ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2025/5/21
  5 ᠰᠠᠷ᠎ᠠ ᠶᠢᠨ 20 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠶᠡᠭᠡ ᠳᠡᠭᠡᠳᠦ ᠰᠤᠷᠭᠠᠭᠤᠯᠢ ᠳᠤ ᠰᠤᠷᠤᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠪᠡᠯᠡᠳᠬᠡᠯ ᠠᠵᠢᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠰᠢᠯᠭᠠᠯᠲᠠ ᠶᠢᠨ ᠬᠦᠷᠢᠶᠡᠯᠡᠩ ᠳᠤ ᠪᠠᠶᠢᠴᠠᠭᠠᠨ ᠰᠤᠳᠤᠯᠪᠠ ᠃ 
微信图片_20250521104821.jpg
   ᠡᠨᠡ ᠵᠢᠯ ᠪᠣᠯ ᠮᠠᠨ ᠤ ᠣᠷᠣᠨ ᠤ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠨᠠᠶᠢᠳᠠᠪᠤᠷᠢᠵᠢᠭᠤᠯᠤᠭᠰᠠᠨ ᠠᠩᠬᠠᠨ ᠤ ᠰᠢᠯᠭᠠᠯᠲᠠ ᠶᠢᠨ ᠵᠢᠯ ᠪᠣᠯᠣᠨ᠎ᠠ ᠂ ᠸᠠᠩ ᠯᠢ ᠰᠢᠶᠠ ᠥᠪᠡᠷᠲᠡᠭᠡᠨ ᠵᠠᠰᠠᠬᠤ ᠣᠷᠣᠨ ᠤ ᠤᠯᠤᠰ ᠤᠨ ᠰᠤᠷᠭᠠᠨ ᠬᠥᠮᠦᠵᠢᠯ ᠤᠨ ᠰᠢᠯᠭᠠᠯᠲᠠ ᠶᠢᠨ ᠶᠠᠪᠤᠳᠠᠯ ᠤᠨ ᠵᠢᠯᠤᠭᠤᠳᠬᠤ ᠲᠥᠪ ᠲᠤ ᠬᠦᠷᠴᠦ ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠡᠷᠡᠮᠡᠯᠵᠡᠯ ᠲᠠᠭᠯᠠᠬᠤ ᠲᠤᠰᠠᠯᠠᠬᠤ ᠰᠢᠰᠲ᠋ᠧᠮ ᠤᠨ ᠠᠵᠢᠯᠯᠠᠭᠠᠨ ᠤ ᠪᠠᠶᠢᠳᠠᠯ ᠢ ᠲᠤᠬᠠᠢ ᠶᠢᠨ ᠲᠠᠯᠠᠪᠠᠶ ᠳᠤ ᠣᠶᠢᠯᠠᠭᠠᠵᠤ ᠂ ᠨᠢᠭᠤᠴᠠ ᠶᠢ ᠬᠠᠮᠠᠭᠠᠯᠠᠬᠤ ᠠᠷᠭ᠎ᠠ ᠬᠡᠮᠵᠢᠶ᠎ᠡ ᠂ ᠰᠢᠯᠭᠠᠯᠲᠠ ᠶᠢᠨ ᠶᠠᠪᠤᠳᠠᠯ ᠢ ᠵᠣᠬᠢᠶᠠᠨ ᠪᠠᠶᠢᠭᠤᠯᠬᠤ ᠪᠣᠯᠪᠠᠰᠤᠷᠠᠯ ᠂ ᠰᠢᠯᠭᠠᠯᠲᠠ ᠶᠢᠨ ᠬᠠᠭᠤᠳᠠᠰᠤ ᠶᠢ ᠬᠠᠮᠢᠶᠠᠷᠴᠤ ᠲᠠᠷᠬᠠᠭᠠᠬᠤ ᠂ ᠰᠢᠯᠭᠠᠭᠤᠯᠤᠭᠴᠢ ᠶᠢᠨ ᠦᠢᠯᠡᠴᠢᠯᠡᠭᠡ ᠪᠠᠲᠤᠯᠠᠭ᠎ᠠ ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠠᠵᠢᠯ ᠤᠨ ᠲᠣᠬᠢᠷᠠᠭᠤᠯᠤᠯᠲᠠ ᠶᠢ ᠨᠠᠷᠢᠨ ᠣᠶᠢᠯᠠᠭᠠᠵᠤ ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤ ᠪᠠᠷ ᠠᠵᠢᠯ ᠤᠨ ᠳᠡᠰ ᠳᠠᠷᠠᠭᠠᠯᠠᠯ ᠢ ᠡᠮᠬᠢᠯᠡᠨ ᠂ ᠠᠰᠠᠭᠤᠳᠠᠯ ᠤᠨ ᠳᠠᠯᠳᠠ ᠭᠡᠮ ᠢ ᠡᠷᠢᠵᠦ ᠂ ᠠᠷᠭᠠᠴᠠᠭᠠᠬᠤ ᠠᠷᠭ᠎ᠠ ᠬᠡᠮᠵᠢᠶ᠎ᠡ ᠶᠢ ᠨᠢᠭᠡᠳ ᠨᠢᠭᠡ ᠪᠠᠷ ᠬᠠᠷᠭᠤᠭᠤᠯᠵᠤ ᠂ ᠦᠨᠡᠨ ᠪᠣᠳᠠᠲᠠᠢ ᠪᠠᠷ ᠨᠠᠶᠢᠳᠠᠪᠤᠷᠢᠵᠢᠭᠤᠯᠬᠤ ᠬᠡᠷᠡᠭᠲᠡᠢ ᠭᠡᠵᠦ ᠳᠠᠭᠢᠨ ᠳᠠᠪᠲᠠᠨ ᠵᠠᠬᠢᠪᠠ ᠃
微信图片_20250521104822.jpg
  ᠸᠠᠩ ᠯᠢ ᠰᠢᠶᠠ ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠲᠦᠭ ᠲᠦᠮᠡᠨ ᠠᠶᠢᠯ ᠡᠷᠦᠭᠡ ᠲᠠᠢ ᠬᠤᠯᠪᠣᠭᠳᠠᠨ᠎ᠠ ᠂ ᠡᠨᠡ ᠨᠢ ᠰᠢᠯᠭᠠᠭᠤᠯᠤᠭᠴᠢ ᠶᠢᠨ ᠨᠢᠭᠡ ᠤᠳᠠᠭ᠎ᠠ ᠶᠢᠨ ᠬᠥᠮᠥᠨ ᠤ ᠠᠮᠢᠳᠤᠷᠠᠯ ᠤᠨ ᠶᠡᠭᠡ ᠰᠢᠯᠭᠠᠯᠲᠠ ᠪᠤᠯᠬᠤ ᠪᠠᠷ ᠪᠠᠷᠠᠬᠤ ᠦᠭᠡᠢ  ᠪᠠᠰᠠ ᠴᠤ ᠪᠢᠳᠡᠨ ᠳᠤ ᠲᠠᠯᠪᠢᠭᠰᠠᠨ ᠨᠢᠭᠡ ᠤᠳᠠᠭ᠎ᠠ ᠶᠢᠨ ᠤᠯᠤᠰ ᠲᠦᠷᠦ ᠶᠢᠨ ᠶᠡᠭᠡ ᠰᠢᠯᠭᠠᠯᠲᠠ ᠪᠠ ᠰᠤᠷᠲᠠᠯ ᠤᠨ ᠶᠡᠭᠡ ᠰᠢᠯᠭᠠᠯᠲᠠ ᠪᠣᠯᠣᠨ᠎ᠠ ᠂ ᠡᠷᠬᠡᠪᠰᠢ ᠡᠯ᠎ᠡ ᠵᠦᠢᠯ ᠤᠨ ᠠᠵᠢᠯ ᠢ ᠲᠤᠶᠢᠯ ᠤᠨ ᠨᠠᠷᠢᠨ ᠬᠢᠨᠠᠮᠠᠭᠠᠢ ᠰᠠᠶᠢᠲᠤᠷ ᠬᠢᠵᠦ ᠂ ᠨᠠᠷᠢᠨ ᠵᠦᠢᠯᠡᠰ ᠢ ᠴᠢᠬᠤᠯᠠᠴᠢᠯᠠᠵᠤ ᠂ ᠪᠣᠳᠠᠲᠠᠢ ᠪᠣᠯᠪᠠᠰᠤᠷᠠᠯ ᠢ ᠴᠢᠬᠤᠯᠠᠴᠢᠯᠠᠵᠤ ᠂ ᠲᠠᠭᠢᠨ ᠳᠠᠪᠲᠠᠨ ᠪᠣᠯᠪᠠᠰᠤᠷᠠᠬᠤ ᠶᠢ ᠴᠢᠬᠤᠯᠠᠴᠢᠯᠠᠵᠤ ᠂ ᠠᠰᠠᠭᠤᠳᠠᠯ ᠢ ᠢᠯᠡᠷᠡᠭᠦᠯᠦᠨ ᠬᠥᠳᠡᠯᠦᠩᠭᠦᠢ ᠪᠠᠷ ᠰᠢᠢᠳᠪᠦᠷᠢᠯᠡᠬᠦ ᠶᠢ ᠴᠢᠬᠤᠯᠠᠴᠢᠯᠠᠬᠤ ᠬᠡᠷᠡᠭᠲᠡᠢ ᠃ ᠠᠮᠤᠷ ᠲᠦᠪᠰᠢᠨ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ ᠂ ᠰᠢᠯᠭᠠᠯᠲᠠ ᠳᠤ ᠬᠤᠯᠪᠣᠭᠳᠠᠬᠤ ᠪᠦᠭᠦ ᠶᠠᠪᠤᠴᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ ᠂ ᠰᠢᠯᠭᠠᠯᠲᠠ ᠶᠢᠨ ᠲᠠᠯᠠᠪᠠᠢ ᠶᠢᠨ ᠳᠣᠲᠣᠨ᠎ᠠ ᠭᠠᠳᠠᠨᠠᠬᠢ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠵᠤ ᠂ ᠰᠦᠯᠵᠢᠶᠡᠨ ᠤ ᠠᠮᠤᠷ ᠲᠦᠪᠰᠢᠨ ᠪᠠ ᠨᠡᠶᠢᠭᠡᠮ ᠤᠨ ᠣᠷᠴᠢᠨ ᠤ ᠠᠮᠤᠷ ᠲᠦᠪᠰᠢᠨ ᠢ ᠰᠠᠶᠢᠲᠤᠷ ᠠᠳᠬᠤᠵᠤ ᠂ ᠥᠴᠥᠬᠡᠨ ᠴᠦ ᠠᠯᠳᠠᠰᠢ ᠭᠠᠷᠭᠠᠬᠤ ᠦᠭᠡᠢ ᠪᠠᠶᠢᠬᠤ ᠶᠢ ᠪᠡᠶᠡᠯᠡᠭᠦᠯᠬᠦ ᠬᠡᠷᠡᠭᠲᠡᠢ ᠃ ᠰᠢᠯᠭᠠᠭᠤᠯᠤᠭᠰᠠᠳ ᠤᠨ ᠪᠣᠳᠠᠲᠠᠢ ᠬᠡᠷᠡᠭᠴᠡᠭᠡ ᠠᠴᠠ ᠡᠭᠦᠰᠴᠦ ᠂ ᠠᠮᠤᠷ ᠢ ᠬᠠᠮᠠᠭᠠᠯᠠᠬᠤ ᠬᠠᠮᠢᠶᠠᠷᠤᠯᠲᠠ ᠂ ᠱᠤᠤᠭᠢᠶᠠᠨ ᠤ ᠵᠠᠰᠠᠯᠲᠠ ᠂ ᠢᠳᠡᠭᠡᠨ ᠤ ᠠᠮᠤᠷ ᠲᠦᠪᠰᠢᠨ ᠂ ᠡᠮᠴᠢᠯᠡᠭᠡᠨ ᠤ ᠠᠪᠤᠷᠠᠨ ᠲᠤᠰᠠᠯᠠᠯᠲᠠ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠂ ᠨᠠᠩ ᠣᠯᠠᠨ ᠳᠥᠭᠦᠮ ᠳᠥᠲᠡ ᠠᠷᠭ᠎ᠠ ᠬᠡᠮᠵᠢᠶ᠎ᠡ ᠪᠠ ᠰᠡᠳᠬᠢᠯ ᠢ ᠳᠤᠯᠠᠭᠠᠴᠠᠭᠤᠯᠬᠤ ᠦᠢᠯᠡᠴᠢᠯᠡᠭᠡ ᠬᠠᠩᠭᠠᠵᠤ ᠂ ᠰᠠᠶᠢᠨ ᠰᠠᠶᠢᠬᠠᠨ ᠰᠢᠯᠭᠠᠯᠲᠠ ᠶᠢᠨ ᠣᠷᠴᠢᠨ ᠢ ᠪᠤᠶ ᠪᠤᠯᠭᠠᠬᠤ ᠬᠡᠷᠡᠭᠲᠡᠢ ᠃ ᠵᠠᠮ ᠬᠠᠷᠢᠯᠴᠠᠭᠠᠨ ᠤ ᠬᠠᠮᠢᠶᠠᠷᠤᠯᠲᠠ ᠂ ᠴᠠᠭᠢᠯᠭᠠᠨ ᠬᠦᠴᠦᠨ ᠂ ᠴᠠᠭ ᠠᠭᠤᠷ ᠵᠡᠷᠭᠡ ᠰᠠᠯᠠᠭ᠎ᠠ ᠮᠥᠴᠢᠷ ᠤᠨ ᠬᠢᠨ ᠬᠠᠮᠲᠤᠷᠠᠨ ᠬᠥᠳᠡᠯᠦᠯᠴᠡᠵᠦ ᠬᠠᠮᠵᠢᠯᠴᠠᠬᠤ ᠪᠠᠨ ᠴᠢᠩᠭᠠᠳᠬᠠᠨ ᠂ ᠬᠢᠨᠠᠨ ᠬᠡᠮᠵᠢᠵᠦ ᠰᠡᠷᠡᠮᠵᠢᠯᠡᠭᠦᠯᠭᠦ ᠪᠠᠨ ᠴᠢᠩᠭᠠᠷᠠᠭᠤᠯᠵᠤ ᠂ ᠭᠡᠨᠡᠳᠲᠡ ᠶᠢᠨ ᠪᠠᠶᠢᠳᠠᠯ ᠢ ᠠᠷᠭᠠᠴᠠᠭᠠᠬᠤ ᠠᠵᠢᠯ ᠤᠨ ᠪᠡᠯᠡᠳᠬᠡᠯ ᠲᠥᠰᠥᠯ ᠢᠶᠠᠨ ᠲᠡᠭᠦᠯᠳᠡᠷᠵᠢᠭᠦᠯᠦᠨ ᠂ ᠶᠡᠭᠡ ᠳᠡᠭᠡᠳᠦ ᠰᠤᠷᠭᠠᠭᠤᠯᠢ ᠳᠤ ᠰᠣᠷᠣᠬᠴᠢ ᠡᠯᠰᠡᠬᠦ ᠤᠯᠤᠰ ᠤᠨ ᠨᠢᠭᠡᠳᠦᠯᠲᠡᠢ ᠰᠢᠯᠭᠠᠯᠲᠠ ᠶᠢᠨ ᠠᠮᠤᠷ ᠲᠦᠪᠰᠢᠨ ᠲᠣᠭᠲᠠᠭᠤᠨ ᠂ ᠤᠷᠤᠭᠰᠢᠲᠠᠢ ᠪᠥᠭᠡᠳ ᠲᠡᠭᠦᠰ ᠠᠮᠵᠢᠯᠲᠠ ᠣᠯᠬᠤ ᠶᠢ ᠪᠠᠲᠤᠯᠠᠬᠤ ᠬᠡᠷᠡᠭᠲᠡᠢ ᠭᠡᠪᠡ ᠃ 
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号