ᠨᠠᠮ ᠤᠨ ᠬᠤᠷᠢᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠦᠭᠦᠳᠡ ᠬᠤᠷᠠᠯ ᠠᠴᠠ ︽ | ᠤᠷᠲᠤ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠳᠠᠭᠠᠳᠬᠠᠯ ᠤᠨ ᠳᠦᠷᠢᠮ ᠢ ᠲᠦᠷᠭᠡᠪᠴᠢᠯᠡᠨ ᠪᠠᠶᠢᠭᠤᠯᠬᠤ | ᠬᠡᠷᠡᠭᠲᠡᠢ︾ ᠭᠡᠵᠦ ᠲᠣᠳᠣᠷᠬᠠᠢ ᠱᠠᠭᠠᠷᠳᠠᠪᠠ ᠃ ᠣᠷᠳᠣ ᠬᠤᠭᠤᠴᠠᠭᠠᠨ ᠤ ᠬᠠᠷᠡᠭᠠᠯᠵᠠᠨ ᠠᠰᠠᠷᠠᠭᠴᠢ ᠶᠢᠨ ᠠᠵᠢᠯ | ᠮᠡᠷᠭᠡᠵᠢᠯ ᠤᠨ ᠪᠠᠶᠢᠭᠤᠯᠥᠯᠳᠡ ᠶᠢ ᠠᠬᠢᠭᠤᠯᠵᠦ ᠂ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ | ᠦᠢᠯᠡᠴᠢᠯᠡᠭᠡᠨ ᠤ ᠲᠣᠭᠲᠠᠯᠴᠠᠭ᠎ᠠ ᠶᠢᠨ ᠬᠦᠭᠵᠢᠯᠳᠡ ᠶᠢ ᠠᠬᠢᠭᠤᠯᠬᠤ ᠪᠣᠯ ᠣᠷᠳᠣ ᠬᠤᠭᠤᠴᠠᠭᠠᠨ ᠤ ᠬᠠᠷᠠᠭᠠᠯᠵᠠᠨ | ᠠᠰᠠᠷᠠᠭᠴᠢ ᠶᠢᠨ ᠲᠠᠭᠠᠳᠬᠠᠯ ᠤᠨ ᠳᠥᠷᠢᠮ ᠤᠨ ᠪᠠᠶᠢᠭᠤᠯᠥᠯᠳᠡ ᠶᠢ ᠳᠦᠷᠭᠡᠳᠭᠡᠬᠦ ᠶᠢᠨ ᠴᠢᠬᠤᠯᠡ ᠲᠣᠯᠭᠠᠭᠤᠷᠢᠯᠡᠯ | ᠪᠤᠯᠥᠨ᠎ᠠ ᠂ ᠮᠥᠨ ᠴᠤ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠦᠢᠯᠡᠴᠢᠯᠡᠭᠡᠨ ᠤ ᠶᠠᠰᠣ ᠴᠢᠨᠡᠷ ᠢ | ᠳᠡᠭᠡᠭᠰᠢᠯᠡᠬᠦᠯᠬᠦ ᠂ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠲᠠᠭᠠᠳᠬᠠᠯ ᠤᠨ ᠰᠠᠭᠤᠷᠢ ᠮᠦᠡᠭᠬᠦ ᠶᠢᠨ | ᠠᠮᠥᠷ ᠳᠥᠪᠰᠢᠨ ᠠᠵᠢᠯᠯᠠᠭᠠᠨ ᠢ ᠪᠠᠳᠣᠯᠠᠬᠤ ᠴᠢᠬᠤᠯᠠ ᠪᠦᠬᠦᠢ ᠠᠷᠭ᠎ᠠ ᠭᠡᠮᠵᠢᠶ᠎ᠠ ᠪᠤᠯᠥᠨ᠎ᠠ ᠃ | ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠦᠢᠯᠡᠴᠢᠯᠡᠭᠡᠨ ᠤ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ ᠂ ᠤᠯᠤᠰ ᠠᠴᠠ ᠣᠷᠳᠣ ᠬᠤᠭᠤᠴᠠᠭᠠᠨ ᠤ ᠬᠠᠷᠠᠭᠠᠯᠵᠠᠨ | ᠠᠰᠠᠷᠠᠭᠴᠢ ᠶᠢᠨ ᠠᠵᠢᠯ ᠮᠡᠷᠭᠡᠵᠢᠯ ᠤᠨ ᠲᠥᠷᠥᠯ ᠵᠦᠢᠯ ᠢ ᠪᠠᠶᠢᠭᠤᠯᠵᠤ ᠂ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶ᠎ᠠ ᠨᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠵᠡᠷᠭᠡ ᠰᠠᠯᠠᠭ᠎ᠠ | ᠮᠥᠴᠢᠷ ᠲᠠᠢ ᠬᠠᠮᠲᠤᠷᠠᠨ ᠤᠷᠢᠳ ᠬᠤᠵᠢᠳ ︽ᠡᠷᠡᠭᠦᠯ ᠮᠡᠨᠳᠦ ᠶᠢᠨ ᠬᠠᠷᠠᠭᠠᠯᠵᠠᠨ ᠠᠰᠠᠷᠠᠭᠴᠢ ︵ᠣᠷᠳᠣ | ᠬᠤᠭᠤᠴᠠᠭᠠᠨ ᠤ ᠬᠠᠷᠠᠭᠠᠯᠵᠠᠨ ᠠᠰᠠᠷᠠᠭᠴᠢ ︶ ᠶᠢᠨ ᠤᠯᠤᠰ ᠤᠨ ᠠᠵᠢᠯ ᠮᠡᠷᠭᠡᠵᠢᠯ ᠤᠨ ᠪᠠᠷᠢᠮᠵᠢᠶ᠎ᠠ ︾ ᠂ ︽ | ᠤᠷᠲᠤᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ | ᠮᠠᠭᠠᠳᠯᠠᠨ ᠲᠣᠭᠲᠠᠭᠠᠬᠤ ᠶᠢ ᠠᠬᠢᠭᠤᠯᠬᠤ ᠲᠤᠬᠠᠶ ᠬᠡᠷᠡᠭᠵᠢᠭᠦᠯᠬᠦ ᠰᠠᠨᠠᠯ︾ ᠂ ︽ᠣᠳᠣᠬᠠᠨ ᠤ ᠣᠷᠳᠣ | ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢ ᠬᠥᠮᠦᠵᠢᠭᠦᠯᠦᠨ ᠪᠣᠯᠪᠠᠰᠤᠷᠠᠭᠤᠯᠬᠤ ᠠᠵᠢᠯ ᠢ ᠰᠠᠶᠢᠲᠤᠷ ᠬᠢᠬᠦ ᠲᠤᠬᠠᠶ | ᠮᠡᠳᠡᠭᠳᠡᠯ︾ ᠵᠡᠷᠭᠡ ᠪᠠᠷᠢᠮᠵᠢᠶ᠎ᠠ ᠂ ᠪᠢᠴᠢᠭ ᠮᠠᠲ᠋ᠧᠷᠢᠶᠠᠯ ᠢ ᠨᠡᠶᠢᠲᠡᠯᠡᠵᠦ ᠂ ᠮᠤᠵᠢ ᠶᠢᠨ ᠱᠠᠲᠤᠨ ᠤ ᠡᠮᠴᠢᠯᠡᠭᠡᠨ ᠤ | ᠪᠠᠲᠤᠯᠠᠭ᠎ᠠ ᠶᠢᠨ ᠰᠠᠯᠠᠭ᠎ᠠ ᠮᠥᠴᠢᠷ ᠪᠣᠯᠣᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ | ᠰᠠᠯᠠᠭ᠎ᠠ ᠮᠥᠴᠢᠷ ᠠᠴᠠ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠳᠠᠭᠠᠳᠬᠠᠯ ᠤᠨ ᠠᠵᠢᠯ ᠤᠨ | ᠪᠣᠳᠠᠲᠠᠶ ᠳᠤ ᠰᠠᠭᠤᠷᠢᠯᠠᠨ ᠂ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ | ᠪᠠᠶᠢᠭᠤᠯᠤᠮᠵᠢ ᠶᠢᠨ ᠳᠠᠩᠰᠠᠯᠠᠭᠤᠯᠬᠤ ᠵᠦᠢᠯᠡᠰ ᠢ ᠭᠦᠢᠴᠡᠳᠬᠡᠬᠦ ᠵᠦᠭᠯᠡᠭᠦᠷ ᠤᠨ ᠱᠠᠭᠠᠷᠳᠠᠯᠭ᠎ᠠ ᠶᠢ | ᠨᠠᠶᠢᠳᠠᠪᠤᠷᠢᠵᠢᠭᠤᠯᠵᠤ ᠂ ᠨᠢᠭᠡᠳᠦᠯᠲᠡᠶ ᠲᠦᠯᠦᠪᠯᠡᠬᠦ ᠂ ᠵᠦᠶ ᠵᠣᠬᠢᠰᠲᠠᠶ ᠪᠠᠶᠢᠷᠢᠯᠠᠭᠤᠯᠬᠤ ᠂ ᠨᠥᠬᠦᠴᠡᠯ ᠢ ᠴᠢᠩᠳᠠᠯᠠᠬᠤ ᠂ | ᠰᠢᠯᠢᠳᠡᠭ ᠢ ᠰᠢᠯᠢᠨ ᠰᠣᠩᠭᠤᠬᠤ ᠂ ᠬᠥᠳᠡᠯᠦᠩᠭᠦᠶ ᠪᠠᠷ ᠳᠣᠭᠢᠷᠠᠭᠤᠯᠬᠤ ᠵᠠᠷᠴᠢᠮ ᠶᠣᠰᠣᠭᠠᠷ ᠂ ᠣᠯᠠᠨ ᠨᠡᠶᠢᠲᠡ ᠶᠢᠨ | ᠪᠣᠳᠠᠲᠠᠶ ᠪᠣᠯᠪᠠᠰᠤᠷᠠᠯ ᠤᠨ ᠰᠠᠭᠤᠷᠢᠨ ᠭᠠᠵᠠᠷ ᠂ ᠡᠩ ᠤᠨ ᠳᠡᠭᠡᠳᠦ ᠰᠤᠷᠭᠠᠭᠤᠯᠢ ᠂ ᠠᠵᠢᠯ ᠮᠡᠷᠭᠡᠵᠢᠯ ᠤᠨ ᠳᠡᠭᠡᠳᠦ | ᠰᠤᠷᠭᠠᠭᠤᠯᠢ ︵ᠮᠡᠷᠭᠡᠵᠢᠯ ᠤᠨ ᠠᠵᠢᠯᠴᠢᠨ ᠤ ᠳᠡᠭᠡᠳᠦ ᠰᠤᠷᠭᠠᠭᠤᠯᠢ ᠶᠢ ᠪᠠᠭᠲᠠᠭᠠᠨ᠎ᠠ ︶ ᠂ ᠠᠵᠢᠯ ᠮᠡᠷᠭᠡᠵᠢᠯ ᠤᠨ | ᠤᠷ᠎ᠠ ᠴᠢᠳᠠᠪᠤᠷᠢ ᠶᠢᠨ ᠪᠣᠯᠪᠠᠰᠤᠷᠠᠯ ᠤᠨ ᠪᠠᠶᠢᠭᠤᠯᠤᠮᠵᠢ ᠵᠡᠷᠭᠡ ᠡᠬᠢ ᠪᠠᠶᠠᠯᠢᠭ ᠢ ᠨᠢᠭᠡᠳᠦᠯᠲᠡᠶ ᠲᠥᠯᠥᠪᠯᠡᠨ ᠂ | ᠨᠥᠬᠦᠴᠡᠯ ᠳᠤ ᠨᠡᠶᠢᠴᠡᠬᠦ ᠨᠢᠭᠡᠴᠢ ᠶᠢ ᠬᠠᠮᠲᠤ ᠪᠠᠷ ᠰᠢᠯᠢᠨ ᠰᠣᠩᠭᠤᠵᠤ ᠂ ᠳᠠᠷᠠᠭᠠᠯᠠᠯ ᠶᠣᠰᠣᠭᠠᠷ ᠪᠦᠷᠢᠳᠬᠡᠨ | ᠳᠠᠩᠰᠠᠯᠠᠬᠤ ᠬᠠᠮᠢᠶᠠᠷᠤᠯᠲᠠ ᠶᠢ ᠰᠠᠶᠢᠲᠤᠷ ᠬᠢᠵᠦ ᠂ ᠳᠠᠩᠰᠠᠯᠠᠭᠤᠯᠤᠭᠰᠠᠨ ᠤ ᠳᠠᠷᠠᠭᠠᠬᠢ ᠨᠢᠭᠡᠴᠢ ᠨᠢ ᠣᠷᠳᠣ | ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ | ᠮᠠᠭᠠᠳᠯᠠᠨ ᠲᠣᠭᠲᠠᠭᠠᠬᠤ ᠪᠠᠶᠢᠭᠤᠯᠤᠮᠵᠢ ᠪᠣᠯᠬᠤ ᠪᠣᠯᠤᠨ᠎ᠠ ᠭᠡᠵᠦ ᠲᠣᠳᠣᠷᠬᠠᠶᠢᠯᠠᠪᠠ ᠃ | 2025 ᠣᠨ ᠤ 4 ᠳ᠋ᠦ᠋ᠭᠡᠷ ᠰᠠᠷ᠎ᠠ ᠶᠢᠨ ᠰᠡᠭᠦᠯᠴᠢ ᠪᠠᠷ ᠂ ᠪᠥᠬᠦ ᠤᠯᠤᠰ ᠤᠨ ᠠᠩᠬᠠᠳᠠᠭᠴᠢ ᠣᠷᠳᠣ | ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ | ᠮᠠᠭᠠᠳᠯᠠᠨ ᠲᠣᠭᠲᠠᠭᠠᠬᠤ ᠪᠠᠶᠢᠭᠤᠯᠤᠮᠵᠢ ᠨᠢ ᠨᠢᠭᠡᠨᠲᠡ ᠵᠢᠶᠠᠩᠰᠣ ᠳᠤ ᠬᠦᠷᠦᠭᠰᠡᠨ ᠪᠥᠭᠡᠳ ᠪᠥᠬᠦ ᠤᠯᠤᠰ ᠤᠨ | ᠨᠢᠭᠡᠳᠦᠯᠲᠡᠶ ᠨᠡᠭᠡᠭᠡᠨ ᠬᠥᠭᠵᠢᠭᠦᠯᠦᠭᠰᠡᠨ ᠤᠷᠲᠤ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠠᠵᠢᠯ | ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠤᠯᠤᠰ ᠤᠨ ᠰᠡᠳᠦᠪ ᠤᠨ | ᠬᠥᠮᠥᠷᠭᠡ ᠶᠢ ᠬᠡᠷᠡᠭᠯᠡᠨ ᠂ ᠠᠩᠬ᠎ᠠ ᠤᠳᠠᠭᠠᠨ ᠤ ᠰᠢᠯᠭᠠᠨ ᠦᠨᠡᠯᠡᠬᠦ ᠠᠵᠢᠯ ᠢ ᠤᠷᠤᠭᠰᠢᠲᠠᠶ ᠪᠡᠶᠡᠯᠡᠭᠦᠯᠵᠦ ᠂ | ᠲᠦᠷᠦᠭᠦᠤ ᠪᠦᠯᠦᠭ ᠤᠨ 81 ᠤᠷᠲᠤ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠦᠢᠯᠡᠴᠢᠯᠡᠭᠡᠨ ᠤ ᠠᠵᠢᠯ | ᠡᠷᠭᠢᠯᠡᠭᠰᠡᠳ ᠵᠢᠩᠬᠢᠨᠢ ᠪᠠᠷ ᠦᠨᠡᠮᠯᠡᠯ ᠲᠠᠢ ᠪᠠᠷ ᠠᠵᠢᠯ ᠤᠨ ᠪᠠᠶᠢᠷᠢ ᠳᠤ ᠭᠠᠷᠪᠠ ᠃ ᠪᠤᠰᠤᠳ ᠡᠯ᠎ᠡ ᠮᠤᠵᠢ ᠨᠤᠭᠤᠳ | ᠤᠷᠲᠤ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠶᠠᠭ | ᠱᠠᠯᠠᠪᠳᠠᠨ ᠠᠬᠢᠭᠤᠯᠵᠤ ᠪᠠᠶᠢᠨ᠎ᠠ ᠃ | ᠡᠯ᠎ᠡ ᠭᠠᠵᠠᠷ ᠤᠨ ᠨᠥᠬᠦᠴᠡᠯ ᠳᠤ ᠨᠡᠶᠢᠴᠡᠬᠦ ᠠᠵᠢᠯ ᠮᠡᠷᠭᠡᠵᠢᠯ ᠤᠨ ᠤᠷ᠎ᠠ ᠮᠡᠷᠭᠡᠵᠢᠯ ᠤᠨ ᠨᠡᠶᠢᠭᠡᠮ ᠤᠨ | ᠦᠨᠡᠯᠡᠯᠲᠡ ᠶᠢᠨ ᠵᠣᠬᠢᠶᠠᠨ ᠪᠠᠶᠢᠭᠤᠯᠤᠯᠲᠠ ᠶᠢᠨ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠠᠵᠢᠯ | ᠮᠡᠷᠭᠡᠵᠢᠯ ᠤᠨ ᠠᠵᠢᠯ ᠲᠥᠷᠥᠯ ᠤᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠳᠤ ᠢᠳᠡᠪᠬᠢᠲᠡᠶ | ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ ᠂ ᠰᠠᠨᠠᠮᠵᠢ ᠲᠠᠢ ᠨᠢᠭᠡᠴᠢ ᠨᠢ ᠡᠯ᠎ᠡ ᠮᠤᠵᠢ ᠶᠢᠨ ᠱᠠᠲᠤᠨ ᠤ | ᠡᠮᠴᠢᠯᠡᠭᠡᠨ ᠤ ᠪᠠᠲᠤᠯᠠᠭ᠎ᠠ ᠶᠢᠨ ᠰᠠᠯᠠᠭ᠎ᠠ ᠮᠥᠴᠢᠷ ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠵᠤ ᠪᠣᠯᠤᠨ᠎ᠠ ᠃ ᠲᠠ ᠪᠢᠳᠡᠨ ᠤ ᠭᠠᠷ ᠬᠤᠯᠪᠣᠨ ᠮᠥᠷᠥ | ᠵᠡᠷᠭᠡᠴᠡᠨ ᠂ ᠲᠤᠰᠬᠠᠶᠢᠵᠢᠭᠰᠠᠨ ᠂ ᠠᠵᠢᠯ ᠮᠡᠷᠭᠡᠵᠢᠯᠵᠢᠭᠰᠡᠨ ᠤᠷᠳᠤ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ | ᠠᠯᠢ ᠲᠦᠷᠭᠡᠨ ᠢᠶᠠᠷ ᠲᠦᠭ ᠲᠦᠮᠡᠨ ᠠᠶᠢᠯ ᠡᠷᠦᠬᠡ ᠳᠤ ᠬᠦᠷᠴᠦ ᠂ ᠴᠢᠳᠠᠪᠤᠷᠢ ᠪᠠᠨ ᠠᠯᠳᠠᠭᠰᠠᠨ ᠨᠡᠩ ᠤᠯᠠᠨ | ᠬᠥᠮᠦᠰ ᠲᠤ ᠴᠢᠨᠠᠷ ᠰᠠᠶᠢᠲᠠᠢ ᠂ ᠬᠠᠯᠠᠭᠤᠨ ᠳᠤᠯᠠᠭᠠᠨ ᠦᠢᠯᠡᠴᠢᠯᠡᠭᠡ ᠬᠦᠷᠲᠡᠭᠡᠬᠦ ᠶᠢ ᠬᠦᠰᠡᠵᠦ ᠪᠠᠶᠢᠨ᠎ᠠ︕ | ᠴᠥᠷᠬᠡᠯᠡᠭᠡ ᠄ | ︽ ᠡᠷᠡᠭᠦᠯ ᠮᠡᠨᠳᠦ ᠶᠢᠨ ᠬᠠᠷᠠᠭᠠᠯᠵᠠᠨ ᠠᠰᠠᠷᠠᠭᠴᠢ ︵ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ︶ | ᠶᠢᠨ ᠤᠯᠤᠰ ᠤᠨ ᠠᠵᠢᠯ ᠮᠡᠷᠭᠡᠵᠢᠯ ᠤᠨ ᠪᠠᠷᠢᠮᠵᠢᠶ᠎ᠠ ᠶᠢ ᠨᠡᠶᠢᠲᠡᠯᠡᠬᠦ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ ᠲᠢᠩᠬᠢᠮ ᠤᠯᠤᠰ ᠤᠨ ᠡᠮᠴᠢᠯᠡᠭᠡᠨ ᠤ ᠪᠠᠲᠤᠯᠠᠭ᠎ᠠ ᠶᠢᠨ | ᠲᠣᠪᠴᠢᠶᠠᠨ ᠤ ᠠᠯᠪᠠᠨ ᠬᠡᠷ ᠤᠨ ᠮᠡᠳᠡᠭᠳᠡᠯ︾ | ︽ᠤᠷᠲᠤ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢᠨ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ | ᠵᠡᠷᠭᠡ ᠳᠡᠰ ᠢ ᠮᠠᠭᠠᠳᠯᠠᠨ ᠲᠣᠭᠲᠠᠭᠠᠬᠤ ᠶᠢ ᠠᠬᠢᠭᠤᠯᠬᠤ ᠲᠤᠬᠠᠶ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ | ᠲᠣᠪᠴᠢᠶ᠎ᠠ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠠᠯᠪᠠᠨ | ᠲᠢᠩᠬᠢᠮ ᠤᠨ ᠬᠡᠷᠡᠭᠵᠢᠭᠦᠯᠬᠦ ᠰᠠᠨᠠᠯ︾ | ︽ᠣᠳᠣᠬᠠᠨ ᠤ ᠣᠷᠳᠣ ᠬᠤᠭᠤᠴᠠᠭᠠᠨ ᠤ ᠬᠠᠷᠠᠭᠠᠯᠵᠠᠨ ᠠᠰᠠᠷᠠᠭᠴᠢ ᠶᠢ ᠬᠥᠮᠦᠵᠢᠭᠦᠯᠦᠨ ᠪᠣᠯᠪᠠᠰᠤᠷᠠᠭᠤᠯᠬᠤ | ᠠᠵᠢᠯ ᠢ ᠰᠠᠶᠢᠲᠤᠷ ᠬᠢᠬᠦ ᠲᠤᠬᠠᠶ ᠤᠯᠤᠰ ᠤᠨ ᠡᠮᠴᠢᠯᠡᠭᠡᠨ ᠤ ᠪᠠᠳᠤᠯᠠᠭ᠎ᠠ ᠶᠢᠨ ᠲᠣᠪᠴᠢᠶ᠎ᠠ ᠵᠡᠷᠭᠡ ᠰᠠᠯᠠᠭ᠎ᠠ | ᠮᠥᠴᠢᠷ ᠤᠨ ᠮᠡᠳᠡᠭᠳᠡᠯ︾ | |