5 ᠰᠠᠷ᠎ᠠ ᠶᠢᠨ 9 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠬᠤᠷᠠᠯ ᠬᠤᠷᠠᠯᠳᠤᠭᠤᠯᠵᠤ ᠂ ᠶᠡᠷᠦᠩᠬᠡᠢ ᠱᠦᠵᠢ ᠰᠢ ᠶᠢᠨ ᠫᠢᠩ ᠤᠨ ᠣᠶᠢᠷ᠎ᠠ ᠶᠢᠨ ᠬᠤᠭᠤᠴᠠᠭᠠᠨ ᠤ | ᠬᠤᠯᠪᠣᠭᠳᠠᠯ ᠪᠦᠬᠦᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠤᠯᠠᠮᠵᠢᠯᠠᠨ | ᠰᠤᠷᠤᠯᠴᠠᠵᠦ ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ ᠃ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ 4 ᠰᠠᠷ᠎ᠠ ᠶᠢᠨ 25 ᠤ ᠡᠳᠦᠷ ᠤᠨ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ ᠶᠢᠨ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ | ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠪᠠᠷ ᠭᠤᠣᠯ | ᠪᠤᠯᠭᠠᠬᠤ ᠶᠢ ᠪᠠᠷᠢᠮᠲᠠᠯᠠᠵᠤ ᠂ ᠢᠲᠡᠭᠡᠯ ᠵᠣᠷᠢᠭ ᠢᠶᠠᠨ ᠪᠠᠲᠤᠳᠬᠠᠵᠤ ᠂ ᠰᠠᠨᠠᠭᠠᠴᠢᠯᠠᠭ᠎ᠠ ᠠᠴᠠ ᠪᠠᠨ ᠵᠢᠳᠬᠦᠯ | ᠴᠢᠷᠮᠠᠶᠢᠯᠭ᠎ᠠ ᠭᠠᠷᠭᠠᠵᠤ ᠂ ᠠᠵᠤ ᠠᠬᠤᠢ ᠶᠢᠨ ᠦᠷᠭᠦᠯᠵᠢᠯᠡᠨ ᠰᠡᠷᠭᠦᠨ ᠰᠠᠶᠢᠵᠢᠷᠠᠬᠤ ᠶᠢ ᠪᠦᠭᠦ ᠬᠦᠴᠦᠨ ᠢᠶᠠᠷ ᠢᠶᠠᠨ | ᠠᠬᠢᠭᠤᠯᠬᠤ ᠬᠡᠷᠡᠭᠲᠡᠢ ᠃ ᠲᠤᠯᠭᠠᠮ ᠪᠤᠳᠤᠯ ᠢᠶᠠᠨ ᠴᠢᠩᠭᠠᠳᠬᠠᠵᠤ ᠂ ᠳᠡᠭᠡᠳᠦ ᠳᠣᠣᠷᠠᠳᠤ ᠱᠠᠲᠤ ᠪᠠᠷ ᠢᠶᠠᠨ ᠴᠥᠮ | ᠦᠨᠡᠨ ᠪᠣᠳᠠᠲᠠᠢ ᠬᠥᠳᠡᠯᠦᠯᠴᠡᠵᠦ ᠂ ᠠᠵᠢᠯᠯᠠᠵᠤ ᠂ ᠨᠢᠭᠡᠨᠲᠡ ᠲᠣᠭᠲᠠᠭᠰᠠᠨ ᠪᠠᠶᠢᠷᠢᠯᠠᠭᠤᠯᠤᠯᠲᠠ ᠶᠢ ᠪᠠᠲᠤ ᠡᠵᠡᠮᠳᠡᠵᠦ | ᠠᠷᠭ᠎ᠠ ᠬᠡᠮᠵᠢᠶ᠎ᠡ ᠪᠠᠨ ᠨᠠᠷᠢᠯᠢᠭᠵᠢᠭᠤᠯᠵᠤ ᠂ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠬᠡᠷᠡᠭᠲᠡᠢ ᠃ ᠰᠡᠷᠭᠡᠭ | ᠴᠢᠨᠠᠷ ᠢᠶᠠᠨ ᠴᠢᠩᠭᠠᠳᠬᠠᠵᠤ ᠂ ᠲᠦᠷᠦ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ | ᠭᠦᠨᠵᠡᠭᠡᠶᠢᠷᠡᠭᠦᠯᠦᠨ ᠬᠡᠷᠡᠭᠵᠢᠭᠦᠯᠬᠦ ᠪᠠᠷ ᠵᠢᠯᠣᠭᠤᠳᠤᠮᠵᠢ ᠪᠤᠯᠭᠠᠵᠤ ᠂ ᠤᠯᠤᠰ ᠤᠨ ᠰᠢᠨ᠎ᠡ ᠪᠠᠷ ᠲᠣᠭᠲᠠᠭᠠᠭᠰᠠᠨ ᠡᠯ᠎ᠡ | ᠵᠦᠢᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠮᠥᠷᠳᠡᠨ ᠰᠤᠳᠤᠯᠵᠤ ᠂ ᠵᠣᠷᠢᠭ ᠰᠠᠨᠠᠭ᠎ᠠ ᠶᠢ ᠨᠡᠪᠲᠡᠷᠬᠡᠢ | ᠣᠶᠢᠯᠠᠭᠠᠵᠤ ᠂ ᠠᠵᠠ ᠲᠣᠭᠢᠶᠠᠯ ᠢ ᠡᠵᠡᠮᠳᠡᠵᠦ ᠂ ᠲᠦᠷᠦ ᠶᠢᠨ ᠪᠣᠳᠣᠯᠭ᠎ᠠ ᠶᠢ ᠥᠪᠥᠷ ᠮᠣᠩᠭᠤᠯ ᠤᠨ ᠡᠬᠡ ᠭᠠᠵᠠᠷ | ᠳᠡᠭᠡᠷ᠎ᠡ ᠦᠨᠡᠨ ᠬᠦ ᠨᠠᠶᠢᠳᠠᠪᠤᠷᠢᠵᠢᠭᠤᠯᠬᠤ ᠬᠡᠷᠡᠭᠲᠡᠢ ᠃ ᠬᠥᠭᠵᠢᠯᠲᠡ ᠪᠣᠯᠣᠨ ᠠᠮᠤᠷ ᠲᠦᠪᠰᠢᠨ ᠢ ᠰᠠᠶᠢᠲᠤᠷ | ᠨᠢᠭᠡᠳᠦᠯᠲᠡᠢ ᠲᠥᠯᠥᠪᠵᠢᠭᠦᠯᠵᠦ ᠂ ᠭᠤᠣᠯᠳᠠᠯᠭ᠎ᠠ ᠲᠠᠢ ᠬᠦᠷᠢᠶᠡᠨ ᠤ ᠠᠶᠤᠯ ᠲᠦᠭᠰᠢᠭᠦᠷᠢ ᠶᠢ ᠬᠦᠴᠦᠯᠡᠨ ᠰᠡᠷᠭᠡᠶᠢᠯᠡᠨ | ᠠᠷᠢᠯᠭᠠᠬᠤ ᠬᠡᠷᠡᠭᠲᠡᠢ ᠃ ᠦᠷᠭᠦᠯᠵᠢᠯᠡᠨ ᠬᠦᠴᠦᠯᠡᠵᠦ ᠪᠠᠶᠢᠭᠠᠳ ᠠᠷᠠᠳ ᠤᠨ ᠠᠮᠢᠳᠤᠷᠠᠯ ᠢ ᠪᠠᠲᠤᠯᠠᠨ | ᠰᠠᠶᠢᠵᠢᠷᠠᠭᠤᠯᠵᠤ ᠂ ᠡᠳ᠋ ᠤᠨ ᠵᠠᠰᠠᠭ ᠤᠨ ᠪᠡᠯᠡ ᠮᠥᠩᠭᠦ ᠶᠢ ᠬᠡᠷᠡᠭᠯᠡᠬᠦ ᠦᠷ᠎ᠡ ᠠᠰᠢᠭ ᠢ ᠤᠯᠠᠮ ᠨᠢᠭᠡ ᠠᠯᠬᠤᠮ | ᠳᠡᠭᠡᠭᠰᠢᠯᠡᠭᠦᠯᠭᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠬᠡᠰᠡᠭ ᠮᠤᠵᠢ ᠣᠷᠣᠨ ᠬᠤᠲᠠ ᠶᠢᠨ ︽ᠠᠷᠪᠠᠨ | ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ | ᠲᠤᠭᠤᠰᠢᠯᠠᠭᠤᠯᠵᠤ ᠂ ᠥᠪᠥᠷ ᠮᠣᠩᠭᠤᠯ ᠤᠨ ᠬᠥᠭᠵᠢᠯᠲᠡ ᠶᠢ ᠪᠦᠭᠦ ᠤᠯᠤᠰ ᠤᠨ ᠶᠡᠭᠡ ᠲᠠᠯ᠎ᠠ ᠳᠤ ᠲᠠᠯᠪᠢᠵᠤ ᠂ ᠲᠤᠰ | ᠪᠡᠶ᠎ᠡ ᠶᠢᠨ ᠡᠬᠢ ᠪᠠᠶᠠᠯᠢᠭ ᠤᠨ ᠳᠠᠪᠠᠭᠤᠯᠢᠭ ᠪᠣᠯᠣᠨ ᠬᠠᠷᠢᠴᠠᠭᠤᠯᠤᠭᠰᠠᠨ ᠳᠠᠪᠠᠭᠤᠯᠢᠭ ᠲᠠᠭᠠᠨ ᠰᠠᠭᠤᠷᠢᠯᠠᠵᠤ ᠂ ︽ | ᠠᠷᠪᠠᠨ ᠲᠠᠪᠤᠳᠤᠭᠠᠷ ᠲᠠᠪᠤᠨ ᠵᠢᠯ︾ ᠤᠨ ᠲᠥᠯᠦᠪᠵᠢᠭᠦᠯᠭᠡ ᠶᠢᠨ ᠬᠤᠭᠤᠴᠠᠭᠠᠨ ᠳᠠᠬᠢ ᠠᠵᠤ ᠠᠬᠤᠢ ᠨᠡᠶᠢᠭᠡᠮ ᠤᠨ | ᠬᠥᠭᠵᠢᠯᠲᠡ ᠶᠢ ᠰᠢᠨᠵᠢᠯᠡᠬᠦ ᠤᠬᠠᠭᠠᠨᠴᠢ ᠪᠠᠷ ᠤᠬᠠᠭᠠᠯᠠᠨ ᠲᠥᠯᠥᠪᠯᠡᠬᠦ ᠬᠡᠷᠡᠭᠲᠡᠢ ᠃ ᠲᠦᠷᠦᠯ ᠵᠦᠢᠯ ᠢᠶᠠᠷ ᠭᠤᠣᠯ | ᠪᠤᠯᠭᠠᠬᠤ ᠶᠢ ᠪᠠᠷᠢᠮᠲᠠᠯᠠᠵᠤ ᠂ ᠴᠢᠬᠤᠯᠠ ᠶᠡᠭᠡ ᠲᠦᠷᠦᠯ ᠵᠦᠢᠯ ᠢ ᠤᠬᠠᠭᠠᠯᠠᠨ ᠲᠥᠯᠥᠪᠯᠡᠬᠦ ᠠᠵᠢᠯᠯᠠᠭ᠎ᠠ ᠶᠢ ᠯᠠᠪᠳᠠᠭᠤᠨ | ᠪᠠᠲᠤᠲᠠᠢ ᠥᠷᠨᠢᠭᠦᠯᠵᠦ ᠂ ᠨᠡᠩ ᠤᠯᠠᠨ ᠪᠦᠭᠦ ᠲᠠᠯ᠎ᠠ ᠶᠢᠨ ᠴᠢᠨᠠᠷᠲᠠᠢ ᠲᠦᠷᠦᠯ ᠵᠦᠢᠯ ᠢ ᠤᠯᠤᠰ ᠤᠨ | ᠲᠥᠯᠦᠪᠵᠢᠭᠦᠯᠭᠡ ᠳᠤ ᠣᠷᠣᠭᠤᠯᠬᠤ ᠪᠠᠷ ᠴᠢᠷᠮᠠᠶᠢᠬᠤ ᠬᠡᠷᠡᠭᠲᠡᠢ ᠃ ᠳᠠᠪᠠᠭᠤᠯᠢᠭ ᠲᠠᠯ᠎ᠠ ᠪᠠᠨ ᠪᠠᠳᠠᠷᠠᠭᠤᠯᠤᠨ ᠪᠠᠭᠤᠷᠠᠢ | ᠲᠠᠯ᠎ᠠ ᠪᠠᠨ ᠲᠡᠪᠴᠢᠵᠦ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ ᠂ ᠠᠭᠠᠷ ᠤᠨ | ᠦᠢᠯᠡᠰ ᠤᠨ ᠠᠵᠤ ᠠᠬᠤᠢ ᠂ ᠰᠢᠨ᠎ᠡ ᠡᠨᠧᠷᠭᠢ ᠶᠢᠨ ᠬᠦᠨᠳᠦ ᠠᠴᠢᠶᠠᠨ ᠤ ᠮᠠᠰᠢᠨ ᠂ ᠪᠣᠬᠢᠷᠳᠤᠯ ᠦᠭᠡᠢ | ᠤᠰᠤᠲᠥ᠋ᠷᠥᠭᠴᠢ ᠪᠣᠬᠢᠷᠳᠤᠯ ᠦᠭᠡᠢ ᠰᠢᠪᠲᠦᠷ ᠂ ᠴᠥᠮ᠎ᠡ ᠶᠢᠨ ᠡᠨᠧᠷᠭᠢ ᠂ ᠪᠣᠳᠣᠯᠲᠠ ᠶᠢᠨ ᠴᠢᠳᠠᠪᠤᠷᠢ ᠂ ᠳᠠᠬᠢᠯᠲᠠ | ᠡᠬᠢ ᠪᠠᠶᠠᠯᠢᠭ ᠤᠨ ᠠᠰᠢᠭᠯᠠᠯᠲᠠ ᠵᠡᠷᠭᠡ ᠠᠵᠤ ᠦᠢᠯᠡᠰ ᠢ ᠱᠠᠯᠠᠪᠳᠠᠨ ᠲᠥᠯᠥᠪᠵᠢᠭᠦᠯᠦᠨ ᠪᠠᠶᠢᠷᠢᠰᠢᠭᠤᠯᠬᠤ | ᠬᠡᠷᠡᠭᠲᠡᠢ ᠃ ᠠᠷᠠᠳ ᠲᠦᠮᠡᠨ ᠳᠤ ᠪᠤᠶᠠᠨ ᠦᠢᠯᠡᠳᠬᠦ ᠪᠠᠷ ᠦᠨᠳᠦᠰᠦᠨ ᠦᠷᠳᠡᠭ ᠤᠨ ᠬᠠᠨᠳᠤᠰᠢ ᠪᠤᠯᠭᠠᠵᠤ ᠂ | ᠠᠷᠠᠳ ᠤᠨ ᠠᠮᠢᠳᠤᠷᠠᠯ ᠤᠨ ᠨᠡᠩ ᠤᠯᠠᠨ ᠪᠣᠳᠠᠲᠤ ᠶᠠᠪᠤᠳᠠᠯ ᠢ ᠤᠬᠠᠭᠠᠯᠠᠨ ᠲᠥᠯᠥᠪᠯᠡᠵᠦ ᠂ ᠠᠷᠭ᠎ᠠ ᠪᠦᠭᠦᠨ ᠢ | ᠰᠦᠪᠡᠭᠴᠢᠯᠡᠵᠦ ᠪᠠᠶᠢᠭᠠᠳ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠶᠢᠨ ᠨᠡᠮᠡᠭᠳᠡᠯ ᠢ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠱᠠᠩᠬᠠᠢ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠠᠳᠬᠤᠬᠤ ᠡᠭᠦᠷᠭᠡᠲᠦ ᠪᠤᠳᠤᠯ ᠢᠶᠠᠨ ᠴᠢᠩᠭᠠᠳᠬᠠᠵᠤ ᠂ ᠲᠦᠷᠦ ᠶᠢᠨ | ᠪᠣᠳᠣᠯᠭ᠎ᠠ ᠂ ᠪᠡᠯᠡ ᠮᠥᠩᠭᠦ ᠂ ᠲᠦᠷᠦᠯ ᠵᠦᠢᠯ ᠂ ᠲᠠᠪᠴᠠᠩ ᠵᠡᠷᠭᠡ ᠡᠯᠧᠮᠧᠨ᠋ᠲ ᠢ ᠰᠠᠶᠢᠲᠤᠷ ᠨᠢᠭᠡᠳᠦᠯᠲᠡᠢ | ᠲᠥᠯᠥᠪᠵᠢᠭᠦᠯᠵᠦ ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠰᠢᠨ᠎ᠡ ᠶᠢ ᠡᠭᠦᠳᠬᠦ ᠶᠢ ᠬᠢᠵᠠᠭᠠᠷᠯᠠᠵᠤ ᠪᠠᠶᠢᠭ᠎ᠠ | ᠲᠦᠭᠵᠢᠷᠡᠯ ᠬᠤᠷᠢᠭ᠎ᠠ ᠴᠡᠭ ᠢ ᠲᠦᠷᠭᠡᠨ ᠰᠢᠢᠳᠪᠦᠷᠢᠯᠡᠬᠦ ᠬᠡᠷᠡᠭᠲᠡᠢ ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ︽ᠪᠦᠰᠡᠯᠡᠯᠲᠡ ᠰᠢᠪᠲᠤᠯᠬᠤ︾ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ ᠂ ᠬᠠᠨᠳᠤᠭᠰᠠᠨ ᠵᠦᠭ ᠲᠤ ᠳᠠᠭᠠᠷᠢᠯᠲᠠ | ᠬᠢᠵᠦ ᠪᠤᠯᠬᠤ ᠦᠭᠡᠢ ᠪᠥᠭᠡᠳ ᠪᠠᠰᠠ ᠶᠠᠭᠤ ᠴᠤ ᠬᠢᠬᠦ ᠦᠭᠡᠢ ᠪᠠᠶᠢᠵᠤ ᠪᠤᠯᠬᠤ ᠦᠭᠡᠢ ᠂ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠬᠤᠰᠢᠭᠤᠷᠠᠯ ᠢ ᠮᠥᠷᠳᠡᠵᠦ ᠂ ᠬᠦᠴᠦᠯᠡᠬᠦ ᠴᠡᠭ ᠢᠶᠠᠨ ᠣᠨᠣᠪᠴᠢᠲᠠᠢ ᠣᠯᠵᠤ ᠂ ᠴᠠᠭᠢᠯᠭᠠᠨ | ᠬᠦᠴᠦ ᠂ ᠬᠤᠪᠣᠷ ᠰᠢᠷᠣᠢ ᠵᠡᠷᠭᠡ ᠴᠢᠬᠤᠯᠠ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠦᠨ ᠦᠷᠭᠦᠯᠵᠢᠯᠡᠨ | ᠪᠣᠭᠤᠮᠲᠠ ᠰᠢᠪᠲᠤᠯᠵᠤ ᠂ ᠨᠡᠩ ᠤᠯᠠᠨ ᠲᠠᠯ᠎ᠠ ᠪᠠᠷ ︽ᠡᠬᠢᠯᠡᠮᠡᠭᠴᠡ ᠲᠦᠷᠦᠭᠦᠯᠡᠬᠦ︾ ᠶᠢ ᠪᠡᠶᠡᠯᠡᠭᠦᠯᠬᠦ ᠪᠠᠷ ᠴᠢᠷᠮᠠᠶᠢᠬᠤ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠬᠤᠷᠢᠳᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶ᠎ᠠ ᠶᠢᠨ ᠵᠣᠷᠢᠭ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ ᠂ ᠵᠠᠩᠭᠢᠯᠠᠭ᠎ᠠ ᠶᠢᠨ ᠪᠠᠴᠢᠮ ᠬᠡᠷᠡᠭᠴᠡᠭᠡᠨ ᠤ ᠬᠦᠷᠢᠶ᠎ᠡ ᠳᠤ | ᠴᠢᠭᠯᠡᠭᠦᠯᠦᠨ ᠵᠣᠬᠢᠶᠠᠮᠠᠯ ᠤᠶᠤᠨ ᠴᠢᠳᠠᠪᠤᠷᠢ ᠶᠢ ᠬᠥᠭᠵᠢᠭᠦᠯᠵᠦ ᠂ ᠠᠶᠤᠯ ᠲᠦᠭᠰᠢᠭᠦᠷᠢ ᠶᠢ ᠰᠡᠷᠭᠡᠶᠢᠯᠡᠬᠦ ᠤᠷᠢᠲᠠᠯ | ᠳᠣᠣᠷ᠎ᠠ ᠵᠣᠬᠢᠶᠠᠮᠠᠯ ᠤᠶᠤᠨ ᠴᠢᠳᠠᠪᠤᠷᠢ ᠶᠢᠨ ᠮᠡᠷᠭᠡᠵᠢᠯ ᠢ ᠡᠨᠧᠷᠭᠢ ᠂ ᠠᠭᠤᠷᠬᠠᠢ ᠮᠠᠯᠲᠠᠬᠤ ᠂ ᠮᠠᠯ ᠠᠵᠤ ᠠᠬᠤᠢ | ᠲᠠᠷᠢᠶᠠᠯᠠᠩ ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠬᠦᠷᠢᠶᠡᠨ ᠳᠤ ᠳᠡᠯᠭᠡᠷᠡᠭᠦᠯᠦᠨ ᠬᠡᠷᠡᠭᠯᠡᠬᠦ ᠶᠢ | ᠲᠦᠷᠭᠡᠳᠬᠡᠬᠦ ᠬᠡᠷᠡᠭᠲᠡᠢ ᠃ ᠪᠣᠬᠢᠷᠳᠤᠯ ᠦᠭᠡᠢ ᠴᠠᠭᠢᠯᠭᠠᠨ ᠤ ᠳᠠᠪᠠᠭᠤᠯᠢᠭ ᠲᠤ ᠲᠦᠰᠢᠭᠯᠡᠵᠦ ᠂ ︽ᠪᠡᠭᠡᠵᠢᠩ ᠤᠨ | ᠳ᠋ᠠᠶᠢᠲ᠋ᠠ ᠶᠢ ᠥᠪᠥᠷ ᠮᠣᠩᠭᠤᠯ ᠳᠤ ᠪᠤᠳᠤᠬᠤ︾ ᠵᠡᠷᠭᠡ ᠪᠣᠳᠣᠯᠲᠠ ᠶᠢᠨ ᠴᠢᠳᠠᠪᠤᠷᠢ ᠶᠢᠨ ᠲᠥᠷᠥᠯ ᠵᠦᠢᠯ ᠤᠨ | ᠪᠦᠲᠦᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ ᠂ ᠲᠤᠭ᠎ᠠ ᠪᠠᠷᠢᠮᠲᠠ ᠶᠢ ᠨᠡᠭᠡᠭᠡᠨ ᠬᠥᠭᠵᠢᠭᠦᠯᠵᠦ ᠬᠡᠷᠡᠭᠯᠡᠬᠦ ᠵᠢᠴᠢ | ᠬᠠᠮᠢᠶ᠎ᠠ ᠪᠦᠬᠦᠢ ᠠᠵᠤ ᠦᠢᠯᠡᠰ ᠢ ᠶᠡᠭᠡ ᠪᠠᠷ ᠬᠥᠭᠵᠢᠭᠦᠯᠬᠦ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠂ ᠶᠡᠷᠦᠩᠬᠡᠢ ᠱᠦᠵᠢ ᠰᠢ ᠶᠢᠨ ᠫᠢᠩ ᠤᠨ ᠯᠢᠶᠣᠤᠨᠢᠩ ᠤᠨ ᠯᠢᠶᠤᠤᠶᠠᠩ ᠬᠤᠳᠠ ᠶᠢᠨ ᠪᠠᠶᠢᠲ᠋ᠠ | ᠲᠣᠭᠤᠷᠢᠭ ᠤᠨ ᠨᠢᠭᠡᠨ ᠬᠤᠭᠤᠯᠠᠨ ᠭᠡᠷ ᠤᠨ ᠭᠠᠯ ᠤᠨ ᠭᠠᠮᠰᠢᠭ ᠤᠨ ᠠᠳᠡᠯ ᠪᠣᠯᠣᠨ ᠭᠦᠢᠵᠧᠦ ᠶᠢᠨ ᠪᠢ ᠵᠢᠶᠧ | ᠬᠤᠳᠠ ᠶᠢᠨ ᠴᠢᠶᠠᠨ ᠰᠢ ᠬᠤᠳᠠ ᠶᠢᠨ ᠨᠢᠭᠡᠨ ᠦᠵᠡᠮᠵᠢ ᠶᠢᠨ ᠣᠷᠣᠨ ᠳᠤ ᠵᠢᠭᠤᠯᠴᠢᠯᠠᠯ ᠤᠨ ᠣᠩᠭᠤᠴᠠ | ᠬᠥᠷᠪᠡᠭᠰᠡᠨ ᠠᠳᠡᠯ ᠳᠤ ᠥᠭᠭᠦᠭᠰᠡᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ | ᠣᠶᠢᠯᠠᠭᠠᠵᠤ ᠂ ᠴᠠᠭ ᠢᠮᠠᠭᠲᠠ ᠰᠠᠨᠠᠭ᠎ᠠ ᠠᠮᠤᠷ ᠦᠭᠡᠢ ᠪᠠᠶᠢᠬᠤ ᠬᠠᠷᠢᠭᠤᠴᠠᠯᠭᠠᠲᠤ ᠰᠡᠳᠬᠢᠯᠭᠡ ᠪᠠᠷ ᠠᠶᠤᠯᠭᠦᠢ | ᠦᠢᠯᠡᠳᠪᠦᠷᠢᠯᠡᠯ ᠢ ᠰᠠᠶᠢᠲᠤᠷ ᠠᠳᠬᠤᠵᠤ ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ | ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠃ ︽ᠭᠤᠷᠪᠠ ᠶᠢ ᠬᠠᠮᠢᠶᠠᠷᠬᠤ ᠳᠤ ᠭᠤᠷᠪᠠᠨ ᠡᠷᠬᠡᠪᠰᠢ ᠶᠢ | ᠭᠦᠢᠴᠡᠳᠬᠡᠬᠦ︾ ᠪᠠ ︽ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ︾ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠨᠠᠩ ᠴᠢᠬᠤᠯᠠᠴᠢᠯᠠᠵᠤ ᠂ ᠠᠶᠤᠯ | ᠲᠦᠭᠰᠢᠭᠦᠷᠢ ᠶᠢᠨ ᠭᠡᠮ ᠰᠣᠭᠤᠭ ᠢ ᠴᠠᠭ ᠲᠤᠬᠠᠢ ᠳᠤᠨᠢ ᠢᠯᠡᠷᠡᠭᠦᠯᠵᠦ ᠴᠡᠭᠴᠡᠯᠡᠨ ᠵᠠᠰᠠᠬᠤ ᠬᠡᠷᠡᠭᠲᠡᠢ ᠃ ᠣᠶ ᠰᠢᠭᠤᠢ | ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠨ ᠤᠨᠲᠠᠷᠠᠭᠠᠬᠤ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠪᠠᠷ | ᠰᠠᠶᠢᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠳᠤᠮᠳᠠᠳᠤ ᠶᠢᠨ ᠪᠦᠭᠦ ᠤᠯᠤᠰ ᠤᠨ ᠠᠵᠢᠯᠴᠢᠨ ᠤ | ᠶᠡᠷᠦᠩᠬᠡᠢ ᠡᠪᠯᠡᠯ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠬᠦ ᠵᠢᠴᠢ ᠪᠦᠭᠦ ᠤᠯᠤᠰ ᠤᠨ | ᠭᠦᠳᠡᠯᠮᠦᠷᠢ ᠶᠢᠨ ᠵᠢᠱᠢᠶᠡᠴᠢ ᠪᠣᠯᠣᠨ ᠲᠡᠷᠢᠭᠦᠨ ᠤ ᠠᠵᠢᠯᠲᠠᠨ ᠢ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ | ᠴᠢᠬᠤᠯᠠ ᠶᠠᠷᠢᠶ᠎ᠠ ᠶᠢ ᠤᠯᠠᠮᠵᠢᠯᠠᠨ ᠰᠤᠷᠤᠯᠴᠠᠵᠤ ᠂ ᠭᠦᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠂ | ᠭᠦᠳᠡᠯᠮᠦᠷᠢ ᠶᠢᠨ ᠵᠣᠷᠢᠭ ᠰᠠᠨᠠᠭ᠎ᠠ ᠂ ᠤᠷᠠᠨ ᠳᠠᠷᠬᠠᠨ ᠤ ᠵᠣᠷᠢᠭ ᠰᠠᠨᠠᠭ᠎ᠠ ᠶᠢ ᠶᠡᠭᠡ ᠪᠠᠷ ᠪᠠᠳᠠᠷᠠᠭᠤᠯᠵᠤ ᠂ ᠪᠦᠭᠦ | ᠣᠷᠣᠨ ᠤ ᠥᠷᠭᠡᠨ ᠣᠯᠠᠨ ᠠᠵᠢᠯᠲᠠᠨ ᠠᠵᠢᠯᠴᠢᠨ ᠪᠠ ᠬᠥᠳᠡᠯᠮᠦᠷᠢᠴᠢᠨ ᠲᠦᠮᠡᠨ ᠢ ᠳᠠᠶᠢᠴᠢᠯᠠᠨ ᠵᠣᠷᠢᠭᠵᠢᠭᠤᠯᠵᠤ | ᠪᠠᠶᠢᠭᠠᠳ ᠡᠵᠡᠨ ᠬᠥᠮᠥᠨ ᠤ ᠤᠬᠠᠮᠰᠠᠷ ᠢ ᠨᠢ ᠴᠢᠩᠭᠠᠷᠠᠭᠤᠯᠵᠤ ᠂ ᠳᠤᠮᠳᠠᠳᠤ ᠤᠯᠤᠰ ᠤᠨ ᠮᠠᠶ᠋ᠢᠭ ᠤᠨ | ᠣᠳᠣᠬᠢᠴᠢᠯᠠᠯᠲᠠ ᠶᠢᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠪᠢᠴᠢᠭᠯᠡᠬᠦ ᠭᠠᠯ ᠬᠠᠯᠠᠭᠤᠨ | ᠦᠢᠯᠡᠳᠦᠯᠭᠡ ᠶᠢᠨ ᠳᠤᠮᠳᠠ ᠭᠠᠪᠢᠶ᠎ᠠ ᠪᠠᠶᠢᠭᠤᠯᠵᠤ ᠦᠢᠯᠡᠰ ᠪᠦᠲᠦᠭᠡᠨ ᠂ ᠴᠤᠭ ᠵᠢᠪᠬᠤᠭ᠎ᠠ ᠶᠢ ᠢᠯᠡᠷᠡᠭᠦᠯᠬᠦ ᠬᠡᠷᠡᠭᠲᠡᠢ | ᠭᠡᠵᠦ ᠴᠢᠬᠤᠯᠠᠴᠢᠯᠠᠪᠠ ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠬᠤᠯᠪᠣᠭᠳᠠᠯ ᠪᠦᠬᠦᠢ ᠴᠢᠬᠤᠯᠠ ᠬᠠᠷᠢᠭᠤ ᠵᠠᠬᠢᠳᠠᠯ | ᠪᠣᠯᠣᠨ ᠴᠢᠬᠤᠯᠠ ᠵᠣᠬᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ᠮᠠᠨ ᠤ ᠣᠷᠣᠨ ᠤ ᠪᠣᠳᠠᠲᠤ | ᠪᠠᠶᠢᠳᠠᠯ ᠲᠠᠢ ᠤᠶᠠᠯᠳᠤᠭᠤᠯᠵᠤ ᠂ ᠪᠠᠷᠠᠭᠤᠨ ᠣᠷᠣᠨ ᠤ ᠲᠥᠯᠥᠪᠯᠡᠭᠡ ᠶᠢᠨ ᠰᠠᠶᠢᠨ ᠳᠤᠷ᠎ᠠ ᠶᠢᠨ ᠠᠵᠢᠯᠯᠠᠭᠴᠢ ᠶᠢᠨ | ᠠᠵᠢᠯ ᠪᠣᠯᠣᠨ ᠰᠢᠨ᠎ᠡ ᠴᠠᠭ ᠦᠶ᠎ᠡ ᠶᠢᠨ ᠵᠠᠯᠠᠭᠤᠴᠤᠳ ᠤᠨ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ | ᠳᠤᠷᠠᠳᠴᠠᠢ ᠃ | ᠬᠤᠷᠠᠯ ᠠᠴᠠ ᠪᠦᠭᠦ ᠤᠯᠤᠰ ᠤᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠨᠠᠷᠢᠨ ᠪᠢᠴᠢᠭ ᠤᠨ | ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠦ ᠂ ᠡᠯ᠎ᠡ ᠱᠠᠲᠤᠨ ᠤ ᠠᠯᠪᠠᠨ ᠲᠢᠩᠬᠢᠮ ︵ | ᠭᠡᠷ︶ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠠᠯᠪᠠᠨ ᠲᠢᠩᠬᠢᠮ ᠤᠨ ᠠᠵᠢᠯ ᠤᠨ ᠲᠤᠬᠠᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠪᠠᠲᠤ ᠦᠢᠯᠡᠳᠦᠯᠭᠡᠵᠢᠭᠦᠯᠵᠦ ᠂ ᠲᠤᠭ ᠲᠡᠮᠳᠡᠭ | ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠵᠦ ᠂ ᠰᠤᠷᠲᠠᠯ ᠢᠶᠠᠨ ᠰᠠᠶᠢᠵᠢᠷᠠᠭᠤᠯᠬᠤ ᠂ ᠶᠣᠰᠣ ᠳᠦᠷᠢᠮ | ᠲᠣᠭᠲᠠᠭᠠᠬᠤ ᠂ ᠰᠠᠬᠢᠯᠭ᠎ᠠ ᠪᠠᠲᠤ ᠶᠢ ᠰᠠᠬᠢᠬᠤ ᠶᠢ ᠲᠦᠷᠦᠭᠦᠯᠡᠨ ᠬᠢᠵᠦ ᠂ ᠴᠢᠨᠠᠷ ᠰᠠᠶᠢᠲᠠᠢ ᠪᠠᠷ ᠠᠵᠢᠯᠯᠠᠭᠠᠨ ᠢ | ᠪᠠᠲᠤᠯᠠᠬᠤ ᠂ ᠵᠣᠬᠢᠴᠠᠭᠤᠯᠭ᠎ᠠ ᠶᠢ ᠠᠳᠬᠤᠬᠤ ᠂ ᠨᠠᠶᠢᠳᠠᠪᠤᠷᠢᠵᠢᠭᠤᠯᠤᠯᠲᠠ ᠶᠢ ᠠᠬᠢᠭᠤᠯᠵᠤ ᠂ ᠰᠠᠶᠢᠨ ᠵᠥᠪᠯᠡᠭᠴᠢ | ᠲᠤᠰᠠᠯᠠᠭᠴᠢ ᠪᠣᠯᠵᠤ ᠂ ᠨᠠᠮ ᠢ ᠰᠠᠨᠠᠭ᠎ᠠ ᠠᠮᠤᠷ ᠂ ᠠᠷᠠᠳ ᠲᠦᠮᠡᠨ ᠢ ᠰᠡᠳᠬᠢᠯ ᠬᠠᠨᠤᠮᠵᠢᠲᠠᠶ ᠪᠠᠶᠢᠯᠭᠠᠬᠤ ᠵᠢᠱᠢᠶᠡᠴᠢ | ᠪᠠᠶᠢᠭᠤᠯᠭ᠎ᠠ ᠶᠢ ᠴᠢᠷᠮᠠᠶᠢᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ ᠃ | | | |