ᠣᠶᠢᠷ᠎ᠠ ᠳᠤ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠪᠠᠶᠢᠩᠭᠤ ᠶᠢᠨ ᠬᠤᠷᠠᠯ ᠵᠢᠴᠢ ᠠᠵᠤ ᠠᠬᠤᠢ ᠶᠢᠨ ᠪᠠᠶᠢᠭᠤᠯᠤᠯ ᠪᠠ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯ ᠤᠨ | ᠥᠭᠡᠷᠡᠴᠢᠯᠡᠯᠲᠡ ᠶᠢᠨ ᠲᠤᠰᠬᠠᠢ ᠳᠤᠭᠤᠶᠢᠯᠠᠩ ᠤᠨ ᠬᠤᠷᠠᠯ ᠂ ᠢᠳᠡᠭᠡᠨ ᠪᠠ ᠡᠮ ᠤᠨ ᠵᠦᠢᠯᠡᠰ ᠤᠨ ᠠᠮᠤᠷ | ᠲᠦᠪᠰᠢᠨ ᠤ ᠵᠥᠪᠯᠡᠯ ᠤᠨ ᠬᠤᠷᠠᠯ ᠢ ᠡᠷᠭᠢᠯᠡᠨ ᠬᠤᠷᠠᠯᠳᠤᠭᠤᠯᠪᠠ ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠤᠯᠠᠮᠵᠢᠯᠠᠨ ᠰᠤᠷᠤᠯᠴᠠᠵᠤ ᠂ ︽ᠠᠷᠪᠠᠨ ᠲᠠᠪᠤᠳᠤᠭᠠᠷ ᠲᠠᠪᠤᠨ ᠵᠢᠯ︾ ᠢ ᠲᠥᠯᠥᠪᠵᠢᠭᠦᠯᠬᠦ ᠳᠤ ᠨᠠᠮ | ᠪᠣᠯᠣᠨ ᠤᠯᠤᠰ ᠤᠨ ᠬᠡᠷᠡᠭᠴᠡᠭᠡ ᠂ ᠥᠪᠥᠷ ᠮᠣᠩᠭᠤᠯ ᠤᠨ ᠴᠢᠳᠠᠪᠤᠷᠢ ᠶᠢᠨ ᠲᠣᠭᠤᠷᠢᠨ ᠳᠤ ᠂ ᠶᠡᠷᠦᠩᠬᠡᠢ ᠱᠦᠵᠢ ᠶᠢᠨ | ᠥᠪᠥᠷ ᠮᠣᠩᠭᠤᠯ ᠳᠤ ᠲᠣᠭᠲᠠᠭᠠᠵᠤ ᠥᠭᠭᠦᠭᠰᠡᠨ ᠪᠠᠶᠢᠯᠳᠤᠬᠤ ᠪᠣᠳᠣᠯᠭ᠎ᠠ ᠶᠢᠨ ᠪᠠᠶᠢᠷᠢ ᠲᠣᠭᠲᠠᠭᠠᠯᠲᠠ ᠲᠠᠢ ᠨᠢᠭᠲᠠ | ᠤᠶᠠᠯᠳᠤᠭᠤᠯᠵᠤ ᠂ ᠤᠯᠤᠰ ᠤᠨ ᠶᠠᠮᠤᠨ ᠵᠥᠪᠯᠡᠯ ᠂ ᠠᠯᠢ ᠣᠯᠠᠨ ᠬᠦᠷᠢᠶᠡᠨ ᠳᠤ ᠬᠥᠭᠵᠢᠯᠲᠡ ᠶᠢᠨ ᠬᠠᠷᠠᠯᠲᠠ | ᠡᠭᠦᠷᠭᠡ ᠶᠢ ᠨᠢᠭᠡᠳ ᠨᠢᠭᠡ ᠪᠠᠷ ᠰᠢᠨᠵᠢᠯᠡᠬᠦ ᠤᠬᠠᠭᠠᠨᠴᠢ ᠪᠠᠷ ᠲᠣᠭᠲᠠᠭᠠᠬᠤ ᠬᠡᠷᠡᠭᠲᠡᠢ ᠃ ᠵᠣᠬᠢᠶᠠᠮᠠᠯ ᠣᠶᠤᠨ | ᠴᠢᠳᠠᠪᠤᠷᠢ ᠶᠢᠨ ᠲᠠᠯ᠎ᠠ ᠪᠠᠷ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ | ᠲᠦᠷᠭᠡᠳᠬᠡᠵᠦ ᠂ ᠬᠡᠯᠬᠢᠶᠡᠵᠢᠭᠰᠡᠨ ᠰᠡᠳᠬᠢᠬᠦᠢ ᠪᠠᠷ ᠵᠣᠬᠢᠶᠠᠮᠠᠯ ᠣᠶᠤᠨ ᠴᠢᠳᠠᠪᠤᠷᠢ ᠶᠢᠨ ᠠᠵᠤ ᠦᠢᠯᠡᠰ ᠢ | ᠴᠣᠭᠴᠠᠯᠠᠵᠤ ᠂ ᠤᠯᠠᠮᠵᠢᠯᠠᠯᠲᠤ ᠠᠵᠤ ᠦᠢᠯᠡᠰ ᠤᠨ ᠣᠶᠤᠨᠴᠢᠯᠠᠭᠰᠠᠨ ᠥᠭᠡᠷᠡᠴᠢᠯᠡᠯᠲᠡ ᠶᠢᠨ ᠡᠷᠴᠢᠮ ᠢ | ᠴᠢᠩᠭᠠᠷᠠᠭᠤᠯᠬᠤ ᠬᠡᠷᠡᠭᠲᠡᠢ ᠃ ᠠᠶᠤᠯᠭᠦᠢ ᠦᠢᠯᠡᠳᠪᠦᠷᠢᠯᠡᠯ ᠤᠨ ︽ᠭᠤᠷᠪᠠ ᠶᠢ ᠬᠠᠮᠢᠶᠠᠷᠬᠤ ᠭᠤᠷᠪᠠᠨ ᠡᠷᠬᠡᠪᠰᠢ︾ ᠶᠢ | ᠪᠠᠷᠢᠮᠲᠠᠯᠠᠨ ᠂ ᠠᠰᠠᠭᠤᠳᠠᠯ ᠭᠡᠮ ᠰᠣᠭᠤᠭ ᠢ ᠪᠦᠭᠦ ᠶᠠᠪᠤᠴᠠ ᠪᠠᠷ ᠨᠢ ᠪᠢᠲᠡᠭᠦᠮᠵᠢᠯᠡᠨ ᠴᠡᠭᠴᠡᠯᠡᠨ ᠵᠠᠰᠠᠵᠤ ᠂ ᠬᠥᠮᠥᠨ | ᠬᠠᠷ᠎ᠠ ᠣᠯᠠᠨ ᠴᠤᠭᠯᠠᠷᠠᠬᠤ ᠭᠠᠵᠠᠷ ᠲᠠᠯᠠᠪᠤᠷ ᠤᠨ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠪᠠ ᠣᠶ ᠰᠢᠭᠤᠢ | ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠰᠠᠶᠢᠲᠤᠷ ᠠᠳᠬᠤᠵᠤ ᠂ ᠣᠳᠣᠬᠠᠨ ᠤ | ᠲᠣᠭᠲᠠᠭᠤᠨ ᠪᠠᠶᠢᠳᠠᠯ ᠢ ᠪᠦᠭᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ ᠤᠨ ᠱᠠᠯᠠᠪᠳᠠᠭᠤᠯᠤᠨ ᠪᠠᠶᠢᠴᠠᠭᠠᠵᠤ ᠵᠢᠭᠠᠵᠤ | ᠭᠠᠷᠭᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠢ ᠰᠤᠳᠤᠯᠵᠤ ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠬᠤ ᠂ ᠠᠵᠤ ᠠᠬᠤᠶᠢᠯᠠᠯ ᠢ ᠲᠣᠭᠲᠠᠪᠤᠷᠢᠵᠢᠭᠤᠯᠬᠤ ᠂ ᠵᠠᠬ᠎ᠠ ᠳᠡᠯᠭᠡᠭᠦᠷ ᠢ ᠲᠣᠭᠲᠠᠪᠤᠷᠢᠵᠢᠭᠤᠯᠬᠤ ᠂ | ᠵᠢᠱᠢᠯᠲᠡ ᠶᠢ ᠲᠣᠭᠲᠠᠪᠤᠷᠢᠵᠢᠭᠤᠯᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠠᠵᠢᠯ ᠣᠯᠭᠤᠯᠲᠠ ᠶᠢ ᠠᠬᠢᠭᠤᠯᠬᠤ | ᠠᠵᠢᠯᠯᠠᠭ᠎ᠠ ᠪᠣᠯᠣᠨ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ᠰᠠᠶᠢᠲᠤᠷ ᠥᠷᠨᠢᠭᠦᠯᠵᠦ ᠂ ᠠᠷᠠᠳ ᠤᠨ | ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ ᠂ ᠡᠵᠡᠩᠨᠡᠯᠲᠡ ᠶᠢᠨ ᠭᠤᠣᠯ ᠴᠣᠭᠴᠠ ᠶᠢᠨ ᠨᠡᠩ ᠰᠠᠶᠢᠲᠤᠷ | ᠬᠥᠭᠵᠢᠬᠦ ᠳᠤ ᠬᠠᠪᠰᠤᠷᠬᠤ ᠬᠡᠷᠡᠭᠲᠡᠢ ᠃ ᠬᠢᠯᠢ ᠬᠢᠵᠠᠭᠠᠷ ᠢ ᠲᠣᠭᠲᠠᠪᠤᠷᠢᠵᠢᠭᠤᠯᠬᠤ ᠬᠢᠯᠢ ᠬᠢᠵᠠᠭᠠᠷ ᠢ ᠪᠠᠬᠢᠵᠢᠭᠦᠯᠬᠦ | ᠬᠢᠯᠢ ᠬᠢᠵᠠᠭᠠᠷ ᠢ ᠬᠥᠭᠵᠢᠭᠦᠯᠬᠦ ᠠᠵᠢᠯ ᠢ ᠰᠠᠶᠢᠲᠤᠷ ᠬᠢᠵᠦ ᠂ ᠬᠢᠯᠢ ᠬᠢᠵᠠᠭᠠᠷ ᠣᠷᠣᠨ ᠤ ᠠᠷᠠᠳ ᠤᠨ ᠠᠮᠢᠳᠤᠷᠠᠯ ᠤᠨ | ᠳᠤᠲᠠᠭᠤᠳᠠᠯ ᠢ ᠲᠦᠷᠭᠡᠨ ᠨᠥᠬᠦᠪᠦᠷᠢᠯᠡᠬᠦ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠠᠵᠢᠯᠯᠠᠭ᠎ᠠ ᠶᠢᠨ ᠬᠤᠯᠪᠣᠭᠳᠠᠯ | ᠪᠦᠬᠦᠢ ᠲᠥᠷᠥ ᠶᠢᠨ ᠪᠣᠳᠣᠯᠭ᠎ᠠ ᠶᠢᠨ ᠪᠢᠴᠢᠭ ᠮᠠᠲ᠋ᠧᠷᠢᠶᠠᠯ ᠢ ᠰᠤᠳᠤᠯᠵᠤ ᠂ ᠭᠦᠭᠡᠬᠤᠲᠠ ᠪᠤᠭᠤᠲᠤ ᠣᠷᠳᠣᠰ | ᠤᠯᠠᠭᠠᠨᠴᠠᠪ ᠤᠨ ᠬᠢᠨ ᠨᠢᠭᠡ ᠴᠣᠭᠴᠠᠵᠢᠭᠤᠯᠤᠭᠰᠠᠨ ᠦᠷ᠎ᠡ ᠪᠦᠲᠦᠮᠵᠢ ᠪᠠᠨ ᠥᠷᠭᠡᠳᠬᠡᠵᠦ ᠂ ᠰᠠᠭᠤᠷᠢ | ᠲᠥᠬᠦᠭᠡᠷᠦᠮᠵᠢ ᠶᠢ ᠲᠦᠷᠭᠡᠨ ᠨᠡᠪᠲᠡᠷᠡᠭᠦᠯᠬᠦ ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠳᠥᠭᠦᠮ ᠳᠥᠲᠡ | ᠪᠤᠯᠭᠠᠬᠤ ᠂ ᠠᠵᠤ ᠦᠢᠯᠡᠰ ᠢ ᠬᠥᠭᠵᠢᠭᠦᠯᠬᠦ ᠳᠤ ᠬᠠᠮᠵᠢᠯᠴᠠᠨ ᠪᠦᠲᠦᠮᠵᠢᠲᠡᠶ ᠪᠠᠶᠢᠬᠤ ᠶᠢ ᠠᠬᠢᠭᠤᠯᠬᠤ ᠬᠡᠷᠡᠭᠲᠡᠢ ᠃ | ᠵᠡᠭᠦᠨ ᠬᠡᠰᠡᠭ ᠤᠨ ᠠᠶᠢᠮᠠᠭ ᠬᠤᠲᠠ ᠨᠤᠭᠤᠳ ᠠᠰᠠᠭᠤᠳᠠᠯ ᠢᠶᠠᠷ ᠤᠳᠤᠷᠢᠳᠤᠮᠵᠢ ᠪᠣᠯᠭᠠᠨ ᠬᠥᠭᠵᠢᠭᠦᠯᠦᠨ | ᠮᠠᠨᠳᠤᠭᠤᠯᠬᠤ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ ᠂ ᠡᠨᠧᠷᠭᠢ ᠂ ᠮᠠᠯ ᠠᠵᠤ ᠠᠬᠤᠢ ᠲᠠᠷᠢᠶᠠᠯᠠᠩ ᠵᠡᠷᠭᠡ | ᠬᠦᠷᠢᠶᠡᠨ ᠳᠠᠬᠢ ᠥᠭᠡᠷᠡᠴᠢᠯᠡᠯᠲᠡ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠢᠳᠡᠭᠡᠨ ᠪᠠ ᠡᠮ ᠤᠨ ᠵᠦᠢᠯᠡᠰ ᠤᠨ ᠠᠮᠤᠷ ᠲᠦᠪᠰᠢᠨ ᠤ ᠠᠵᠢᠯ ᠤᠨ ᠬᠠᠷᠢᠭᠤ | ᠮᠡᠳᠡᠭᠦᠯᠦᠯᠲᠡ ᠶᠢ ᠰᠣᠨᠣᠰᠴᠤ ᠂ ︽ᠲᠦᠷᠪᠡᠨ ᠬᠠᠮᠤᠭ ᠤᠨ ᠴᠢᠩᠭ᠎ᠠ︾ ᠱᠠᠭᠠᠷᠳᠠᠯᠭ᠎ᠠ ᠪᠠᠷ ᠪᠠᠷᠢᠮᠵᠢᠶᠠᠯᠠᠵᠤ ᠂ | ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠵᠡᠷᠭᠡ ᠭᠤᠣᠯᠳᠠᠯᠭ᠎ᠠ ᠲᠠᠢ ᠬᠦᠷᠢᠶ᠎ᠡ ᠶᠢ ᠪᠠᠲᠤ | ᠴᠢᠩᠭ᠎ᠠ ᠠᠩᠬᠠᠷᠴᠤ ᠂ ᠬᠤᠷᠢᠭ᠎ᠠ ᠱᠤᠭᠤᠮ ᠢ ᠲᠣᠳᠣᠷᠬᠠᠢ ᠢᠯᠭᠠᠵᠤ ᠂ ᠬᠠᠤᠯᠢ ᠶᠢ ᠴᠢᠩᠭ᠎ᠠ ᠬᠡᠷᠡᠭᠵᠢᠭᠦᠯᠵᠦ ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠬᠤ ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠪᠠᠰᠠ ᠵᠠᠰᠠᠭ ᠵᠠᠬᠢᠷᠭᠠᠨ ᠤ ᠡᠷᠬᠡ ᠶᠢᠨ ᠨᠠᠷᠢᠨ ᠲᠠᠩᠰᠠ ᠶᠢᠨ ᠬᠠᠮᠢᠶᠠᠷᠤᠯᠲᠠ ᠂ ᠠᠮᠢ ᠠᠬᠤᠢ | ᠣᠷᠴᠢᠨ ᠲᠣᠭᠤᠷᠢᠨ ᠢ ᠬᠤᠬᠢᠷᠠᠭᠤᠯᠤᠭᠰᠠᠨ ᠲᠥᠯᠥᠪᠦᠷᠢ ᠂ ᠴᠠᠭᠢᠯᠭᠠᠨ ᠬᠦᠴᠦᠨ ᠤ ᠠᠷᠠᠯᠵᠢᠶᠠᠨ ᠤ ᠲᠥᠷᠥ ᠶᠢᠨ | ᠪᠣᠳᠣᠯᠭ᠎ᠠ ᠶᠢᠨ ᠥᠭᠡᠷᠡᠴᠢᠯᠡᠯᠲᠡ ᠂ ᠣᠷᠣᠨ ᠤ ᠬᠠᠷᠢᠶ᠎ᠠ ᠪᠦᠬᠦᠢ ᠤᠯᠤᠰ ᠤᠨ ᠥᠮᠴᠢᠯᠡᠯ ᠤᠨ ᠠᠵᠤ ᠠᠬᠤᠶᠢᠯᠠᠯ ᠢ | ᠳᠠᠭᠢᠨ ᠵᠣᠬᠢᠶᠠᠨ ᠪᠠᠶᠢᠭᠤᠯᠬᠤ ᠂ ᠵᠠᠰᠠᠭ ᠤᠨ ᠣᠷᠳᠣᠨ ᠤ ᠪᠡᠯᠡ ᠣᠷᠣᠭᠤᠯᠤᠯᠲᠠ ᠶᠢᠨ ᠲᠥᠷᠥᠯ ᠵᠦᠢᠯ ᠢ | ᠢᠯᠭᠠᠷᠠᠭᠤᠯᠤᠨ ᠵᠢᠷᠤᠮᠵᠢᠭᠤᠯᠬᠤ ᠠᠵᠢᠯ ᠵᠢᠴᠢ ᠣᠷᠣᠨ ᠨᠤᠲᠤᠭ ᠤᠨ ᠴᠢᠨᠠᠷᠲᠠᠢ 10 ᠬᠤᠪᠢ ᠬᠠᠤᠯᠢ ᠲᠣᠭᠲᠠᠭᠠᠯ ᠢ | ᠲᠣᠭᠲᠠᠭᠠᠵᠤ ᠵᠠᠰᠠᠪᠤᠷᠢ ᠣᠷᠣᠭᠤᠯᠬᠤ ᠶᠠᠪᠤᠳᠠᠯ ᠢ ᠰᠤᠳᠤᠯᠪᠠ ᠃ | |