5 ᠰᠠᠷ᠎ᠠ ᠶᠢᠨ 12 ᠤᠨ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠪᠤᠭᠤᠲᠤ ᠳᠤ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠂ ᠶᠠᠮᠤᠨ ᠤ ᠰᠠᠶᠢᠳ ᠸᠠᠩ ᠰᠢᠶᠣᠣ ᠫᠢᠩ ᠲᠠᠢ ᠠᠭᠤᠯᠵᠠᠪᠠ ᠃ | | | | | | ᠰᠦᠨ ᠱᠤᠤ ᠴᠧᠩ ᠸᠠᠩ ᠰᠢᠶᠣᠣ ᠫᠢᠩ ᠨᠠᠷ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ ᠂ | ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠤᠷᠳᠤ ᠬᠤᠭᠤᠴᠠᠭᠠᠨ ᠤ | ᠲᠤᠷᠰᠢ ᠥᠪᠥᠷ ᠮᠣᠩᠭᠤᠯ ᠳᠤ ᠦᠵᠡᠭᠦᠯᠦᠭᠰᠡᠨ ᠳᠡᠮᠵᠢᠯᠭᠡ ᠬᠠᠪᠰᠤᠷᠤᠯᠭ᠎ᠠ ᠳᠤ ᠲᠠᠯᠠᠷᠬᠠᠵᠤ ᠪᠠᠶᠢᠬᠤ ᠪᠠᠨ | ᠢᠯᠡᠳᠬᠡᠭᠰᠡᠨ ᠪᠥᠭᠡᠳ ᠥᠪᠡᠷᠲᠡᠭᠡᠨ ᠵᠠᠰᠠᠬᠤ ᠣᠷᠣᠨ ᠠᠴᠠ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠤᠭᠰᠠᠨ | ᠬᠤᠯᠪᠣᠭᠳᠠᠯ ᠪᠦᠬᠦᠢ ᠪᠠᠶᠢᠳᠠᠯ ᠢ ᠲᠠᠨᠢᠯᠴᠠᠭᠤᠯᠪᠠ ᠃ ᠲᠡᠷᠡ ᠂ ᠥᠪᠥᠷ ᠮᠣᠩᠭᠤᠯ ᠤᠨ ᠠᠵᠢᠯ ᠣᠯᠭᠤᠯᠲᠠ ᠶᠢᠨ | ᠪᠠᠶᠢᠳᠠᠯ ᠬᠠᠷᠢᠴᠠᠩᠭᠤᠢ ᠪᠤᠳᠤᠯᠢᠶᠠᠨᠲᠠᠢ ᠪᠠᠶᠢᠨ᠎ᠠ ᠂ ᠠᠵᠢᠯ ᠣᠯᠭᠤᠯᠲᠠ ᠶᠢᠨ ᠡᠨᠡ ᠬᠦ ᠶᠡᠭᠡ ᠶᠠᠪᠤᠳᠠᠯ ᠢ ᠰᠠᠶᠢᠲᠤᠷ | ᠬᠢᠬᠦ ᠶᠢᠨ ᠲᠥᠯᠥᠭᠡ ᠂ ᠡᠨᠡ ᠵᠢᠯ ᠪᠢᠳᠡ ᠠᠵᠢᠯ ᠣᠯᠭᠤᠯᠲᠠ ᠶᠢ ᠠᠬᠢᠭᠤᠯᠬᠤ ᠠᠵᠢᠯᠯᠠᠭ᠎ᠠ ᠶᠢ ᠪᠠᠶᠢᠷᠢᠯᠠᠭᠤᠯᠤᠨ | ᠥᠷᠨᠢᠭᠦᠯᠵᠦ ᠂ ᠠᠷᠭ᠎ᠠ ᠪᠦᠭᠦᠨ ᠢ ᠰᠦᠪᠡᠭᠴᠢᠯᠡᠨ ᠠᠵᠢᠯ ᠣᠯᠭᠤᠯᠲᠠ ᠶᠢᠨ ᠠᠵᠢᠯ ᠤᠨ ᠪᠠᠶᠢᠷᠢ ᠶᠢ ᠨᠡᠮᠡᠭᠳᠡᠭᠦᠯᠵᠦ ᠂ | ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠪᠠ ᠃ ᠪᠣᠳᠠᠲᠠᠢ ᠠᠵᠢᠯ ᠤᠨ ᠳᠤᠮᠳᠠ ᠂ ᠪᠢᠳᠡ ᠠᠵᠢᠯ | ᠣᠯᠭᠤᠬᠤ ᠤᠳᠤᠷᠢᠳᠤᠮᠵᠢ ᠶᠢ ᠴᠢᠩᠭᠠᠳᠬᠠᠬᠤ ᠪᠠᠷ ᠳᠠᠮᠵᠢᠭᠤᠯᠤᠨ ᠶᠡᠭᠡ ᠳᠡᠭᠡᠳᠦ ᠰᠤᠷᠭᠠᠭᠤᠯᠢ ᠶᠢᠨ ᠲᠤᠰᠬᠠᠢ | ᠮᠡᠷᠭᠡᠵᠢᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠵᠦ ᠲᠡᠭᠦᠰᠬᠦ ᠰᠤᠷᠤᠬᠴᠢᠳ ᠤᠨ ᠠᠵᠢᠯ ᠣᠯᠬᠤ ᠠᠷᠭ᠎ᠠ ᠵᠠᠮ ᠢ | ᠥᠷᠭᠡᠳᠬᠡᠵᠦ ᠂ ᠠᠵᠢᠯ ᠣᠯᠭᠤᠬᠤ ᠪᠠᠷ ᠲᠡᠳᠬᠦᠮᠵᠢ ᠶᠢ ᠣᠷᠣᠯᠠᠭᠤᠯᠬᠤ ᠪᠠᠷ ᠳᠠᠮᠵᠢᠭᠤᠯᠤᠨ ᠮᠠᠯᠴᠢᠨ | ᠲᠠᠷᠢᠶᠠᠴᠢᠳ ᠤᠨ ᠲᠤᠬᠠᠢ ᠶᠢᠨ ᠭᠠᠵᠠᠷ ᠲᠠᠭᠠᠨ ᠠᠵᠢᠯ ᠣᠯᠵᠤ ᠣᠷᠣᠯᠭ᠎ᠠ ᠪᠠᠨ ᠨᠡᠮᠡᠭᠳᠡᠭᠦᠯᠬᠦ ᠶᠢ ᠳᠠᠶᠢᠴᠢᠯᠠᠵᠤ ᠂ | ᠠᠵᠤ ᠠᠬᠤᠶᠢᠯᠠᠯ ᠤᠨ ᠴᠠᠯᠢᠩ ᠥᠷᠢᠲᠦᠬᠦ ᠠᠰᠠᠭᠤᠳᠠᠯ ᠢ ᠶᠠᠭ ᠬᠦᠴᠦᠲᠡᠢ ᠠᠷᠭ᠎ᠠ ᠬᠡᠮᠵᠢᠶ᠎ᠡ ᠪᠠᠷ ᠴᠡᠭᠴᠡᠯᠡᠨ ᠵᠠᠰᠠᠵᠤ | ᠪᠠᠶᠢᠨ᠎ᠠ ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ | ᠥᠩᠭᠡᠷᠡᠭᠰᠡᠨ ᠲᠠᠢ ᠪᠠᠨ ᠠᠳᠠᠯᠢ ᠪᠠᠷ ᠥᠪᠥᠷ ᠮᠣᠩᠭᠤᠯ ᠳᠤ ᠵᠢᠯᠣᠭᠤᠳᠤᠯᠭ᠎ᠠ ᠪᠠ ᠳᠡᠮᠵᠢᠯᠭᠡ ᠦᠵᠡᠭᠦᠯᠵᠦ ᠂ ᠪᠢᠳᠡᠨ ᠢ | ᠬᠠᠪᠰᠤᠷᠤᠨ ᠠᠵᠢᠯ ᠣᠯᠭᠤᠯᠲᠠ ᠶᠢᠨ ᠠᠵᠢᠯ ᠢ ᠰᠠᠶᠢᠲᠤᠷ ᠬᠢᠵᠦ ᠂ ᠠᠵᠢᠯ ᠣᠯᠭᠤᠯᠲᠠ ᠶᠢᠨ ᠳᠤᠲᠠᠭᠤᠳᠠᠯ ᠢ | ᠨᠥᠬᠦᠪᠦᠷᠢᠯᠡᠬᠦ ᠶᠢ ᠬᠦᠰᠡᠵᠦ ᠪᠠᠶᠢᠨ᠎ᠠ ᠃ ᠥᠪᠥᠷ ᠮᠣᠩᠭᠤᠯ ᠳᠤ ᠴᠢᠳᠠᠪᠤᠷᠢᠲᠠᠨ ᠲᠤᠲᠠᠭᠳᠠᠵᠤ ᠪᠤᠶ ᠂ ᠬᠥᠮᠥᠨ ᠤ | ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠴᠢᠳᠠᠪᠤᠷᠢᠲᠠᠨ ᠲᠠᠲᠠᠬᠤ ᠂ ᠬᠥᠮᠥᠵᠢᠭᠦᠯᠬᠦ ᠂ | ᠦᠯᠡᠳᠡᠭᠡᠬᠦ ᠂ ᠬᠡᠷᠡᠭᠯᠡᠬᠦ ᠲᠠᠯ᠎ᠠ ᠪᠠᠷ ᠪᠢᠳᠡᠨ ᠳᠤ ᠣᠯᠠᠨ ᠰᠠᠶᠢᠨ ᠠᠷᠭ᠎ᠠ ᠭᠠᠷᠭᠠᠨ ᠥᠭᠴᠦ ᠂ ᠪᠢᠳᠡᠨ ᠢ ᠬᠠᠪᠰᠤᠷᠤᠨ | ᠴᠢᠳᠠᠪᠤᠷᠢᠲᠠᠨ ᠤ ᠬᠥᠭᠵᠢᠯᠲᠡ ᠶᠢᠨ ᠬᠦᠴᠢᠷ ᠠᠰᠠᠭᠤᠳᠠᠯ ᠢ ᠰᠢᠢᠳᠪᠦᠷᠢᠯᠡᠬᠦ ᠶᠢ ᠬᠦᠰᠡᠵᠦ ᠪᠠᠶᠢᠨ᠎ᠠ ᠭᠡᠪᠡ ᠃ | ᠸᠠᠩ ᠰᠢᠶᠣᠣ ᠫᠢᠩ ᠡᠩ ᠲᠡᠷᠢᠭᠦᠨ ᠳᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠠ ᠵᠠᠰᠠᠭ ᠤᠨ ᠣᠷᠳᠣᠨ ᠤ ᠣᠷᠳᠣ ᠬᠤᠭᠤᠴᠠᠭᠠᠨ ᠤ ᠲᠤᠷᠰᠢ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠵᠢᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ | ᠢᠯᠡᠳᠬᠡᠪᠡ ᠃ ᠲᠡᠷᠡ ᠂ ᠡᠨᠡ ᠤᠳᠠᠭ᠎ᠠ ᠶᠢᠨ ᠪᠠᠶᠢᠴᠠᠭᠠᠨ ᠰᠤᠳᠤᠯᠤᠯᠲᠠ ᠳᠤᠮᠳᠠ ᠪᠢᠳᠡ ᠥᠪᠥᠷ ᠮᠣᠩᠭᠤᠯ ᠤᠨ | ᠠᠵᠤ ᠠᠬᠤᠢ ᠨᠡᠶᠢᠭᠡᠮ ᠤᠨ ᠡᠯ᠎ᠡ ᠵᠦᠢᠯ ᠤᠨ ᠠᠵᠢᠯ ᠦᠢᠯᠡᠰ ᠤᠷᠲᠤ ᠬᠤᠭᠤᠴᠠᠭ᠎ᠠ ᠪᠠᠷ ᠬᠥᠭᠵᠢᠵᠦ ᠂ ᠥᠪᠡᠷᠲᠡᠭᠡᠨ | ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ | ᠵᠡᠷᠭᠡ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠠᠵᠢᠯ ᠢ ᠳᠡᠭᠡᠳᠦ ᠬᠡᠮᠵᠢᠶ᠎ᠡ ᠪᠠᠷ | ᠠᠩᠬᠠᠷᠴᠤ ᠂ ᠠᠯᠢ ᠣᠯᠠᠨ ᠠᠷᠭ᠎ᠠ ᠬᠡᠮᠵᠢᠶ᠎ᠡ ᠶᠢ ᠬᠡᠷᠡᠭᠵᠢᠭᠦᠯᠵᠦ ᠂ ᠢᠯᠡᠳᠲᠡ ᠦᠷ᠎ᠡ ᠪᠦᠲᠦᠮᠵᠢ ᠣᠯᠣᠭᠰᠠᠨ ᠢ | ᠪᠡᠶᠡᠴᠢᠯᠡᠨ ᠮᠡᠳᠡᠷᠡᠪᠡ ᠃ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ | ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ | ᠰᠤᠷᠤᠯᠴᠠᠨ ᠲᠤᠭᠤᠰᠢᠯᠠᠭᠤᠯᠵᠤ ᠂ ᠥᠪᠥᠷ ᠮᠣᠩᠭᠤᠯ ᠤᠨ ᠬᠥᠭᠵᠢᠯᠲᠡ ᠶᠢ ᠦᠷᠭᠦᠯᠵᠢᠯᠡᠨ ᠳᠡᠮᠵᠢᠵᠦ ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠵᠡᠷᠭᠡ ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠠᠬᠢᠭᠤᠯᠬᠤ ᠂ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠪᠣᠯᠪᠠᠰᠤᠷᠠᠯ ᠢ ᠴᠢᠩᠭᠠᠳᠬᠠᠬᠤ ᠂ ᠴᠢᠳᠠᠪᠤᠷᠢᠲᠠᠨ ᠤ ᠲᠤᠯᠭᠠᠭᠤᠷᠢᠯᠠᠯ ᠢ | ᠴᠢᠩᠭᠠᠳᠬᠠᠬᠤ ᠂ ᠴᠠᠯᠢᠩ ᠥᠷᠢᠲᠦᠬᠦ ᠶᠢ ᠵᠠᠰᠠᠬᠤ ᠵᠡᠷᠭᠡ ᠲᠠᠯ᠎ᠠ ᠪᠠᠷ ᠡᠷᠴᠢᠮ ᠢᠶᠠᠨ ᠴᠢᠩᠭᠠᠷᠠᠭᠤᠯᠵᠤ ᠂ ᠥᠪᠥᠷ | ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠳᠤ ᠬᠤᠪᠢ ᠨᠡᠮᠡᠷᠢ ᠦᠵᠡᠭᠦᠯᠦᠨ᠎ᠡ ᠭᠡᠪᠡ ᠃ | ᠥᠪᠡᠷᠲᠡᠭᠡᠨ ᠵᠠᠰᠠᠬᠤ ᠣᠷᠣᠨ ᠤ ᠤᠳᠤᠷᠢᠳᠤᠯᠭ᠎ᠠ ᠳ᠋ᠢᠩ ᠰᠢᠤ ᠹᠧᠩ ᠂ ᠢᠦᠢ ᠯᠢ ᠰᠢᠨ ᠂ ᠴᠢ᠊ ᠪᠠᠲᠤ | ᠠᠭᠤᠯᠵᠠᠯᠲᠠ ᠳᠤ ᠣᠷᠣᠯᠴᠠᠵᠠᠢ ᠃ | |