ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠨᠢ DeepSeek ᠣᠶᠤᠨᠴᠢ ᠬᠠᠪᠰᠤᠷᠤᠭᠴᠢ ᠶᠢ ᠰᠦᠯᠵᠢᠶᠡᠨ ᠳᠤ ᠭᠠᠷᠭᠠᠪᠠ︕
ᠨᠡᠶᠢᠲᠡᠯᠡᠭᠰᠡᠨ ᠴᠠᠭ᠄
2025/5/14
  ᠠᠮᠢᠳᠤᠷᠠᠯ ᠳᠤᠮᠳᠠ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ ᠵᠡᠷᠭᠡ ᠣᠶᠢᠯᠠᠭᠠᠬᠤ ᠦᠭᠡᠢ ᠵᠦᠢᠯ ᠶᠠᠭᠠᠬᠢᠯᠲᠠ ᠴᠤ ᠦᠭᠡᠢ ᠲᠤᠯᠭᠠᠷᠠᠳᠠᠭ ᠂ ᠰᠦᠯᠵᠢᠶᠡᠨ ᠠᠴᠠ ᠬᠠᠶᠢᠭᠠᠳ ᠣᠯᠣᠭᠰᠠᠨ ᠬᠠᠷᠢᠭᠤᠯᠲᠠ ᠨᠢ ᠶᠡᠷᠦ ᠨᠢ ︽ᠬᠥᠮᠦᠨ ᠤ ᠰᠠᠨᠠᠭᠠᠨ ᠳᠤ ᠬᠦᠷᠬᠦ ᠦᠭᠡᠢ︾ ᠪᠠᠶᠢᠵᠤ ᠂ ᠠᠵᠢᠯ ᠠᠴᠠ ᠪᠠᠨ ᠪᠠᠭᠤᠬᠤ ᠴᠠᠭ ᠲᠤ ᠬᠥᠮᠦᠨ ᠤ ᠬᠦᠴᠦᠨ ᠤ ᠦᠢᠯᠡᠴᠢᠯᠡᠭᠡ ᠨᠢ ᠪᠠᠰᠠ ︽ᠭᠥᠯᠢᠶᠡᠨ ᠠᠪᠬᠤ ᠬᠥᠮᠦᠨ ᠦᠭᠡᠢ︾ ᠪᠣᠯᠴᠢᠬᠠᠳᠠᠭ ᠃ ᠡᠭᠦᠨ ᠳᠤ ᠪᠢᠲᠡᠭᠡᠢ ᠵᠣᠪᠠᠭᠠᠷᠠᠢ︕ ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠶᠤᠨᠴᠢ ᠬᠠᠪᠰᠤᠷᠤᠭᠴᠢ ᠶᠢ 5 ᠳ᠋ᠤᠭᠠᠷ ᠰᠠᠷ᠎ᠠ ᠶᠢᠨ 13 ᠤ ᠡᠳᠦᠷ ᠵᠢᠩᠬᠢᠨᠢ ᠪᠠᠷ ᠠᠰᠢᠭᠯᠠᠯᠲᠠ ᠳᠤ ᠣᠷᠤᠭᠤᠯᠤᠯ᠎ᠠ ᠂ ᠡᠮᠴᠢᠯᠡᠭᠡᠨ ᠤ ᠳᠠᠭᠠᠳᠬᠠᠯ ᠤᠨ ᠲᠤᠬᠠᠢ ᠶᠠᠮᠠᠷᠪᠠ ᠠᠰᠠᠭᠤᠳᠠᠯ ᠪᠠᠶᠢᠪᠠᠯ ᠪᠦᠷ ᠲᠠᠨ ᠳᠤ ᠬᠠᠷᠢᠭᠤᠯᠲᠠ ᠥᠭᠬᠦ ᠪᠣᠯᠤᠨ᠎ᠠ ᠃  ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ ᠤᠨ ᠣᠶᠤᠨᠴᠢ ᠬᠠᠪᠰᠤᠷᠤᠭᠴᠢ ᠠᠴᠠ ᠪᠥᠬᠦ ᠣᠷᠣᠨ ᠤ ᠡᠯ᠎ᠡ ᠨᠢᠭᠡᠳᠦᠯᠲᠡᠶ ᠲᠥᠯᠥᠪᠯᠡᠬᠦ ᠲᠤᠭᠤᠷᠢᠭ ᠤᠨ ᠡᠮᠴᠢᠯᠡᠭᠡᠨ ᠤ ᠳᠠᠭᠠᠳᠬᠠᠯ ᠤᠨ ᠲᠥᠷᠥ ᠶᠢᠨ ᠪᠣᠳᠣᠯᠭ᠎ᠠ ᠶᠢ ᠠᠰᠠᠭᠤᠨ ᠯᠠᠪᠯᠠᠬᠤ ᠂ ᠬᠤᠪᠢ ᠬᠥᠮᠦᠨ ᠤ ᠳᠠᠭᠠᠳᠬᠠᠯ ᠳᠤ ᠣᠷᠣᠯᠴᠠᠵᠤ ᠪᠠᠶᠢᠭ᠎ᠠ ᠪᠠᠶᠢᠳᠠᠯ ᠢ ᠠᠰᠠᠭᠤᠨ ᠯᠠᠪᠯᠠᠬᠤ ᠂ ᠣᠨᠳᠣᠤ ᠭᠠᠵᠠᠷ ᠲᠤ ᠡᠪᠡᠳᠴᠢᠨ ᠦᠵᠡᠭᠦᠯᠬᠦ ᠂ ᠡᠮᠴᠢᠯᠡᠭᠡᠨ ᠤ ᠳᠠᠭᠠᠳᠬᠠᠯ ᠤᠨ ᠲᠥᠷᠥᠯ ᠰᠠᠳᠤᠨ ᠤ ᠲᠠᠩᠰᠠᠨ ᠡᠷᠦᠬᠡ ᠵᠡᠷᠭᠡ ᠦᠢᠯᠡᠴᠢᠯᠡᠭᠡ ᠶᠢ ᠭᠦᠢᠴᠡᠳᠭᠡᠵᠦ ᠪᠣᠯᠤᠨ᠎ᠠ ᠃ ᠤᠯᠠᠮᠵᠢᠯᠠᠯᠲᠤ ᠰᠦᠯᠵᠢᠶᠡᠨ ᠳᠡᠭᠡᠷᠡᠬᠢ ᠵᠣᠴᠢᠳ ᠤᠨ ᠦᠢᠯᠡᠴᠢᠯᠡᠭᠡᠨ ᠤ ︽ᠮᠧᠬᠠᠨᠢᠭ ᠮᠠᠶ᠋ᠢᠭ︾ ᠤᠨ ᠬᠠᠷᠢᠭᠤᠯᠲᠠ ᠥᠭᠬᠦ ᠲᠠᠢ ᠠᠳᠠᠯᠢ ᠪᠤᠰᠤ ᠪᠠᠶᠢᠵᠤ ᠂ ᠡᠮᠴᠢᠯᠡᠭᠡᠨ ᠤ ᠳᠠᠭᠠᠳᠬᠠᠯ ᠤᠨ ᠣᠶᠤᠨᠴᠢ ᠬᠠᠪᠰᠤᠷᠤᠭᠴᠢ ᠨᠢ DeepSeek ᠵᠡᠷᠭᠡ ᠭᠤᠣᠯ ᠪᠣᠯᠬᠤ ᠲᠣᠮᠣ ᠬᠡᠯᠪᠡᠷᠢ ᠶᠢᠨ AI ᠵᠠᠭᠪᠤᠷ ᠢ ᠰᠢᠨ᠎ᠡ ᠶᠢ ᠡᠭᠦᠳᠦᠨ ᠬᠡᠷᠡᠭᠯᠡᠵᠦ ᠂ ᠡᠮᠴᠢᠯᠡᠭᠡᠨ ᠤ ᠳᠠᠭᠠᠳᠬᠠᠯ ᠤᠨ ᠲᠤᠬᠠᠶᠢᠯᠠᠭᠰᠠᠨ ᠠᠵᠢᠯ ᠢ ᠭᠦᠨᠵᠡᠭᠡᠢ ᠠᠭᠤᠰᠤᠯᠴᠠᠭᠤᠯᠵᠤ ᠂ ᠳᠠᠭᠠᠳᠬᠠᠯ ᠳᠤ ᠣᠷᠣᠯᠴᠠᠭᠰᠠᠳ ︽ᠬᠠᠷ᠎ᠠ ᠶᠠᠷᠢᠶ᠎ᠠ ︾ ᠪᠠᠷ ᠠᠰᠠᠭᠤᠯᠲᠠ ᠠᠰᠠᠭᠤᠭᠰᠠᠨ ᠴᠤ ᠡᠮᠴᠢᠯᠡᠭᠡᠨ ᠤ ᠳᠠᠭᠠᠳᠬᠠᠯ ᠤᠨ ᠣᠶᠤᠨᠴᠢ ᠬᠠᠪᠰᠤᠷᠤᠭᠴᠢ ᠨᠢ ᠨᠠᠷᠢᠯᠢᠭ ᠣᠨᠣᠴᠠᠲᠠᠢ ᠪᠠᠷ ᠬᠠᠷᠢᠭᠤᠯᠲᠠ ᠥᠭᠴᠦ ᠴᠢᠳᠠᠳᠠᠭ ᠃  ᠲᠡᠷᠡ ᠨᠢ ︽ᠵᠣᠬᠢᠶᠠᠮᠠᠯ ᠣᠶᠣᠨ + ᠡᠮᠴᠢᠯᠡᠭᠡᠨ ᠤ ᠳᠠᠭᠠᠳᠬᠠᠯ ᠤᠨ ᠥᠪᠡᠷᠮᠢᠴᠡ ᠪᠣᠯᠪᠠᠰᠤᠷᠠᠯ︾ ᠢ ᠬᠠᠷᠢᠯᠴᠠᠨ ᠤᠶᠠᠯᠳᠤᠭᠤᠯᠤᠭᠰᠠᠨ ᠵᠠᠭᠪᠤᠷ ᠢ ᠠᠰᠢᠭᠯᠠᠨ ᠂ ᠡᠮᠴᠢᠯᠡᠭᠡᠨ ᠤ ᠳᠠᠭᠠᠳᠬᠠᠯ ᠤᠨ ᠮᠡᠳᠡᠯᠭᠡ ᠶᠢᠨ ᠬᠥᠮᠥᠷᠭᠡ ᠪᠠ ᠠᠵᠢᠯ ᠶᠠᠪᠤᠳᠠᠯ ᠭᠦᠢᠴᠡᠳᠭᠡᠬᠦ ᠬᠡᠯᠡᠨ ᠤ ᠮᠠᠲ᠋ᠧᠷᠢᠶᠠᠯ ᠤᠨ ᠬᠥᠮᠥᠷᠭᠡ ᠳᠤ ᠲᠦᠰᠢᠭᠯᠡᠨ ᠡᠮᠴᠢᠯᠡᠭᠡᠨ ᠤ ᠳᠠᠭᠠᠳᠬᠠᠯ ᠤᠨ ᠲᠣᠮᠣ ᠵᠠᠭᠪᠤᠷ ᠢ ᠪᠠᠶᠢᠭᠤᠯᠵᠤ ᠂ ᠠᠪᠢᠶ᠎ᠠ ᠶᠢ ᠢᠯᠭᠠᠨ ᠲᠠᠨᠢᠬᠤ ᠪᠠ ᠰᠠᠨᠠᠭ᠎ᠠ ᠵᠣᠷᠢᠯᠲᠠ ᠶᠢ ᠣᠶᠢᠯᠠᠭᠠᠬᠤ ᠣᠨᠣᠪᠴᠢ ᠶᠢᠨ ᠨᠣᠷᠮ᠎ᠠ ᠶᠢ ᠶᠡᠭᠡ ᠪᠠᠷ ᠳᠡᠭᠡᠭᠰᠢᠯᠡᠭᠦᠯᠦᠨ ᠂ ᠤᠳᠠᠭ᠎ᠠ ᠪᠦᠷᠢ ᠶᠢᠨ ᠠᠰᠠᠭᠤᠨ ᠯᠠᠪᠯᠠᠯᠲᠠ ᠳᠤ ᠴᠥᠮ ︽ᠰᠧᠺᠦ᠋ᠨ᠋ᠳ᠋ ᠲᠤ ᠬᠠᠷᠢᠭᠤ ᠥᠭᠴᠦ ︾ ᠂ ᠦᠢᠯᠡᠴᠢᠯᠡᠭᠡᠨ ᠤ ᠴᠢᠳᠠᠪᠤᠷᠢ ᠶᠢᠨ ᠳᠡᠭᠡᠭᠰᠢᠯᠡᠯᠲᠡ ᠶᠢ ᠪᠡᠶᠡᠯᠡᠭᠦᠯᠵᠦ ᠂ ᠡᠮᠴᠢᠯᠡᠭᠡᠨ ᠤ ᠳᠠᠭᠠᠳᠬᠠᠯ ᠤᠨ ᠠᠵᠢᠯ ᠶᠠᠪᠤᠳᠠᠯ ᠭᠦᠢᠴᠡᠳᠭᠡᠬᠦ ᠦᠷ᠎ᠡ ᠪᠦᠲᠦᠮᠵᠢ ᠶᠢ ᠢᠯᠡᠳᠲᠡ ᠳᠡᠭᠡᠭᠰᠢᠯᠡᠭᠦᠯᠦᠨ ᠂ ᠣᠯᠠᠨ ᠲᠦᠮᠡᠨ ᠤ ᠡᠮᠴᠢᠯᠡᠭᠡᠨ ᠤ ᠳᠠᠭᠠᠳᠬᠠᠯ ᠤᠨ ᠬᠦᠷᠲᠡᠮᠵᠢ ᠶᠢᠨ ᠲᠥᠷᠥᠭᠳᠡᠯ ᠂ ᠵᠣᠯ ᠵᠢᠷᠭᠠᠯᠲᠤ ᠲᠥᠷᠥᠭᠳᠡᠯ ᠂ ᠠᠮᠤᠷ ᠲᠦᠪᠰᠢᠨ ᠤ ᠲᠥᠷᠥᠭᠳᠡᠯ ᠢ ᠦᠨᠡᠨ ᠬᠦ ᠳᠡᠭᠡᠭᠰᠢᠯᠡᠭᠦᠯᠪᠡ ᠃  ᠳᠣᠣᠷ᠎ᠠ ᠨᠠᠮᠠᠶᠢ ᠳᠠᠭᠠᠭᠠᠳ ᠡᠮᠴᠢᠯᠡᠭᠡᠨ ᠤ ᠳᠠᠭᠠᠳᠬᠠᠯ ᠤᠨ ᠣᠶᠣᠨᠴᠢ ᠬᠠᠪᠰᠤᠷᠤᠭᠴᠢ ᠶᠢ ᠬᠡᠷᠬᠢᠨ ᠬᠡᠷᠡᠭᠯᠡᠬᠦ ᠲᠤᠬᠠᠢ ᠰᠣᠷᠣᠯᠴᠠᠶ᠎ᠠ ᠃
  1. ᡁᠢ ᠹᠦ᠋ ᠪᠤᠤ ᠠᠴᠠ ︽ᠥᠪᠥᠷ ᠮᠣᠩᠭᠤᠯ ᠤᠨ ᠡᠮᠴᠢᠯᠡᠭᠡᠨ ᠤ ᠳᠠᠭᠠᠳᠬᠠᠯ︾ ᠤᠨ ᠵᠢᠵᠢᠭ ᠫᠷᠤᠭ᠍ᠷᠠᠮ ᠢ ᠬᠠᠶᠢᠭᠠᠳ
  1. ᠨᠡᠪᠲᠡᠷᠡᠬᠦ
DeepSeek1.jpg
  2. ︽ᠡᠮᠴᠢᠯᠡᠭᠡᠨ ᠤ ᠳᠠᠭᠠᠳᠬᠠᠯ ᠤᠨ ᠣᠶᠤᠨᠴᠢ ᠬᠠᠪᠰᠤᠷᠤᠭᠴᠢ︾ ᠶᠢ ᠳᠣᠶ᠋ᠢᠬᠤ
DeepSeek2.jpg
  3. ᠠᠪᠢᠶ᠎ᠠ ᠪᠤᠶᠤ ᠦᠰᠦᠭ ᠪᠢᠴᠢᠭ ᠢᠶᠠᠷ ᠠᠰᠠᠭᠤᠨ ᠯᠠᠪᠯᠠᠵᠤ ᠪᠣᠯᠣᠨ᠎ᠠ
DeepSeek3.png
  4. ᠡᠮᠴᠢᠯᠡᠭᠡᠨ ᠤ ᠲᠠᠭᠠᠳᠬᠠᠯ ᠤᠨ ᠦᠯᠡᠲᠡᠪᠦᠷᠢ ᠶᠢ ᠪᠠᠶᠢᠴᠠᠭᠠᠨ ᠯᠠᠪᠯᠠᠬᠤ
DeepSeek4.png
  5. ᠣᠨᠳᠣᠤ ᠭᠠᠵᠠᠷ ᠲᠤ ᠡᠪᠡᠳᠴᠢᠨ ᠦᠵᠡᠭᠦᠯᠦᠭᠰᠡᠨ ᠢ ᠳᠠᠩᠰᠠᠯᠠᠭᠤᠯᠬᠤ
  6. ᠤᠯᠠᠨ ᠵᠦᠢᠯ ᠤᠨ ᠪᠤᠲᠤᠯᠭᠢᠯᠠᠬᠤ ᠵᠠᠭᠪᠤᠷ ᠢ ᠰᠣᠩᠭᠤᠵᠤ ᠪᠣᠯᠣᠨ᠎ᠠ
DeepSeek6.png
 
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号