5 ᠰᠠᠷ᠎ᠠ ᠶᠢᠨ 11 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠣᠷᠳᠣᠰ ᠬᠤᠳᠠ ᠶᠢᠨ ᠲᠠᠯᠠᠳ ᠬᠤᠰᠢᠭᠤ ᠂ ᠬᠠᠩᠭᠢᠨ ᠬᠤᠰᠢᠭᠤᠨ ᠳᠤ ᠬᠠᠳᠤᠨ ᠭᠤᠣᠯ ᠤᠨ ︽ᠶᠡᠭᠡ | ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠠᠬᠢᠴᠠ ᠶᠢᠨ ᠪᠠᠶᠢᠳᠠᠯ ᠤᠨ ᠲᠤᠬᠠᠢ ᠪᠠᠶᠢᠴᠠᠭᠠᠨ | ᠰᠤᠳᠤᠯᠪᠠ ᠃ | | | | | | ᠰᠦᠨ ᠱᠤᠤ ᠴᠧᠩ ᠡᠩ ᠲᠡᠷᠢᠭᠦᠨ ᠳᠤ ᠳᠠᠯᠠᠳ ᠬᠤᠰᠢᠭᠤᠨ ᠤ ᠵᠤᠤ ᠵᠢᠶᠦ᠋ᠨ ᠪᠠᠯᠭᠠᠰᠤᠨ ᠤ ᠪᠠᠶᠠᠨᠰᠠᠷᠭᠦᠯᠡᠩ | ᠭᠠᠴᠠᠭ᠎ᠠ ᠳᠤ ᠬᠦᠷᠴᠦ ᠂ ︽ ᠵᠠᠮ ᠢᠶᠠᠷ ᠡᠯᠡᠰᠦ ᠶᠢ ᠵᠠᠰᠠᠬᠤ ︾ ᠲᠦᠷᠦᠯ ᠵᠦᠢᠯ ᠤᠨ ᠣᠷᠣᠨ ᠪᠣᠯᠣᠨ ᠬᠠᠷᠠᠢ ᠭᠤᠤ | ᠬᠥᠨᠳᠡᠢ ᠶᠢᠨ ᠶᠡᠷᠦᠩᠬᠡᠶᠢᠯᠡᠭᠰᠡᠨ ᠵᠠᠰᠠᠯᠲᠠ ᠶᠢᠨ ᠣᠷᠣᠨ ᠳᠤ ᠬᠦᠷᠴᠦ ᠂ ᠲᠦᠷᠦᠯ ᠵᠦᠢᠯ ᠤᠨ ᠠᠬᠢᠴᠠ ᠪᠣᠯᠣᠨ ᠦᠷ᠎ᠡ | ᠪᠦᠲᠦᠮᠵᠢ ᠶᠢ ᠪᠠᠶᠢᠴᠠᠭᠠᠨ ᠦᠵᠡᠭᠰᠡᠨ ᠪᠥᠭᠡᠳ ᠲᠤᠬᠠᠢ ᠶᠢᠨ ᠲᠠᠯᠠᠪᠠᠢ ᠶᠢᠨ ᠺᠠᠳ᠋ᠷ ᠤᠯᠠᠨ ᠲᠦᠮᠡᠨ ᠲᠠᠢ ᠰᠠᠨᠠᠯ ᠢᠶᠠᠨ | ᠰᠣᠯᠢᠯᠴᠠᠪᠠ ᠃ ᠲᠡᠷᠡ ᠂ ᠣᠷᠳᠣᠰ ᠬᠤᠳᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠭᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ ᠂ ᠭᠠᠵᠠᠷ ᠣᠷᠣᠨ ᠤ | ᠪᠠᠶᠢᠳᠠᠯ ᠳᠠᠭᠠᠨ ᠲᠣᠬᠢᠷᠠᠭᠤᠯᠤᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠂ ᠵᠠᠮ ᠢᠶᠠᠷ ᠡᠯᠡᠰᠦ ᠶᠢ ᠵᠠᠰᠠᠬᠤ ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠯᠡᠰᠦ ᠶᠢ ᠵᠠᠰᠠᠬᠤ ᠂ ᠢᠨᠵᠧᠨᠧᠷᠢᠩ ᠢᠶᠠᠷ ᠡᠯᠡᠰᠦ ᠶᠢ ᠵᠠᠰᠠᠬᠤ ᠶᠢ | ᠠᠬᠢᠭᠤᠯᠵᠤ ᠂ ᠠᠷᠪᠠᠨ ᠶᠡᠭᠡ ᠬᠥᠨᠳᠡᠢ ᠶᠢᠨ ᠶᠡᠷᠦᠩᠬᠡᠶᠢᠯᠡᠭᠰᠡᠨ ᠵᠠᠰᠠᠯᠲᠠ ᠶᠢ ᠰᠠᠶᠢᠲᠤᠷ ᠠᠳᠬᠤᠵᠤ ᠂ | ᠨᠣᠭᠤᠭᠠᠷᠠᠭᠤᠯᠤᠯᠲᠠ ᠶᠢᠨ ᠪᠦᠰᠡ ᠂ ᠨᠦᠯᠦᠮᠡᠯ ᠭᠠᠵᠠᠷ ᠤᠨ ᠬᠠᠰᠢᠯᠭ᠎ᠠ ᠂ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ | ᠪᠦᠰᠡ ᠂ ᠡᠯᠡᠰᠦᠨ ᠴᠥᠯ ᠢ ᠡᠮᠵᠢᠶᠡᠷᠢᠯᠡᠬᠦ ᠤᠢ ᠶᠢᠨ ︽ᠲᠦᠷᠪᠡᠨ ᠰᠡᠷᠭᠡᠶᠢᠯᠡᠯᠲᠡ ᠶᠢᠨ ᠱᠤᠭᠤᠮ ︾ ᠢ ᠪᠠᠬᠢᠵᠢᠭᠦᠯᠵᠦ ᠂ | ᠬᠠᠳᠤᠨ ᠭᠤᠣᠯ ᠤᠨ ︽ᠶᠡᠭᠡ ᠲᠣᠬᠤᠢ︾ ᠶᠢᠨ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠢᠯᠠᠯᠲᠠ ᠶᠢ ᠡᠷᠡᠰ | ᠲᠡᠮᠡᠴᠡᠨ ᠣᠯᠬᠤ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠵᠤ ᠂ | ᠮᠠᠰᠢᠨ ᠢᠶᠠᠷ ᠡᠯᠡᠰᠦ ᠶᠢ ᠵᠠᠰᠠᠬᠤ ᠡᠷᠴᠢᠮ ᠢᠶᠠᠨ ᠴᠢᠩᠭᠠᠷᠠᠭᠤᠯᠵᠤ ᠂ ᠢᠯᠡᠭᠦᠬᠡᠨ ᠠᠷᠭ᠎ᠠ ᠪᠤᠳᠤᠵᠤ ᠪᠠᠶᠢᠭᠠᠳ | ᠡᠯᠡᠰᠦ ᠶᠢ ᠵᠠᠰᠠᠬᠤ ᠥᠪᠡᠷ ᠤᠨ ᠦᠷᠳᠡᠭ ᠢ ᠪᠠᠭᠤᠷᠠᠭᠤᠯᠵᠤ ᠂ ᠡᠯᠡᠰᠦ ᠶᠢ ᠵᠠᠰᠠᠬᠤ ᠪᠡᠯᠡ ᠮᠥᠩᠭᠦ ᠶᠢ ᠬᠡᠷᠡᠭᠯᠡᠬᠦ ᠦᠷ᠎ᠡ | ᠠᠰᠢᠭ ᠢ ᠴᠢᠷᠮᠠᠶᠢᠨ ᠳᠡᠭᠡᠭᠰᠢᠯᠡᠭᠦᠯᠭᠦ ᠬᠡᠷᠡᠭᠲᠡᠢ ᠭᠡᠵᠡᠢ ᠃ ᠬᠠᠩᠭᠢᠨ ᠬᠤᠰᠢᠭᠤᠨ ᠤ ᠳᠤᠭᠤᠶᠢᠳᠠᠯ᠎ᠠ ᠪᠠᠯᠭᠠᠰᠤ ᠶᠢᠨ | ᠰᠢᠷᠠᠵᠤᠤ ᠭᠠᠴᠠᠭ᠎ᠠ ᠳᠤ ᠂ ᠰᠦᠨ ᠱᠤᠤ ᠴᠧᠩ ᠤᠷᠭᠤᠮᠠᠯ ᠤᠨ ᠬᠤᠴᠢᠯᠭ᠎ᠠ ᠶᠢᠨ ᠪᠠᠶᠢᠳᠠᠯ ᠢ ᠨᠠᠷᠢᠨ ᠬᠢᠨᠠᠮᠠᠭᠠᠢ | ᠪᠠᠶᠢᠴᠠᠭᠠᠨ ᠦᠵᠡᠵᠦ ᠂ ᠬᠥᠪᠴᠢ ᠶᠢᠨ ᠡᠯᠡᠰᠦᠨ ᠤ ᠬᠤᠶᠢᠲᠤ ᠭᠦᠪᠡᠭᠡ ᠶᠢ ᠡᠮᠵᠢᠶᠡᠷᠢᠯᠡᠬᠦ ᠤᠢ ᠰᠢᠭᠤᠢ ᠡᠪᠡᠰᠦᠨ ᠤ | ᠪᠦᠰᠡ ᠶᠢᠨ ᠪᠠᠶᠢᠷᠢᠰᠢᠭᠤᠯᠤᠯᠲᠠ ᠪᠠ ᠬᠠᠳᠤᠨ ᠭᠤᠣᠯ ᠳᠤ ᠤᠷᠤᠰᠤᠨ ᠣᠷᠣᠬᠤ ᠡᠯᠡᠰᠦ ᠪᠠᠭᠠᠰᠤᠭᠰᠠᠨ ᠂ ᠠᠮᠢ | ᠠᠬᠤᠢ ᠶᠢᠨ ᠤᠰᠤ ᠬᠡᠷᠡᠭᠯᠡᠬᠦ ᠪᠠᠲᠤᠯᠠᠭ᠎ᠠ ᠵᠡᠷᠭᠡ ᠪᠠᠶᠢᠳᠠᠯ ᠢ ᠭᠤᠣᠯᠳᠠᠯᠭ᠎ᠠ ᠲᠠᠢ ᠣᠶᠢᠯᠠᠭᠠᠪᠠ ᠃ ᠲᠡᠷᠡ ᠂ | ᠬᠥᠪᠴᠢ ᠶᠢᠨ ᠡᠯᠡᠰᠦᠨ ᠤ ᠬᠤᠶᠢᠲᠤ ᠭᠦᠪᠡᠭᠡ ᠬᠠᠳᠤᠨ ᠭᠤᠣᠯ ᠲᠠᠢ ᠬᠥᠷᠰᠢᠯᠡᠵᠦ ᠪᠠᠶᠢᠨ᠎ᠠ ᠂ ᠡᠯᠡᠰᠦᠨ ᠴᠥᠯ ᠢ | ᠡᠮᠵᠢᠶᠡᠷᠢᠯᠡᠬᠦ ᠤᠢ ᠰᠢᠭᠤᠢ ᠡᠪᠡᠰᠦᠨ ᠤ ᠪᠦᠰᠡ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢᠶᠠᠨ ᠴᠢᠩᠭᠠᠷᠠᠭᠤᠯᠵᠤ ᠂ | ᠴᠢᠬᠢ ᠮᠣᠳᠣᠨ ᠤ ᠡᠳᠡᠭᠡᠷᠡᠯᠲᠡ ᠶᠢᠨ ᠨᠤᠷᠮ᠎ᠠ ᠶᠢ ᠳᠡᠭᠡᠭᠰᠢᠯᠡᠭᠦᠯᠭᠦ ᠲᠠᠯ᠎ᠠ ᠪᠠᠷ ᠬᠦᠴᠦ ᠲᠠᠯᠪᠢᠵᠤ ᠂ ᠰᠠᠯᠬᠢ ᠶᠢ | ᠰᠡᠷᠭᠡᠶᠢᠯᠡᠵᠦ ᠡᠯᠡᠰᠦ ᠶᠢ ᠲᠣᠭᠲᠠᠪᠤᠷᠢᠵᠢᠭᠤᠯᠬᠤ ᠂ ᠡᠯᠡᠰᠦ ᠮᠠᠩᠬ᠎ᠠ ᠶᠢᠨ ᠭᠤᠣᠯ ᠳᠤ ᠣᠷᠣᠬᠤ ᠶᠢ ᠬᠤᠷᠢᠭᠯᠠᠬᠤ | ᠲᠠᠯ᠎ᠠ ᠪᠠᠷ ᠨᠡᠩ ᠶᠡᠭᠡ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠬᠤ ᠬᠡᠷᠡᠭᠲᠡᠢ ᠃ ᠠᠵᠢᠯ ᠣᠯᠭᠤᠬᠤ ᠪᠠᠷ | ᠲᠡᠳᠬᠦᠮᠵᠢ ᠶᠢ ᠣᠷᠣᠯᠠᠭᠤᠯᠬᠤ ᠶᠢ ᠶᠡᠭᠡ ᠪᠠᠷ ᠳᠡᠯᠭᠡᠷᠡᠭᠦᠯᠵᠦ ᠂ ᠲᠤᠬᠠᠢ ᠶᠢᠨ ᠭᠠᠵᠠᠷ ᠤᠨ ᠤᠯᠠᠨ ᠲᠦᠮᠡᠨ ᠢ ᠨᠡᠩ | ᠰᠠᠶᠢᠲᠤᠷ ᠲᠠᠶᠢᠴᠢᠯᠠᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠬᠡᠷᠡᠭᠲᠡᠢ ᠭᠡᠵᠡᠢ ᠃ | | | | | | ᠡᠩᠬᠡᠪᠡᠢ ᠶᠢᠨ ᠡᠯᠡᠰᠦ ᠮᠠᠩᠬᠠᠨ ᠮᠦᠽᠧᠢ ᠪᠣᠯ ᠮᠠᠨ ᠤ ᠤᠯᠤᠰ ᠤᠨ ᠠᠩᠬᠠᠳᠠᠭᠴᠢ ᠴᠦᠯᠯᠡᠷᠭᠡᠭᠵᠢᠯ ᠢ | ᠰᠡᠷᠭᠡᠶᠢᠯᠡᠨ ᠵᠠᠰᠠᠬᠤ ᠪᠠᠷ ᠭᠤᠣᠯ ᠰᠡᠳᠦᠪ ᠪᠤᠯᠭᠠᠬᠰᠠᠨ ᠶᠡᠷᠦᠩᠬᠡᠶᠢᠯᠡᠭᠰᠡᠨ ᠴᠢᠨᠠᠷᠲᠠᠢ ᠮᠦᠽᠧᠢ ᠪᠣᠯᠣᠨ᠎ᠠ ᠃ ᠰᠦᠨ | ᠱᠤᠤ ᠴᠧᠩ ᠠᠳᠡ ᠡᠯ᠎ᠡ ᠦᠵᠡᠭᠦᠯᠭᠡ ᠶᠢᠨ ᠲᠣᠭᠤᠷᠢᠭ ᠢ ᠳᠠᠷᠠᠭᠠᠯᠠᠨ ᠲᠣᠭᠤᠷᠢᠨ ᠦᠵᠡᠵᠦ ᠂ ᠴᠦᠯᠯᠡᠷᠭᠡᠭᠵᠢᠯ ᠢ | ᠶᠡᠷᠦᠩᠬᠡᠶᠢᠯᠡᠨ ᠰᠡᠷᠭᠡᠶᠢᠯᠡᠨ ᠵᠠᠰᠠᠬᠤ ᠲᠡᠦᠬᠡ ᠶᠢᠨ ᠤᠯᠠᠷᠢᠯ ᠬᠤᠪᠢᠰᠤᠯ ᠂ ᠤᠨᠤᠯ ᠤᠨ ᠦᠷ᠎ᠡ ᠪᠦᠲᠦᠭᠡᠯ ᠪᠣᠯᠣᠨ | ᠦᠢᠯᠡᠳᠦᠯᠭᠡ ᠶᠢᠨ ᠲᠤᠷᠰᠢᠯᠭ᠎ᠠ ᠶᠢ ᠣᠶᠢᠯᠠᠭᠠᠪᠠ ᠃ ᠲᠡᠷᠡ ᠂ ᠪᠢᠳᠡᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ | ᠵᠠᠰᠠᠬᠤ ᠠᠵᠢᠯ ᠢᠯᠡᠳᠲᠡ ᠦᠷ᠎ᠡ ᠪᠦᠲᠦᠮᠵᠢ ᠣᠯᠣᠭᠰᠠᠨ ᠪᠥᠭᠡᠳ ᠴᠥᠭᠡᠨ ᠪᠤᠰᠤ ᠰᠠᠶᠢᠨ ᠲᠤᠷᠰᠢᠯᠭ᠎ᠠ ᠰᠠᠶᠢᠨ | ᠠᠷᠭ᠎ᠠ ᠬᠢᠳᠡᠯ ᠢ ᠪᠦᠷᠢᠯᠳᠦᠭᠦᠯᠵᠡᠢ ᠂ ᠨᠠᠷᠢᠨ ᠬᠢᠨᠠᠮᠠᠭᠠᠢ ᠳ᠋ᠦᠩᠨᠡᠵᠦ ᠂ ᠴᠠᠭ ᠲᠤᠬᠠᠢ ᠳᠤᠨᠢ ᠳᠡᠯᠭᠡᠷᠡᠭᠦᠯᠦᠨ ᠬᠡᠷᠡᠭᠯᠡᠬᠦ | ᠬᠡᠷᠡᠭᠲᠡᠢ ᠃ ᠥᠪᠥᠷ ᠮᠣᠩᠭᠤᠯ ᠤᠨ ᠡᠯᠡᠰᠦ ᠶᠢ ᠵᠠᠰᠠᠭᠰᠠᠨ ᠦᠯᠢᠭᠡᠷ ᠢ ᠰᠠᠶᠢᠲᠤᠷ ᠶᠠᠷᠢᠵᠤ ᠂ ᠦᠶ᠎ᠡ ᠦᠶ᠎ᠡ ᠶᠢᠨ | ᠬᠥᠮᠥᠰ ᠤᠨ ᠬᠠᠲᠠᠭᠤᠵᠢᠯᠲᠠᠢ ᠪᠠᠷ ᠡᠯᠡᠰᠦ ᠶᠢ ᠵᠠᠰᠠᠭᠰᠠᠨ ᠲᠡᠦᠬᠡᠨ ᠶᠠᠪᠤᠴᠠ ᠶᠢ ᠰᠠᠶᠢᠲᠤᠷ ᠳᠡᠯᠭᠡᠨ ᠦᠵᠡᠭᠦᠯᠵᠦ ᠂ | ᠨᠡᠩ ᠤᠯᠠᠨ ᠡᠬᠢ ᠪᠠᠶᠠᠯᠢᠭ ᠬᠦᠴᠦᠨ ᠴᠢᠳᠠᠯ ᠢ ᠳᠠᠶᠢᠴᠢᠯᠠᠨ ᠡᠯᠡᠰᠦᠷᠬᠡᠭᠵᠢᠯ ᠢ ᠰᠡᠷᠭᠡᠶᠢᠯᠡᠵᠦ ᠡᠯᠡᠰᠦ ᠶᠢ ᠵᠠᠰᠠᠬᠤ | ᠦᠢᠯᠡᠰ ᠲᠤ ᠣᠷᠣᠯᠴᠠᠭᠤᠯᠬᠤ ᠬᠡᠷᠡᠭᠲᠡᠢ ᠭᠡᠵᠡᠢ ᠃ | | | | | | ᠢᠦᠢ ᠯᠢ ᠰᠢᠨ ᠠᠵᠢᠯᠯᠠᠭ᠎ᠠ ᠳᠤ ᠣᠷᠣᠯᠴᠠᠪᠠ ᠃ | |