5 ᠰᠠᠷ᠎ᠠ ᠶᠢᠨ 10 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠣᠷᠳᠣᠰ ᠬᠤᠳᠠ ᠶᠢᠨ ᠵᠡᠭᠦᠨᠭᠠᠷ ᠬᠤᠰᠢᠭᠤᠨ ᠳᠤ ᠬᠦᠷᠴᠦ ᠰᠢᠶᠠᠨ ᠤ ᠬᠡᠪᠴᠢᠶᠡᠨ ᠤ ᠠᠵᠤ | ᠠᠬᠤᠢ ᠶᠢᠨ ᠬᠥᠭᠵᠢᠯᠲᠡ ᠶᠢᠨ ᠲᠤᠬᠠᠢ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠶᠠᠷᠢᠯᠴᠠᠬᠤ ᠬᠤᠷᠠᠯ ᠡᠷᠭᠢᠯᠡᠨ | ᠬᠤᠷᠠᠯᠳᠤᠭᠤᠯᠵᠤ ᠬᠡᠰᠡᠭ ᠬᠤᠰᠢᠭᠤ ᠰᠢᠶᠠᠨ ᠲᠣᠭᠤᠷᠢᠭ ᠤᠨ ᠠᠵᠤ ᠠᠬᠤᠢ ᠶᠢᠨ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ ᠃ | | | | | | ᠰᠦᠨ ᠱᠤᠤ ᠴᠧᠩ ᠡᠩ ᠲᠡᠷᠢᠭᠦᠨ ᠳᠤ ᠵᠢᠦ ᠲᠠᠢ ᠰᠢᠨ᠎ᠡ ᠮᠠᠲ᠋ᠧᠷᠢᠶᠠᠯ ᠤᠨ ᠺᠤᠮᠫᠠᠨᠢ ᠳᠤ ᠬᠦᠷᠴᠦ ᠂ ᠲᠦᠷᠦᠯ | ᠵᠦᠢᠯ ᠤᠨ ᠠᠬᠢᠴᠠ ᠪᠣᠯᠣᠨ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠦ ᠂ ᠠᠵᠤ ᠠᠬᠤᠶᠢᠯᠠᠯ ᠤᠨ | ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠢ ᠣᠶᠢᠯᠠᠭᠠᠵᠤ ᠂ ᠨᠡᠭᠦᠷᠡᠰᠦ ᠬᠢᠮᠢ ᠶᠢᠨ ᠠᠵᠤ ᠦᠢᠯᠡᠳᠪᠦᠷᠢ ᠠᠵᠤ | ᠦᠢᠯᠡᠰ ᠤᠨ ᠭᠦᠨᠵᠡᠭᠡᠢ ᠬᠥᠭᠵᠢᠯᠲᠡ ᠶᠢᠨ ᠬᠤᠯᠪᠣᠭᠳᠠᠯ ᠪᠦᠬᠦᠢ ᠪᠠᠶᠢᠳᠠᠯ ᠢ ᠯᠠᠪᠯᠠᠨ ᠠᠰᠠᠭᠤᠵᠤ ᠂ ᠠᠵᠤ | ᠠᠬᠤᠶᠢᠯᠠᠯ ᠤᠨ ᠬᠢᠨ ᠢ ᠰᠢᠨ᠎ᠡ ᠶᠢ ᠡᠭᠦᠳᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠤ ᠂ ᠰᠢᠨᠵᠢᠯᠡᠬᠦ ᠤᠬᠠᠭᠠᠨ ᠲᠧᠭᠨᠢᠭ | ᠮᠡᠷᠭᠡᠵᠢᠯ ᠤᠨ ᠣᠷᠣᠭᠤᠯᠤᠯᠲᠠ ᠶᠢ ᠴᠢᠩᠭ᠎ᠠ ᠠᠳᠬᠤᠵᠤ ᠂ ᠨᠡᠭᠦᠷᠡᠰᠦ ᠶᠢ ᠠᠷᠢᠭᠤᠨ ᠴᠡᠪᠡᠷ ᠥᠨᠳᠥᠷ ᠪᠦᠲᠦᠮᠵᠢᠲᠡᠢ | ᠠᠰᠢᠭᠯᠠᠬᠤ ᠶᠢ ᠴᠢᠩᠭᠠᠳᠬᠠᠵᠤ ᠂ ᠦᠢᠯᠡᠳᠬᠦᠨ ᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠠᠭᠤᠯᠤᠭᠳᠠᠴᠠ | ᠪᠣᠯᠣᠨ ᠨᠡᠮᠡᠯᠲᠡ ᠦᠷᠳᠡᠭ ᠢ ᠲᠠᠰᠤᠷᠠᠯᠳᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠣᠷᠢᠭᠵᠢᠭᠤᠯᠪᠠ ᠃ | ᠤᠯᠤᠰ ᠤᠨ ᠡᠨᠧᠷᠭᠢ ᠶᠢᠨ ᠵᠡᠭᠦᠨᠭᠠᠷ ᠤᠨ ᠡᠨᠧᠷᠭᠢ ᠶᠢᠨ ᠪᠦᠯᠦᠭᠯᠡᠯ ᠤᠨ ᠬᠠᠲᠠᠢ ᠭᠤᠣᠯ ᠵᠠᠳᠠᠭᠠᠢ ᠨᠡᠭᠦᠷᠡᠰᠦᠨ | ᠠᠭᠤᠷᠬᠠᠢ ᠶᠢᠨ ᠣᠶᠤᠨᠴᠢ ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ ᠲᠠᠯᠠᠪᠠᠶ ᠶᠢᠨ ᠵᠢᠯᠤᠭᠤᠳᠬᠤ | ᠲᠥᠪ ᠲᠤ ᠂ ᠰᠦᠨ ᠱᠤᠤ ᠴᠧᠩ ᠴᠠᠭ ᠲᠤᠬᠠᠢ ᠳᠤᠨᠢ ᠬᠢᠨᠠᠨ ᠡᠵᠡᠮᠳᠡᠬᠦ ᠵᠢᠷᠤᠭ ᠳᠦᠷᠰᠦ ᠪᠠᠷ ᠳᠠᠮᠵᠢᠨ ᠵᠢᠯᠣᠭᠤᠴᠢ | ᠦᠭᠡᠢ ᠠᠴᠢᠶᠠᠨ ᠤ ᠮᠠᠰᠢᠨ ᠤ ᠠᠵᠢᠯᠯᠠᠭᠠᠨ ᠤ ᠪᠠᠶᠢᠳᠠᠯ ᠢ ᠪᠠᠶᠢᠴᠠᠭᠠᠨ ᠦᠵᠡᠬᠦ ᠶᠢᠨ ᠬᠠᠮᠲᠤ ᠣᠶᠤᠨᠴᠢ | ᠠᠭᠤᠷᠬᠠᠢ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠯᠠᠪᠯᠠᠨ ᠠᠰᠠᠭᠤᠪᠠ ᠃ ᠰᠦᠨ ᠱᠤᠤ ᠴᠧᠩ ᠂ | ᠠᠭᠤᠷᠬᠠᠢ ᠶᠢᠨ ᠣᠶᠤᠨᠴᠢᠯᠠᠭᠰᠠᠨ ᠪᠦᠲᠦᠭᠡᠨ ᠪᠠᠶᠢᠭᠤᠯᠤᠯᠲᠠ ᠶᠢ ᠶᠡᠭᠡ ᠪᠠᠷ ᠠᠬᠢᠭᠤᠯᠵᠤ ᠂ ᠴᠢᠬᠤᠯᠠ ᠡᠯᠧᠮᠧᠨ᠋ᠲ ᠤᠨ | ᠪᠠᠲᠤᠯᠠᠭ᠎ᠠ ᠪᠣᠯᠣᠨ ᠲᠦᠷᠦ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠳᠬᠠᠵᠤ ᠂ ᠵᠢᠯᠣᠭᠤᠴᠢ ᠦᠭᠡᠢ ᠠᠴᠢᠶᠠᠨ ᠤ | ᠮᠠᠰᠢᠨ ᠲᠡᠷᠭᠡ ᠵᠡᠷᠭᠡ ᠣᠶᠤᠨᠴᠢ ᠲᠣᠨᠣᠭᠯᠠᠯ ᠢ ᠲᠦᠷᠭᠡᠳᠬᠡᠨ ᠳᠡᠯᠭᠡᠷᠡᠭᠦᠯᠵᠦ ᠂ ᠠᠭᠤᠷᠬᠠᠢ ᠶᠢᠨ ᠠᠵᠢᠯ ᠤᠨ | ᠠᠶᠤᠯᠭᠦᠢ ᠶᠢᠨ ᠲᠦᠪᠰᠢᠨ ᠪᠣᠯᠣᠨ ᠦᠢᠯᠡᠳᠪᠦᠷᠢᠯᠡᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠡᠢ ᠃ | | | | | | ᠲᠤᠰ ᠡᠳᠦᠷ ᠤᠨ ᠦᠳᠡ ᠶᠢᠨ ᠬᠤᠶᠢᠨ᠎ᠠ ᠂ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ | ᠬᠤᠷᠠᠯᠳᠤᠭᠤᠯᠵᠤ ᠂ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠪᠣᠯᠣᠨ | ᠵᠡᠭᠦᠨᠭᠠᠷ ᠬᠤᠰᠢᠭᠤ ᠂ ᠬᠥᠨᠳᠡᠯᠡᠨ ᠲᠣᠭᠤᠷᠢᠭ ᠂ ᠡᠵᠡᠨ ᠬᠤᠷᠤᠭ᠎ᠠ ᠬᠤᠰᠢᠭᠤ ᠂ ᠲᠦᠮᠡᠳ ᠵᠡᠭᠦᠨ ᠬᠤᠰᠢᠭᠤ ᠂ | ᠲᠣᠭᠲᠠᠬᠤ ᠰᠢᠶᠠᠨ ᠂ ᠳᠠᠷᠬᠠᠨ ᠮᠤᠤᠮᠢᠩᠭᠠᠨ ᠬᠤᠯᠪᠣᠭᠠᠲᠤ ᠬᠤᠰᠢᠭᠤᠨ ᠤ ᠭᠤᠣᠯ ᠬᠠᠷᠢᠭᠤᠴᠠᠯᠭᠠᠲᠠᠨ ᠨᠥᠬᠦᠳ | ᠦᠭᠡ ᠬᠡᠯᠡᠪᠡ ᠃ ᠰᠦᠨ ᠱᠤᠤ ᠴᠧᠩ ᠪᠠᠶᠢᠨ ᠪᠠᠶᠢᠨ ᠦᠭᠡ ᠬᠡᠯᠡᠵᠦ ᠂ ᠠᠵᠢᠯ ᠲᠦᠷᠦᠯ ᠤᠨ ᠬᠥᠭᠵᠢᠯᠲᠡ ᠶᠢᠨ | ᠣᠷᠴᠢᠨ ᠲᠣᠭᠤᠷᠢᠨ ᠂ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠂ ᠠᠵᠤ ᠠᠬᠤᠢ ᠶᠢᠨ | ᠬᠥᠭᠵᠢᠯᠲᠡ ᠶᠢᠨ ᠲᠦᠭᠵᠢᠷᠡᠯ ᠂ ᠬᠦᠴᠢᠷ ᠢ ᠰᠢᠢᠳᠪᠦᠷᠢᠯᠡᠵᠦ ᠠᠰᠠᠭᠤᠳᠠᠯ ᠢ ᠰᠢᠢᠳᠪᠦᠷᠢᠯᠡᠬᠦ ᠰᠡᠳᠬᠢᠮᠵᠢ ᠵᠡᠷᠭᠡ | ᠠᠰᠠᠭᠤᠳᠠᠯ ᠤᠨ ᠲᠤᠬᠠᠢ ᠤᠯᠠᠨ ᠲᠠᠢ ᠰᠠᠨᠠᠯ ᠢᠶᠠᠨ ᠰᠣᠯᠢᠯᠴᠠᠪᠠ ᠃ | | | | | | ᠰᠦᠨ ᠱᠤᠤ ᠴᠧᠩ ᠂ ᠥᠪᠡᠷᠲᠡᠭᠡᠨ ᠵᠠᠰᠠᠬᠤ ᠣᠷᠣᠨ ᠤ ᠬᠥᠭᠵᠢᠯᠲᠡ ᠶᠢᠨ ᠬᠠᠷᠠᠯᠲᠠ ᠡᠭᠦᠷᠭᠡ ᠬᠤᠪᠢᠷᠠᠭ᠎ᠠ | ᠦᠭᠡᠢ ᠂ ᠬᠥᠭᠵᠢᠯᠲᠡ ᠶᠢᠨ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠴᠦ ᠠᠯᠢ ᠡᠷᠲᠡ ᠲᠣᠳᠣᠷᠬᠠᠢ ᠪᠣᠯᠪᠠ ᠂ | ᠬᠤᠰᠢᠭᠤ ᠰᠢᠶᠠᠨ ᠤ ᠱᠠᠲᠤᠨ ᠤ ᠬᠢᠨ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠭᠤᠣᠯ ᠡᠭᠦᠷᠭᠡ ᠪᠠᠨ | ᠪᠠᠲᠤ ᠰᠠᠬᠢᠵᠤ ᠂ ᠠᠵᠤ ᠠᠬᠤᠢ ᠶᠢ ᠴᠢᠷᠮᠠᠶᠢᠨ ᠬᠥᠭᠵᠢᠭᠦᠯᠬᠦ ᠬᠠᠷᠢᠭᠤᠴᠠᠯᠭᠠᠲᠤ ᠰᠡᠳᠬᠢᠯᠭᠡ ᠂ ᠲᠤᠯᠭᠠᠮ | ᠰᠡᠳᠬᠢᠯᠭᠡ ᠪᠠᠨ ᠳᠡᠭᠡᠭᠰᠢᠯᠡᠭᠦᠯᠵᠦ ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠪᠦᠭᠦ | ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠃ ᠠᠵᠤ ᠠᠬᠤᠢ ᠶᠢᠨ ᠲᠣᠮᠣ ᠬᠤᠰᠢᠭᠤ ᠲᠣᠮᠣ ᠰᠢᠶᠠᠨ ᠤ ᠬᠢᠨ ᠭᠤᠣᠯ | ᠲᠤᠯᠭᠠᠭᠤᠷᠢ ᠶᠢᠨ ᠬᠠᠷᠢᠭᠤᠴᠠᠯᠭ᠎ᠠ ᠶᠢ ᠡᠭᠦᠷᠭᠡᠯᠡᠨ ᠂ ᠬᠤᠰᠢᠭᠤᠴᠢ ᠪᠣᠯᠵᠤ ᠂ ᠪᠦᠭᠦ ᠣᠷᠣᠨ ᠤ ᠶᠡᠭᠡ ᠲᠠᠯ᠎ᠠ ᠳᠤ | ᠢᠯᠡᠭᠦᠬᠡᠨ ᠬᠤᠪᠢ ᠨᠡᠮᠡᠷᠢ ᠦᠵᠡᠭᠦᠯᠭᠦ ᠪᠠᠷ ᠴᠢᠷᠮᠠᠶᠢᠬᠤ ᠬᠡᠷᠡᠭᠲᠡᠢ ᠃ ᠬᠤᠰᠢᠭᠤ ᠰᠢᠶᠠᠨ ᠬᠤᠲᠠ ᠲᠣᠭᠤᠷᠢᠭ ᠤᠨ | ᠨᠠᠮ ᠤᠨ ᠬᠤᠷᠢᠶ᠎ᠠ ᠶᠢᠨ ᠱᠦᠵᠢ ᠡᠷᠴᠢ ᠵᠣᠷᠢᠭ ᠢᠶᠠᠨ ᠬᠥᠪᠴᠢᠯᠡᠨ ᠪᠣᠳᠠᠲᠠᠢ ᠠᠳᠬᠤᠵᠤ ᠂ ᠠᠵᠤ ᠠᠬᠤᠶᠢᠯᠠᠯ ᠤᠨ | ᠡᠷᠭᠢᠯᠲᠡ ᠂ ᠲᠥᠷᠥᠯ ᠵᠦᠢᠯ ᠤᠨ ᠠᠵᠢᠯ ᠡᠬᠢᠯᠡᠭᠦᠯᠬᠦ ᠂ ᠬᠦᠴᠦᠨ ᠵᠦᠢᠯ ᠤᠨ ᠪᠠᠲᠤᠯᠠᠭ᠎ᠠ ᠵᠡᠷᠭᠡ ᠲᠠᠯ᠎ᠠ ᠪᠠᠷ | ᠣᠷᠣᠰᠢᠵᠤ ᠪᠠᠶᠢᠭ᠎ᠠ ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠬᠦ ᠶᠢᠨ ᠬᠠᠮᠲᠤ ᠥᠨᠳᠥᠷ | ᠪᠦᠲᠦᠮᠵᠢᠲᠡᠶ ᠪᠠᠷ ᠰᠢᠢᠳᠪᠦᠷᠢᠯᠡᠵᠦ ᠂ ᠰᠢᠨ᠎ᠡ ᠨᠡᠮᠡᠭᠳᠡᠯ ᠤᠨ ᠴᠡᠭ ᠢ ᠠᠷᠭ᠎ᠠ ᠰᠦᠪᠡᠭᠴᠢᠯᠡᠨ ᠪᠣᠶᠢᠵᠢᠭᠤᠯᠵᠤ ᠂ ᠠᠵᠤ | ᠠᠬᠤᠢ ᠶᠢᠨ ᠪᠦᠲᠦᠭᠡᠨ ᠪᠠᠶᠢᠭᠤᠯᠤᠯᠲᠠ ᠶᠢᠨ ᠦᠨᠡᠨ ᠪᠣᠳᠠᠲᠠᠢ ᠦᠷ᠎ᠡ ᠪᠦᠲᠦᠭᠡᠯ ᠢᠶᠠᠷ ︽ ᠬᠤᠶᠠᠷ ᠢ ᠬᠠᠮᠠᠭᠠᠯᠠᠬᠤ︾ | ᠶᠢ ᠪᠡᠶᠡᠯᠡᠭᠦᠯᠦᠭᠰᠡᠨ ᠡᠰᠡᠬᠦ ᠶᠢ ᠰᠢᠯᠭᠠᠨ ᠪᠠᠶᠢᠴᠠᠭᠠᠬᠤ ᠬᠡᠷᠡᠭᠲᠡᠢ ᠃ ᠲᠠᠭᠢᠨ ᠳᠠᠪᠲᠠᠨ ᠨᠠᠶᠢᠳᠠᠪᠤᠷᠢᠵᠢᠭᠤᠯᠵᠤ ᠂ | ᠪᠣᠳᠠᠲᠠᠢ ᠲᠠᠢ ᠪᠠᠨ ᠤᠶᠠᠯᠳᠤᠭᠤᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠨᠢᠭᠡᠨᠲᠡ | ᠲᠣᠭᠲᠠᠭᠠᠭᠰᠠᠨ ᠪᠠᠶᠢᠷᠢᠯᠠᠭᠤᠯᠤᠯᠲᠠ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠂ ᠤᠯᠤᠰ ᠤᠨ ᠰᠢᠨ᠎ᠡ ᠪᠠᠷ | ᠨᠡᠶᠢᠲᠡᠯᠡᠭᠰᠡᠨ ᠲᠦᠷᠦ ᠶᠢᠨ ᠪᠣᠳᠣᠯᠭ᠎ᠠ ᠶᠢᠨ ᠠᠵᠠ ᠲᠣᠭᠢᠶᠠᠯ ᠢ ᠠᠮᠵᠢᠬᠤ ᠂ ᠲᠦᠷᠦᠯ ᠵᠦᠢᠯ ᠢ ᠰᠦᠪᠡᠭᠴᠢᠯᠡᠬᠦ ᠂ | ᠬᠥᠭᠵᠢᠯᠲᠡ ᠶᠢ ᠠᠬᠢᠭᠤᠯᠬᠤ ᠶᠢ ᠴᠢᠩᠭ᠎ᠠ ᠠᠩᠬᠠᠷᠬᠤ ᠬᠡᠷᠡᠭᠲᠡᠢ ᠃ ᠠᠵᠤ ᠠᠬᠤᠢ ᠶᠢᠨ ᠠᠵᠢᠯ ᠢ ᠰᠠᠶᠢᠲᠤᠷ | ᠠᠳᠬᠤᠬᠤ ᠶᠢᠨ ᠬᠠᠮᠲᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠂ ᠲᠥᠪ ᠤᠨ ᠲᠣᠭᠤᠷᠢᠨ ᠪᠠᠶᠢᠴᠠᠭᠠᠬᠤ ᠳᠤ ᠬᠠᠮᠵᠢᠯᠴᠠᠬᠤ ᠂ ᠠᠶᠤᠯᠭᠦᠢ ᠦᠢᠯᠡᠳᠪᠦᠷᠢᠯᠡᠯ | ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠬᠡᠷᠡᠭᠲᠡᠢ ᠃ ᠡᠯ᠎ᠡ ᠲᠢᠩᠬᠢᠮ ᠲᠣᠪᠴᠢᠶ᠎ᠠ ᠶᠢᠨ ᠬᠢᠨ | ᠬᠤᠰᠢᠭᠤ ᠰᠢᠶᠠᠨ ᠬᠤᠲᠠ ᠲᠣᠭᠤᠷᠢᠭ ᠤᠨ ᠬᠥᠭᠵᠢᠯᠲᠡ ᠶᠢ ᠳᠡᠮᠵᠢᠵᠦ ᠂ ᠲᠠᠯᠪᠢᠬᠤ ᠶᠣᠰᠣᠲᠠᠢ ᠡᠷᠬᠡ ᠶᠢ ᠲᠠᠯᠪᠢᠵᠤ ᠂ | ᠬᠠᠪᠰᠤᠷᠬᠤ ᠶᠣᠰᠣᠲᠠᠢ ᠶᠢ ᠨᠢ ᠪᠣᠳᠠᠲᠠᠶᠢᠵᠢᠭᠤᠯᠤᠨ ᠬᠠᠪᠰᠤᠷᠬᠤ ᠬᠡᠷᠡᠭᠲᠡᠢ ᠃ ᠡᠭᠦᠷᠭᠡ ᠬᠦᠴᠢᠷᠳᠡᠯ ᠳᠤ ᠲᠤᠯᠭᠠᠷᠠᠬᠤ | ᠲᠤᠳᠤᠮ ᠺᠠᠳ᠋ᠷᠴᠤᠳ ᠢ ᠰᠢᠯᠭᠠᠬᠤ ᠦᠶ᠎ᠡ ᠬᠦᠷᠴᠦ ᠢᠷᠡᠳᠡᠭ ᠂ ᠡᠯ᠎ᠡ ᠱᠠᠲᠤᠨ ᠤ ᠬᠢᠨ ᠮᠣᠩᠭᠤᠯ ᠮᠣᠷᠢᠨ ᠤ ᠵᠣᠷᠢᠭ | ᠰᠠᠨᠠᠭ᠎ᠠ ᠶᠢ ᠪᠠᠳᠠᠷᠠᠭᠤᠯᠵᠤ ᠂ ᠬᠥᠪᠴᠢ ᠪᠠᠨ ᠴᠢᠩᠭᠠᠯᠠᠵᠤ ᠂ ᠭᠠᠪᠰᠢᠭᠠᠶᠢᠯᠠᠨ ᠤᠷᠤᠭᠰᠢᠯᠠᠬᠤ ᠡᠷᠴᠢ ᠵᠣᠷᠢᠭ ᠢᠶᠠᠷ ᠂ | ᠬᠠᠷᠢᠭᠤᠴᠠᠯᠭ᠎ᠠ ᠪᠠᠨ ᠴᠢᠩᠭᠠᠳᠬᠠᠵᠤ ᠬᠦᠴᠦ ᠣᠷᠣᠭᠤᠯᠤᠨ᠂ ᠡᠳᠦᠷ ᠢᠶᠠᠷ ᠬᠡᠮᠵᠢᠭᠦᠷ ᠪᠤᠯᠭᠠᠵᠤ ᠂ ᠡᠳᠦᠷ ᠪᠣᠯᠭᠠᠨ | ᠰᠠᠶᠢᠲᠤᠷ ᠠᠵᠢᠯᠯᠠᠵᠤ ᠂ ᠵᠢᠯ ᠤᠨ ᠳᠤᠮᠳᠠ ᠪᠠ ᠵᠢᠯ ᠤᠨ ᠰᠡᠭᠦᠯᠴᠢ ᠳᠤ ᠲᠡᠭᠦᠰ ᠠᠮᠵᠢᠯᠲᠠᠲᠠᠢ ᠪᠠᠷ ᠳᠠᠩᠰᠠ | ᠲᠤᠰᠢᠶᠠᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ ᠃ | |