5 ᠰᠠᠷ᠎ᠠ ᠶᠢᠨ 19 ᠤ ᠡᠳᠦᠷ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠪᠠ ᠃ | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ︽ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠴᠥᠬᠦᠷᠡᠰᠢ ᠦᠭᠡᠢ ᠨᠠᠶᠢᠳᠠᠪᠤᠷᠢᠵᠢᠭᠤᠯᠵᠤ ᠂ ᠰᠢᠯᠢᠳᠡᠭ ᠨᠠᠮ ᠤᠨ ᠰᠤᠷᠲᠠᠯ ᠢᠶᠠᠷ ᠨᠡᠶᠢᠭᠡᠮ ᠤᠨ ᠰᠤᠷᠲᠠᠯ | ᠠᠷᠠᠳ ᠤᠨ ᠰᠤᠷᠲᠠᠯ ᠢ ᠬᠥᠲᠥᠯᠥᠨ ᠳᠠᠭᠠᠭᠤᠯᠬᠤ ᠬᠡᠷᠡᠭᠲᠡᠢ ︾ ᠭᠡᠬᠦ ᠴᠢᠬᠤᠯᠠ ᠵᠣᠬᠢᠶᠠᠯ ᠢ ᠤᠯᠠᠮᠵᠢᠯᠠᠨ | ᠰᠤᠷᠤᠯᠴᠠᠵᠤ ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ | ᠰᠤᠷᠤᠯᠴᠠᠯᠭ᠎ᠠ ᠬᠥᠮᠦᠵᠢᠯ ᠢ ᠴᠢᠩᠭ᠎ᠠ ᠪᠣᠳᠠᠲᠠᠢ ᠰᠠᠶᠢᠲᠤᠷ ᠠᠳᠬᠤᠵᠤ ᠂ ᠪᠦᠭᠦ ᠣᠷᠣᠨ ᠤ ᠠᠵᠤ ᠠᠬᠤᠢ ᠶᠢᠨ | ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠳᠤ ᠠᠩᠬᠠᠷᠤᠯ ᠢᠶᠠᠨ | ᠲᠥᠪᠯᠡᠷᠡᠭᠦᠯᠵᠦ ᠂ ᠵᠠᠰᠠᠭ ᠤᠨ ᠣᠷᠳᠣᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠦᠨᠳᠦᠰᠦᠨ | ᠱᠠᠲᠤᠨ ᠳᠤ ᠬᠦᠷᠴᠦ ᠪᠠᠶᠢᠴᠠᠭᠠᠨ ᠰᠤᠳᠤᠯᠤᠯᠲᠠ ᠬᠢᠵᠦ ᠂ ᠠᠰᠠᠭᠤᠳᠠᠯ ᠢ ᠦᠨᠡᠨ ᠪᠣᠳᠠᠲᠠᠢ ᠰᠢᠢᠳᠪᠦᠷᠢᠯᠡᠬᠦ ᠬᠡᠷᠡᠭᠲᠡᠢ ᠃ | 12345 ᠬᠠᠯᠠᠮᠰᠢᠯ ᠤᠲᠠᠰᠤ ᠪᠠᠷ ᠲᠤᠰᠬᠠᠭᠰᠠᠨ ᠬᠦᠰᠡᠯ ᠱᠠᠭᠠᠷᠳᠠᠯᠭ᠎ᠠ ᠶᠢ ᠪᠦᠭᠦᠶᠢᠯᠡ ᠭᠤᠭᠴᠤᠭ᠎ᠠ ᠪᠠᠷ | ᠰᠢᠢᠳᠪᠦᠷᠢᠯᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ ᠂ ᠠᠷᠠᠳ ᠤᠨ ᠠᠮᠢᠳᠤᠷᠠᠯ ᠤᠨ ᠪᠣᠳᠠᠲᠤ | ᠶᠠᠪᠤᠳᠠᠯ ᠤᠨ ᠨᠠᠷᠢᠨ ᠲᠠᠩᠰᠠ ᠶᠢᠨ ᠡᠭᠦᠷᠭᠡ ᠶᠢ ᠰᠠᠶᠢᠲᠤᠷ ᠬᠢᠵᠦ ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠦ | ᠵᠣᠪᠠᠨᠢᠵᠤ ᠬᠦᠰᠡᠵᠦ ᠪᠠᠶᠢᠭ᠎ᠠ ᠶᠠᠪᠤᠳᠠᠯ ᠢ ᠬᠠᠶᠢᠷ᠎ᠠ ᠰᠡᠳᠬᠢᠯᠭᠡ ᠲᠠᠢ ᠪᠠᠷ ᠰᠠᠶᠢᠲᠤᠷ ᠰᠢᠢᠳᠪᠦᠷᠢᠯᠡᠬᠦ ᠬᠡᠷᠡᠭᠲᠡᠢ ᠭᠡᠵᠦ | ᠴᠢᠬᠤᠯᠠᠴᠢᠯᠠᠵᠠᠢ ᠃ | ᠬᠤᠷᠠᠯ ᠠᠴᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ | ᠬᠦᠴᠦᠷᠬᠡᠭᠵᠢᠭᠦᠯᠬᠦ ᠠᠵᠢᠯ ᠢ ᠠᠬᠢᠭᠤᠯᠬᠤ ᠬᠤᠷᠠᠯ ᠤᠨ ᠵᠣᠷᠢᠭ ᠰᠠᠨᠠᠭ᠎ᠠ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠬᠤ ᠶᠢ ᠰᠤᠳᠤᠯᠵᠤ ᠂ ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠬᠠᠷᠰᠢ ᠶᠢ ᠴᠡᠪᠡᠷᠯᠡᠨ | ᠴᠡᠭᠴᠡᠯᠡᠬᠦ ᠲᠤᠰᠬᠠᠢ ᠠᠵᠢᠯᠯᠠᠭ᠎ᠠ ᠶᠢ ᠰᠠᠶᠢᠲᠤᠷ ᠥᠷᠨᠢᠭᠦᠯᠵᠦ ᠂ ᠠᠷᠪᠠᠨ ᠶᠡᠭᠡ ᠠᠵᠤ ᠦᠢᠯᠡᠰ ᠤᠨ ᠪᠦᠯᠦᠭᠵᠢᠯ ᠤᠨ | ᠲᠣᠭᠤᠷᠢᠨ ᠳᠤ ᠰᠢᠨ᠎ᠡ ᠶᠢ ᠡᠭᠦᠳᠬᠦ ᠬᠡᠯᠬᠢᠶ᠎ᠡ ᠪᠣᠯᠣᠨ ᠠᠵᠤ ᠦᠢᠯᠡᠰ ᠤᠨ ᠬᠡᠯᠬᠢᠶ᠎ᠡ ᠶᠢᠨ ᠭᠦᠨᠵᠡᠭᠡᠢ ᠠᠭᠤᠰᠤᠯᠴᠠᠯ ᠢ | ᠠᠬᠢᠭᠤᠯᠬᠤ ᠬᠡᠷᠡᠭᠲᠡᠢ ᠃ ︽ᠵᠢᠷᠭᠤᠭᠠᠨ ᠠᠵᠢᠯᠯᠠᠭ᠎ᠠ ︾ ᠶᠢ ᠥᠷᠨᠢᠭᠦᠯᠬᠦ ᠲᠠᠢ ᠤᠶᠠᠯᠳᠤᠭᠤᠯᠤᠨ ᠂ ᠴᠢᠬᠤᠯᠠ ᠶᠡᠭᠡ | ᠲᠥᠷᠥᠯ ᠵᠦᠢᠯ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠶᠢ ᠴᠢᠩᠭᠠᠳᠬᠠᠵᠤ ᠂ ᠭᠡᠷ᠎ᠡ ᠲᠣᠭᠲᠠᠭᠰᠠᠨ ᠲᠥᠷᠥᠯ | ᠵᠦᠢᠯ ᠢ ᠡᠷᠲᠡᠬᠡᠨ ᠪᠠᠷᠢᠯᠭ᠎ᠠ ᠡᠬᠢᠯᠡᠭᠦᠯᠬᠦ ᠂ ᠪᠠᠷᠢᠯᠭ᠎ᠠ ᠡᠬᠢᠯᠡᠭᠦᠯᠦᠭᠰᠡᠨ ᠲᠥᠷᠥᠯ ᠵᠦᠢᠯ ᠢ ᠨᠠᠩ ᠣᠯᠠᠨ ᠪᠣᠳᠠᠲᠤ | ᠬᠡᠮᠵᠢᠶ᠎ᠡ ᠲᠠᠢ ᠪᠤᠯᠭᠠᠬᠤ ᠂ ᠪᠠᠶᠢᠭᠤᠯᠵᠤ ᠳᠠᠭᠤᠰᠤᠭᠰᠠᠨ ᠲᠥᠷᠥᠯ ᠵᠦᠢᠯ ᠤᠨ ᠦᠢᠯᠡᠳᠪᠦᠷᠢᠯᠡᠯ ᠢ ᠳᠠᠷᠤᠢ ᠲᠦᠷᠭᠡᠨ | ᠡᠬᠢᠯᠡᠭᠦᠯᠵᠦ ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠂ ᠬᠥᠯᠥᠰᠦᠨ ᠮᠠᠯᠴᠢᠨ ᠲᠠᠷᠢᠶᠠᠴᠢᠨ ᠵᠡᠷᠭᠡ | ᠭᠤᠣᠯᠳᠠᠯᠭ᠎ᠠ ᠲᠠᠢ ᠬᠥᠮᠥᠰ ᠲᠤ ᠠᠵᠢᠯ ᠣᠯᠭᠤᠬᠤ ᠶᠢ ᠰᠠᠶᠢᠲᠤᠷ ᠠᠳᠬᠤᠵᠤ ᠂ ᠮᠠᠯ ᠤᠨ ᠠᠰᠢᠭ ᠰᠢᠮ᠎ᠡ | ᠲᠠᠷᠢᠶᠠᠯᠠᠩ ᠤᠨ ᠪᠦᠲᠦᠭᠡᠭᠳᠡᠬᠦᠨ ᠂ ᠰᠢᠨ᠎ᠡ ᠡᠨᠧᠷᠭᠢ ᠵᠡᠷᠭᠡ ᠬᠦᠷᠢᠶᠡᠨ ᠳᠤ ᠪᠡᠭᠡᠵᠢᠩ ᠲᠢᠶᠠᠨᠵᠢᠨ ᠾᠧᠪᠧᠢ ᠂ | ᠬᠥᠬᠡᠮᠥ᠋ᠷᠡᠨ ᠤ ᠭᠤᠷᠪᠠᠯᠵᠢᠨ ᠬᠤᠶᠢᠭ ᠂ ᠭᠤᠸᠠᠩᠳᠦ᠋ᠩ ᠰᠢᠶᠠᠩᠭᠠᠩ ᠣᠣᠮᠧᠨ ᠵᠡᠷᠭᠡ ᠣᠷᠣᠨ ᠪᠦᠰᠡ ᠯᠦᠭᠡ ᠶᠢᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠵᠦ ᠂ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠬᠦᠴᠦᠷᠬᠡᠭᠵᠢᠭᠦᠯᠬᠦ | ᠳᠤᠮᠳᠠ ᠥᠪᠥᠷ ᠮᠣᠩᠭᠤᠯ ᠤᠨ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ︽ᠥᠪᠥᠷ ᠮᠣᠩᠭᠤᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ ᠳᠤᠮᠳᠠᠳᠤ | ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠢ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠰᠠᠨᠠᠯ ︾ ᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠭᠰᠠᠨ ᠪᠠᠶᠢᠳᠠᠯ ᠤᠨ | ᠬᠠᠷᠢᠭᠤ ᠮᠡᠳᠡᠭᠦᠯᠦᠯᠲᠡ ᠶᠢ ᠰᠣᠨᠣᠰᠴᠤ ᠂ ᠮᠣᠩᠭᠤᠯ ᠮᠣᠷᠢᠨ ᠤ ᠵᠣᠷᠢᠭ ᠰᠠᠨᠠᠭ᠎ᠠ ᠶᠢ ᠪᠠᠳᠠᠷᠠᠭᠤᠯᠵᠤ ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ︽ᠰᠠᠨᠠᠯ ︾ ᠪᠣᠯᠣᠨ 48 ᠶᠠᠮᠤᠨ ᠵᠥᠪᠯᠡᠯ ᠤᠨ ᠢᠵᠢ ᠪᠦᠷᠢᠳᠦᠭᠦᠯᠦᠭᠰᠡᠨ ᠪᠢᠴᠢᠭ | ᠮᠠᠲ᠋ᠧᠷᠢᠶᠠᠯ ᠢ ᠴᠢᠩᠭ᠎ᠠ ᠠᠩᠬᠠᠷᠴᠤ ᠂ ᠡᠭᠦᠷᠭᠡ ᠶᠢᠨ ᠨᠠᠷᠢᠨ ᠲᠠᠩᠰᠠ ᠲᠠᠢ ᠬᠠᠷᠭᠤᠭᠤᠯᠤᠨ ᠴᠠᠭ ᠤᠨ ᠬᠦᠰᠦᠨᠦᠭᠲᠦ ᠂ | ᠪᠠᠷᠢᠯᠭ᠎ᠠ ᠶᠢᠨ ᠵᠢᠷᠤᠭ ᠢ ᠨᠢᠭᠡ ᠨᠢᠭᠡ ᠪᠠᠷ ᠲᠣᠳᠣᠷᠬᠠᠶᠢᠯᠠᠵᠤ ᠂ ᠳᠡᠳ᠋ ᠲᠡᠷᠢᠭᠦᠯᠡᠭᠴᠢ ᠨᠠᠷ ᠬᠠᠷᠢᠭᠤᠴᠠᠯᠭ᠎ᠠ ᠪᠠᠨ | ᠡᠭᠦᠷᠭᠡᠯᠡᠵᠦ ᠂ ᠬᠠᠷᠢᠭᠤᠴᠠᠵᠤ ᠪᠠᠶᠢᠭ᠎ᠠ ᠠᠵᠢᠯ ᠢᠶᠠᠨ ᠬᠠᠮᠢᠶᠠᠷᠴᠤ ᠂ ᠲᠥᠷᠥ ᠶᠢᠨ ᠪᠣᠳᠣᠯᠭ᠎ᠠ ᠶᠢ ᠪᠣᠳᠠᠲᠠᠢ ᠲᠥᠷᠥᠯ | ᠵᠦᠢᠯ ᠳᠡᠭᠡᠷ᠎ᠡ ᠨᠠᠶᠢᠳᠠᠪᠤᠷᠢᠵᠢᠭᠤᠯᠵᠤ ᠂ ᠴᠠᠭ ᠤᠨ ᠳᠠᠷᠠᠭᠠᠯᠠᠯ ᠤᠨ ᠠᠬᠢᠴᠠ ᠶᠣᠰᠣᠭᠠᠷ ᠨᠠᠶᠢᠳᠠᠪᠤᠷᠢᠵᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ | ᠬᠤᠷᠠᠯ ᠠᠴᠠ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ ᠰᠤᠳᠤᠯᠵᠤ ᠂ | ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠬᠦᠷᠢᠶ᠎ᠡ ᠂ ᠪᠠᠷᠢᠯᠭ᠎ᠠ ᠶᠢᠨ ᠪᠤᠰᠤ ᠬᠦᠷᠢᠶᠡᠨ ᠳᠠᠬᠢ ᠴᠠᠯᠢᠩ | ᠥᠷᠢᠲᠦᠵᠦ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠂ ᠥᠪᠡᠷᠲᠡᠭᠡᠨ ᠵᠠᠰᠠᠬᠤ ᠣᠷᠣᠨ ᠤ ᠲᠣᠭᠲᠠᠭᠠᠭᠰᠠᠨ ᠡᠯ᠎ᠡ | ᠵᠦᠢᠯ ᠤᠨ ᠴᠠᠯᠢᠩ ᠥᠷᠢᠲᠦᠵᠦ ᠪᠠᠶᠢᠭ᠎ᠠ ᠠᠰᠠᠭᠤᠳᠠᠯ ᠢ ᠠᠷᠢᠯᠭᠠᠬᠤ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠵᠤ ᠂ ᠬᠦᠰᠡᠯ ᠱᠠᠭᠠᠷᠳᠠᠯᠭ᠎ᠠ ᠲᠤᠰᠬᠠᠬᠤ ᠠᠷᠭ᠎ᠠ ᠵᠠᠮ ᠢ ᠰᠢᠯᠤᠭᠤᠳᠬᠠᠵᠤ ᠂ ᠴᠠᠯᠢᠩ ᠥᠷᠢᠲᠦᠬᠦ | ᠠᠰᠠᠭᠤᠳᠠᠯ ᠳᠤ ᠴᠢᠩᠭ᠎ᠠ ᠴᠣᠬᠢᠯᠲᠠ ᠥᠭᠴᠦ ᠂ ᠤᠷᠢᠳᠴᠢᠯᠠᠨ ᠰᠡᠷᠭᠡᠶᠢᠯᠡᠬᠦ ᠲᠣᠭᠲᠠᠴᠠ ᠶᠢ ᠪᠦᠷᠢᠨᠰᠢᠭᠦᠯᠵᠦ ᠂ | ᠰᠢᠨ᠎ᠡ ᠪᠠᠷ ᠨᠡᠮᠡᠭᠳᠡᠬᠦ ᠶᠢ ᠡᠬᠢ ᠦᠨᠳᠦᠰᠦ ᠠᠴᠠ ᠨᠢ ᠬᠤᠷᠢᠭᠯᠠᠵᠤ ᠂ ᠬᠥᠯᠥᠰᠦᠨ ᠮᠠᠯᠴᠢᠨ ᠲᠠᠷᠢᠶᠠᠴᠢᠨ ᠤ ᠬᠠᠤᠯᠢ | ᠶᠣᠰᠣᠨ ᠤ ᠡᠷᠬᠡ ᠠᠰᠢᠭ ᠢ ᠦᠷᠭᠦᠯᠵᠢᠯᠡᠨ ᠰᠠᠶᠢᠲᠤᠷ ᠬᠠᠮᠠᠭᠠᠯᠠᠬᠤ ᠬᠡᠷᠡᠭᠲᠡᠢ ᠭᠡᠵᠦ ᠱᠠᠭᠠᠷᠳᠠᠪᠠ ᠃ | ᠬᠤᠷᠠᠯ ᠠᠴᠠ ᠭᠡᠷ ᠬᠥᠷᠥᠩᠭᠡ ᠶᠢᠨ ᠦᠨᠡᠮᠯᠡᠯ ᠠᠪᠬᠤ ᠳᠤ ᠬᠦᠴᠢᠷᠲᠡᠢ ᠪᠠᠶᠢᠬᠤ ᠠᠰᠠᠭᠤᠳᠠᠯ ᠢ | ᠰᠢᠢᠳᠪᠦᠷᠢᠯᠡᠬᠦ ᠶᠢ ᠰᠤᠳᠤᠯᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨ ᠬᠤᠯᠪᠤᠭᠠᠯᠠᠨ ᠬᠥᠳᠡᠯᠦᠯᠴᠡᠵᠦ | ᠬᠠᠮᠵᠢᠯᠴᠠᠬᠤ ᠪᠠᠨ ᠴᠢᠩᠭᠠᠳᠬᠠᠵᠤ ᠂ ᠬᠠᠤᠯᠢ ᠳᠤ ᠬᠤᠯᠪᠣᠭᠳᠠᠬᠤ ᠵᠠᠷᠭᠤ ᠳᠤ ᠬᠤᠯᠪᠣᠭᠳᠠᠬᠤ ᠂ ᠭᠡᠷ ᠪᠠᠶᠢᠰᠢᠩ ᠤᠨ | ᠪᠠᠷᠢᠯᠭ᠎ᠠ ᠳᠠᠭᠤᠰᠴᠤ ᠰᠢᠯᠭᠠᠨ ᠠᠪᠴᠤ ᠳᠡᠶᠢᠯᠭᠦ ᠦᠭᠡᠢ ᠪᠠᠶᠢᠬᠤ ᠂ ᠪᠠᠶᠢᠭᠤᠯᠤᠭᠰᠠᠨ ᠠᠵᠤ ᠠᠬᠤᠶᠢᠯᠠᠯ ᠭᠠᠶᠢᠯᠢ | ᠰᠦᠢᠳᠬᠡᠯ ᠲᠤᠰᠢᠶᠠᠬᠤ ᠴᠢᠳᠠᠯ ᠦᠭᠡᠢ ᠂ ᠭᠠᠵᠠᠷ ᠰᠢᠷᠣᠢ ᠶᠢᠨ ᠭᠠᠷᠳᠠᠮ ᠢ ᠭᠦᠢᠴᠡᠳᠬᠡᠭᠰᠡᠨ ᠦᠭᠡᠢ ᠵᠡᠷᠭᠡ | ᠪᠠᠶᠢᠳᠠᠯ ᠳᠤ ᠴᠢᠭᠯᠡᠭᠦᠯᠦᠨ ᠂ ᠬᠠᠨᠳᠤᠯᠭᠠᠲᠤ ᠴᠢᠨᠠᠷᠲᠠᠢ ᠪᠠᠷ ᠠᠷᠭ᠎ᠠ ᠬᠡᠮᠵᠢᠶ᠎ᠡ ᠠᠪᠴᠤ ᠂ ᠬᠢᠨᠠᠨ ᠬᠠᠮᠢᠶᠠᠷᠬᠤ | ᠬᠠᠷᠢᠭᠤᠴᠠᠯᠭ᠎ᠠ ᠶᠢ ᠪᠣᠳᠠᠲᠠᠶᠢᠵᠢᠭᠤᠯᠵᠤ ᠂ ᠬᠠᠤᠯᠢ ᠲᠣᠭᠲᠠᠭᠠᠯ ᠶᠣᠰᠣᠭᠠᠷ ᠲᠦᠷᠭᠡᠨ ᠭᠦᠢᠴᠡᠳᠬᠡᠬᠦ ᠬᠡᠷᠡᠭᠲᠡᠢ ᠭᠡᠵᠦ | ᠱᠠᠭᠠᠷᠳᠠᠪᠠ ᠃ | ᠬᠤᠷᠠᠯ ᠠᠴᠠ ᠪᠠᠰᠠ ᠠᠵᠤ ᠠᠬᠤᠶᠢᠯᠠᠯ ᠳᠤ ᠬᠤᠯᠪᠣᠭᠳᠠᠭᠰᠠᠨ ᠵᠠᠰᠠᠭ ᠵᠠᠬᠢᠷᠭᠠᠨ ᠤ ᠪᠠᠶᠢᠴᠠᠭᠠᠯᠲᠠ ᠶᠢ ᠴᠢᠩᠭ᠎ᠠ | ᠵᠢᠷᠤᠮᠵᠢᠭᠤᠯᠬᠤ ᠲᠤᠬᠠᠢ ᠬᠡᠷᠡᠭᠵᠢᠭᠦᠯᠬᠦ ᠰᠠᠨᠠᠯ ᠢ ᠬᠢᠨᠠᠨ ᠵᠥᠪᠯᠡᠵᠡᠢ ᠃ | |