ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ ᠴᠠᠯᠢᠩ ᠥᠷᠢᠲᠦᠬᠦ ᠶᠢ ᠵᠠᠰᠠᠬᠤ ᠠᠵᠢᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2025/5/21
  5 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠡᠷᠭᠢᠯᠡᠨ ᠬᠤᠷᠠᠯᠳᠤᠭᠤᠯᠵᠤ ᠂ ᠬᠡᠰᠡᠭ ᠬᠤᠰᠢᠭᠤ ᠰᠢᠶᠠᠨ ︵ ᠬᠤᠳᠠ ᠂ ᠲᠣᠭᠤᠷᠢᠭ ︶ ᠤ ᠴᠠᠯᠢᠩ ᠥᠷᠢᠲᠦᠬᠦ ᠶᠢ ᠵᠠᠰᠠᠭᠰᠠᠨ ᠠᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ ᠂ ᠬᠤᠯᠪᠣᠭᠳᠠᠯ ᠪᠦᠬᠦᠢ ᠠᠵᠢᠯ ᠢ ᠰᠤᠳᠤᠯᠤᠨ ᠪᠠᠶᠢᠷᠢᠯᠠᠭᠤᠯᠪᠠ ᠃  ᠰᠦᠨ ᠱᠤᠤ ᠴᠧᠩ ᠂ ᠡᠯ᠎ᠡ ᠱᠠᠲᠤᠨ ᠤ ᠬᠢᠨ ᠴᠠᠯᠢᠩ ᠥᠷᠢᠲᠦᠬᠦ ᠶᠢ ᠵᠠᠰᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠶᠢ ᠤᠬᠠᠮᠰᠠᠷ ᠠᠴᠠ ᠪᠠᠨ ᠨᠢᠭᠡᠨ ᠲᠤᠶᠢᠯ ᠤᠨ ᠴᠢᠬᠤᠯᠠ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠪᠣᠯᠭᠠᠨ ᠠᠳᠬᠤᠵᠤ ᠂ ᠴᠢᠩᠭ᠎ᠠ ᠠᠷᠭ᠎ᠠ ᠬᠡᠮᠵᠢᠶ᠎ᠡ ᠠᠪᠴᠤ ᠂ ᠪᠣᠳᠠᠲᠤ ᠦᠷ᠎ᠡ ᠪᠦᠲᠦᠮᠵᠢ ᠶᠢ ᠡᠷᠬᠢᠮᠯᠡᠨ ᠂ ᠬᠥᠯᠥᠰᠦᠨ ᠲᠠᠷᠢᠶᠠᠴᠢᠨ ᠤ ᠬᠠᠤᠯᠢ ᠶᠣᠰᠣᠨ ᠤ ᠡᠷᠬᠡ ᠠᠰᠢᠭ ᠢ ᠪᠦᠭᠦ ᠬᠦᠴᠦᠨ ᠢᠶᠠᠷ ᠢᠶᠠᠨ ᠰᠠᠶᠢᠲᠤᠷ ᠬᠠᠮᠠᠭᠠᠯᠠᠬᠤ ᠬᠡᠷᠡᠭᠲᠡᠢ ᠃ ᠡᠷᠡᠰ ᠰᠢᠭᠤᠷᠬᠠᠢ ᠪᠠᠷ ᠬᠦᠴᠢᠷ ᠢ ᠲᠤᠭᠤᠯᠤᠨ ᠪᠡᠷᠬᠡ ᠶᠢ ᠳᠠᠪᠠᠭ᠋ᠤ ᠡᠷᠴᠢ ᠵᠣᠷᠢᠭ ᠢ ᠡᠪᠦᠷᠯᠡᠵᠦ ᠂ ᠬᠠᠲᠠᠭᠤ ᠣᠪᠣᠷ ᠢᠶᠠᠨ ᠢᠯᠡᠷᠡᠭᠦᠯᠵᠦ ᠂ ᠡᠯ᠎ᠡ ᠲᠦᠷᠦᠯ ᠤᠨ ᠴᠠᠯᠢᠩ ᠥᠷᠢᠲᠦᠬᠦ ᠠᠰᠠᠭᠤᠳᠠᠯ ᠢ ᠬᠠᠤᠯᠢ ᠶᠣᠰᠣᠭᠠᠷ ᠰᠢᠢᠳᠪᠦᠷᠢᠯᠡᠵᠦ ᠂ ᠵᠣᠷᠢᠭᠤᠳᠠ ᠴᠠᠯᠢᠩ ᠥᠷᠢᠲᠦᠬᠦ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ ᠂  ᠬᠠᠤᠯᠢ ᠬᠡᠷᠡᠭᠵᠢᠭᠦᠯᠦᠯᠲᠡ ᠶᠢᠨ ᠰᠦᠷᠳᠡᠭᠦᠯᠬᠦ ᠬᠦᠴᠦᠨ ᠢ ᠦᠨᠡᠨ ᠬᠦ ᠴᠢᠩᠭᠠᠳᠬᠠᠬᠤ ᠬᠡᠷᠡᠭᠲᠡᠢ ᠃ ᠳᠠᠷᠤᠶᠢᠬᠠᠨ ᠳᠠᠭᠢᠨ ᠬᠥᠳᠡᠯᠦᠯᠴᠡᠵᠦ ᠂ ᠤᠳᠤ ᠶᠢᠨ ᠠᠵᠢᠯ ᠤᠨ ᠰᠠᠭᠤᠷᠢᠨ ᠳᠡᠭᠡᠷ᠎ᠡ ᠪᠠᠶᠢᠴᠠᠭᠠᠨ ᠣᠶᠢᠯᠠᠭᠠᠬᠤ ᠶᠢᠨ ᠳᠠᠭᠠᠤ ᠥᠷᠢ ᠰᠢᠷᠢ ᠶᠢ ᠠᠷᠢᠯᠭᠠᠵᠤ ᠲᠣᠭᠲᠠᠴᠠ ᠶᠢ ᠲᠡᠭᠦᠯᠳᠡᠷᠵᠢᠭᠦᠯᠵᠦ ᠂ ᠲᠥᠷᠥᠯ ᠬᠤᠪᠢᠶᠠᠨ ᠦᠨᠳᠦᠰᠦᠨ ᠪᠠᠶᠢᠳᠠᠯ ᠢ ᠲᠣᠳᠣᠷᠬᠠᠢ ᠣᠶᠢᠯᠠᠭᠠᠵᠤ ᠂ ᠤᠷᠢᠳ ᠢᠶᠠᠷ ᠰᠢᠢᠳᠪᠦᠷᠢᠯᠡᠬᠦ ᠳᠡᠰ ᠳᠠᠷᠠᠭᠠᠯᠠᠯ ᠭᠠᠷᠭᠠᠵᠤ ᠥᠷᠢ ᠰᠢᠷᠢ ᠶᠢ ᠲᠦᠷᠭᠡᠨ ᠠᠷᠢᠯᠭᠠᠵᠤ ᠂ ᠤᠷᠢᠳᠴᠢᠯᠠᠨ ᠰᠡᠷᠭᠡᠶᠢᠯᠡᠬᠦ ᠂ ᠰᠢᠢᠳᠪᠦᠷᠢᠯᠡᠬᠦ ᠵᠡᠷᠭᠡ ᠲᠣᠭᠲᠠᠴᠠ ᠶᠢ ᠰᠢᠯᠤᠭᠤᠳᠬᠠᠵᠤ ᠂ ᠬᠠᠮᠤᠭ ᠤᠨ ᠣᠬᠤᠷᠬᠠᠨ ᠬᠤᠭᠤᠴᠠᠭᠠᠨ ᠳᠤ ᠬᠥᠯᠥᠰᠦᠨ ᠲᠠᠷᠢᠶᠠᠴᠢᠨ ᠠᠬ᠎ᠠ ᠳᠡᠭᠦᠦ ᠨᠠᠷ ᠲᠤ ᠠᠪᠤᠨ ᠳᠣᠣᠷ᠎ᠠ ᠪᠠᠨ ᠠᠮᠵᠢᠯᠲᠠ ᠣᠯᠣᠭᠰᠠᠨ ᠦᠷ᠎ᠡ ᠪᠦᠲᠦᠮᠵᠢ ᠶᠢ ᠮᠡᠳᠡᠷᠡᠭᠦᠯᠬᠦ ᠪᠠᠷ ᠴᠢᠷᠮᠠᠶᠢᠬᠤ ᠬᠡᠷᠡᠭᠲᠡᠢ ᠃ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ ᠂ ᠴᠠᠯᠢᠩ ᠥᠷᠢᠲᠦᠬᠦ ᠶᠢ ᠵᠠᠰᠠᠬᠤ ᠠᠵᠢᠯ ᠤᠨ ᠲᠤᠬᠠᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠰᠤᠷᠤᠯᠴᠠᠨ ᠲᠤᠭᠤᠰᠢᠯᠠᠭᠤᠯᠵᠤ ᠂ ᠥᠪᠡᠷᠲᠡᠭᠡᠨ ᠵᠠᠰᠠᠬᠤ ᠣᠷᠣᠨ ᠤ ᠬᠥᠯᠥᠰᠦᠨ ᠲᠠᠷᠢᠶᠠᠴᠢᠨ ᠤ ᠴᠠᠯᠢᠩ ᠢ ᠥᠭᠬᠦ ᠶᠢ ᠪᠠᠲᠤᠯᠠᠬᠤ ᠳᠦᠷᠢᠮ ᠢ ᠲᠣᠭᠲᠠᠭᠠᠭᠰᠠᠨ ᠢᠶᠠᠷ ᠠᠵᠠ ᠲᠣᠭᠢᠶᠠᠯ ᠪᠤᠯᠭᠠᠵᠤ ᠂ ᠴᠠᠯᠢᠩ ᠥᠷᠢᠲᠦᠬᠦ ᠠᠰᠠᠭᠤᠳᠠᠯ ᠢ ᠰᠢᠢᠳᠪᠦᠷᠢᠯᠡᠬᠦ ᠶᠢ ᠬᠠᠤᠯᠢ ᠪᠠᠷ ᠵᠠᠰᠠᠬᠤ ᠵᠠᠮ ᠳᠤ ᠤᠯᠠᠮ ᠨᠢᠭᠡ ᠠᠯᠬᠤᠮ ᠣᠷᠣᠭᠤᠯᠵᠤ ᠂ ᠬᠥᠳᠡᠯᠮᠦᠷᠢᠴᠢᠨ ᠠᠵᠤ ᠠᠬᠤᠶᠢᠯᠠᠯ ᠬᠤᠶᠠᠷ ᠲᠠᠯ᠎ᠠ ᠶᠢᠨ ᠬᠠᠤᠯᠢ ᠶᠢ ᠬᠦᠨᠳᠦᠳᠬᠡᠬᠦ ᠬᠠᠤᠯᠢ ᠶᠢ ᠰᠠᠬᠢᠬᠤ ᠬᠠᠤᠯᠢ ᠶᠢ ᠬᠡᠷᠡᠭᠯᠡᠬᠦ ᠤᠬᠠᠮᠰᠠᠷ ᠢ ᠲᠠᠰᠤᠷᠠᠯᠲᠠ ᠦᠭᠡᠢ ᠳᠡᠭᠡᠭᠰᠢᠯᠡᠭᠦᠯᠭᠦ ᠬᠡᠷᠡᠭᠲᠡᠢ ᠭᠡᠵᠦ ᠬᠡᠯᠡᠪᠡ ᠃  ᠢᠦᠢ ᠯᠢ ᠰᠢᠨ ᠂ ᠴᠢ᠊ ᠪᠠᠲᠤ ᠬᠤᠷᠠᠯ ᠳᠤ ᠣᠷᠣᠯᠴᠠᠵᠠᠢ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号