ᠮᠠᠨ ᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢ ᠤᠯᠠᠮ ᠨᠢᠭᠡ ᠠᠯᠬᠤᠮ ᠵᠢᠷᠤᠮᠵᠢᠭᠤᠯᠵᠤ ᠂ ᠥᠪᠡᠷᠲᠡᠭᠡᠨ ᠵᠠᠰᠠᠬᠤ | ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠪᠠ ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ ᠂ ᠬᠢᠨᠠᠨ ᠬᠡᠮᠵᠢᠵᠦ ᠦᠨᠡᠯᠡᠬᠦ | ᠳᠦᠷᠢᠮ ᠢ ᠲᠡᠭᠦᠯᠳᠡᠷᠵᠢᠭᠦᠯᠵᠦ ᠂ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠷ᠎ᠡ | ᠪᠦᠲᠦᠮᠵᠢ ᠶᠢ ᠣᠨᠣᠪᠴᠢᠲᠠᠢ ᠦᠨᠡᠯᠡᠬᠦ ᠶᠢᠨ ᠲᠤᠰᠠᠳᠠ᠂ 3 ᠰᠠᠷ᠎ᠠ ᠶᠢᠨ 12 ᠤᠨ ᠡᠳᠦᠷ ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ︽︿ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ | ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ﹀ ︿ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠤᠨ ᠬᠢᠨᠠᠨ ᠬᠡᠮᠵᠢᠵᠦ ᠦᠨᠡᠯᠡᠬᠦ ᠠᠷᠭ᠎ᠠ ﹀ ᠳᠤ ᠵᠠᠰᠠᠪᠤᠷᠢ ᠣᠷᠣᠭᠤᠯᠵᠤ ᠳᠠᠷᠤᠮᠠᠯᠯᠠᠨ | ᠲᠠᠷᠬᠠᠭᠠᠬᠤ ᠲᠤᠬᠠᠢ ᠮᠡᠳᠡᠭᠳᠡᠯ ︾ ᠢ ᠳᠠᠷᠤᠮᠠᠯᠯᠠᠨ ᠲᠠᠷᠬᠠᠭᠠᠪᠠ᠃ ᠡᠳᠦᠭᠡ ︽ᠥᠪᠥᠷ ᠮᠣᠩᠭᠤᠯ ᠤᠨ ᠥᠪᠡᠷᠲᠡᠭᠡᠨ | ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ | ᠪᠦᠳᠦᠭᠡᠨ ᠪᠠᠶᠢᠭᠤᠯᠤᠯᠳᠠ ᠶᠢᠨ ᠵᠢᠯᠤᠭᠤᠳᠬᠤ ᠰᠠᠨᠠᠯ ︾ ︵ᠳᠣᠷᠣᠭᠰᠢ ᠵᠢᠯᠤᠭᠤᠳᠬᠤ ᠰᠠᠨᠠᠯ ᠭᠡᠵᠦ ᠲᠣᠪᠴᠢᠯᠠᠨ᠎ᠠ︶ | ᠤᠨ ᠬᠠᠮᠢᠶ᠎ᠠ ᠪᠦᠬᠦᠢ ᠠᠭᠤᠯᠭ᠎ᠠ ᠶᠢ ᠳᠣᠣᠷᠠᠬᠢ ᠮᠡᠲᠦ ᠲᠠᠶᠢᠯᠪᠤᠷᠢᠯᠠᠶ᠎ᠠ ᠄ | ᠨᠢᠭᠡ ᠂ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ | 2019 ᠣᠨ ᠳᠤ ᠂ ᠥᠪᠡᠷᠲᠡᠭᠡᠨ ᠵᠠᠰᠠᠬᠤ ᠣᠷᠣᠨ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ | ᠠᠵᠤ ᠦᠢᠯᠡᠰ ᠤᠨ ᠬᠦᠷᠢᠶᠡᠯᠡᠩ ᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠵᠦ ᠂ ᠤᠳᠤ ᠪᠣᠯᠲᠠᠯ᠎ᠠ ᠂ ᠨᠡᠶᠢᠳᠡ | 41 ᠥᠪᠡᠷᠲᠡᠭᠡᠨ ᠵᠠᠰᠠᠬᠤ ᠣᠷᠣᠨ ᠤ ᠤᠳᠤ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ | ᠬᠦᠷᠢᠶᠡᠯᠡᠩ ᠢ ᠵᠦᠪᠰᠢᠶᠡᠷᠡᠨ ᠪᠦᠳᠦᠭᠡᠨ ᠪᠠᠶᠢᠭᠤᠯᠵᠠᠢ ᠃ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢ ᠵᠢᠷᠤᠮᠵᠢᠭᠤᠯᠬᠤ ᠶᠢᠨ ᠲᠥᠯᠥᠭᠡ ᠂ 2022 ᠣᠨ ᠳᠤ ᠮᠠᠨ ᠤ ᠲᠢᠩᠬᠢᠮ ᠠᠴᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ ︵ᠲᠤᠷᠰᠢᠨ ᠬᠡᠷᠡᠭᠵᠢᠭᠦᠯᠬᠦ︶ ︾ | ᠢ ᠲᠤᠭᠤᠷᠪᠢᠨ ᠳᠠᠷᠤᠮᠠᠯᠯᠠᠨ ᠲᠠᠷᠬᠠᠭᠠᠵᠤ ᠂ ᠥᠪᠡᠷᠲᠡᠭᠡᠨ ᠵᠠᠰᠠᠬᠤ ᠣᠷᠣᠨ ᠤ ᠠᠵᠤ ᠦᠢᠯᠡᠰ ᠤᠨ ᠬᠦᠷᠢᠶᠡᠯᠡᠩ ᠤᠨ | ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠦᠲᠦᠮᠵᠢᠲᠡᠶ ᠵᠢᠯᠣᠭᠤᠳᠪᠠ᠃ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠡᠳ᠋ ᠤᠨ ᠵᠠᠰᠠᠭ ᠤᠨ | ᠬᠦᠷᠢᠶ᠎ᠡ ᠴᠠᠷᠠᠭ᠎ᠠ ᠳᠤ ᠤᠯᠠᠮ ᠨᠢᠭᠡ ᠠᠯᠬᠤᠮ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ | ᠦᠢᠯᠡᠴᠢᠯᠡᠭᠡ ᠶᠢ ᠰᠢᠯᠢᠳᠡᠭᠵᠢᠭᠦᠯᠬᠦ ᠲᠤᠬᠠᠢ ᠮᠡᠳᠡᠭᠳᠡᠯ ︾ ︵ᠥᠪᠥᠷ ᠵᠠᠰᠠᠭ ᠠᠯᠪᠠᠨ ᠲᠠᠷᠬᠠᠭᠠᠭᠰᠠᠨ ﹇2024﹈ | 52 ᠳ᠋ᠤᠭᠠᠷ ᠲᠣᠭᠠᠲᠤ︶ ᠤᠨ ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ ᠂ ᠮᠠᠨ ᠤ ᠲᠢᠩᠬᠢᠮ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠵᠢᠯᠤᠭᠤᠳᠬᠤ ᠰᠠᠨᠠᠯ ︾ ᠳᠤ ᠲᠠᠬᠢᠨᠳᠠ ᠵᠠᠰᠠᠪᠤᠷᠢ | ᠣᠷᠣᠭᠤᠯᠤᠨ ᠲᠡᠭᠦᠯᠳᠡᠷᠵᠢᠭᠦᠯᠪᠡ᠃ | ᠬᠤᠶᠠᠷ ᠂ ᠭᠤᠣᠯ ᠪᠣᠷᠣ ᠲᠥᠯᠥᠪ | ︽ᠵᠢᠯᠤᠭᠤᠳᠬᠤ ᠰᠠᠨᠠᠯ ︾ ᠳᠤ ᠶᠡᠷᠦᠩᠬᠡᠢ ᠱᠠᠭᠠᠷᠳᠠᠯᠭ᠎ᠠ ᠂ ᠭᠤᠣᠯ ᠡᠭᠦᠷᠭᠡ ᠂ ᠦᠨᠳᠦᠰᠦᠨ ᠨᠥᠬᠦᠴᠡᠯ ᠂ | ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠪᠠ ᠪᠡᠯᠡ ᠮᠥᠩᠭᠦ ᠶᠢᠨ ᠬᠡᠷᠡᠭᠯᠡᠯᠲᠡ ᠵᠡᠷᠭᠡ 5 ᠬᠡᠰᠡᠭ ᠠᠭᠤᠯᠭ᠎ᠠ | ᠪᠠᠭᠲᠠᠨ᠎ᠠ᠃ | ᠭᠤᠷᠪᠠ ᠂ ᠭᠤᠣᠯ ᠠᠭᠤᠯᠭ᠎ᠠ | ᠨᠢᠭᠡᠳᠦᠭᠡᠷ ᠬᠡᠰᠡᠭ ᠄ ᠶᠡᠷᠦᠩᠬᠡᠢ ᠱᠠᠭᠠᠷᠳᠠᠯᠭ᠎ᠠ᠃ ᠣᠳᠣᠬᠠᠨ ᠤ ᠲᠠᠷᠢᠶᠠᠯᠠᠩ ᠮᠠᠯ ᠠᠵᠤ ᠠᠬᠤᠢ ᠶᠢᠨ ᠠᠵᠤ | ᠦᠢᠯᠡᠰ ᠤᠨ ᠬᠥᠭᠵᠢᠯᠲᠡ ᠶᠢᠨ ᠪᠠᠶᠢᠳᠠᠯ ᠲᠠᠢ ᠤᠶᠠᠯᠳᠤᠭᠤᠯᠤᠨ ᠂ ᠥᠪᠡᠷᠲᠡᠭᠡᠨ ᠵᠠᠰᠠᠬᠤ ᠣᠷᠣᠨ ᠤ ᠣᠲᠣ | ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ | ᠪᠠᠶᠢᠭᠤᠯᠤᠯᠲᠠ ᠶᠢᠨ ᠵᠢᠯᠤᠭᠤᠳᠬᠤ ᠦᠵᠡᠯ ᠰᠠᠨᠠᠭ᠎ᠠ ᠂ ᠦᠨᠳᠦᠰᠦᠨ ᠵᠠᠷᠴᠢᠮ ᠪᠠ ᠪᠦᠲᠦᠭᠡᠨ ᠪᠠᠶᠢᠭᠤᠯᠤᠯᠲᠠ ᠶᠢᠨ | ᠬᠠᠷᠠᠯᠲᠠ ᠶᠢ ᠲᠠᠬᠢᠨᠳᠠ ᠲᠣᠳᠤᠷᠬᠠᠶᠢᠯᠠᠨ ᠲᠠᠶᠢᠯᠪᠤᠷᠢᠯᠠᠪᠠ ᠃ | ᠬᠤᠶᠠᠳᠤᠭᠠᠷ ᠬᠡᠰᠡᠭ ᠄ ᠭᠤᠣᠯ ᠡᠭᠦᠷᠭᠡ᠃ ᠭᠤᠣᠯᠯᠠᠬᠤ ᠠᠵᠤ ᠦᠢᠯᠡᠰ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠬᠦ ᠂ ᠦᠢᠯᠡᠳᠪᠦᠷᠢᠯᠡᠯ ᠤᠨ ᠬᠦᠴᠦᠨ ᠵᠦᠢᠯ ᠤᠨ ᠴᠤᠭᠯᠠᠷᠠᠯ ᠢ ᠠᠬᠢᠭᠤᠯᠬᠤ ᠂ ᠨᠢᠭᠡ ᠬᠤᠶᠠᠷ | ᠭᠤᠷᠪᠠᠳᠤᠭᠠᠷ ᠠᠵᠤ ᠦᠢᠯᠡᠰ ᠤᠨ ᠠᠭᠤᠰᠤᠯᠴᠠᠯ ᠢ ᠠᠬᠢᠭᠤᠯᠬᠤ ᠂ ᠡᠵᠡᠩᠨᠡᠯᠲᠡ ᠶᠢᠨ ᠭᠤᠣᠯ ᠴᠣᠭᠴᠠ ᠶᠢᠨ | ᠬᠦᠷᠢᠶᠡᠯᠡᠩ ᠳᠤ ᠣᠷᠣᠵᠤ ᠡᠵᠡᠩᠨᠡᠬᠦ ᠶᠢ ᠵᠣᠷᠢᠭᠵᠢᠭᠤᠯᠬᠤ ᠂ ᠲᠠᠷᠢᠶᠠᠯᠠᠩ ᠮᠠᠯ ᠠᠵᠤ ᠠᠬᠤᠢ ᠶᠢᠨ ᠭᠤᠣᠯᠯᠠᠬᠤ | ᠥᠷᠢᠰᠦᠯᠳᠦᠬᠦ ᠬᠦᠴᠦᠨ ᠢ ᠳᠡᠭᠡᠭᠰᠢᠯᠡᠭᠦᠯᠬᠦ ᠵᠡᠷᠭᠡ 5 ᠲᠠᠯ᠎ᠠ ᠠᠴᠠ ᠣᠲᠣ ᠦᠶ᠎ᠡ ᠶᠢᠨ ᠲᠠᠷᠢᠶᠠᠯᠠᠩ ᠮᠠᠯ ᠠᠵᠤ | ᠠᠬᠤᠢ ᠶᠢᠨ ᠠᠵᠤ ᠦᠢᠯᠡᠰ ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢᠨ ᠲᠤᠬᠠᠢ | ᠲᠣᠳᠤᠷᠬᠠᠶᠢᠯᠠᠨ ᠲᠠᠶᠢᠯᠪᠤᠷᠢᠯᠠᠪᠠ ᠃ | ᠭᠤᠷᠪᠠᠳᠤᠭᠠᠷ ᠬᠡᠰᠡᠭ ᠄ ᠦᠨᠳᠦᠰᠦᠨ ᠨᠥᠬᠦᠴᠡᠯ᠃ ᠲᠣᠰ ᠪᠦᠷᠢ ᠲᠦᠯᠦᠪᠵᠢᠭᠦᠯᠭᠡ ᠪᠠᠶᠢᠷᠢᠯᠠᠭᠤᠯᠤᠯᠳᠠ᠂ | ᠭᠤᠣᠯᠯᠠᠬᠤ ᠠᠵᠤ ᠦᠢᠯᠡᠰ ᠂ ᠦᠢᠯᠡᠳᠪᠦᠷᠢᠯᠡᠯ ᠤᠨ ᠬᠦᠴᠦᠨ ᠵᠦᠢᠯ ᠂ ᠪᠣᠬᠢᠷᠲᠤᠯ ᠦᠭᠡᠢ ᠬᠥᠭᠵᠢᠯᠲᠡ ᠂ ᠵᠢᠵᠢᠭ | ᠲᠠᠷᠢᠶᠠᠴᠢᠨ ᠡᠷᠦᠬᠡ ᠬᠢᠭᠡᠳ ᠰᠢᠨ᠎ᠡ ᠬᠡᠯᠪᠡᠷᠢ ᠶᠢᠨ ᠲᠠᠷᠢᠶᠠᠯᠠᠩ ᠤᠨ ᠡᠵᠡᠩᠨᠡᠯᠳᠡ ᠶᠢᠨ ᠭᠤᠤᠯ ᠴᠤᠬᠴᠠ ᠶᠢᠨ | ᠬᠤᠯᠪᠤᠭᠠᠯᠠᠯ ᠦᠨ ᠲᠠᠶᠢᠴᠢᠯᠠᠯᠳᠠ ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠂ | ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ ᠵᠡᠷᠭᠡ 7 ᠲᠠᠯ᠎ᠠ ᠪᠠᠷ ᠪᠦᠲᠦᠭᠡᠨ ᠪᠠᠶᠢᠭᠤᠯᠬᠤ ᠪᠠᠷᠢᠮᠵᠢᠶ᠎ᠠ ᠶᠢ | ᠲᠣᠳᠣᠷᠬᠠᠶᠢᠯᠠᠭᠰᠠᠨ ᠪᠥᠭᠡᠳ ᠪᠣᠯᠪᠠᠰᠤᠷᠠᠭᠤᠯᠬᠤ ᠦᠢᠯᠡᠰ ᠢᠶᠠᠷ ᠭᠤᠣᠯ ᠪᠣᠯᠭᠠᠭᠰᠠᠨ ᠠᠵᠤ ᠦᠢᠯᠡᠰ ᠤᠨ | ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠦᠨᠳᠦᠰᠦᠨ ᠨᠥᠬᠦᠴᠡᠯ ᠢ ᠰᠢᠨ᠎ᠡ ᠪᠠᠷ ᠨᠡᠮᠡᠪᠡ᠃ | ᠳᠥᠷᠪᠡᠳᠦᠭᠡᠷ ᠬᠡᠰᠡᠭ ᠄ ᠪᠦᠲᠦᠭᠡᠨ ᠪᠠᠶᠢᠭᠤᠯᠤᠯᠲᠠ ᠶᠢᠨ ᠱᠠᠭᠠᠷᠳᠠᠯᠭ᠎ᠠ᠃ ᠣᠳᠣᠬᠠᠨ ᠤ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠲᠠᠢ ᠤᠶᠠᠯᠳᠤᠭᠤᠯᠤᠨ ᠂ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠂ ᠰᠢᠨᠵᠢᠯᠡᠬᠦ ᠤᠬᠠᠭᠠᠨᠴᠢ ᠪᠠᠷ ᠲᠥᠰᠥᠯ ᠲᠣᠭᠲᠠᠭᠠᠬᠤ ᠂ | ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠂ ᠪᠠᠶᠢᠭᠤᠯᠤᠯ ᠲᠣᠭᠲᠠᠴᠠ ᠶᠢᠨ ᠰᠢᠨ᠎ᠡ ᠶᠢ ᠡᠭᠦᠳᠬᠦ ᠂ | ᠠᠵᠢᠯ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠶᠢ ᠴᠢᠩᠭᠠᠳᠬᠠᠬᠤ ᠵᠡᠷᠭᠡ 5 ᠲᠠᠯ᠎ᠠ ᠪᠠᠷ ᠪᠣᠳᠠᠲᠠᠢ ᠱᠠᠭᠠᠷᠳᠠᠯᠭ᠎ᠠ | ᠳᠤᠷᠠᠳᠤᠭᠰᠠᠨ ᠪᠥᠭᠡᠳ ᠪᠠᠰᠠ ᠡᠯ᠎ᠡ ᠱᠠᠲᠤᠨ ᠤ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠥᠴᠢᠷ ᠤᠨ | ᠴᠢᠳᠠᠪᠬᠢ ᠪᠠ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ | ᠲᠣᠳᠣᠷᠬᠠᠶᠢᠯᠠᠪᠠ᠃ | ᠲᠠᠪᠤᠳᠤᠭᠠᠷ ᠬᠡᠰᠡᠭ ᠄ ᠪᠡᠯᠡ ᠮᠥᠩᠭᠦ ᠶᠢᠨ ᠬᠡᠷᠡᠭᠯᠡᠯᠲᠡ ᠃ ᠣᠶᠢᠷ᠎ᠠ ᠶᠢᠨ ᠵᠢᠯ ᠤᠨ ᠲᠤᠷᠰᠢᠬᠢ ᠠᠵᠤ ᠦᠢᠯᠡᠰ | ᠤᠨ ᠬᠦᠷᠢᠶᠡᠯᠡᠩ ᠤᠨ ᠪᠦᠲᠦᠭᠡᠨ ᠪᠠᠶᠢᠭᠤᠯᠤᠯᠲᠠ ᠶᠢᠨ ᠪᠣᠳᠠᠲᠤ ᠬᠡᠷᠡᠭᠴᠡᠭᠡ ᠲᠠᠢ ᠤᠶᠠᠯᠳᠤᠭᠤᠯᠤᠨ ᠂ | ᠬᠠᠮᠢᠶᠠᠷᠤᠯᠲᠠ ᠶᠢᠨ ᠵᠢᠷᠤᠮᠵᠢᠭᠤᠯᠤᠯᠳᠠ ᠂ ᠳᠡᠮᠵᠢᠬᠦ ᠠᠷᠭ᠎ᠠ ᠮᠠᠶ᠋ᠢᠭ ᠂ | ᠬᠡᠷᠡᠭᠯᠡᠬᠦ ᠬᠡᠪᠴᠢᠶ᠎ᠡ ᠵᠡᠷᠭᠡ 3 ᠲᠠᠯ᠎ᠠ ᠠᠴᠠ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠱᠠᠩᠨᠠᠯ | ᠨᠦᠬᠦᠪᠦᠷᠢ ᠶᠢᠨ ᠪᠡᠯᠡ ᠮᠥᠩᠭᠦ ᠶᠢ ᠬᠡᠷᠡᠭᠯᠡᠬᠦ ᠬᠡᠪᠴᠢᠶ᠎ᠡ ᠪᠣᠯᠣᠨ ᠬᠠᠮᠢᠶᠠᠷᠤᠯᠲᠠ ᠶᠢᠨ ᠱᠠᠭᠠᠷᠳᠠᠯᠭ᠎ᠠ ᠶᠢ ᠤᠯᠠᠮ ᠨᠢᠭᠡ | ᠠᠯᠬᠤᠮ ᠲᠣᠳᠣᠷᠬᠠᠶᠢᠯᠠᠪᠠ᠃ | ᠮᠡᠳᠡᠭᠡ ᠵᠠᠩᠭᠢ ᠶᠢᠨ ᠢᠷᠡᠯᠲᠡ ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ | ᠠᠵᠤ ᠠᠬᠤᠢ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ | |