠳᠤ ᠨᠢ ᠲᠤᠰᠠᠯᠠᠪᠠ ᠃ | 2023 ᠣᠨ ᠳᠤ ᠪᠡᠭᠡᠵᠢᠩ ᠤᠨ ᠵᠢᠢ ᠱᠦᠢ ᠲᠠᠨ ᠡᠮᠨᠡᠯᠭᠡ ᠶᠢᠨ ᠬᠤᠷᠢᠶᠠᠨ ᠤ ᠭᠦᠢᠵᠧᠦ ᠳᠠᠬᠢ ᠡᠮᠨᠡᠯᠭᠡ ᠶᠢᠨ | ᠬᠤᠷᠢᠶ᠎ᠠ ᠵᠢᠩᠬᠢᠨᠢ ᠪᠠᠷ ᠪᠠᠶᠢᠭᠤᠯᠤᠭᠳᠠᠪᠠ ᠃ ᠭᠦᠢᠶᠠᠩ ᠤᠨ ᠰᠠᠭᠤᠭᠠᠯᠢ ᠠᠷᠠᠳ ᠵᠣᠣ ᠬᠤᠢ ᠯᠢ ᠭᠡᠷ ᠤᠨ | ᠡᠭᠦᠳᠡᠨ ᠳᠤ ᠪᠠᠨ ᠬᠦᠰᠡᠵᠦ ᠬᠦᠯᠢᠶᠡᠵᠦ ᠤᠳᠠᠭᠰᠠᠨ ᠪᠡᠭᠡᠵᠢᠩ ᠤᠨ ᠲᠤᠰᠬᠠᠢ ᠮᠡᠷᠭᠡᠵᠢᠯᠲᠡᠳ ᠢ ᠤᠭᠲᠤᠨ | ᠠᠪᠴᠢᠷᠠᠯ᠎ᠠ ᠃ | ᠵᠣᠣ ᠬᠤᠢ ᠯᠢ ᠶᠠᠰᠤ ᠨᠢ ᠬᠦᠨᠳᠦ ᠨᠣᠴᠢᠲᠠᠢ ᠬᠠᠷᠴᠠᠭ᠎ᠠ ᠶᠠᠰᠤᠨ ᠤ ᠰᠤᠳᠠᠯ ᠤᠨ ᠢᠪᠴᠤᠷᠠᠯ ᠡᠪᠡᠳᠴᠢᠨ ᠳᠤ | ᠨᠡᠷᠪᠡᠭᠳᠡᠭᠰᠡᠨ ᠠᠴᠠ ᠲᠤᠬᠠᠢ ᠶᠢᠨ ᠭᠠᠵᠠᠷ ᠤᠨ ᠡᠮᠴᠢ ᠠᠴᠠ ᠲᠡᠭᠦᠨ ᠢ ᠨᠠᠰᠤ ᠠᠬᠢᠭᠰᠠᠨ ᠪᠣᠯᠬᠤᠷ ᠬᠠᠮᠠᠭᠠᠯᠠᠨ | ᠡᠮᠨᠡᠬᠦ ᠶᠢ ᠰᠠᠨᠠᠭᠠᠴᠢᠯᠠᠪᠠ ᠃ ᠵᠢᠢ ᠱᠦᠢ ᠲᠠᠨ ᠡᠮᠨᠡᠯᠭᠡ ᠶᠢᠨ ᠬᠤᠷᠢᠶᠠᠨ ᠤ ᠳᠡᠳ᠋ ᠡᠷᠬᠢᠯᠡᠭᠴᠢ ᠡᠮᠴᠢ ᠮᠠ ᠰᠠᠢ ᠶᠢᠨ | ᠬᠦᠷᠴᠦ ᠢᠷᠡᠭᠰᠡᠨ ᠨᠢ ᠵᠣᠣ ᠬᠤᠢ ᠯᠢ ᠳᠤ ᠮᠡᠰᠡ ᠵᠠᠰᠠᠯ ᠢᠶᠠᠷ ᠵᠠᠰᠠᠬᠤ ᠬᠦᠰᠡᠯ ᠡᠷᠡᠮᠡᠯᠵᠡᠯ ᠢ ᠣᠯᠭᠤᠵᠠᠢ ᠃ ᠮᠠ | ᠡᠮᠴᠢ ᠶᠢᠨ ᠰᠤᠳᠤᠯᠤᠨ ᠮᠠᠭᠠᠳᠯᠠᠯᠲᠠ ᠪᠠᠷ ᠥᠪᠡᠷᠮᠢᠴᠡ ᠡᠮᠴᠢᠯᠡᠭᠡᠨ ᠤ ᠲᠥᠰᠦᠯ ᠢ ᠲᠣᠭᠲᠠᠭᠠᠨ ᠂ ᠡᠴᠦᠰ ᠲᠤ ᠪᠠᠨ | ᠮᠡᠰᠡ ᠵᠠᠰᠠᠯ ᠬᠢᠭᠰᠡᠨ ᠪᠠᠶᠢᠨ᠎ᠠ ᠃ ᠮᠡᠰᠡ ᠵᠠᠰᠠᠯ ᠤᠨ ᠳᠠᠷᠠᠭ᠎ᠠ ᠨᠢᠭᠡ ᠰᠠᠷ᠎ᠠ ᠂ ᠡᠮᠨᠡᠯᠭᠡ ᠳᠤ ᠳᠠᠬᠢᠨ | ᠪᠠᠶᠢᠴᠠᠭᠠᠯᠭᠠᠬᠤ ᠪᠠᠷ ᠢᠷᠡᠭᠰᠡᠨ ᠵᠣᠣ ᠬᠤᠶ ᠯᠢ ᠨᠢᠷᠤᠭᠤ ᠨᠢ ᠭᠡᠳᠡᠶᠢᠵᠦ ᠂ ᠭᠢᠰᠭᠢᠬᠦ ᠨᠢ ᠴᠤ ᠳᠡᠭᠰᠢᠬᠡᠨ ᠪᠣᠯᠪᠠ ᠃ | — ᠣᠯᠠᠨ ᠲᠦᠮᠡᠨ ᠢ ᠭᠡᠷ ᠤᠨ ᠡᠭᠦᠳᠡᠨ ᠳᠤ ᠨᠢ ᠭᠤᠷᠪᠠᠳᠤᠭᠠᠷ ᠳᠡᠰ ᠤᠨ ᠬᠥᠬᠡ ᠡᠮᠨᠡᠯᠭᠡ ᠶᠢᠨ | ᠬᠤᠷᠢᠶᠠᠨ ᠤ ᠲᠤᠰᠬᠠᠢ ᠮᠡᠷᠭᠡᠵᠢᠯᠲᠡᠨ ᠢᠶᠠᠷ ᠡᠪᠡᠳᠴᠢᠨ ᠦᠵᠡᠭᠦᠯᠦᠨ᠎ᠡ ᠃ | ︽ᠡᠮ ᠢᠶᠠᠨ ᠴᠠᠭ ᠲᠤᠬᠠᠢ ᠳᠤ ᠨᠢ ᠤᠤᠭᠤᠬᠤ ᠬᠡᠷᠡᠭᠲᠡᠢ ᠂ ᠪᠡᠶ᠎ᠡ ᠶᠢᠨ ᠪᠠᠶᠢᠳᠠᠯ ᠢᠶᠠᠨ ᠢᠮᠠᠭᠲᠠ ᠠᠩᠬᠠᠷᠴᠤ ᠂ | ᠴᠡᠭᠡᠵᠢ ᠪᠦᠲᠡᠩᠰᠡᠬᠦ ᠂ ᠠᠮᠢᠰᠬᠤᠭ᠎ᠠ ᠠᠪᠬᠤ ᠳᠤ ᠬᠦᠴᠢᠷ ᠲᠠᠢ ᠪᠠᠶᠢᠪᠠᠯ ᠲᠡᠷᠡ ᠳᠠᠷᠤᠢ ᠳᠤ ᠨᠢ ᠨᠠᠳᠠ ᠲᠠᠢ | ᠬᠠᠷᠢᠯᠴᠠᠭᠠᠷᠠᠢ ︾ ᠭᠡᠵᠦ ᠬᠤᠪᠧᠢ ᠮᠣᠵᠢ ᠶᠢᠨ ᠦᠬᠠᠨ ᠬᠤᠲᠠ ᠶᠢᠨ ᠵᠢᠩ ᠺᠠᠢ ᠲᠣᠭᠤᠷᠢᠭ ᠤᠨ ᠵᠢᠶᠦ᠋ᠨ ᠱᠠᠨ ᠵᠡᠭᠡᠯᠢ | ᠭᠤᠳᠤᠮᠵᠢ ᠶᠢᠨ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢᠯᠡᠭᠡᠨ ᠤ ᠲᠠᠰᠤᠭ ᠲᠤ ᠂ ᠦᠬᠠᠨ ᠤ ᠰᠢᠶᠧ ᠾᠧ | ᠡᠮᠨᠡᠯᠭᠡ ᠶᠢᠨ ᠬᠤᠷᠢᠶᠠᠨ ᠤ ᠵᠢᠷᠦᠬᠡᠨ ᠤ ᠳᠣᠲᠣᠷ ᠰᠠᠯᠠᠭᠠᠨ ᠤ ᠡᠮᠴᠢ ᠭᠤᠸᠠᠨ ᠬᠤᠩ ᠴᠢᠤᠸᠠᠨ 78 ᠨᠠᠰᠤᠲᠠᠢ | ᠾᠧᠦ ᠪᠠᠩ ᠴᠢ ᠳᠤ ᠵᠠᠬᠢᠵᠤ ᠪᠠᠶᠢᠯ᠎ᠠ ᠃ | ᠾᠧᠦ ᠪᠠᠩ ᠴᠢ ᠵᠢᠶᠦ᠋ᠨ ᠱᠠᠨ ᠵᠡᠭᠡᠯᠢ ᠭᠤᠳᠤᠮᠵᠢ ᠶᠢᠨ ᠬᠠᠷᠢᠶᠠᠨ ᠳᠠᠬᠢ ᠰᠢᠶᠤᠤ ᠵᠢᠶᠦ᠋ᠨ ᠱᠠᠨ ᠨᠡᠶᠢᠭᠡᠮ | ᠲᠣᠭᠤᠷᠢᠭ ᠲᠤ ᠰᠠᠭᠤᠵᠤ ᠤᠳᠠᠭᠠᠨ ᠴᠢᠨᠠᠷᠲᠠᠢ ᠵᠢᠷᠦᠬᠡᠨ ᠤ ᠮᠠᠭᠤᠲᠠᠯ ᠂ ᠴᠢᠰᠤᠨ ᠳᠠᠷᠤᠯᠲᠠ ᠥᠨᠳᠥᠷ ᠵᠡᠷᠭᠡ | ᠨᠠᠰᠤᠲᠠᠶᠢᠴᠤᠳ ᠤᠨ ᠡᠪᠡᠳᠴᠢᠨ ᠲᠠᠢ ᠃ ᠡᠩ ᠤᠨ ᠦᠶ᠎ᠡ ᠳᠤ ᠬᠦᠦ ᠾᠧᠦ ᠹᠧᠢ ᠨᠢ ᠲᠡᠭᠦᠨ ᠢ ᠳᠠᠭᠠᠭᠤᠯᠵᠤ | ᠭᠤᠸᠠᠨ ᠬᠤᠩ ᠴᠢᠤᠸᠠᠨ ᠡᠮᠴᠢ ᠶᠢ ᠡᠷᠢᠵᠦ ᠡᠪᠡᠳᠴᠢᠨ ᠢ ᠨᠢ ᠦᠵᠡᠭᠦᠯᠵᠦ ᠂ ᠲᠡᠷᠭᠡ ᠵᠢᠯᠤᠭᠤᠳᠪᠠᠯ ᠵᠥᠪᠬᠡᠨ 15 | ᠮᠢᠨᠦ᠋ᠲ ᠯᠡ ᠬᠡᠷᠡᠭᠰᠡᠨ᠎ᠡ ᠃ | ︽ ᠰᠢᠶᠧ ᠾᠧ ᠡᠮᠨᠡᠯᠭᠡ ᠶᠢᠨ ᠬᠤᠷᠢᠶᠠᠨ ᠤ ᠴᠧ ᠭᠦ᠋ ᠳᠠᠬᠢ ᠡᠮᠨᠡᠯᠭᠡ ᠶᠢᠨ ᠬᠤᠷᠢᠶ᠎ᠠ ᠶᠢ ᠪᠣᠳᠣᠪᠠᠯ ᠂ ᠴᠠᠭ ᠢ | ᠬᠠᠭᠠᠰ ᠢᠶᠠᠷ ᠠᠷᠪᠢᠯᠠᠨ᠎ᠠ ᠃ ᠡᠮᠴᠢᠯᠡᠭᠦᠯᠬᠦ ᠪᠠᠷ ᠬᠦᠯᠢᠶᠡᠬᠦ ᠳᠤ ᠮᠥᠷᠯᠡᠬᠦ ᠬᠡᠷᠡᠭ ᠦᠭᠡᠢ ᠂ ᠢᠷᠡᠮᠡᠭᠴᠡ ᠦᠵᠡᠭᠦᠯᠵᠦ | ᠳᠡᠶᠢᠯᠦᠨ᠎ᠡ︾ ᠃ ᠾᠧᠦ ᠹᠧᠢ᠄ ︽ᠡᠨᠡ ᠬᠡᠳᠦᠨ ᠵᠢᠯ ᠪᠦᠷ ᠭᠤᠸᠠᠨ ᠡᠮᠴᠢ ᠠᠪᠤ ᠶᠢᠨ ᠡᠪᠡᠳᠴᠢᠨ ᠢ ᠦᠵᠡᠵᠦ ᠂ | ᠡᠪᠡᠳᠴᠢᠨ ᠤ ᠪᠠᠶᠢᠳᠠᠯ ᠢ ᠨᠢ ᠲᠡᠷᠡ ᠪᠦᠷ ᠣᠶᠢᠯᠠᠭᠠᠳᠠᠭ ᠃ ᠨᠠᠰᠤᠲᠠᠨ ᠨᠡᠯᠢᠶᠡᠳ ᠰᠠᠶᠢᠨ ᠡᠷᠡᠭᠦᠯᠵᠢᠵᠡᠢ ᠂ ᠤᠤᠯ ᠨᠢ | ᠬᠦᠷᠳᠦᠲᠦ ᠰᠠᠨᠳᠠᠯᠢ ᠳᠤ ᠰᠠᠭᠤᠳᠠᠭ ᠪᠠᠶᠢᠭᠰᠠᠨ ᠂ ᠤᠳᠤ ᠠᠮᠢᠳᠤᠷᠠᠯ ᠢᠶᠠᠨ ᠥᠪᠡᠷ ᠢᠶᠠᠨ ᠠᠷᠭᠠᠴᠠᠭᠠᠵᠤ ᠳᠡᠶᠢᠯᠬᠦ | ᠪᠣᠯᠪᠠ ︾ ᠭᠡᠨ᠎ᠡ ᠃ | ᠭᠤᠸᠠᠨ ᠬᠤᠩ ᠴᠢᠤᠸᠠᠨ ᠭᠠᠷᠠᠭ ᠪᠦᠷᠢ ᠶᠢᠨ ᠭᠤᠷᠪᠠᠨ ᠳᠤ ᠡᠷᠡᠭᠦᠯ ᠬᠠᠮᠠᠭᠠᠯᠠᠯ ᠤᠨ ᠬᠤᠷᠢᠶ᠎ᠠ ᠳᠤ ᠰᠠᠭᠤᠵᠤ | ᠡᠮᠴᠢᠯᠡᠳᠡᠭ ᠃ 2019 ᠣᠨ ᠠᠴᠠ ᠡᠬᠢᠯᠡᠨ ᠂ ᠦᠬᠠᠨ ᠤ ᠰᠢᠶᠧ ᠾᠧ ᠡᠮᠨᠡᠯᠭᠡ ᠶᠢᠨ ᠬᠤᠷᠢᠶ᠎ᠠ ᠪᠠ ᠵᠢᠶᠦ᠋ᠨ ᠱᠠᠨ | ᠵᠡᠭᠡᠯᠢ ᠭᠤᠳᠤᠮᠵᠢ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠨᠢ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ | ᠴᠣᠭᠴᠠ ᠶᠢ ᠪᠠᠶᠢᠭᠤᠯᠵᠤ ᠂ ᠭᠠᠷᠠᠭ ᠪᠦᠷᠢ ᠠᠳᠠᠯᠢ ᠪᠤᠰᠤ ᠰᠠᠯᠠᠭ᠎ᠠ ᠲᠠᠰᠤᠭ ᠤᠨ 5 ᠡᠮᠴᠢ ᠶᠢ ᠲᠣᠮᠢᠯᠠᠨ ᠡᠷᠡᠭᠦᠯ | ᠬᠠᠮᠠᠭᠠᠯᠠᠯ ᠤᠨ ᠬᠤᠷᠢᠶ᠎ᠠ ᠳᠤ ᠣᠴᠢᠭᠤᠯᠵᠤ ᠲᠣᠭᠲᠠᠮᠠᠯ ᠬᠤᠭᠤᠴᠠᠭ᠎ᠠ ᠲᠠᠢ ᠪᠠᠷ ᠡᠮᠨᠡᠭᠦᠯᠬᠦ ᠪᠣᠯᠪᠠ ᠃ 2022 | ᠣᠨ ᠳᠤ ᠂ ᠭᠤᠸᠠᠨ ᠬᠤᠩ ᠴᠢᠤᠸᠠᠨ ᠡᠬᠢᠯᠡᠨ ᠣᠷᠣᠯᠴᠠᠪᠠ ᠃ ᠬᠤᠶᠠᠷ ᠵᠢᠯ ᠭᠠᠷᠤᠢ ᠶᠢᠨ ᠬᠤᠭᠤᠴᠠᠭᠠᠨ ᠳᠤ ᠂ | ᠲᠡᠭᠦᠨ ᠢᠶᠠᠷ ᠲᠣᠭᠲᠠᠭᠰᠠᠨ ᠬᠤᠭᠤᠴᠠᠭ᠎ᠠ ᠲᠠᠢ ᠡᠪᠡᠳᠴᠢᠨ ᠢᠶᠠᠨ ᠦᠵᠡᠭᠦᠯᠵᠦ ᠪᠠᠶᠢᠭ᠎ᠠ ᠡᠪᠡᠳᠴᠢᠲᠡᠨ ᠨᠢᠭᠡᠨᠲᠡ | ᠠᠷᠪᠠᠨ ᠬᠡᠳᠦ ᠪᠣᠯᠪᠠ ᠃ | ᠣᠶᠢᠷ᠎ᠠ ᠶᠢᠨ ᠵᠢᠯ ᠤᠳ ᠲᠤ ᠂ ᠨᠢᠭᠲᠠ ᠬᠡᠯᠪᠡᠷᠢ ᠶᠢᠨ ᠡᠮᠴᠢᠯᠡᠭᠡᠨ ᠤ ᠬᠤᠯᠪᠣᠭᠠᠲᠤ ᠴᠣᠭᠴᠠ ᠶᠢᠨ | ᠪᠠᠶᠢᠭᠤᠯᠤᠯᠲᠠ ᠲᠠᠰᠤᠷᠠᠯᠲᠠ ᠥᠬᠡᠶ ᠠᠭᠢᠪᠠ ᠃ ᠮᠠᠰᠢ ᠣᠯᠠᠨ ᠵᠡᠭᠡᠯᠢ ᠭᠤᠳᠤᠮᠵᠢ ᠂ ᠨᠡᠶᠢᠭᠡᠮ ᠲᠣᠭᠤᠷᠢᠭ ᠤᠨ ᠡᠷᠡᠭᠦᠯ | ᠬᠠᠮᠠᠭᠠᠯᠠᠯ ᠤᠨ ᠪᠠᠶᠢᠭᠤᠯᠤᠮᠵᠢ ᠪᠠ ᠳᠡᠭᠡᠳᠦ ᠱᠠᠲᠤᠨ ᠤ ᠡᠮᠨᠡᠯᠭᠡ ᠶᠢᠨ ᠬᠤᠷᠢᠶ᠎ᠠ ᠭᠦᠨᠵᠡᠭᠡᠶ ᠤᠶᠠᠯᠳᠤᠵᠤ ᠂ ᠲᠤᠰᠬᠠᠶ | ᠮᠡᠷᠭᠡᠵᠢᠯᠲᠡᠳ ᠢ ᠣᠷᠳᠣ ᠬᠤᠭᠤᠴᠠᠭ᠎ᠠ ᠪᠠᠷ ᠲᠣᠮᠢᠯᠠᠨ ᠰᠠᠭᠤᠯᠭᠠᠵᠤ ᠂ ᠦᠶᠡᠯᠡᠯ ᠲᠣᠭᠲᠠᠮᠠᠯ ᠪᠠᠶᠢᠵᠤ ᠂ ᠣᠶᠢᠷ᠎ᠠ | ᠬᠠᠪᠢ ᠳᠤ ᠪᠠᠨ ᠰᠠᠭᠤᠭᠠᠯᠢ ᠠᠷᠠᠳ ᠲᠤ ᠡᠩ ᠤᠨ ᠡᠪᠡᠳᠴᠢᠨ ᠂ ᠪᠠᠶᠢᠩᠭᠤ ᠲᠣᠬᠢᠶᠠᠯᠳᠤᠳᠠᠭ ᠡᠪᠡᠳᠴᠢᠨ ᠢ | ᠣᠨᠣᠰᠢᠯᠠᠨ ᠡᠮᠨᠡᠵᠦ ᠪᠣᠢ ᠃ | — ᠭᠡᠷ ᠪᠦᠯᠢ ᠶᠢᠨ ᠡᠮᠴᠢ ᠶᠢ ᠣᠯᠠᠨ ᠲᠦᠮᠡᠨ ᠤ ᠳᠡᠷᠭᠡᠳᠡᠬᠢ ᠡᠷᠡᠭᠦᠯ ᠮᠡᠨᠳᠦ ᠶᠢᠨ ᠬᠠᠮᠢᠶᠠᠷᠤᠭᠴᠢ | ᠪᠣᠯᠭᠠᠨ᠎ᠠ ᠃ | ᠲᠣᠯᠣᠭᠠᠢ ᠡᠪᠡᠳᠴᠦ ᠬᠠᠯᠠᠭᠤᠷᠠᠬᠤ ᠂ ᠤᠳᠠᠭᠠᠨ ᠴᠢᠨᠠᠷᠲᠠᠢ ᠡᠪᠡᠳᠴᠢᠨ ᠢ ᠡᠵᠡᠮᠰᠢᠬᠦ ᠳᠤ ᠡᠮᠨᠡᠯᠭᠡ ᠳᠤ | ᠣᠪᠣᠭᠠᠷᠠᠬᠤ ᠴᠢᠬᠤᠯᠠ ᠦᠭᠡᠢ ᠃ ᠣᠳᠣᠬᠠᠨ ᠳᠤ ᠂ ᠪᠥᠬᠦ ᠤᠯᠤᠰ ᠲᠤ ᠨᠢᠭᠡᠨᠲᠡ ᠪᠣᠶ ᠪᠥᠬᠦᠶ ᠲᠤᠰᠬᠠᠶ ᠣᠷᠣᠨ | ᠬᠤᠲᠠ ᠪᠠ ᠰᠢᠶᠠᠨ ︵ᠬᠤᠲᠠ ᠂ ᠲᠣᠭᠤᠷᠢᠭ︶ ᠳᠤ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠦᠢᠯᠡᠴᠢᠯᠡᠭᠡ | ᠥᠷᠨᠢᠭᠦᠯᠬᠦ ᠶᠢ ᠦᠨᠳᠦᠰᠦᠨ ᠳᠤ ᠪᠠᠨ ᠪᠡᠶᠡᠯᠡᠭᠦᠯᠵᠦ ᠂ 48 ᠲᠦᠮᠡᠨ ᠬᠡᠷ ᠪᠦᠯᠢ ᠶᠢᠨ ᠡᠮᠴᠢ ᠶᠢᠨ ᠪᠦᠯᠬᠦᠮ | ᠨᠡᠶᠢᠲᠡ ᠶᠢ ᠪᠦᠷᠢᠯᠳᠦᠭᠦᠯᠵᠦ ᠂ ᠭᠡᠷ᠎ᠡ ᠲᠣᠭᠲᠠᠭᠰᠠᠨ ᠰᠠᠭᠤᠭᠠᠯᠢ ᠠᠷᠠᠳ ᠢᠯᠠᠩᠭᠤᠶ᠎ᠠ ᠤᠳᠠᠭᠠᠨ ᠴᠢᠨᠠᠷᠲᠠᠶ | ᠡᠪᠡᠳᠴᠢᠲᠡᠨ ᠂ ᠨᠠᠰᠤᠲᠠᠶᠢᠴᠤᠳ ᠵᠡᠷᠭᠡ ᠭᠤᠤᠯᠳᠠᠯᠭ᠎ᠠ ᠲᠠᠢ ᠬᠥᠮᠦᠰ ᠲᠤ ᠡᠷᠡᠭᠦᠯ ᠮᠡᠨᠳᠦ ᠶᠢᠨ ᠬᠠᠮᠢᠶᠠᠷᠤᠯᠲᠠ ᠂ | ᠡᠷᠡᠭᠦᠯ ᠮᠡᠨᠳᠦ ᠶᠢᠨ ᠳᠠᠭᠠᠵᠤ ᠰᠤᠷᠪᠤᠯᠵᠢᠯᠠᠬᠤ ᠵᠡᠷᠭᠡ ᠦᠢᠯᠡᠴᠢᠯᠡᠭᠡ ᠬᠠᠩᠭᠠᠵᠤ ᠪᠠᠶᠢᠨ᠎ᠠ ᠃ | ᠹᠦᠵᠢᠶᠠᠨ ᠤ ᠰᠠᠨᠮᠢᠩ ᠬᠤᠳᠠ ᠶᠢᠨ ᠱᠠ ᠰᠢᠶᠠᠨ ᠲᠣᠭᠤᠷᠢᠭ ᠤᠨ ᠭᠤᠤ ᠴᠢᠶᠣᠤ ᠪᠠᠯᠭᠠᠰᠤᠨ ᠤ ᠱᠠᠨ ᠺᠧᠦ | ᠲᠣᠰᠬᠤᠨ ᠳᠤ 25 ᠨᠠᠰᠤᠳᠠᠢ ᠲᠣᠰᠬᠤᠨ ᠤ ᠡᠮᠴᠢ ᠯᠢᠨ ᠱᠢ ᠵᠢᠶᠠᠩ ᠪᠣᠯ ᠨᠤᠲᠤᠭ ᠤᠨ ᠠᠬ᠎ᠠ ᠳᠡᠭᠦᠦ ᠨᠡᠷ ᠤᠨ ᠭᠡᠷ | ᠪᠦᠯᠢ ᠶᠢᠨ ᠡᠮᠴᠢ ᠨᠢ ᠪᠣᠯᠤᠨ᠎ᠠ ᠃ ᠯᠢᠦ ᠠᠢ ᠵᠧᠨ ᠨᠠᠰᠤᠲᠠᠨ ᠰᠢᠬᠢᠷ ᠰᠢᠵᠢᠩ ᠡᠪᠡᠳᠴᠢᠨ ᠳᠤ ᠨᠡᠷᠪᠡᠭᠳᠡᠵᠦ ᠂ | ᠰᠢᠶᠤᠤ ᠯᠢᠨ ᠦᠨᠳᠦᠰᠦᠨ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠳᠦᠷᠢᠮᠵᠢᠯ ᠶᠣᠰᠣᠭᠠᠷ ᠂ | ᠲᠣᠭᠲᠠᠮᠠᠯ ᠬᠤᠭᠤᠴᠠᠭ᠎ᠠ ᠲᠠᠢ ᠪᠠᠷ ᠳᠠᠭᠠᠵᠤ ᠰᠤᠷᠪᠤᠯᠵᠢᠯᠠᠭᠰᠠᠭᠠᠷ ᠪᠠᠶᠢᠭ᠎ᠠ ᠶᠤᠮ ᠃ | ᠨᠠᠰᠤᠲᠠᠨ ᠢ ᠥᠪᠡᠷ ᠲᠠᠢ ᠨᠢ ᠬᠤᠯᠪᠣᠭᠳᠠᠬᠤ ᠳᠤ ᠳᠦᠭᠦᠮ ᠤᠨ ᠲᠤᠰᠠᠳᠠ ᠯᠢᠨ ᠱᠢ ᠵᠢᠶᠠᠩ ᠭᠠᠷ ᠤᠲᠠᠰᠤᠨ | ᠨᠣᠮᠧᠷ ᠢᠶᠠᠨ ᠯᠢᠦ ᠨᠠᠰᠤᠲᠠᠨ ᠤ ᠭᠠᠷ ᠤᠲᠠᠰᠤᠨ ᠳᠤ ᠠᠯᠢ ᠡᠷᠲᠡ ᠬᠠᠳᠠᠭᠠᠯᠠᠭᠰᠠᠨ ᠪᠠᠶᠢᠪᠠ ᠃ ᠯᠢᠦ ᠠᠢ ᠵᠧᠨ | ᠡᠩ ᠤᠨ ᠦᠶ᠎ᠡ ᠳᠤ ᠪᠡᠶ᠎ᠡ ᠨᠢ ᠡᠪ ᠦᠭᠡᠢ ᠪᠣᠯᠪᠠᠯ ᠤᠲᠠᠰᠤᠳᠠᠵᠤ ᠂ ︽ᠯᠢᠨ ᠡᠮᠴᠢ ᠮᠣᠲ᠋ᠣᠷ ᠢᠶᠠᠨ ᠤᠨᠤᠭᠠᠳ | ᠬᠡᠳᠦᠨ ᠮᠢᠨᠦ᠋ᠲ ᠪᠣᠯᠪᠠᠯ ᠬᠦᠷᠴᠢᠬᠡᠳᠡᠭ ︾ ᠃ | ᠬᠤᠳᠣᠭᠤᠳᠣᠨ ᠤ ᠡᠪᠡᠳᠴᠢᠨ ᠢ ᠨᠢ ᠡᠮᠴᠢᠯᠡᠭᠰᠡᠨ ᠠᠴᠠ ᠯᠢᠦ ᠠᠢ ᠵᠧᠨ ᠤ ᠡᠮ ᠤᠨ ᠬᠡᠷᠡᠭᠯᠡᠯᠲᠡ ᠳᠤ | ᠬᠤᠪᠢᠷᠠᠯᠲᠠ ᠲᠠᠢ ᠪᠣᠯᠵᠤ ᠂ ᠴᠢᠰᠤᠨ ᠤ ᠰᠢᠬᠢᠷ ᠢ ᠨᠢ ᠬᠢᠵᠠᠭᠠᠷᠯᠠᠭᠰᠠᠨ ᠦᠷ᠎ᠡ ᠪᠦᠲᠦᠮᠵᠢ ᠲᠡᠶᠢᠮᠦ ᠰᠠᠶᠢᠨ ᠪᠢᠰᠢ | ᠪᠠᠶᠢᠯ᠎ᠠ ᠃ ᠯᠢᠨ ᠱᠢ ᠵᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ ᠲᠠᠢ ᠬᠠᠷᠢᠯᠴᠠᠵᠤ ᠭᠡᠷ ᠪᠦᠯᠢ ᠶᠢᠨ | ᠡᠮᠴᠢ ᠶᠢᠨ ᠪᠦᠯᠬᠦᠮ ᠤᠨ ᠬᠠᠷᠢᠭᠤᠴᠠᠯᠭᠠᠲᠠᠨ ᠵᠠᠩ ᠵᠢᠦᠸᠠᠨ ᠵᠢᠦᠸᠠᠨ ᠢ ᠡᠷᠢᠪᠡ ᠃ ᠵᠠᠩ ᠵᠢᠤᠸᠠᠨ ᠵᠢᠦᠸᠠᠨ ᠱᠠ | ᠰᠢᠶᠠᠨ ᠤ ᠶᠡᠷᠦᠩᠬᠡᠶ ᠡᠮᠨᠡᠯᠭᠡ ᠶᠢᠨ ᠬᠤᠷᠢᠶᠠᠨ ᠤ ᠳᠣᠲᠣᠭᠠᠳᠤ ᠰᠢᠭᠦᠷᠡᠯ ᠤᠨ ᠰᠠᠯᠠᠭᠠᠨ ᠳᠠᠬᠢ ᠡᠮᠴᠢ ᠶᠢ | ᠵᠣᠬᠢᠴᠠᠭᠤᠯᠵᠤ ᠂ ᠠᠯᠤᠰ ᠲᠠᠪᠴᠠᠩ ᠢᠶᠠᠷ ᠳᠠᠮᠵᠢᠭᠤᠯᠤᠨ ᠯᠢᠦ ᠠᠶ ᠵᠧᠨ ᠳᠤ ᠬᠠᠮᠲᠤᠷᠠᠨ ᠣᠨᠣᠰᠢᠯᠠᠵᠤ ᠂ | ᠲᠣᠬᠢᠷᠠᠮᠵᠢᠲᠠᠶ ᠡᠮ ᠳᠣᠬᠢᠷᠠᠭᠤᠯᠵᠤ ᠥᠭᠴᠡᠶ ᠃ | — ᠠᠯᠤᠰ ᠡᠵᠡᠮᠰᠢᠯᠲᠦ ᠡᠮ ᠡᠮᠨᠡᠯᠭᠡ ᠪᠠᠷ ᠬᠢᠯᠢ ᠬᠢᠵᠠᠭᠠᠷ ᠣᠷᠣᠨ ᠤ ᠣᠯᠠᠨ ᠲᠦᠮᠡᠨ ᠳᠤ ᠪᠤᠶᠠᠨ | ᠦᠢᠯᠡᠳᠦᠨ᠎ᠡ ᠃ | ᠡᠮᠴᠢᠯᠡᠭᠡᠨ ᠤ ᠲᠥᠪᠡᠳ ᠢ ᠲᠤᠰᠠᠯᠠᠬᠤ ᠠᠵᠢᠯ ᠠᠯᠤᠰ ᠬᠢᠵᠠᠭᠠᠷ ᠭᠠᠵᠠᠷ ᠣᠷᠣᠨ ᠳᠤ ᠡᠮᠴᠢᠯᠡᠭᠡᠨ ᠤ ᠰᠢᠯᠢᠳᠡᠭ | ᠡᠬᠢ ᠪᠠᠶᠠᠯᠢᠭ ᠢ ᠬᠦᠷᠭᠡᠪᠡ ᠃ 2015 ᠣᠨ ᠠᠴᠠ ᠨᠠᠭᠠᠰᠢ ᠲᠥᠪᠡᠳ ᠢ ᠲᠤᠰᠠᠯᠠᠬᠤ 10 ᠪᠦᠯᠦᠭ ᠤᠨ 2000 | ᠭᠠᠷᠤᠢ ᠡᠮᠴᠢᠯᠡᠭᠡᠨ ᠤ ᠴᠢᠳᠠᠪᠤᠷᠢᠲᠠᠨ ᠥᠨᠳᠦᠷᠯᠢᠭ ᠢ ᠵᠣᠷᠢᠪᠠ ᠃ ᠣᠲᠣᠬᠠᠨ ᠳᠤ ᠲᠥᠪᠡᠳ ᠤᠨ ᠬᠢᠨ 400 ᠭᠠᠷᠣᠢ | ᠵᠦᠢᠯ ᠤᠨ ᠬᠥᠨᠳᠥ ᠡᠪᠡᠳᠴᠢᠨ ᠢ ᠥᠪᠡᠷᠲᠡᠭᠡᠨ ᠵᠠᠰᠠᠬᠤ ᠣᠷᠣᠠ ᠠᠴᠠ ᠪᠠᠨ ᠭᠠᠷᠬᠤ ᠣᠢᠭᠡᠢ ᠪᠠᠷ ᠂ ᠡᠩ ᠤᠨ | 2400 ᠭᠠᠷᠣᠢ ᠵᠦᠢᠯ ᠤᠨ ᠬᠥᠩᠭᠡᠨ ᠡᠪᠡᠳᠴᠢᠨ ᠢ ᠬᠤᠲᠠ ᠠᠴᠠ ᠪᠠᠨ ᠭᠠᠷᠬᠤ ᠣᠢᠭᠡᠢ ᠪᠠᠷ ᠂ ᠣᠯᠠᠩᠭᠢ | ᠳᠣᠭᠠᠨ ᠤ ᠵᠢᠵᠢᠭ ᠰᠠᠵᠢᠭ ᠡᠪᠡᠳᠴᠢᠨ ᠢ ᠰᠢᠶᠠᠩ ᠪᠠᠯᠭᠠᠰᠤᠨ ︵ᠵᠡᠭᠡᠯᠢ ᠭᠤᠳᠤᠮᠵᠢ ︶ ᠠᠴᠠ ᠪᠠᠨ ᠭᠠᠷᠬᠤ | ᠦᠭᠡᠢ ᠪᠠᠷ ᠪᠦᠲᠣᠮᠵᠢᠲᠠᠢ ᠡᠮᠴᠢᠯᠠᠵᠤ ᠳᠡᠶᠢᠯᠬᠦ ᠪᠣᠯᠪᠠ ᠃ | ᠲᠥᠪᠡᠳ ᠢ ᠲᠤᠰᠠᠯᠠᠬᠤ ᠡᠮᠴᠢ ᠬᠤ᠋ ᠵᠢᠶᠠᠨ ᠸᠧᠢ ᠱᠠᠩᠬᠠᠢ ᠶᠢᠨ ᠹᠦᠳᠠᠨ ᠶᠡᠭᠡ ᠰᠤᠷᠭᠠᠭᠤᠯᠢ ᠶᠢᠨ ᠬᠠᠷᠢᠶᠠᠲᠤ | ᠵᠦᠩ ᠱᠠᠨ ᠡᠮᠨᠡᠯᠭᠡ ᠶᠢᠨ ᠬᠤᠷᠢᠶ᠎ᠠ ᠠᠴᠠ ᠢᠷᠡᠭᠰᠡᠨ ᠶᠤᠮ ᠃ ᠲᠡᠷᠡ ᠂ ᠰᠢᠭᠠᠽᠧ ᠶᠢᠨ ᠠᠷᠠᠳ ᠤᠨ ᠡᠮᠨᠡᠯᠭᠡ ᠳᠤ 15 | ᠨᠠᠰᠤᠲᠠᠢ ᠵᠢᠭᠠᠯ ᠬᠡᠦᠬᠡᠨ ᠵᠤᠮ᠎ᠠ ᠲᠠᠢ ᠠᠭᠤᠯᠵᠠᠬᠤ ᠦᠶ᠎ᠡ ᠳᠤ ᠂ ᠲᠡᠷᠡ ᠨᠢᠭᠡᠨᠲᠡ ᠶᠡᠭᠡ ᠬᠡᠮᠵᠢᠶᠡᠨ ᠤ ᠴᠢᠰᠤ ᠪᠠᠷ | ᠪᠥᠭᠡᠯᠵᠢᠵᠦ ᠂ ᠪᠠᠶᠢᠳᠠᠯ ᠪᠠᠴᠢᠮ ᠪᠣᠯᠣᠭᠰᠠᠨ ᠭᠡᠳᠡᠭ ᠢ ᠲᠡᠷᠡ ᠲᠤᠳᠤᠷᠬᠠᠢ ᠴᠡᠭᠡᠵᠢᠯᠡᠵᠦ ᠪᠠᠶᠢᠪᠠ ᠃ | ᠬᠤ ᠵᠢᠶᠠᠨ ᠸᠧᠢ ᠲᠤᠬᠠᠢ ᠶᠢᠨ ᠭᠠᠵᠠᠷ ᠤᠨ ᠡᠮᠴᠢ ᠶᠢ ᠵᠣᠬᠢᠶᠠᠨ ᠪᠠᠶᠢᠭᠤᠯᠵᠤ ᠪᠢᠴᠢᠯ ᠰᠦᠪᠡᠲᠦ ᠮᠡᠰᠡ | ᠵᠠᠰᠠᠯ ᠢᠶᠠᠷ ᠵᠤᠮ᠎ᠠ ᠶᠢᠨ ᠴᠢᠰᠤ ᠶᠢ ᠵᠣᠭᠰᠤᠭᠠᠪᠠ ᠃ ᠳᠠᠷᠠᠭ᠎ᠠ ᠨᠢ ᠡᠪᠡᠳᠴᠢᠨ ᠤ ᠰᠢᠯᠲᠠᠭᠠᠨ ᠢ ᠪᠠᠶᠢᠴᠠᠭᠠᠬᠤ ᠳᠤ | ᠬᠠᠷᠢᠨ ᠮᠠᠰᠢ ᠬᠦᠴᠢᠷᠳᠡᠭᠰᠡᠨ ᠪᠠᠶᠢᠯ᠎ᠠ ᠃ ︽ ᠠᠯᠤᠰ ᠠᠴᠠ ᠣᠨᠣᠰᠢᠯᠠᠨ ᠡᠮᠨᠡᠬᠦ ᠰᠢᠰᠲ᠋ᠧᠮ ᠢ ᠡᠬᠢᠯᠡᠨ ᠬᠡᠷᠡᠭᠯᠡᠵᠦ ᠂ | ᠠᠷᠤ ᠲᠠᠯ᠎ᠠ ᠶᠢᠨ ᠲᠤᠰᠬᠠᠢ ᠮᠡᠷᠭᠡᠵᠢᠯᠲᠡᠳ ᠲᠠᠢ ᠬᠠᠮᠲᠤᠷᠠᠨ ᠣᠨᠣᠰᠢᠯᠠᠪᠠ ︾ ᠃ ᠹᠦᠳᠠᠨ ᠶᠡᠭᠡ ᠰᠤᠷᠭᠠᠭᠤᠯᠢ ᠶᠢᠨ | ᠬᠠᠷᠢᠶᠠᠲᠤ ᠵᠦᠩ ᠱᠠᠨ ᠡᠮᠨᠡᠯᠭᠡ ᠶᠢᠨ ᠬᠤᠷᠢᠶ᠎ᠠ ᠂ ᠱᠠᠩᠬᠠᠶ ᠶᠢᠨ ᠬᠡᠦᠬᠡᠳ ᠤᠨ ᠡᠮᠨᠡᠯᠭᠡ ᠶᠢᠨ ᠬᠤᠷᠢᠶᠠᠨ ᠤ ᠲᠤᠰᠬᠠᠶ | ᠮᠡᠷᠭᠡᠵᠢᠯᠲᠡᠨ ᠲᠠᠢ ᠶᠠᠷᠢᠯᠴᠠᠭᠰᠠᠨ ᠤ ᠳᠠᠷᠠᠭ᠎ᠠ ᠂ ᠬᠤ ᠵᠢᠶᠠᠨ ᠸᠧᠶ ᠪᠠᠶᠢᠴᠠᠭᠠᠯᠲᠠ ᠶᠢᠨ ᠲᠥᠰᠦᠯ ᠳᠤ | ᠲᠣᠬᠢᠷᠠᠭᠤᠯᠤᠯᠲᠠ ᠬᠢᠵᠦ ᠂ ᠡᠪᠡᠳᠴᠢᠨ ᠤ ᠰᠢᠯᠲᠠᠭᠠᠨ ᠢ ᠨᠢ ᠲᠣᠳᠣᠷᠬᠠᠶᠢᠯᠠᠵᠠᠶ ᠃ ᠬᠠᠭᠠᠰ ᠰᠠᠷ᠎ᠠ ᠶᠢᠨ ᠡᠮᠴᠢᠯᠡᠭᠡ ᠪᠠᠷ | ᠳᠠᠮᠵᠢᠨ ᠵᠤᠮ᠎ᠠ ᠶᠢᠨ ᠪᠡᠶ᠎ᠡ ᠨᠢ ᠡᠷᠡᠭᠦᠯᠵᠢᠵᠦ ᠂ ᠴᠢᠷᠠᠢ ᠳᠤ ᠨᠢ ᠢᠨᠢᠶᠡᠮᠰᠦᠭᠯᠡᠯ ᠲᠤᠳᠤᠷᠠᠪᠠ ᠃ | ᠤᠯᠤᠰ ᠤᠨ ᠣᠷᠣᠨ ᠪᠦᠰᠡ ᠶᠢᠨ ᠡᠮᠴᠢᠯᠡᠭᠡᠨ ᠤ ᠲᠥᠪ ᠢ ᠪᠦᠲᠦᠭᠡᠨ ᠪᠠᠶᠢᠭᠤᠯᠵᠤ ᠂ ᠦᠨᠳᠦᠰᠦᠨ ᠣᠯᠠᠨ | ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠬᠡᠷᠡᠭᠵᠢᠭᠦᠯᠦᠨ ᠂ ᠭᠡᠷ ᠪᠦᠯᠢ ᠶᠢᠨ | ᠡᠮᠴᠢ ᠶᠢᠨ ᠭᠡᠷ᠎ᠡ ᠲᠣᠭᠲᠠᠨ ᠦᠢᠯᠡᠴᠢᠯᠡᠬᠦ ᠶᠢ ᠬᠥᠳᠡᠭᠡ ᠲᠣᠰᠬᠤᠨ ᠳᠤ ᠣᠷᠣᠭᠤᠯᠬᠤ ᠶᠢ ᠠᠬᠢᠭᠤᠯᠵᠤ ᠂ | ᠡᠮᠴᠢᠯᠡᠭᠡᠨ ᠢᠶᠠᠷ ᠲᠥᠪᠡᠳ ᠢ ᠲᠤᠰᠠᠯᠠᠬᠤ ᠪᠠ ᠠᠯᠤᠰ ᠠᠴᠠ ᠣᠨᠣᠰᠢᠯᠠᠬᠤ ᠶᠢ ᠥᠷᠨᠢᠭᠦᠯᠦᠨ᠎ᠡ ᠁ | ᠲᠡᠩᠴᠡᠭᠦᠷᠢᠲᠡᠶ ᠂ ᠬᠠᠮᠲᠤ ᠪᠠᠷ ᠬᠦᠷᠲᠡᠬᠦ ᠶᠢ ᠠᠬᠢᠭᠤᠯᠬᠤ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ | ᠠᠷᠭ᠎ᠠ ᠬᠡᠮᠵᠢᠶ᠎ᠡ ᠶᠢᠨ ᠰᠦᠪᠡᠭᠴᠢᠯᠡᠯᠲᠡ ᠨᠢ ᠬᠤᠲᠠ ᠬᠥᠳᠡᠭᠡ ᠶᠢᠨ ᠰᠠᠭᠤᠭᠠᠯᠢ ᠠᠷᠠᠳ ᠢᠯᠠᠩᠭᠤᠶ᠎ᠠ ᠬᠢᠯᠢ ᠬᠢᠵᠠᠭᠠᠷ | ᠣᠷᠣᠨ ᠤ ᠣᠯᠠᠨ ᠲᠦᠮᠡᠨ ᠳᠤ ᠴᠢᠨᠠᠷ ᠰᠠᠶᠢᠲᠠᠶ ᠡᠮᠴᠢᠯᠡᠭᠡᠨ ᠤ ᠦᠢᠯᠡᠴᠢᠯᠡᠭᠡ ᠬᠦᠷᠲᠡᠭᠡᠵᠦ ᠂ ᠡᠪᠡᠳᠴᠢᠨ | ᠦᠵᠡᠭᠦᠯᠬᠦ ᠳᠤ ᠬᠦᠴᠢᠷᠲᠡᠶ ᠪᠠᠶᠢᠬᠤ ᠶᠢ ᠪᠦᠲᠦᠮᠵᠢᠲᠡᠶ ᠨᠠᠮᠳᠠᠭᠤᠯᠪᠠ ᠃ | ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ᠄ ︽ᠡᠪᠡᠳᠴᠢᠲᠡᠨ ᠤ ᠥᠷᠥᠭᠡ ᠪᠠ | ᠣᠨᠣᠰᠢᠯᠠᠨ ᠡᠮᠨᠡᠬᠦ ᠨᠥᠬᠦᠴᠡᠯ ᠢ ᠰᠠᠶᠢᠵᠢᠷᠠᠭᠤᠯᠵᠤ ᠂ ᠡᠪᠡᠳᠴᠢᠲᠡᠨ ᠢᠶᠠᠷ ᠭᠤᠣᠯ ᠪᠣᠯᠭᠠᠨ ᠡᠮᠴᠢᠯᠡᠭᠡᠨ ᠤ | ᠦᠢᠯᠡᠴᠢᠯᠡᠭᠡ ᠶᠢ ᠦᠷᠭᠦᠯᠵᠢᠯᠡᠨ ᠰᠠᠶᠢᠵᠢᠷᠠᠭᠤᠯᠤᠨ᠎ᠠ︾ ᠃ ᠡᠪᠡᠳᠴᠢᠨ ᠦᠵᠡᠭᠦᠯᠬᠦ ᠳᠤ ᠬᠦᠴᠢᠷᠲᠡᠢ ᠪᠠᠶᠢᠳᠠᠯ ᠢ | ᠨᠠᠮᠳᠠᠭᠤᠯᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ᠎ᠠ ᠭᠡᠵᠦ ᠳᠤᠷᠠᠳᠪᠠ ᠃ | ᠡᠪᠡᠳᠴᠢᠨ ᠦᠵᠡᠭᠦᠯᠬᠦ ᠳᠤ ᠳᠠᠷᠤᠭᠠᠰᠤ ᠶᠢ ᠬᠥᠩᠭᠡᠷᠡᠭᠦᠯᠦᠨ᠎ᠡ | ᠡᠮᠴᠢᠯᠡᠭᠡᠨ ᠤ ᠳᠠᠭᠠᠳᠬᠠᠯ ᠤᠨ ᠬᠡᠯᠡᠯᠴᠡᠭᠡ ᠬᠢᠵᠦ ᠂ ᠲᠥᠪᠯᠡᠷᠡᠭᠦᠯᠦᠨ ᠬᠤᠳᠠᠯᠳᠤᠨ ᠠᠪᠬᠤ ᠡᠮ ᠤᠨ | ᠦᠨ᠎ᠡ ᠶᠢ ᠪᠠᠭᠤᠷᠠᠭᠤᠯᠤᠨ ᠂ ᠤᠷᠲᠤ ᠬᠤᠭᠤᠴᠠᠭ᠎ᠠ ᠪᠠᠷ ᠠᠶᠤᠯ ᠠᠴᠠ ᠬᠠᠮᠠᠭᠠᠯᠠᠵᠤ ᠬᠦᠨᠳᠦ ᠡᠭᠦᠷᠭᠡ ᠶᠢ ᠪᠠᠭᠤᠯᠭᠠᠨ᠎ᠠ | ︽ ᠡᠪᠡᠳᠴᠢᠨ ᠦᠵᠡᠭᠦᠯᠬᠦ ᠳᠤ ᠦᠨ᠎ᠡ ᠲᠠᠢ ︾ ᠪᠠᠶᠢᠬᠤ ᠨᠢ ᠵᠠᠷᠢᠮ ᠡᠮ ᠤᠨ ᠵᠦᠢᠯ ᠬᠤᠷᠣᠭᠳᠠᠯ | ᠮᠠᠲ᠋ᠧᠷᠢᠶᠠᠯ ᠤᠨ ᠦᠨ᠎ᠡ ᠬᠡᠶᠢᠰᠪᠦᠷᠢ ᠥᠨᠳᠥᠷ ᠂ ᠬᠤᠪᠢᠶᠠᠨ ᠡᠭᠦᠷᠭᠡᠯᠡᠬᠦ ᠲᠣᠭᠲᠠᠴᠠ ᠳᠤᠲᠠᠭᠳᠠᠵᠤ ᠪᠠᠶᠢᠬᠤ ᠠᠴᠠ | ᠪᠣᠯᠣᠭᠰᠠᠨ ᠪᠠᠶᠢᠨ᠎ᠠ ᠃ ᠰᠢᠢᠳᠪᠦᠷᠢᠯᠡᠬᠦ ᠠᠷᠭ᠎ᠠ ᠵᠠᠮ ᠪᠣᠯ ᠦᠨ᠎ᠡ ᠶᠢᠨ ︽ᠬᠤᠯᠢᠴᠠ ︾ ᠶᠢ ᠭᠠᠷᠭᠠᠵᠤ ᠂ | ᠡᠮᠴᠢᠯᠡᠭᠡᠨ ᠤ ᠳᠠᠭᠠᠳᠬᠠᠯ ᠤᠨ ᠬᠠᠷᠢᠯᠴᠠᠨ ᠬᠠᠷᠠᠭᠠᠯᠵᠠᠬᠤ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠳᠤ | ᠪᠣᠢ ᠃ | — ᠣᠯᠠᠨ ᠲᠦᠮᠡᠨ ᠢ ᠠᠮᠢ ᠠᠪᠤᠷᠠᠬᠤ ᠡᠮ ᠢ ᠣᠯᠵᠣ ᠬᠡᠷᠡᠭᠯᠡᠬᠦ ᠪᠠ ᠬᠡᠷᠡᠭᠯᠡᠵᠦ ᠳᠡᠶᠢᠯᠬᠦ ᠪᠣᠯᠭᠠᠨ᠎ᠠ ᠃ | 2018 ᠣᠨ ᠠᠴᠠ ᠡᠬᠢᠯᠡᠨ ᠂ ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠢ ᠵᠢᠯ ᠪᠦᠷᠢ | ᠨᠢᠭᠡ ᠤᠳᠠᠭ᠎ᠠ ᠲᠣᠬᠢᠷᠠᠭᠤᠯᠵᠤ ᠂ ᠬᠤᠣᠷᠲᠤ ᠬᠠᠪᠤᠳᠠᠷ ᠂ ᠬᠤᠪᠣᠷ ᠲᠣᠬᠢᠶᠠᠯᠳᠤᠬᠤ ᠡᠪᠡᠳᠴᠢᠨ ᠵᠡᠷᠭᠡ ᠡᠮᠨᠡᠨ ᠵᠠᠰᠠᠬᠤ | ᠬᠦᠷᠢᠶᠡᠨ ᠳᠠᠬᠢ ᠮᠠᠰᠢ ᠣᠯᠠᠨ ᠰᠢᠨ᠎ᠡ ᠡᠮ ᠢ ᠣᠷᠣᠭᠤᠯᠵᠠᠢ ᠃ ᠡᠮᠴᠢᠯᠡᠭᠡᠨ ᠤ ᠳᠠᠭᠠᠳᠬᠠᠯ ᠤᠨ ︽ᠪᠥᠯᠬᠦᠮ ᠢᠶᠠᠷ | ᠬᠤᠳᠠᠯᠳᠤᠨ ᠠᠪᠬᠤ︾ ᠶᠢᠨ ᠳᠠᠪᠠᠭᠤᠯᠢᠭ ᠨᠢ ᠡᠮ ᠤᠨ ᠦᠨ᠎ᠡ ᠶᠢ ᠢᠯᠡᠳᠲᠡ ᠪᠠᠭᠤᠷᠠᠭᠤᠯᠵᠤ ᠂ ᠬᠡᠯᠡᠯᠴᠡᠭᠡᠷ ᠲᠤ | ᠣᠷᠣᠬᠤ ᠵᠥᠪᠰᠢᠶᠡᠷᠡᠯ ᠤᠨ ᠲᠣᠭᠲᠠᠴᠠ ᠠᠴᠠ ᠮᠠᠰᠢ ᠣᠯᠠᠨ ︽ᠥᠨᠳᠥᠷ ᠦᠨ᠎ᠡ ᠲᠠᠢ ᠡᠮ︾ ᠳᠤ ︽ᠡᠭᠡᠯ | ᠠᠷᠠᠳ ᠤᠨ ᠦᠨ᠎ᠡ︾ ᠶᠢ ᠭᠠᠷᠭᠠᠪᠠ ᠃ 2024 ᠣᠨ ᠤ ᠡᠴᠦᠰ ᠪᠣᠯᠲᠠᠯ᠎ᠠ ᠂ ᠵᠥᠪᠯᠡᠯᠴᠡᠭᠡᠷ ᠤᠨ ᠬᠤᠭᠤᠴᠠᠭᠠᠨ ᠳᠤ | ᠬᠡᠯᠡᠯᠴᠡᠭᠡ ᠬᠢᠭᠰᠡᠨ ᠡᠮ ᠤᠨ ᠵᠦᠢᠯ ᠢ ᠨᠡᠶᠢᠲᠡ 9 ᠳ᠋ᠦᠩᠰᠢᠭᠤᠷ ᠬᠥᠮᠦᠨ ᠤᠳᠠᠭ᠎ᠠ ᠳᠤ ᠠᠰᠢᠭ ᠬᠦᠷᠲᠡᠭᠡᠵᠦ ᠂ | ᠡᠪᠡᠳᠴᠢᠲᠡᠨ ᠤ ᠳᠠᠷᠤᠭᠠᠰᠤ ᠶᠢ ᠨᠡᠶᠢᠲᠡ 9000 ᠳ᠋ᠦᠩᠰᠢᠭᠤᠷ ᠲᠥᠭᠦᠷᠢᠭ ᠬᠥᠩᠭᠡᠷᠡᠭᠦᠯᠪᠡ ᠃ | ᠱᠠᠨᠳᠦ᠋ᠩ ᠮᠤᠵᠢ ᠶᠢᠨ ᠵᠢᠨᠠᠨ ᠬᠤᠲᠠ ᠶᠢᠨ ᠰᠠᠭᠤᠭᠠᠯᠢ ᠠᠷᠠᠳ ᠰᠢᠶᠤᠤ ᠱᠢ ᠲᠸᠥ ᠪᠣᠯ ᠳᠠᠷᠤᠢ ᠠᠰᠢᠭ | ᠬᠦᠷᠲᠡᠭᠴᠢ ᠶᠢᠨ ᠨᠢᠭᠡ ᠪᠣᠯᠤᠨ᠎ᠠ ᠃ ᠲᠡᠭᠦᠨ ᠢ 10 ᠰᠠᠷ᠎ᠠ ᠲᠠᠢ ᠪᠠᠶᠢᠬᠤ ᠳᠤ ᠬᠤᠪᠤᠷᠬᠠᠨ ᠳᠣᠬᠢᠶᠠᠯᠳᠤᠬᠤ | ᠡᠪᠡᠳᠴᠢᠨ ᠤ ᠨᠢᠭᠡ ᠪᠣᠯᠬᠤ ᠨᠤᠭᠤᠰᠤᠨ ᠴᠢᠨᠠᠷᠲᠤ ᠪᠤᠯᠴᠢᠩ ᠠᠪᠴᠢᠬᠤ ᠡᠮᠭᠡᠭ ︵SMA ︶ ᠢᠶᠠᠷ ᠲᠤᠳᠤᠯᠠᠪᠠ ᠃ | 2019 ᠣᠨ ᠳᠤ SMA ᠳᠤ ᠵᠣᠬᠢᠴᠠᠬᠤ ᠣᠨᠴᠠ ᠦᠢᠯᠡᠳᠦᠯᠳᠦ ᠡᠮ ᠮᠠᠨ ᠤ ᠤᠯᠤᠰ ᠤᠨ ᠵᠠᠬ᠎ᠠ | ᠳᠡᠯᠭᠡᠭᠦᠷ ᠲᠤ ᠭᠠᠷᠪᠠ ᠃ ᠰᠢᠷᠬᠡᠭ ᠪᠦᠷᠢ 70 ᠲᠦᠮᠡ ᠰᠢᠬᠠᠮ ᠲᠥᠭᠦᠷᠢᠭ ᠪᠠᠶᠢᠵᠤ ᠂ ᠡᠪᠡᠳᠴᠢᠲᠡᠨ ᠲᠦᠷᠦᠭᠦᠦ | ᠵᠢᠯ ᠳᠤ 6 ᠰᠢᠷᠬᠡᠭ ᠬᠡᠷᠡᠭᠯᠡᠵᠦ ᠂ ᠳᠠᠷᠠᠭᠠᠯᠠᠭᠠᠳ ᠵᠢᠯ ᠪᠦᠷᠢ 3 ᠰᠢᠷᠬᠡᠭ ᠬᠡᠷᠡᠭᠯᠡᠨ᠎ᠡ ᠃ 2021 ᠣᠨ ᠳᠤ ᠂ | ᠨᠢᠭᠦᠯᠡᠰᠦᠩᠭᠦᠶ ᠶᠢᠨ ᠡᠮ ᠬᠦᠷᠭᠡᠬᠦ ᠬᠡᠯᠪᠡᠷᠢ ᠪᠠᠷ ᠲᠣᠰ ᠡᠮ ᠢ 55 ᠲᠦᠮᠡᠨ ᠲᠥᠭᠦᠷᠢᠭ ᠪᠣᠯᠭᠠᠨ ᠪᠠᠭᠤᠷᠠᠭᠤᠯᠪᠠ ᠃ | 2021 ᠣᠨ ᠤ 3 ᠳ᠋ᠤᠭᠠᠷ ᠰᠠᠷ᠎ᠠ ᠳᠤ ᠂ ᠰᠢᠶᠤᠤ ᠱᠢ ᠲᠸᠥ ᠶᠢᠨ ᠡᠴᠢᠭᠡ ᠡᠬᠡ ᠨᠢ ᠵᠦᠭ ᠵᠦᠭ ᠠᠴᠠ ᠵᠣᠭᠤᠰ | ᠵᠢᠭᠡᠯᠡᠨ 55 ᠲᠦᠮᠡᠨ ᠲᠥᠭᠦᠷᠢᠭ ᠴᠤᠭᠯᠠᠭᠤᠯᠵᠤ ᠂ ᠬᠡᠦᠬᠡᠳ ᠲᠤ ᠪᠠᠨ ᠲᠤᠰ ᠵᠦᠢᠯ ᠤᠨ ᠣᠨᠴᠠ ᠦᠢᠯᠡᠳᠦᠯᠳᠦ | ᠡᠮ ᠢ ᠬᠡᠷᠡᠭᠯᠡᠭᠦᠯᠪᠡ ᠃ | 2021 ᠣᠨ ᠤ 11 ᠳ᠋ᠦ᠋ᠭᠡᠷ ᠰᠠᠷ᠎ᠠ ᠳᠤ ᠂ SMA ᠣᠨᠴᠠ ᠦᠢᠯᠡᠳᠦᠯᠳᠦ ᠡᠮ ᠤᠨ ᠵᠦᠢᠯ ᠤᠨ | ᠬᠡᠯᠡᠯᠴᠡᠭᠡ ᠶᠢ ᠬᠢᠭᠡᠳ ᠠᠮᠵᠢᠯᠲᠠ ᠣᠯᠵᠤ ᠂ ᠳᠠᠷᠠᠭ᠎ᠠ ᠵᠢᠯ ᠳᠤ ᠨᠢ ᠡᠮᠴᠢᠯᠡᠭᠡᠨ ᠤ ᠳᠠᠭᠠᠳᠬᠠᠯ ᠤᠨ ᠭᠠᠷᠴᠠᠭ ᠲᠤ | ᠵᠢᠩᠬᠢᠨᠢ ᠪᠠᠷ ᠣᠷᠤᠭᠤᠯᠪᠠ ᠃ 2022 ᠣᠨ ᠳᠤ ᠂ ᠡᠮ ᠤᠨ ᠦᠨ᠎ᠡ ᠶᠢ ᠪᠠᠭᠤᠷᠠᠭᠤᠯᠬᠤ ᠪᠠ ᠡᠮᠴᠢᠯᠡᠭᠡᠨ ᠤ | ᠳᠠᠭᠠᠳᠬᠠᠯ ᠤᠨ ᠲᠠᠩᠰᠠ ᠲᠠᠶᠢᠯᠬᠤ ᠬᠦᠴᠦᠨ ᠵᠦᠢᠯ ᠢ ᠶᠡᠷᠦᠩᠬᠡᠶᠢᠯᠡᠨ ᠡᠵᠡᠮᠳᠡᠭᠡᠳ ᠂ ᠰᠢᠶᠤᠤ ᠱᠢ ᠲᠸᠥ ᠣᠨᠴᠠ | ᠦᠢᠯᠡᠳᠦᠯᠲᠦ ᠡᠮ ᠢ ᠬᠠᠳᠬᠤᠬᠤ ᠳᠤ ᠵᠥᠪᠬᠡᠨ 4 ᠲᠦᠮᠡᠨ ᠲᠥᠭᠦᠷᠢᠭ ᠵᠠᠷᠤᠴᠠᠭᠤᠯᠬᠤ ᠪᠣᠯᠪᠠ ᠃ ᠰᠢᠶᠤᠤ ᠱᠢ | ᠲᠸᠥ ᠲᠠᠢ ᠠᠳᠠᠯᠢ ᠡᠪᠡᠳᠴᠢᠲᠡᠨ ᠪᠦᠬᠦ ᠤᠯᠤᠰ ᠲᠤ ᠪᠠᠷᠤᠭ 3 ᠲᠦᠮᠡ ᠪᠠᠶᠢᠨ᠎ᠠ ᠃ ᠡᠳᠦᠭᠡ ᠲᠡᠳᠡ ᠡᠮᠴᠢᠯᠡᠭᠡᠨ ᠤ | ᠳᠠᠭᠠᠳᠬᠠᠯ ᠳᠤ ᠣᠷᠣᠭᠤᠯᠤᠭᠰᠠᠨ ᠠᠮᠢ ᠠᠪᠤᠷᠠᠬᠤ ᠡᠮ ᠢ ᠬᠡᠷᠡᠭᠯᠡᠬᠦ ᠪᠣᠯᠪᠠ ᠃ | — ᠡᠪᠡᠳᠴᠢᠲᠡᠨ ᠤ ᠡᠮ ᠬᠡᠷᠡᠭᠯᠡᠬᠦ ᠳᠠᠷᠣᠭᠠᠰᠤ ᠶᠢ ᠤᠯᠠᠮ ᠨᠢᠭᠡ ᠠᠯᠬᠤᠮ ᠬᠥᠩᠭᠡᠷᠡᠭᠦᠯᠦᠨ᠎ᠡ ᠃ | ᠡᠮᠴᠢᠯᠡᠭᠡᠨ ᠤ ᠳᠠᠭᠠᠳᠬᠠᠯ ᠤᠨ ᠭᠠᠷᠴᠠᠭ ᠤᠨ ᠬᠡᠯᠡᠯᠴᠡᠭᠡ ᠨᠢ ᠨᠡᠩ ᠣᠯᠠᠨ ᠰᠢᠨ᠎ᠡ ᠡᠮ ᠰᠠᠶᠢᠨ ᠡᠮ ᠢ | ᠡᠮᠴᠢᠯᠡᠭᠡᠨ ᠤ ᠳᠠᠭᠠᠳᠬᠠᠯ ᠳᠤ ᠣᠷᠤᠭᠤᠯᠤᠭᠰᠠᠨ ᠠᠴᠠ ᠭᠠᠳᠠᠨ᠎ᠠ ᠂ ᠨᠢᠭᠡᠨᠲᠡ ᠲᠤᠰᠬᠠᠢ ᠠᠰᠢᠭ ᠤᠨ ᠬᠤᠭᠤᠴᠠᠭ᠎ᠠ | ᠬᠡᠲᠦᠷᠡᠭᠰᠡᠨ ᠮᠥᠷᠲᠡᠭᠡᠨ ᠣᠯᠠᠨ ᠠᠵᠤ ᠠᠬᠤᠶᠢᠯᠠᠯ ᠤᠨ ᠦᠢᠯᠡᠳᠪᠦᠷᠢᠯᠡᠳᠡᠭ ᠪᠠᠶᠢᠩᠭᠤ ᠬᠡᠷᠡᠭᠯᠡᠬᠦ ᠡᠮ ᠂ ︽ | ᠬᠠᠭᠤᠴᠢᠨ ᠡᠮ︾ ᠢ ᠤᠯᠤᠰ ᠠᠴᠠ ᠪᠠᠰᠠ ᠲᠥᠪᠯᠡᠷᠡᠭᠦᠯᠦᠨ ᠬᠡᠮᠵᠢᠶ᠎ᠡ ᠲᠠᠢ ᠬᠤᠳᠠᠯᠳᠤᠨ ᠠᠪᠬᠤ ᠠᠵᠢᠯ ᠢ ᠵᠣᠬᠢᠶᠠᠨ | ᠪᠠᠶᠢᠭᠤᠯᠵᠤ ᠂ ᠥᠷᠢᠰᠦᠯᠳᠦᠭᠡᠨ ᠤ ᠳᠤᠮᠳᠠ ᠵᠦᠢ ᠵᠣᠬᠢᠰᠲᠠᠢ ᠦᠨ᠎ᠡ ᠶᠢ ᠪᠣᠢ ᠪᠣᠯᠭᠠᠪᠠ ᠃ ᠡᠮ ᠤᠨ ᠵᠦᠢᠯ ᠤᠨ | ᠲᠠᠯ᠎ᠠ ᠪᠠᠷ ᠂ ᠤᠯᠤᠰ ᠠᠴᠠ ᠲᠥᠪᠯᠡᠷᠡᠭᠦᠯᠦᠨ ᠬᠤᠳᠠᠯᠳᠤᠨ ᠠᠪᠬᠤ ᠠᠵᠢᠯ ᠢ ᠨᠢᠭᠡᠨᠲᠡ 10 ᠪᠦᠯᠦᠭ ᠥᠷᠨᠢᠭᠦᠯᠵᠦ ᠂ | ᠨᠡᠶᠢᠲᠡ 435 ᠵᠦᠢᠯ ᠤᠨ ᠡᠮ ᠤᠨ ᠵᠦᠢᠯ ᠢ ᠬᠤᠳᠠᠯᠳᠤᠨ ᠠᠪᠴᠤ ᠂ ᠦᠨ᠎ᠡ ᠶᠢᠨ ᠳᠤᠮᠳᠠᠴᠢ ᠪᠠᠭᠤᠷᠠᠯᠲᠠ | 50% ᠶᠢ ᠳᠠᠪᠠᠪᠠ ᠃ ᠵᠢᠷᠦᠬᠡᠨ ᠤ ᠲᠤᠯᠠᠭᠤᠷ ᠂ ᠬᠢᠮᠡᠯ ᠦᠶ᠎ᠡ ᠂ ᠬᠢᠮᠡᠯ ᠲᠠᠯᠠᠰᠲᠤ ᠪᠠ ᠬᠢᠮᠡᠯ ᠴᠢᠬᠢᠨ ᠪᠦᠷᠢᠶ᠎ᠡ ᠵᠡᠷᠭᠡ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠨᠢ ᠴᠤ ᠠᠳᠠᠯᠢᠬᠠᠨ ᠦᠨ᠎ᠡ ᠪᠠᠨ ᠪᠠᠭᠤᠷᠠᠭᠤᠯᠣᠭᠰᠠᠨ | ᠪᠠᠶᠢᠨ᠎ᠠ ᠃ | 2020 ᠣᠨ ᠤ ᠡᠬᠢ ᠪᠠᠷ ᠂ ᠬᠤᠶᠠᠷ ᠨᠢᠳᠦᠨ ᠤ ᠣᠶᠢᠷ᠎ᠠ ᠬᠠᠷᠠᠭ᠎ᠠ ᠨᠢ 800 ᠭᠷᠠᠳᠦ᠋ᠰ ᠠᠴᠠ ᠳᠡᠭᠡᠭᠰᠢᠬᠢ | ᠬᠤᠨᠠᠨ ᠮᠤᠵᠢ ᠶᠢᠨ ᠰᠢᠶᠠᠩ ᠲᠠᠨ ᠬᠤᠲᠠ ᠶᠢᠨ ᠰᠠᠭᠤᠭᠠᠯᠢ ᠠᠷᠠᠳ ᠯᠠᠢ ᠰᠢᠶᠤᠤ ᠯᠢᠩ ᠬᠤᠲᠠ ᠶᠢᠨ ᠲᠥᠪ | ᠡᠮᠨᠡᠯᠭᠡ ᠶᠢᠨ ᠬᠤᠷᠢᠶᠠᠨ ᠤ ᠨᠢᠳᠦᠨ ᠤ ᠡᠮᠨᠡᠯᠭᠡ ᠳᠤ ᠬᠦᠷᠴᠦ ᠡᠪᠡᠳᠴᠢᠨ ᠢᠶᠠᠨ ᠦᠵᠡᠭᠦᠯᠵᠡᠶ ᠃ ᠣᠨᠣᠰᠢᠯᠠᠯᠲᠠ ᠶᠢᠨ | ᠳ᠋ᠦᠩ ᠨᠢ ᠬᠤᠶᠠᠷ ᠨᠢᠳᠦ ᠨᠢ ᠪᠦᠷ ᠴᠠᠭᠠᠨ ᠬᠠᠷᠠᠩ ᠡᠪᠡᠳᠴᠢᠨ ᠳᠤ ᠨᠡᠷᠪᠡᠭᠳᠡᠵᠦ ᠂ ᠬᠢᠮᠡᠯ ᠲᠠᠯᠠᠰᠲᠤ ᠣᠷᠤᠭᠤᠯᠬᠤ | ᠬᠡᠷᠡᠭᠲᠡᠶ ᠪᠣᠯᠪᠠ ᠃ | ︽ ᠲᠤᠬᠠᠶ ᠶᠢᠨ ᠦᠶ᠎ᠡ ᠳᠤ ᠰᠣᠩᠭᠤᠭᠰᠠᠨ ᠬᠢᠮᠡᠯ ᠲᠠᠯᠠᠰᠲᠤ ᠪᠦᠷᠢ ᠨᠢ 12299 ᠲᠥᠭᠦᠷᠢᠭ ᠪᠠᠶᠢᠵᠠᠶ ︾ ᠃ | ᠯᠠᠢ ᠰᠢᠶᠤᠤ ᠯᠢᠩ ᠳᠤ ᠡᠨᠡ ᠶᠠᠪᠤᠳᠠᠯ ᠨᠢ ᠭᠦᠨ ᠰᠠᠭᠤᠭᠳᠠᠯ ᠦᠯᠡᠳᠡᠭᠡᠵᠦ ᠂ ︽ᠨᠢᠭᠡ ᠯᠡ ᠳᠣᠣᠷ᠎ᠠ ᠬᠦᠯᠢᠶᠡᠵᠦ | ᠠᠪᠬᠤ ᠳᠤ ᠬᠦᠴᠢᠷ ᠪᠠᠶᠢᠭᠰᠠᠨ ᠲᠤᠯᠠ ᠤᠷᠢᠳ ᠢᠶᠠᠷ ᠬᠠᠷᠠᠭ᠎ᠠ ᠮᠠᠭᠤ ᠵᠡᠭᠦᠨ ᠨᠢᠳᠦ ᠪᠠᠨ ᠵᠠᠰᠠᠯ ᠬᠢᠯᠭᠡᠵᠦ ᠂ | ᠪᠠᠷᠠᠭᠤᠨ ᠨᠢᠳᠦ ᠪᠠᠨ ᠡᠪᠯᠡᠭᠦᠯᠵᠦ ᠪᠠᠶᠢᠪᠠ ︾ ᠃ | ᠴᠠᠭ ᠬᠤᠭᠤᠴᠠᠭ᠎ᠠ ᠥᠩᠭᠡᠷᠡᠬᠦ ᠲᠣᠳᠤᠮ ᠂ ᠲᠡᠷᠡ ᠪᠠᠷᠠᠭᠤᠨ ᠨᠢᠳᠦᠨ ᠤ ᠬᠢᠨ ᠬᠠᠷᠠᠭᠠᠨ ᠤ ᠪᠠᠭᠤᠷᠠᠯᠲᠠ | ᠮᠡᠳᠡᠭᠳᠡᠮ᠎ᠡ ᠪᠠᠶᠢᠬᠤ ᠶᠢ ᠮᠡᠳᠡᠷᠡᠪᠡ ᠃ ᠲᠡᠷᠡ ᠬᠤᠲᠠ ᠶᠢᠨ ᠭᠤᠣᠯ ᠡᠮᠨᠡᠯᠭᠡ ᠶᠢᠨ ᠬᠤᠷᠢᠶᠠᠨ ᠤ ᠨᠢᠳᠦᠨ ᠤ | ᠡᠮᠨᠡᠯᠭᠡ ᠳᠤ ᠳᠠᠬᠢᠨᠲᠠ ᠬᠦᠷᠴᠦ ᠡᠮᠨᠡᠭᠦᠯᠵᠡᠢ ᠃ ᠲᠤᠬᠠᠢ ᠶᠢᠨ ᠵᠢᠯ ᠳᠤ ᠬᠡᠷᠡᠭᠯᠡᠭᠰᠡᠨ ᠬᠢᠮᠡᠯ ᠲᠠᠯᠠᠰᠲᠤ ᠨᠢ ᠡᠳᠦᠭᠡ | ᠲᠥᠪᠯᠡᠷᠡᠭᠦᠯᠦᠨ ᠬᠤᠳᠠᠯᠳᠤᠨ ᠠᠪᠬᠤ ᠳᠤ ᠣᠷᠣᠵᠤ ᠂ 6990 ᠲᠥᠭᠦᠷᠢᠭ ᠪᠣᠯᠵᠤ ᠪᠠᠭᠤᠷᠠᠪᠠ ᠃ ᠮᠡᠰᠡ ᠵᠠᠰᠠᠯ ᠤᠨ | ᠳᠠᠷᠠᠭ᠎ᠠ ᠂ ᠲᠡᠭᠦᠨ ᠤ ᠪᠠᠷᠠᠭᠤᠨ ᠨᠢᠳᠦ ᠨᠢ ᠡᠮ ᠤᠨ ᠯᠣᠩᠬᠤᠨ ᠳᠡᠭᠡᠷᠡᠬᠢ ᠲᠣᠳᠣᠷᠬᠠᠶᠢᠯᠠᠯᠲᠠ ᠶᠢᠨ ᠪᠢᠴᠢᠭ ᠢ | ᠲᠣᠳᠣᠷᠬᠠᠢ ᠦᠵᠡᠵᠦ ᠳᠡᠶᠢᠯᠬᠦ ᠪᠣᠯᠪᠠ ᠃ | ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ ᠪᠣᠳᠣᠯᠭ᠎ᠠ ᠨᠢ ᠦᠨ᠎ᠡ ᠶᠢ ᠪᠠᠭᠤᠷᠠᠭᠤᠯᠤᠭᠰᠠᠨ ᠪᠣᠯᠪᠠᠴᠤ | ᠶᠠᠰᠤ ᠴᠢᠨᠠᠷ ᠢ ᠪᠠᠭᠤᠷᠠᠭᠤᠯᠤᠭᠰᠠᠨ ᠦᠭᠡᠢ ᠃ ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ | ᠳᠤ ᠂ ︽ᠡᠮ ᠤᠨ ᠵᠦᠢᠯ ᠪᠠ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠲᠥᠷᠥ ᠶᠢᠨ | ᠪᠣᠳᠣᠯᠭ᠎ᠠ ᠶᠢ ᠰᠢᠯᠢᠳᠡᠭᠵᠢᠭᠦᠯᠵᠦ ᠂ ᠶᠠᠰᠤ ᠴᠢᠨᠠᠷ ᠢ ᠦᠨᠡᠯᠡᠨ ᠵᠢᠱᠢᠬᠦ ᠪᠠ ᠬᠢᠨᠠᠨ ᠬᠠᠮᠢᠶᠠᠷᠬᠤ ᠶᠢ ᠴᠢᠩᠭᠠᠷᠠᠭᠤᠯᠤᠨ ᠂ | ᠠᠷᠠᠳ ᠣᠯᠠᠨ ᠤ ᠡᠮ ᠬᠡᠷᠡᠭᠯᠡᠬᠦ ᠶᠢ ᠨᠠᠩ ᠰᠠᠨᠠᠭ᠎ᠠ ᠠᠮᠤᠷ ᠪᠣᠯᠭᠠᠨ᠎ᠠ︾ ᠭᠡᠵᠦ ᠳᠤᠷᠠᠳᠪᠠ ᠃ | ᠤᠷᠲᠤ ᠬᠤᠭᠤᠴᠠᠭᠠᠨ ᠤ ᠲᠤᠷᠰᠢ ᠂ ᠡᠮ ᠤᠨ ᠵᠦᠢᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ | ᠮᠥᠴᠢᠷ ᠠᠴᠠ ᠡᠮ ᠤᠨ ᠵᠦᠢᠯ ᠤᠨ ᠶᠠᠰᠤ ᠴᠢᠨᠠᠷ ᠂ ᠢᠯᠠᠩᠭᠤᠶ᠎ᠠ ᠲᠥᠪᠯᠡᠷᠡᠭᠦᠯᠦᠨ ᠬᠤᠳᠠᠯᠳᠤᠨ ᠠᠪᠬᠤ ᠶᠠᠪᠤᠴᠠ ᠳᠤ | ᠰᠣᠩᠭᠤᠭᠳᠠᠭᠰᠠᠨ ᠡᠮ ᠤᠨ ᠵᠦᠢᠯ ᠤᠨ ᠶᠠᠰᠤ ᠴᠢᠨᠠᠷ ᠢ ᠴᠢᠩᠭ᠎ᠠ ᠬᠢᠨᠠᠨ ᠬᠠᠮᠢᠶᠠᠷᠴᠤ ᠂ ︽ᠪᠦᠬᠦᠨ ᠢ ᠬᠠᠮᠤᠷᠬᠤ︾ ︽ | ᠥᠴᠦᠬᠡᠨ ᠴᠦ ᠠᠭᠤᠴᠢᠯᠠᠬᠤ ᠦᠭᠡᠢ︾ ᠪᠠᠶᠢᠬᠤ ᠶᠢ ᠪᠠᠷᠢᠮᠲᠠᠯᠠᠨ ᠂ ᠵᠢᠯ ᠪᠦᠷᠢ ᠤᠯᠤᠰ ᠤᠨ ᠲᠥᠪᠯᠡᠷᠡᠭᠦᠯᠦᠨ | ᠬᠤᠳᠠᠯᠳᠤᠨ ᠠᠪᠬᠤ ᠡᠮ ᠤᠨ ᠵᠦᠢᠯ ᠳᠤ ᠰᠣᠩᠭᠤᠭᠳᠠᠭᠰᠠᠨ ᠠᠵᠤ ᠠᠬᠤᠶᠢᠯᠠᠯ ᠤᠨ ᠪᠠᠶᠢᠴᠠᠭᠠᠯᠲᠠ ᠪᠠ | ᠰᠣᠩᠭᠤᠭᠳᠠᠭᠰᠠᠨ ᠲᠥᠷᠥᠯ ᠵᠦᠢᠯ ᠢ ᠰᠤᠭᠤᠴᠢᠨ ᠪᠠᠶᠢᠴᠠᠭᠠᠬᠤ ᠬᠤᠶᠠᠷ ︽ᠪᠦᠬᠦᠨ ᠢ ᠬᠠᠮᠤᠷᠬᠤ︾ ᠶᠢ | ᠬᠡᠷᠡᠭᠵᠢᠭᠦᠯᠵᠦ ᠂ ᠣᠳᠣᠬᠠᠨ ᠳᠤ ᠨᠢᠭᠡᠨᠲᠡ ᠬᠡᠷᠡᠭᠯᠡᠭᠰᠡᠨ ᠤᠯᠤᠰ ᠲᠤ ᠪᠣᠶ ᠪᠦᠬᠦᠢ ᠲᠥᠷᠥᠯ ᠵᠦᠢᠯ ᠪᠠ | ᠬᠤᠯᠪᠣᠭᠳᠠᠭᠰᠠᠨ ᠡᠮ ᠤᠨ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ 600 ᠭᠠᠷᠤᠶ ᠠᠵᠤ ᠠᠬᠤᠶᠢᠯᠠᠯ ᠢ | ᠬᠠᠮᠤᠷᠴᠠᠶ ᠃ ᠶᠡᠷᠦᠩᠬᠡᠶ ᠳᠤ ᠨᠢ ᠠᠪᠴᠤ ᠦᠵᠡᠪᠡᠯ ᠂ ᠮᠠᠨ ᠤ ᠤᠯᠤᠰ ᠤᠨ ᠡᠮ ᠤᠨ ᠵᠦᠢᠯ ᠤᠨ ᠠᠮᠤᠷ ᠲᠦᠪᠰᠢᠨ ᠤ | ᠪᠠᠶᠢᠳᠠᠯ ᠶᠡᠷᠦᠩᠬᠡᠶ ᠳᠤ ᠪᠠᠨ ᠲᠣᠭᠲᠠᠭᠤᠨ ᠪᠠᠶᠢᠵᠤ ᠂ ᠡᠮ ᠤᠨ ᠵᠦᠢᠯ ᠤᠨ ᠶᠠᠰᠤ ᠴᠢᠨᠠᠷ ᠦᠷᠭᠦᠯᠵᠢᠯᠡᠨ | ᠳᠡᠭᠡᠭᠰᠢᠯᠡᠭᠰᠡᠨ ᠪᠠᠶᠢᠨ᠎ᠠ ᠃ | — ᠬᠥᠨᠳᠥ ᠬᠡᠮᠵᠢᠶᠡᠨ ᠤ ᠴᠢᠳᠠᠪᠤᠷᠢ ᠪᠠᠨ ᠠᠯᠳᠠᠭᠰᠠᠨ ᠬᠦᠮᠦᠰ ᠢ ᠬᠠᠷᠠᠭᠠᠯᠵᠠᠨ ᠬᠠᠮᠠᠭᠠᠯᠠᠬᠤ | ᠬᠦᠮᠦᠨ ᠲᠠᠢ ᠂ ᠰᠠᠶᠢᠲᠤᠷ ᠬᠠᠷᠠᠭᠠᠯᠵᠠᠨ ᠬᠠᠮᠠᠭᠠᠯᠠᠭᠤᠯᠤᠨ᠎ᠠ ᠃ | 2016 ᠣᠨ ᠳᠤ ᠵᠢᠶᠠᠩᠰᠦ ᠮᠣᠵᠢ ᠶᠢᠨ ᠨᠠᠨ ᠲᠦᠩ ᠤᠯᠤᠰ ᠤᠨ ᠠᠩᠬᠠᠳᠠᠭᠴᠢ ᠪᠦᠯᠦᠭ ᠤᠷᠲᠤ | ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠲᠤᠷᠰᠢᠯᠲᠠ ᠶᠢᠨ ᠴᠡᠭ ᠤᠨ ᠬᠤᠲᠠ ᠳᠤ ᠵᠢᠭᠰᠠᠭᠠᠭᠳᠠᠪᠠ ᠃ | ᠣᠳᠣᠬᠠᠨ ᠳᠤ ᠂ ᠡᠨᠡ ᠬᠦ ᠲᠤᠷᠰᠢᠯᠲᠠ ᠶᠢᠨ ᠴᠡᠭ ᠢ ᠪᠥᠬᠦ ᠤᠯᠤᠰ ᠲᠤ ᠯᠠᠪᠳᠠᠭᠤᠨ ᠢᠶᠠᠷ ᠠᠬᠢᠭᠤᠯᠵᠤ ᠂ ᠨᠢᠭᠡᠨᠲᠡ | 49 ᠬᠤᠲᠠ ᠂ 1.9 ᠳ᠋ᠦᠩᠰᠢᠭᠤᠷ ᠰᠢᠬᠠᠮ ᠬᠥᠮᠦᠨ ᠢ ᠬᠠᠮᠤᠷᠴᠤ ᠂ ᠨᠡᠶᠢᠲᠡ 270 ᠭᠠᠷᠤᠶ ᠲᠦᠮᠡᠨ | ᠲᠥᠭᠦᠷᠢᠭ ᠤᠨ ᠴᠢᠳᠠᠪᠤᠷᠢ ᠪᠠᠨ ᠠᠯᠳᠠᠭᠰᠠᠨ ᠳᠠᠭᠠᠳᠬᠠᠯ ᠳᠤ ᠣᠷᠣᠯᠴᠠᠭᠰᠠᠳ ᠲᠤ ᠬᠠᠷᠠᠭᠠᠯᠵᠠᠯ ᠬᠦᠷᠲᠡᠭᠡᠪᠡ ᠃ ᠨᠠᠨ | ᠲᠦᠩ ᠳᠤ ᠂ ᠴᠢᠳᠠᠪᠤᠷᠢ ᠪᠠᠨ ᠠᠯᠳᠠᠭᠰᠠᠨ 2 ᠳᠡᠰ ᠵᠢᠴᠢ ᠲᠡᠭᠦᠨ ᠠᠴᠠ ᠳᠡᠭᠡᠭᠰᠢᠬᠢ ᠳᠠᠭᠠᠳᠬᠠᠯ ᠳᠤ | ᠣᠷᠣᠯᠴᠠᠭᠰᠠᠳ ᠲᠤ ᠣᠷᠳᠣ ᠬᠤᠭᠤᠴᠠᠭ᠎ᠠ ᠪᠠᠷ ᠠᠰᠠᠷᠠᠬᠤ ᠳᠠᠭᠠᠳᠬᠠᠯ ᠤᠨ ᠣᠯᠭᠤᠮᠵᠢ ᠣᠯᠵᠤ ᠪᠣᠯᠤᠨ᠎ᠠ ᠃ ᠪᠡᠯᠡ | ᠬᠤᠷᠠᠮᠳᠤᠭᠤᠯᠬᠤ ᠪᠠᠷᠢᠮᠵᠢᠶ᠎ᠠ ᠶᠢᠨ ᠲᠠᠯ᠎ᠠ ᠪᠠᠷ ᠂ ᠳᠠᠭᠠᠳᠬᠠᠯ ᠳᠤ ᠣᠷᠣᠯᠴᠠᠭᠴᠢ 30 ᠲᠥᠭᠦᠷᠢᠭ ᠲᠤᠰᠢᠶᠠᠵᠤ ᠂ | ᠦᠯᠡᠳᠡᠭᠰᠡᠨ ᠢ ᠨᠢ ᠡᠮᠴᠢᠯᠡᠭᠡᠨ ᠤ ᠳᠠᠭᠠᠳᠬᠠᠯ ᠤᠨ ᠰᠠᠭᠤᠷᠢ ᠮᠥᠩᠭᠦ ᠠᠴᠠ ᠬᠤᠪᠢᠶᠠᠷᠢᠯᠠᠨ ᠰᠢᠯᠵᠢᠭᠦᠯᠬᠦ ᠪᠠ | ᠵᠠᠰᠠᠭ ᠤᠨ ᠣᠷᠳᠣᠨ ᠤ ᠡᠳ᠋ ᠤᠨ ᠵᠠᠰᠠᠭ ᠤᠨ ᠨᠥᠬᠦᠪᠥᠷᠢ ᠣᠯᠭᠤᠨ᠎ᠠ ᠃ | ᠨᠠᠨ ᠲᠦᠩ ᠬᠤᠲᠠ ᠶᠢᠨ ᠠᠷᠠᠳ ᠱᠧᠨ ᠨᠢᠶᠠᠨ ᠶᠢᠩ ᠨᠢᠭᠡ ᠬᠠᠷᠠᠭᠠᠯᠵᠠᠨ ᠠᠰᠠᠷᠠᠬᠤ ᠦᠢᠯᠡᠴᠢᠯᠡᠭᠡᠨ ᠤ | ᠪᠠᠶᠢᠭᠤᠯᠤᠮᠵᠢ ᠶᠢ ᠰᠣᠩᠭᠤᠵᠤ ᠂ ᠬᠤᠶᠠᠷ ᠰᠤᠪᠢᠯᠠᠭᠴᠢ ᠭᠠᠷᠠᠭ ᠪᠦᠷᠢ ᠬᠤᠶᠠᠷ ᠤᠳᠠᠭ᠎ᠠ ᠭᠡᠷ ᠲᠤ ᠨᠢ ᠬᠦᠷᠴᠦ | ᠪᠡᠶ᠎ᠡ ᠶᠢ ᠨᠢ ᠤᠬᠢᠶᠠᠬᠤ ᠂ ᠦᠰᠦ ᠵᠠᠰᠠᠬᠤ ᠵᠡᠷᠭᠡ ᠠᠰᠠᠷᠠᠨ ᠬᠠᠷᠠᠭᠠᠯᠵᠠᠬᠤ ᠦᠢᠯᠡᠴᠢᠯᠡᠭᠡ ᠬᠠᠩᠭᠠᠵᠤ ᠂ ᠤᠳᠠᠭ᠎ᠠ | ᠪᠦᠷᠢ ᠪᠠᠷᠤᠭ 1 ᠴᠠᠭ ᠣᠷᠴᠢᠮ ᠠᠰᠠᠷᠠᠵᠤ ᠥᠭᠭᠦᠨ᠎ᠡ ᠃ ᠰᠡᠭᠦᠯ ᠳᠤ ᠨᠢ ᠲᠡᠭᠦᠨ ᠤ ᠵᠡᠮᠳᠡᠭ ᠠᠬ᠎ᠠ ᠨᠢ ᠪᠠᠰᠠ ᠡᠨᠡ | ᠬᠦ ᠬᠠᠷᠭᠠᠯᠵᠠᠯ ᠢ ᠬᠦᠷᠲᠡᠵᠦ ᠡᠬᠢᠯᠡᠪᠡ ᠃ | ︽ᠮᠠᠨ ᠤ ᠭᠡᠷ ᠲᠤ ᠬᠤᠶᠠᠷ ᠬᠦᠨᠳᠦ ᠬᠡᠮᠵᠢᠶᠡᠨ ᠤ ᠴᠢᠳᠠᠪᠤᠷᠢ ᠪᠠᠨ ᠠᠯᠳᠠᠭᠰᠠᠨ ᠬᠦᠮᠦᠨ ᠪᠠᠶᠢᠨ᠎ᠠ ᠂ ᠬᠥᠮᠥᠨ | ᠪᠦᠷᠢ ᠵᠢᠯ ᠳᠤ 2000 ᠲᠥᠭᠦᠷᠢᠭ ᠵᠠᠷᠤᠴᠠᠭᠤᠯᠬᠤ ᠦᠭᠡᠢ ᠪᠠᠷ 2 ᠲᠦᠮᠡᠨ ᠲᠥᠭᠦᠷᠢᠭ ᠢ ᠳᠠᠪᠠᠭᠰᠠᠨ ᠬᠠᠷᠠᠭᠠᠯᠵᠠᠨ | ᠠᠰᠠᠷᠠᠬᠤ ᠣᠯᠭᠤᠮᠵᠢ ᠬᠦᠷᠲᠡᠵᠦ ᠪᠣᠯᠤᠨ᠎ᠠ︾ ᠭᠡᠵᠦ ᠱᠧᠨ ᠨᠢᠶᠠᠨ ᠶᠢᠩ ᠳᠠᠩᠰᠠ ᠪᠣᠳᠣᠵᠤ ᠰᠠᠭᠤᠨ᠎ᠠ ᠃ | ᠨᠠᠨ ᠲᠦᠩ ᠤᠨ ᠤᠷᠲᠤ ᠬᠤᠭᠤᠴᠠᠭ᠎ᠠ ᠪᠠᠷ ᠠᠰᠠᠷᠠᠬᠤ ᠲᠣᠭᠲᠠᠭᠰᠠᠨ ᠴᠡᠭ ᠤᠨ ᠦᠢᠯᠡᠴᠢᠯᠡᠭᠡᠨ ᠤ | ᠪᠠᠶᠢᠭᠤᠯᠤᠮᠵᠢ 2 ᠪᠠᠶᠢᠭᠰᠠᠨ ᠠᠴᠠ ᠪᠠᠨ 361 ᠪᠣᠯᠤᠨ ᠬᠥᠭᠵᠢᠵᠦ ᠂ 1 ᠲᠦᠮᠡ ᠰᠢᠬᠠᠮ ᠬᠥᠮᠦᠨ ᠤ ᠠᠵᠢᠯ | ᠣᠯᠭᠤᠯᠲᠠ ᠶᠢ ᠳᠠᠶᠢᠴᠢᠯᠠᠵᠤ ᠂ ᠡᠭᠦᠨ ᠳᠤ 8000 ᠰᠢᠬᠠᠮ ᠬᠥᠮᠦᠨ ᠨᠢ ︽4050︾ ᠠᠵᠢᠯ ᠤᠯᠬᠤ ᠳᠤ | ᠬᠦᠴᠢᠷᠲᠡᠶ ᠬᠥᠮᠦᠨ ᠪᠠᠶᠢᠪᠠ ᠃ | ᠡᠮᠴᠢᠯᠡᠭᠡᠨ ᠤ ᠳᠠᠭᠠᠳᠬᠠᠯ ᠤᠨ ᠡᠮ ᠤᠨ ᠵᠦᠢᠯ ᠤᠨ ᠭᠠᠷᠴᠠᠭ ᠲᠤ ᠲᠣᠬᠢᠷᠠᠭᠤᠯᠤᠯᠲᠠ ᠬᠢᠵᠦ ᠂ ᠡᠮᠴᠢᠯᠡᠭᠡᠨ ᠤ | ᠳᠠᠭᠠᠳᠬᠠᠯ ᠤᠨ ᠡᠮ ᠤᠨ ᠵᠦᠢᠯ ᠢ ᠵᠥᠪᠰᠢᠶᠡᠷᠡᠨ ᠣᠷᠣᠭᠤᠯᠬᠤ ᠬᠡᠯᠡᠯᠴᠡᠭᠡ ᠬᠢᠪᠡ︔ ᠡᠮ ᠤᠨ ᠵᠦᠢᠯ ᠪᠠ | ᠡᠮᠴᠢᠯᠡᠭᠡᠨ ᠤ ᠥᠨᠳᠥᠷ ᠥᠷᠲᠡᠭᠲᠦ ᠬᠤᠷᠣᠭᠳᠠᠯ ᠮᠠᠲ᠋ᠧᠷᠢᠶᠠᠯ ᠢ ᠲᠥᠪᠯᠡᠷᠡᠭᠦᠯᠦᠨ ᠬᠤᠳᠠᠯᠳᠤᠨ ᠠᠪᠬᠤ ᠶᠢ ᠵᠣᠬᠢᠶᠠᠨ | ᠪᠠᠶᠢᠭᠤᠯᠵᠣ ᠂ ᠲᠥᠪᠯᠡᠷᠡᠭᠦᠯᠦᠨ ᠬᠤᠳᠠᠯᠳᠤᠨ ᠠᠪᠬᠤ ᠲᠥᠷᠥᠯ ᠵᠦᠢᠯ ᠢ ᠦᠷᠭᠦᠯᠵᠢᠯᠡᠨ ᠨᠡᠮᠡᠭᠳᠡᠭᠦᠯᠪᠡ ︔ ᠣᠷᠳᠣ | ᠬᠤᠭᠤᠴᠠᠭᠠᠨ ᠤ ᠠᠰᠠᠷᠠᠮᠵᠢ ᠶᠢᠨ ᠳᠠᠭᠠᠳᠬᠠᠯ ᠤᠨ ᠲᠦᠷᠢᠮ ᠤᠨ ᠲᠤᠷᠰᠢᠯᠲᠠ ᠶᠢᠨ ᠴᠡᠭ ᠢ ᠯᠠᠪᠳᠠᠭᠤᠨ ᠢᠶᠠᠷ | ᠠᠬᠢᠭᠤᠯᠵᠤ ᠂ ᠬᠦᠨᠳᠦ ᠬᠡᠮᠵᠢᠶᠡᠨ ᠤ ᠴᠢᠳᠠᠪᠤᠷᠢ ᠪᠠᠨ ᠠᠯᠳᠠᠭᠰᠠᠨ ᠬᠥᠮᠦᠰ ᠤᠨ ᠠᠰᠠᠷᠠᠮᠵᠢ ᠶᠢᠨ ᠬᠦᠴᠢᠷ | ᠠᠰᠠᠭᠤᠳᠠᠯ ᠢ ᠰᠢᠢᠳᠪᠦᠷᠢᠯᠡᠪᠡ ᠁ ᠡᠯ᠎ᠡ ᠵᠦᠢᠯ ᠤᠨ ᠳᠠᠷᠤᠭᠠᠰᠤ ᠶᠢ ᠪᠠᠭᠤᠷᠠᠭᠤᠯᠬᠤ ᠂ ᠵᠣᠯ ᠵᠢᠷᠭᠠᠯ ᠢ | ᠨᠡᠮᠡᠭᠳᠡᠭᠦᠯᠬᠦ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠠᠪᠴᠤ ᠂ ᠡᠪᠡᠳᠴᠢᠲᠡᠨ ᠢ | ᠬᠠᠪᠰᠤᠷᠤᠨ ᠡᠪᠡᠳᠴᠢᠨ ᠦᠵᠡᠭᠦᠯᠬᠦ ᠳᠠᠷᠤᠭᠠᠰᠤ ᠶᠢ ᠦᠨᠡᠨ ᠬᠦ ᠬᠥᠩᠭᠡᠷᠡᠭᠦᠯᠪᠡ ᠃ | ᠡᠨᠡ ᠵᠢᠯ ᠤᠨ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠳᠤ ᠂ ︽ᠨᠡᠶᠢᠲᠡ ᠶᠢᠨ ᠠᠰᠠᠷᠠᠮᠵᠢ ᠶᠢᠨ | ᠴᠢᠨᠠᠷ ᠢᠶᠠᠷ ᠤᠳᠤᠷᠢᠳᠤᠮᠵᠢ ᠪᠣᠯᠭᠠᠭᠰᠠᠨ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ | ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ︾ ︽ᠡᠮ ᠤᠨ ᠵᠦᠢᠯ ᠤᠨ ᠦᠨ᠎ᠡ ᠶᠢᠨ ᠪᠦᠷᠢᠯᠳᠦᠬᠦ ᠲᠣᠭᠲᠠᠴᠠ ᠶᠢ | ᠪᠦᠷᠢᠨᠰᠢᠭᠦᠯᠬᠦ︾ ︽ᠦᠨᠳᠦᠰᠦᠨ ᠡᠮᠴᠢᠯᠡᠭᠡᠨ ᠤ ᠳᠠᠭᠠᠳᠬᠠᠯ ᠤᠨ ᠪᠡᠯᠡ ᠮᠥᠩᠭᠦ ᠴᠤᠭᠯᠠᠭᠤᠯᠬᠤ ᠪᠠ ᠬᠠᠷᠠᠭᠠᠯᠵᠠᠯ ᠢ | ᠲᠣᠬᠢᠷᠠᠭᠤᠯᠬᠤ ᠲᠣᠭᠲᠠᠴᠠ ᠶᠢ ᠪᠦᠷᠢᠨᠰᠢᠭᠦᠯᠬᠦ︾ ᠁ ᠭᠡᠵᠦ ᠳᠤᠷᠠᠳᠪᠠ ᠂ ︽ᠡᠪᠡᠳᠴᠢᠨ ᠦᠵᠡᠭᠦᠯᠬᠦ ᠳᠤ | ᠦᠨ᠎ᠡ ᠲᠠᠢ ︾ ᠪᠠᠶᠢᠬᠤ ᠶᠢ ᠨᠠᠮᠳᠠᠭᠤᠯᠵᠤ ᠂ ᠲᠥᠷᠥ ᠶᠢᠨ ᠪᠣᠳᠣᠯᠭ᠎ᠠ ᠬᠦᠴᠦᠯᠡᠵᠦ ᠪᠣᠢ ᠃ | ᠡᠪᠡᠳᠴᠢᠨ ᠦᠵᠡᠭᠦᠯᠬᠦ ᠳᠤ ᠨᠡᠩ ᠲᠠᠭᠠᠯᠠᠮᠵᠢᠲᠠᠢ | ᠡᠪᠡᠳᠴᠢᠨ ᠦᠵᠡᠭᠦᠯᠬᠦ ᠲᠥᠷᠥᠭᠳᠡᠯ ᠢ ᠨᠢ ᠰᠠᠶᠢᠵᠢᠷᠠᠭᠤᠯᠵᠤ ᠂ ᠡᠪᠡᠳᠴᠢᠲᠡᠨ ᠤ ᠪᠡᠶᠡᠴᠢ ᠣᠶᠢᠯᠠᠭᠠᠯᠲᠠ ᠶᠢ | ᠳᠡᠭᠡᠭᠰᠢᠯᠡᠭᠦᠯᠦᠨ᠎ᠡ | ᠣᠳᠣᠬᠠᠨ ᠳᠤ ᠂ ᠤᠯᠠᠨ ᠲᠦᠮᠡᠨ ᠡᠷᠡᠭᠦᠯ ᠮᠡᠨᠳᠤ ᠳᠤ ᠨᠡᠩ ᠥᠨᠳᠥᠷ ᠬᠡᠷᠡᠭᠴᠡᠭᠡ ᠲᠠᠢ ᠂ ᠡᠪᠡᠳᠴᠢᠨ ᠢᠶᠠᠨ | ᠦᠵᠡᠭᠦᠯᠵᠦ ᠳᠡᠶᠢᠯᠬᠦ ᠪᠠᠷ ᠪᠠᠷᠠᠬᠤ ᠦᠭᠡᠢ ᠂ ᠪᠠᠰᠠ ᠡᠪᠡᠳᠴᠢᠨ ᠦᠵᠡᠭᠦᠯᠬᠦ ᠳᠤ ᠨᠡᠩ ᠲᠠᠭᠠᠯᠠᠮᠵᠢᠲᠠᠢ ᠂ | ᠦᠢᠯᠡᠴᠢᠯᠡᠭᠡ ᠳᠤ ᠨᠡᠩ ᠳᠣᠲᠣᠨᠣ ᠪᠠᠶᠢᠬᠤ ᠬᠡᠷᠡᠭᠲᠡᠢ ᠃ ᠡᠶᠢᠮᠦ ᠠᠴᠠ ᠡᠷᠬᠡᠪᠰᠢ ᠥᠭᠡᠷᠡᠴᠢᠯᠡᠯᠲᠡ ᠶᠢ ᠤᠯᠠᠮ ᠨᠢᠭᠡ | ᠠᠯᠬᠤᠮ ᠭᠦᠨᠵᠡᠭᠡᠶᠢᠷᠡᠭᠦᠯᠵᠦ ᠂ ᠠᠷᠠᠳ ᠣᠯᠠᠨ ᠤ ᠡᠪᠡᠳᠴᠢᠨ ᠦᠵᠡᠭᠦᠯᠵᠦ ᠡᠮᠨᠡᠭᠦᠯᠬᠦ ᠥᠩᠭᠡᠷᠡᠯᠲᠡ ᠶᠢ | ᠰᠠᠶᠢᠵᠢᠷᠠᠭᠤᠯᠬᠤ ᠪᠠᠷ ᠭᠠᠷᠳᠠᠴᠠ ᠪᠣᠯᠭᠠᠵᠤ ᠂ ᠲᠦᠷᠢᠮ ᠤᠨ ᠵᠣᠯᠭᠠᠯᠴᠠᠭ᠎ᠠ ᠶᠢ ᠴᠢᠩᠭᠠᠳᠬᠠᠨ ᠂ ᠲᠦᠭᠵᠢᠷᠡᠯ ᠢ | ᠨᠡᠪᠲᠡᠷᠡᠭᠦᠯᠵᠦ ᠂ ᠬᠦᠴᠢᠷ ᠠᠰᠠᠭᠤᠳᠠᠯ ᠢ ᠰᠢᠢᠳᠪᠦᠷᠢᠯᠡᠨ ᠂ ᠡᠪᠡᠳᠴᠢᠨ ᠦᠵᠡᠭᠦᠯᠬᠦ ᠪᠥᠬᠦ ᠶᠠᠪᠤᠴᠠ ᠶᠢ | ᠰᠢᠯᠢᠳᠡᠭᠵᠢᠭᠦᠯᠬᠦ ᠬᠡᠷᠡᠭᠲᠡᠶ ᠃ | — ᠡᠪᠡᠳᠴᠢᠲᠡᠨ ᠢ ᠭᠠᠷ ᠤᠲᠠᠰᠤᠨ ᠳᠡᠭᠡᠷ᠎ᠡ ᠠᠴᠠ ᠤᠷᠢᠳᠴᠢᠯᠠᠨ ᠪᠣᠯᠵᠣᠵᠤ ᠳ᠋ᠤᠭᠠᠷᠯᠠᠬᠤ ᠶᠢ | ᠭᠦᠢᠴᠡᠳᠬᠡᠯᠭᠡᠨ᠎ᠡ ᠃ | ︽ᠥᠩᠭᠡᠷᠡᠭᠰᠡᠨ ᠳᠤ ᠳ᠋ᠤᠭᠠᠷᠯᠠᠬᠤ ᠳᠤ ︿ᠪᠢᠯᠧᠲ ᠪᠤᠯᠢᠶᠠᠯᠳᠤᠬᠤ﹀ ᠪᠠᠶᠢᠬᠤ ᠰᠢᠭ᠋ ᠢᠶᠠᠷ ᠪᠣᠯᠵᠤᠵᠤ ᠂ ᠣᠲᠣ | ᠭᠠᠷ ᠤᠲᠠᠰᠤᠨ ᠳᠡᠭᠡᠷ᠎ᠡ ᠪᠠᠨ ᠨᠠᠷᠢᠯᠢᠭ ᠣᠨᠤᠪᠴᠢᠲᠠᠢ ᠪᠠᠷ ᠪᠣᠯᠵᠣᠵᠤ ᠪᠣᠯᠤᠨ᠎ᠠ ᠂ ᠪᠠᠶᠢᠴᠠᠭᠠᠯᠲᠠ ᠶᠢᠨ ᠲᠥᠷᠥᠯ | ᠵᠦᠢᠯ ᠢ ᠬᠦᠷᠲᠡᠯ᠎ᠡ ᠴᠥᠮ ᠨᠢᠭᠡ ᠯᠡ ᠤᠳᠠᠭ᠎ᠠ ᠳᠤ ᠪᠣᠯᠵᠣᠵᠤ ᠳᠡᠶᠢᠯᠦᠨ᠎ᠡ ᠂ ᠦᠨᠡᠬᠡᠷ ᠰᠠᠨᠠᠭ᠎ᠠ ᠠᠮᠤᠷ ᠪᠣᠯᠪᠠ ︕︾ | ᠭᠡᠵᠦ ᠾᠧᠨᠠᠨ ᠤ ᠵᠧᠩᠵᠧᠦ ᠶᠡᠭᠡ ᠰᠤᠷᠭᠠᠭᠤᠯᠢ ᠶᠢᠨ ᠬᠠᠷᠢᠶᠠᠲᠤ ᠵᠧᠩᠵᠧᠦ ᠶᠢᠨ ᠲᠥᠪ ᠡᠮᠨᠡᠯᠭᠡ ᠶᠢᠨ | ᠬᠤᠷᠢᠶᠠᠨ ᠳᠤ ᠡᠮᠴᠢᠯᠡᠭᠦᠯᠦᠭᠰᠡᠨ ᠯᠢ ᠲᠢᠩ ᠲᠢᠩ ᠭᠠᠷ ᠤᠲᠠᠰᠤ ᠪᠠᠷ ᠪᠠᠨ ᠭᠦᠢᠴᠡᠳᠬᠡᠵᠦ ᠂ ᠳ᠋ᠤᠭᠠᠷᠯᠠᠬᠤ ᠠᠴᠠ | ᠪᠠᠶᠢᠴᠠᠭᠠᠬᠤ ᠬᠦᠷᠲᠡᠯᠡᠬᠢ ᠪᠥᠬᠦ ᠶᠠᠪᠤᠴᠠ ᠶᠢᠨ ᠪᠣᠯᠵᠣᠯ ᠳᠤ ᠵᠥᠪᠬᠡᠨ 10 ᠮᠢᠨᠦ᠋ᠲ ᠬᠡᠷᠡᠭᠰᠡᠨ᠎ᠡ ᠃ | ︽ ᠡᠮᠴᠢᠯᠡᠭᠡᠨ ᠤ ᠳᠠᠭᠠᠳᠬᠠᠯ ᠤᠨ ᠺᠠᠷᠲ ᠢᠶᠠᠨ ᠮᠠᠷᠲᠠᠭᠰᠠᠨ ᠪᠣᠯ ᠨᠢᠭᠤᠷ ᠢᠶᠠᠨ ᠰᠢᠷᠪᠢᠪᠡᠯ ᠪᠣᠯᠴᠢᠬᠠᠨ᠎ᠠ︕︾ | ᠭᠡᠵᠦ ᠡᠭᠦᠳᠡᠨ ᠡᠮᠨᠡᠯᠭᠡ ᠶᠢᠨ ᠲᠢᠩᠬᠢᠮ ᠳᠤ ᠂ ᠰᠤᠪᠢᠯᠠᠭᠴᠢ ᠶᠠᠭ ᠨᠢᠭᠡᠨ ᠨᠠᠰᠤᠲᠠᠨ ᠢ ᠵᠢᠯᠣᠭᠤᠳᠴᠤ ᠪᠠᠶᠢᠭᠠᠳ | ᠥᠪᠡᠰᠦᠪᠡᠨ ᠦᠢᠯᠡᠴᠢᠯᠡᠬᠦ ᠮᠠᠰᠢᠨ ᠢᠶᠠᠷ ᠬᠥᠮᠥᠨ ᠤ ᠵᠢᠰᠦ ᠶᠢ ᠢᠯᠭᠠᠨ ᠲᠠᠨᠢᠬᠤ ᠴᠢᠳᠠᠮᠵᠢ ᠪᠠᠷ ᠳ᠋ᠤᠭᠠᠷᠯᠠᠭᠤᠯᠵᠤ | ᠪᠠᠶᠢᠨ᠎ᠠ ᠃ | ︽ᠮᠠᠨ ᠤ ᠡᠮᠨᠡᠯᠭᠡ ᠶᠢᠨ ᠬᠤᠷᠢᠶ᠎ᠠ 9 ᠵᠦᠢᠯ ᠤᠨ ᠪᠣᠯᠵᠣᠯ ᠤᠨ ᠠᠷᠭ᠎ᠠ ᠮᠠᠶ᠋ᠢᠭ ᠢ ᠨᠡᠶᠢᠲᠡᠯᠡᠪᠡ ᠂ ᠤᠲᠠᠰᠤ ᠂ | ᠸᠢᠴᠠᠲ ᠂ APP ᠂ ᠥᠪᠡᠰᠦᠪᠡᠨ ᠦᠢᠯᠡᠴᠢᠯᠡᠬᠦ ᠮᠠᠰᠢᠨ ᠵᠡᠷᠭᠡ ᠶᠢ ᠬᠠᠮᠤᠷᠬᠤ ᠶᠢᠨ ᠬᠠᠮᠲᠤ ᠪᠡᠶ᠎ᠡ ᠶᠢᠨ ᠦᠨᠡᠮᠯᠡᠯ ᠂ | ᠡᠮᠴᠢᠯᠡᠭᠡᠨ ᠤ ᠳᠠᠭᠠᠳᠬᠠᠯ ᠤᠨ ᠺᠠᠷᠲ ᠂ ᠬᠥᠮᠦᠨ ᠤ ᠵᠢᠰᠦ ᠶᠢ ᠢᠯᠭᠠᠨ ᠲᠠᠨᠢᠬᠤ ᠵᠡᠷᠭᠡ ᠣᠯᠠᠨ ᠵᠦᠢᠯ ᠤᠨ | ᠭᠡᠷᠡᠴᠢᠯᠡᠯ ᠤᠨ ᠠᠷᠭ᠎ᠠ ᠮᠠᠶ᠋ᠢᠭ ᠢ ᠳᠡᠮᠵᠢᠨ᠎ᠡ ︾ ᠃ ᠵᠧᠩᠵᠧᠤ ᠶᠡᠭᠡ ᠰᠤᠷᠭᠠᠭᠤᠯᠢ ᠶᠢᠨ ᠬᠠᠷᠢᠶᠠᠲᠤ ᠵᠧᠩᠵᠧᠤ | ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠯᠪᠠᠨ ᠬᠡᠷ ᠤᠨ ᠡᠷᠬᠢᠯᠡᠭᠴᠢ ᠸᠧᠶ ᠬᠠᠶ ᠶᠢᠩ | ᠲᠠᠨᠢᠯᠴᠠᠭᠤᠯᠬᠤ ᠳᠤ ᠪᠠᠨ ᠂ ᠨᠠᠰᠤᠲᠠᠶᠢᠴᠤᠳ ᠲᠤ ᠴᠢᠭᠯᠡᠭᠦᠯᠦᠨ ᠂ ᠡᠮᠨᠡᠯᠭᠡ ᠶᠢᠨ ᠬᠤᠷᠢᠶ᠎ᠠ ᠪᠠᠰᠠ ᠤᠲᠠᠰᠤ ᠪᠠᠷ | ᠪᠣᠯᠵᠣᠬᠤ ᠪᠠ ᠲᠤᠬᠠᠶ ᠶᠢᠨ ᠲᠠᠯᠠᠪᠤᠷ ᠤᠨ ᠬᠥᠮᠦᠨ ᠤ ᠬᠦᠴᠦᠨ ᠤ ᠦᠢᠯᠡᠴᠢᠯᠡᠭᠡ ᠶᠢ ᠦᠯᠡᠳᠡᠭᠡᠵᠦ ᠂ ᠰᠠᠶᠢᠨ | ᠳᠤᠷ᠎ᠠ ᠶᠢᠨ ᠠᠵᠢᠯᠯᠠᠭᠰᠠᠳ ᠠᠴᠠ ᠥᠪᠡᠰᠦᠪᠡᠨ ᠦᠢᠯᠡᠴᠢᠯᠡᠬᠦ ᠮᠠᠰᠢᠨ ᠤ ᠬᠡᠷᠡᠭᠯᠡᠯᠲᠡ ᠶᠢᠨ ᠵᠢᠯᠤᠭᠤᠳᠬᠤ | ᠠᠵᠢᠯᠯᠠᠭ᠎ᠠ ᠶᠢ ᠭᠦᠢᠴᠡᠳᠬᠡᠨ᠎ᠡ ᠃ | — ᠡᠪᠡᠳᠴᠢᠲᠡᠨ ᠢ ︽ᠨᠢᠭᠡ ᠥᠷᠲᠡᠭᠡ ᠮᠠᠶ᠋ᠢᠭ ︾ ᠤᠨ ᠡᠪᠡᠳᠴᠢᠨ ᠦᠵᠡᠭᠦᠯᠬᠦ ᠶᠠᠪᠤᠴᠠ ᠶᠢ | ᠪᠡᠶᠡᠯᠡᠭᠦᠯᠦᠨ᠎ᠡ ᠃ | ︽︿ᠨᠢᠭᠡ ᠥᠷᠲᠡᠭᠡ ᠮᠠᠶ᠋ᠢᠭ﹀ ᠤᠨ ᠦᠢᠯᠡᠴᠢᠯᠡᠭᠡᠨ ᠤ ᠲᠥᠪ ᠲᠠᠢ ᠪᠣᠯᠣᠭᠰᠠᠨ ᠠᠴᠠ ᠥᠪᠡᠷᠲᠡᠭᠡᠨ | ᠡᠪᠡᠳᠴᠢᠨ ᠦᠵᠡᠭᠦᠯᠬᠦ ᠳᠤ ᠭᠡᠷ ᠤᠨ ᠬᠥᠮᠦᠰ ᠴᠦ ᠰᠠᠨᠠᠭ᠎ᠠ ᠠᠮᠤᠷ ᠪᠣᠯᠪᠠ ︾ ᠃ ᠲᠦᠷᠦᠭᠦᠬᠡᠨ ᠶᠦᠨᠨᠠᠨ ᠤ | ᠺᠦᠨᠮᠢᠩ ᠤᠨ 80 ᠨᠠᠰᠤᠲᠠᠶ ᠵᠠᠩ ᠨᠠᠰᠤᠲᠠᠨ ᠡᠪᠦᠳᠦᠭ ᠨᠢ ᠡᠪᠡᠳᠦᠭᠡᠳ ᠺᠦᠨᠮᠢᠩ ᠤᠨ ᠠᠨᠠᠭᠠᠬᠤ ᠤᠬᠠᠭᠠᠨ ᠤ ᠶᠡᠭᠡ | ᠰᠤᠷᠭᠠᠭᠤᠯᠢ ᠶᠢᠨ ᠨᠢᠭᠡᠳᠦᠭᠡᠷ ᠬᠠᠷᠢᠶᠠᠲᠤ ᠡᠮᠨᠡᠯᠭᠡ ᠶᠢᠨ ᠬᠤᠷᠢᠶᠠᠨ ᠳᠤ ᠬᠦᠷᠴᠦ ᠡᠮᠨᠡᠭᠦᠯᠵᠡᠶ ᠃ ᠦᠢᠯᠡᠴᠢᠯᠡᠭᠡᠨ ᠤ | ᠲᠥᠪ ᠤᠨ ᠠᠵᠢᠯᠲᠠᠨ ᠤ ᠬᠠᠯᠠᠭᠤᠨ ᠬᠠᠪᠰᠤᠷᠤᠯᠭ᠎ᠠ ᠳᠣᠤᠷ᠎ᠠ ᠂ ᠲᠡᠷᠡ ᠨᠢᠭᠡ ᠯᠡ ᠴᠠᠭ ᠤᠨ ᠳᠣᠲᠣᠷ᠎ᠠ ᠡᠪᠡᠳᠴᠢᠨ | ᠦᠵᠡᠭᠦᠯᠬᠦ ᠪᠦᠬᠦ ᠶᠠᠪᠤᠴᠠ ᠪᠠᠨ ᠤᠷᠤᠭᠰᠢᠲᠠᠶ ᠪᠡᠶᠡᠯᠡᠭᠦᠯᠪᠡ ᠃ | ᠡᠭᠦᠳᠡᠨ ᠡᠮᠨᠡᠯᠭᠡ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠤᠰᠠᠳᠠ ᠂ ᠶᠦᠨᠨᠠᠨ ᠮᠤᠵᠢ ᠶᠢᠨ ᠡᠯ᠎ᠡ | ᠱᠠᠲᠤᠨ ᠤ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠳᠤ ︽ ᠨᠢᠭᠡ ᠥᠷᠲᠡᠭᠡ ᠮᠠᠶ᠋ᠢᠭ ︾ ᠤᠨ | ᠦᠢᠯᠡᠴᠢᠯᠡᠭᠡᠨ ᠤ ᠲᠥᠪ ᠢ ᠪᠠᠶᠢᠭᠤᠯᠵᠤ ᠂ ᠡᠪᠡᠳᠴᠢᠲᠡᠨ ᠤ ᠡᠪᠡᠳᠴᠢᠨ ᠦᠵᠡᠭᠦᠯᠬᠦ ᠪᠡᠶᠡᠴᠢ ᠣᠶᠢᠯᠠᠭᠠᠯᠲᠠ ᠶᠢ | ᠳᠡᠭᠡᠭᠰᠢᠯᠡᠭᠦᠯᠵᠡᠶ ᠃ ᠺᠦᠨᠮᠢᠩ ᠤᠨ ᠠᠨᠠᠭᠠᠬᠤ ᠤᠬᠠᠭᠠᠨ ᠤ ᠶᠡᠭᠡ ᠰᠤᠷᠭᠠᠭᠤᠯᠢ ᠶᠢᠨ ᠨᠢᠭᠡᠳᠦᠭᠡᠷ ᠬᠠᠷᠢᠶᠠᠲᠤ | ᠡᠮᠨᠡᠯᠭᠡ ᠶᠢᠨ ᠬᠤᠷᠢᠶ᠎ᠠ ᠳᠤ ᠂ ︽ᠨᠢᠭᠡ ᠥᠷᠲᠡᠭᠡ ᠮᠠᠶ᠋ᠢᠭ︾ ᠤᠨ ᠦᠢᠯᠡᠴᠢᠯᠡᠭᠡᠨ ᠤ ᠲᠥᠪ ᠨᠢ ᠡᠭᠦᠳᠡᠨ ᠡᠮᠨᠡᠯᠭᠡ ᠂ | ᠡᠮᠨᠡᠯᠭᠡ ᠳᠤ ᠰᠠᠭᠤᠬᠤ ᠂ ᠡᠮᠴᠢᠯᠡᠭᠡᠨ ᠤ ᠳᠠᠭᠠᠳᠬᠠᠯ ᠂ ᠡᠳ᠋ ᠤᠨ ᠶᠠᠪᠤᠳᠠᠯ ᠵᠡᠷᠭᠡ ᠣᠯᠠᠨ ᠰᠠᠯᠠᠭ᠎ᠠ ᠮᠥᠴᠢᠷ ᠤᠨ ᠡᠬᠢ | ᠪᠠᠶᠠᠯᠢᠭ ᠢ ᠡᠮᠬᠢᠳᠭᠡᠵᠦ ᠂ ᠡᠮᠴᠢᠯᠡᠭᠡ ᠬᠢᠬᠦ ᠂ ᠵᠥᠪᠯᠡᠯᠭᠡ ᠥᠭᠬᠦ ᠂ ᠤᠷᠢᠳᠴᠢᠯᠠᠨ ᠪᠣᠯᠵᠣᠬᠤ ᠂ ᠡᠮᠴᠢᠯᠡᠭᠡᠨ ᠤ | ᠳᠠᠭᠠᠳᠬᠠᠯ ᠂ ᠡᠮᠨᠡᠯᠭᠡ ᠳᠤ ᠰᠠᠭᠤᠬᠤ ᠂ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠵᠡᠷᠭᠡ ᠲᠤᠬᠠᠶᠢᠯᠠᠭᠰᠠᠨ | ᠠᠵᠢᠯ ᠢ ︽ᠨᠢᠭᠡ ᠥᠷᠲᠡᠭᠡ ᠮᠠᠶ᠋ᠢᠭ︾ ᠢᠶᠠᠷ ᠨᠡᠶᠢᠳᠡᠮ ᠭᠦᠢᠴᠡᠳᠬᠡᠬᠦ ᠶᠢ ᠪᠡᠶᠡᠯᠡᠭᠦᠯᠪᠡ ᠃ ᠲᠥᠪ ᠨᠢ ᠪᠠᠰᠠ 80 | ᠨᠠᠰᠤᠨ ᠠᠴᠠ ᠳᠡᠭᠡᠭᠰᠢᠬᠢ ᠨᠠᠰᠤᠲᠠᠶᠢᠴᠤᠳ ᠲᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠨ ᠥᠭᠴᠦ ᠂ ᠲᠤᠰᠬᠠᠢ | ᠬᠥᠮᠥᠨ ᠢ ᠲᠣᠬᠢᠷᠠᠭᠤᠯᠤᠨ ᠪᠠᠷ᠎ᠠ ᠪᠣᠯᠵᠤ ᠡᠮᠨᠡᠭᠦᠯᠬᠦ ᠦᠢᠯᠡᠴᠢᠯᠡᠭᠡ ᠬᠠᠩᠭᠠᠪᠠ ᠃ | — ᠣᠨᠳᠣᠣ ᠭᠠᠵᠠᠷ ᠲᠤ ᠡᠪᠡᠳᠴᠢᠨ ᠦᠵᠡᠭᠦᠯᠦᠭᠰᠡᠨ ᠳᠠᠩᠰᠠ ᠶᠢ ᠲᠠᠶᠢᠯᠬᠤ ᠳᠤ ᠨᠡᠩ ᠳᠥᠬᠦᠮ | ᠪᠣᠯᠭᠠᠨ᠎ᠠ ᠃ | ᠡᠪᠡᠳᠴᠢᠨ ᠦᠵᠡᠭᠦᠯᠵᠦ ᠳᠠᠩᠰᠠ ᠲᠠᠶᠢᠯᠬᠤ ᠪᠠᠷ ︽ᠨᠠᠭᠠᠰᠢ ᠴᠠᠭᠠᠰᠢ ᠭᠦᠶᠦᠬᠦ︾ ᠠᠴᠠ ᠲᠤᠬᠠᠢ ᠶᠢᠨ | ᠭᠠᠵᠠᠷ ᠲᠤ ᠪᠠᠨ ︽ᠨᠢᠭᠤᠷ ᠢᠶᠠᠨ ᠰᠢᠷᠪᠢᠵᠦ ᠳ᠋ᠦᠩᠨᠡᠨ ᠪᠣᠳᠣᠬᠤ ︾ ᠬᠦᠷᠲᠡᠯ᠎ᠡ ᠂ ᠮᠣᠵᠢ ᠠᠯᠤᠰᠯᠠᠨ ᠣᠨᠳᠣᠣ | ᠭᠠᠵᠠᠷ ᠲᠤ ᠡᠪᠡᠳᠴᠢᠨ ᠦᠵᠡᠭᠦᠯᠦᠭᠰᠡᠨ ᠵᠠᠷᠤᠳᠠᠯ ᠢ ᠳ᠋ᠦᠩᠨᠡᠨ ᠪᠣᠳᠣᠬᠤ ᠳᠤ ᠾᠧᠪᠧᠢ ᠶᠢᠨ ᠱᠢ ᠵᠢᠶᠠ ᠵᠤᠸᠠᠩ ᠤᠨ | ᠠᠵᠢᠯ ᠠᠴᠠ ᠪᠠᠨ ᠠᠮᠠᠷᠠᠭᠰᠠᠨ ᠪᠠᠭᠰᠢ ᠯᠢ ᠽᠧᠩ ᠠᠨ ᠤ ᠠᠮᠢᠳᠤᠷᠠᠯ ᠳᠤ ᠮᠡᠳᠡᠭᠳᠡᠮ᠎ᠡ ᠦᠭᠡᠢ ᠬᠤᠪᠢᠷᠠᠯᠲᠠ | ᠭᠠᠷᠤᠭᠰᠠᠨ ᠪᠠᠶᠢᠨ᠎ᠠ ᠃ | ᠪᠡᠭᠡᠵᠢᠩ ᠳᠤ ᠬᠦᠷᠴᠦ ᠡᠪᠡᠳᠴᠢᠨ ᠦᠵᠡᠭᠦᠯᠵᠦ ᠵᠠᠰᠠᠭᠤᠯᠤᠭᠠᠳ ᠡᠮᠦᠨ᠎ᠡ ᠬᠤᠶᠢᠨ᠎ᠠ ᠪᠠᠭ᠎ᠠ ᠪᠣᠰᠤ ᠵᠣᠭᠤᠰ | ᠵᠠᠷᠤᠴᠠᠭᠤᠯᠪᠠ︔ ᠡᡁᠧᠪᠧᠢ ᠳᠤ ᠪᠠᠨ ᠪᠤᠴᠠᠭᠰᠠᠨ ᠤ ᠨᠢᠭᠡ ᠭᠠᠷᠠᠭ ᠤᠨ ᠳᠠᠷᠠᠭ᠎ᠠ ᠂ ᠪᠡᠭᠡᠵᠢᠩ ᠳᠤ ᠳᠠᠬᠢᠨ ᠬᠦᠷᠴᠦ | ᠡᠪᠡᠳᠴᠢᠨ ᠤ ᠲᠠᠣᠭᠡ ᠪᠠᠨ ᠳᠠᠷᠤᠮᠠᠯᠯᠠᠭᠤᠯᠵᠤ ᠂ ᠪᠠᠷᠢᠮᠲᠠ ᠠᠪᠤᠭᠠᠳ ᠂ ᠲᠠᠭᠢᠠ ᠳᠣᠬᠠᠢ ᠶᠢᠨ ᠭᠠᠵᠠᠷ ᠤᠨ | ᠡᠮᠴᠢᠯᠡᠭᠡᠨ ᠤ ᠳᠠᠭᠠᠳᠬᠠᠯ ᠤᠨ ᠰᠠᠯᠠᠭ᠎ᠠ ᠮᠦᠴᠢᠷ ᠲᠤ ᠲᠤᠰᠢᠶᠠᠵᠤ ᠳᠠᠩᠰᠠ ᠲᠠᠶᠢᠯᠤᠭᠤᠯᠤᠨᠠ ᠁ ᠡᠪᠡᠳᠴᠢᠨ | ᠦᠵᠡᠭᠦᠯᠦᠭᠰᠡᠨ ᠶᠠᠪᠤᠴᠠ ᠶᠢᠨ ᠲᠤᠬᠠᠢ ᠶᠠᠷᠢᠬᠤ ᠳᠤ ᠂ ᠯᠢ ᠵᠧᠨ ᠪᠦᠸᠧ᠄ ︽ᠪᠣᠬᠢᠨᠢᠳᠤᠯ ᠲᠠᠢ ︕︾ ᠭᠡᠵᠦ | ᠪᠠᠶᠢᠯ᠎ᠠ ᠃ | ︽ ᠣᠳᠣ ᠠᠳᠠᠯᠢ ᠦᠭᠡᠶ ᠪᠣᠯᠣᠭᠰᠠᠨ ᠂ ᠨᠢᠭᠤᠷ ᠢᠶᠠᠨ ᠰᠢᠷᠪᠢᠬᠦ ᠳᠤ ᠯᠡ ᠰᠢᠭᠤᠳ ᠳᠠᠩᠰᠠ ᠲᠠᠶᠢᠯᠵᠤ | ᠪᠣᠯᠣᠨ᠎ᠠ ︾ ᠭᠡᠵᠦ ᠯᠢ ᠽᠧᠩ ᠠᠨ ᠬᠡᠯᠡᠨ᠎ᠡ ᠃ ᠮᠤᠵᠢ ᠠᠯᠤᠰᠯᠠᠨ ᠣᠨᠳᠣᠤ ᠭᠠᠵᠠᠷ ᠲᠤ ᠡᠮᠨᠡᠭᠦᠯᠦᠭᠰᠡᠨ ᠵᠠᠷᠤᠳᠠᠯ ᠢ | ᠰᠢᠭᠤᠳ ᠳ᠋ᠦᠩᠨᠡᠨ ᠪᠤᠳᠤᠬᠤ ᠬᠡᠪᠴᠢᠶ᠎ᠡ ᠶᠢ ᠥᠷᠭᠡᠳᠬᠡᠭᠰᠡᠨ ᠠᠴᠠ ᠲᠣᠭᠲᠠᠭᠠᠭᠰᠠᠨ ᠴᠡᠭ ᠤᠨ 60 ᠭᠠᠷᠤᠶ ᠲᠦᠮᠡᠨ | ᠡᠮᠴᠢᠯᠡᠭᠡᠨ ᠤ ᠪᠠᠶᠢᠭᠤᠯᠤᠮᠵᠢ ᠶᠢ ᠬᠠᠮᠤᠷᠴᠤ ᠂ ᠣᠨᠳᠣᠤ ᠭᠠᠵᠠᠷ ᠲᠤ ᠡᠮᠨᠡᠯᠭᠡ ᠳᠤ ᠰᠠᠭᠤᠬᠤ ᠂ ᠡᠭᠦᠳᠡᠨ ᠡᠮᠨᠡᠯᠭᠡ ᠶᠢᠨ | ᠵᠠᠷᠤᠳᠠᠯ ᠢ ᠴᠥᠮ ᠰᠢᠭᠤᠳ ᠳ᠋ᠦᠩᠨᠡᠨ ᠪᠤᠳᠤᠵᠤ ᠴᠢᠳᠠᠬᠤ ᠪᠣᠯᠪᠠ ᠃ ᠥᠩᠭᠡᠷᠡᠭᠰᠡᠨ ᠳᠤ ᠬᠡᠳᠦᠨ ᠭᠠᠷᠠᠭ ᠪᠣᠯᠣᠭᠠᠳ | ᠰᠠᠶ᠋ᠢ ᠳᠠᠩᠰᠠ ᠲᠠᠶᠢᠯᠬᠤ ᠶᠠᠪᠤᠴᠠ ᠶᠢ ᠭᠦᠢᠴᠡᠳᠬᠡᠵᠦ ᠳᠡᠶᠢᠯᠳᠡᠭ ᠪᠠᠶᠢᠭᠰᠠᠨ ᠶᠤᠮ ᠃ | ᠁ | ᠠᠷᠠᠳ ᠲᠦᠮᠡᠨ ᠶᠠᠭᠤ ᠶᠢ ᠬᠠᠯᠠᠮᠵᠢᠯᠠᠵᠤ ᠂ ᠶᠠᠭᠤ ᠶᠢ ᠬᠦᠰᠡᠵᠦ ᠪᠠᠶᠢᠪᠠᠯ ᠥᠭᠡᠷᠡᠴᠢᠯᠡᠯᠲᠡ ᠳᠤ ᠳᠠᠷᠤᠢ | ᠶᠠᠭᠤ ᠶᠢ ᠠᠳᠬᠤᠵᠤ ᠂ ᠶᠠᠭᠤ ᠶᠢ ᠠᠬᠢᠭᠤᠯᠬᠤ ᠬᠡᠷᠡᠭᠲᠡᠢ ᠃ ᠠᠷᠠᠳ ᠲᠦᠮᠡᠨ ᠤ ᠡᠷᠡᠭᠦᠯ ᠮᠡᠨᠳᠦ ᠶᠢ ᠪᠠᠲᠤᠯᠠᠬᠤ ᠪᠣᠯ | ᠰᠢᠰᠲ᠋ᠧᠮᠲᠦ ᠢᠨᠵᠧᠨᠧᠷᠢᠩ ᠪᠠᠶᠢᠵᠤ ᠂ ᠤᠷᠳᠤ ᠬᠤᠭᠤᠴᠠᠭ᠎ᠠ ᠪᠠᠷ ᠦᠷᠭᠦᠯᠵᠢᠯᠡᠨ ᠴᠢᠷᠮᠠᠶᠢᠬᠤ ᠴᠢᠬᠤᠯᠠᠲᠠᠢ ᠃ | ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠠᠰᠠᠭᠤᠳᠠᠯ ᠢ ᠰᠢᠢᠳᠪᠦᠷᠢᠯᠡᠬᠦ ᠳᠤ ᠪᠠᠨ ᠡᠷᠬᠡᠪᠰᠢ ᠪᠣᠳᠠᠲᠤ | ᠦᠷ᠎ᠡ ᠪᠦᠲᠦᠮᠵᠢ ᠣᠯᠬᠤ ᠪᠠᠷ ᠴᠢᠷᠮᠠᠶᠢᠵᠤ ᠂ ᠰᠢᠯᠭᠠᠨ ᠪᠠᠶᠢᠴᠠᠭᠠᠬᠤ ᠥᠭᠡᠷᠡᠴᠢᠯᠡᠯᠲᠡ ᠳᠤ ᠠᠷᠠᠳ ᠲᠦᠮᠡᠨ ᠤ | ᠦᠨᠡᠯᠡᠯᠲᠡ ᠶᠢ ᠲᠦᠰᠢᠭᠯᠡᠬᠦ ᠬᠡᠷᠡᠭᠲᠡᠶ ᠃ | ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠠᠶᠠᠨ ᠳᠤ ᠂ ᠠᠷᠠᠳ ᠲᠦᠮᠡᠨ ᠢᠶᠠᠷ | ᠭᠤᠣᠯ ᠪᠣᠯᠭᠠᠬᠤ ᠶᠢ ᠪᠠᠷᠢᠮᠲᠠᠯᠠᠵᠤ ᠂ ᠡᠮᠴᠢᠯᠡᠭᠡᠨ ᠤ ᠪᠠᠶᠢᠭᠤᠯᠤᠯ ᠤᠨ ᠥᠭᠡᠷᠡᠴᠢᠯᠡᠯᠲᠡ ᠶᠢᠨ ᠶᠡᠭᠡ ᠴᠢᠭᠯᠡᠯ ᠢ | ᠪᠠᠷᠢᠮᠲᠠᠯᠠᠬᠤ ᠬᠡᠷᠡᠭᠲᠡᠢ ᠂ ᠡᠷᠡᠭᠦᠯ ᠮᠡᠨᠳᠦ ᠳᠤᠮᠳᠠᠳᠤ ᠤᠯᠤᠰ ᠤᠨ ᠢᠷᠡᠭᠡᠳᠦᠢ ᠨᠡᠩ ᠭᠡᠭᠡᠨ ᠰᠠᠷᠠᠭᠤᠯ ᠃ | ︵ ᠠᠷᠠᠣᠠ ᠤᠨ ᠡᠳᠦᠷ ᠤᠨ ᠰᠣᠨᠢᠠ ᠤ ᠰᠣᠷᠪᠤᠯᠵᠢᠯᠠᠬᠴᠢ ᠴᠧᠨ ᠱᠢ ᠬᠠᠨ ᠂ ᠴᠧᠩ ᠬᠤᠸᠠᠨ ᠂ ᠪᠢ ᠵᠢᠩ | ᠶᠢᠨ ᠂ ᠶᠧ ᠴᠤᠸᠠᠨ ᠽᠧᠩ ᠣᠷᠣᠯᠴᠠᠵᠤ ᠰᠣᠷᠪᠣᠯᠵᠢᠯᠠᠨ ᠪᠢᠴᠢᠪᠡ ︶ | |