ᠤᠯᠤᠰ ᠤᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠲᠣᠭᠲᠠᠭᠠᠬᠤ ᠵᠦᠭᠯᠡᠭᠦᠷ ᠢ | ᠨᠠᠶᠢᠳᠠᠪᠤᠷᠢᠵᠢᠭᠤᠯᠬᠤ ᠪᠣᠯ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠶᠢᠨ ᠵᠠᠩᠭᠢᠯᠠᠭ᠎ᠠ ᠶᠢᠨ ᠭᠤᠭᠴᠤᠭ᠎ᠠ ᠪᠣᠯᠤᠨ᠎ᠠ᠃ ᠤᠯᠤᠰ ᠤᠨ ᠴᠢᠬᠢ ᠬᠠᠮᠠᠷ ᠬᠤᠭᠤᠯᠠᠶ ᠶᠢᠨ | ᠲᠥᠷᠥᠯ ᠤᠨ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠢ ᠲᠣᠭᠲᠠᠭᠠᠬᠤ ᠵᠦᠭᠯᠡᠭᠦᠷ ᠢ ᠨᠡᠶᠢᠲᠡᠯᠡᠭᠰᠡᠨ ᠤ | ᠳᠠᠷᠠᠭ᠎ᠠ᠂ ᠮᠠᠨ ᠤ ᠣᠷᠣᠨ ᠵᠣᠯᠭᠠᠭᠤᠯᠬᠤ ᠠᠵᠢᠯ ᠢ ᠢᠳᠡᠪᠬᠢᠲᠡᠶ ᠥᠷᠨᠢᠭᠦᠯᠵᠦ᠂ ︽ᠰᠦᠯᠵᠢᠶᠡᠨ ᠭᠠᠳᠠᠨ᠎ᠠ | ᠶᠠᠷᠢᠯᠴᠠᠬᠤ ᠬᠤᠷᠠᠯ ᠬᠢᠬᠦ︾᠂ ︽ᠰᠦᠯᠵᠢᠶᠡᠨ ᠳᠡᠭᠡᠷ᠎ᠡ ᠰᠤᠳᠤᠯᠤᠨ ᠶᠠᠷᠢᠯᠴᠠᠬᠤ︾ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ᠂ ᠡᠮᠴᠢᠯᠡᠭᠡᠨ ᠤ ᠪᠠᠶᠢᠭᠤᠯᠤᠮᠵᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠪᠡ ᠂ ᠲᠥᠷᠥᠯ | ᠵᠦᠢᠯ ᠤᠨ ᠲᠤᠰᠬᠠᠯ ᠤᠨ ᠬᠠᠷᠢᠴᠠᠭ᠎ᠠ ᠪᠠᠷ ᠤᠯᠤᠰ ᠤᠨ ᠲᠥᠷᠥ ᠶᠢᠨ ᠪᠣᠳᠣᠯᠭ᠎ᠠ ᠬᠢᠭᠡᠳ ᠣᠷᠣᠨ ᠨᠤᠲᠤᠭ ᠤᠨ | ᠪᠣᠳᠠᠲᠤ ᠪᠠᠶᠢᠳᠠᠯ ᠢ ᠣᠷᠭᠠᠨᠢᠭ ᠢᠶᠠᠷ ᠤᠶᠠᠯᠳᠤᠭᠤᠯᠬᠤ ᠶᠢ ᠪᠡᠶᠡᠯᠡᠭᠦᠯᠵᠦ᠂ ︽ᠲᠥᠷᠥᠯ ᠵᠦᠢᠯ ᠢ ᠨᠠᠷᠢᠨ ᠬᠤᠪᠢᠶᠠᠬᠤ | ᠦᠨᠳᠦᠰᠦᠯᠡᠯ ᠲᠠᠢ᠂ ᠰᠦᠢᠳᠬᠡᠯ ᠬᠤᠷᠢᠶᠠᠬᠤ ᠵᠢᠷᠤᠮᠵᠢᠯ ᠨᠢ ᠪᠠᠷᠢᠮᠵᠢᠶ᠎ᠠ ᠲᠠᠢ᠂ ᠮᠡᠷᠭᠡᠵᠢᠯ ᠤᠨ ᠰᠢᠨ᠎ᠡ ᠶᠢ | ᠡᠭᠦᠳᠬᠦ ᠳᠤ ᠨᠡᠪᠲᠡᠷᠡᠬᠦ ᠵᠠᠮ ᠲᠠᠢ︾ ᠲᠥᠷᠥᠯ ᠵᠦᠢᠯ ᠤᠨ ᠰᠦᠢᠳᠬᠡᠯ ᠬᠤᠷᠢᠶᠠᠬᠤ ᠲᠣᠭᠲᠠᠯᠴᠠᠭ᠎ᠠ ᠶᠢ ᠪᠠᠶᠢᠭᠤᠯᠪᠠ᠃ | | ᠨᠢᠭᠡ᠂ ᠪᠥᠬᠦ ᠶᠠᠪᠤᠴᠠ ᠶᠢᠨ ᠦᠢᠯᠡᠴᠢᠯᠡᠭᠡ ᠶᠢ ᠨᠠᠷᠢᠯᠢᠬᠵᠢᠭᠤᠯᠵᠤ᠂ ᠣᠨᠴᠠᠭᠠᠶ ᠣᠨᠣᠰᠢᠯᠠᠨ ᠡᠮᠨᠡᠬᠦ | ᠬᠡᠷᠡᠭᠴᠡᠭᠡ ᠱᠠᠭᠠᠷᠳᠠᠯᠭ᠎ᠠ ᠶᠢ ᠳᠣᠬᠢᠷᠠᠭᠤᠯᠪᠠ | ᠨᠠᠩ ᠣᠯᠠᠨ ᠡᠪᠡᠳᠴᠢᠲᠡᠨ ᠢ ᠬᠠᠪᠰᠤᠷᠬᠤ ᠶᠢᠨ ᠲᠥᠯᠥᠭᠡ᠂ ᠣᠨᠣᠰᠢᠯᠠᠨ ᠡᠮᠨᠡᠬᠦ ᠮᠡᠷᠭᠡᠵᠢᠯ ᠤᠨ ᠶᠠᠪᠤᠴᠠ ᠶᠢ | ᠦᠨᠳᠦᠰᠦᠯᠡᠨ᠂ ︽ᠬᠢᠮᠡᠯ ᠴᠢᠬᠢᠨ ᠳᠣᠩ ᠢ ᠲᠤᠷᠰᠢᠨ ᠲᠣᠬᠢᠷᠠᠭᠤᠯᠬᠤ︾ ᠶᠢ ᠨᠡᠮᠡᠪᠡ ᠂ ᠲᠥᠷᠥᠯ ᠵᠦᠢᠯ ᠤᠨ | ᠲᠣᠬᠢᠷᠠᠭᠤᠯᠤᠯᠲᠠ ᠳᠤ ︽ᠲᠣᠬᠢᠷᠠᠭᠤᠯᠬᠤ — ᠰᠠᠭᠤᠯᠭᠠᠬᠤ — ᠲᠤᠷᠰᠢᠨ ᠲᠣᠬᠢᠷᠠᠭᠤᠯᠬᠤ — ᠭᠠᠷᠭᠠᠵᠤ | ᠠᠪᠬᠤ︾ ᠪᠥᠬᠦ ᠦᠶᠡᠯᠡᠯ ᠤᠨ ᠬᠤᠭᠤᠴᠠᠭᠠᠨ ᠤ ᠦᠢᠯᠡᠴᠢᠯᠡᠭᠡ ᠶᠢ ᠬᠠᠮᠤᠷᠪᠠ ᠃ ᠢᠯᠠᠩᠭᠤᠶ᠎ᠠ ︽ᠴᠢᠬᠢᠨ ᠳᠤᠩ | ᠵᠡᠷᠡᠮᠳᠡᠭ︾ ᠤᠨ ᠰᠠᠭᠤᠯᠭᠠᠬᠤ ᠭᠤᠭᠴᠤᠭ᠎ᠠ ᠳᠤ ᠨᠡᠮᠡᠵᠦ ᠬᠤᠷᠢᠶᠠᠬᠤ ᠪᠠᠶᠢᠳᠠᠯ ᠢ ᠣᠷᠣᠭᠤᠯᠵᠤ᠂ ᠠᠳᠠᠯᠢ ᠪᠤᠰᠤ | ᠡᠪᠡᠳᠴᠢᠨ ᠤ ᠵᠢᠱᠢᠶ᠎ᠡ ᠶᠢᠨ ᠮᠡᠷᠭᠡᠵᠢᠯ ᠤᠨ ᠬᠤᠷᠣᠭᠳᠠᠯ ᠤᠨ ᠬᠢᠷᠢ ᠲᠦᠪᠰᠢᠨ ᠢ ᠨᠠᠩ ᠵᠦᠶ ᠵᠣᠬᠢᠰᠲᠠᠶ | ᠳᠣᠭᠢᠷᠠᠭᠤᠯᠤᠨ᠂ ᠲᠥᠷᠥᠯᠬᠢ ᠴᠢᠨᠠᠷᠲᠠᠶ ᠴᠢᠬᠢᠨ ᠳᠣᠩ ᠤᠨ ᠪᠤᠶᠢᠵᠢᠯᠲᠠ ᠶᠢᠨ ᠬᠡᠪ ᠤᠨ ᠪᠤᠰᠤ ᠡᠪᠡᠳᠴᠢᠲᠡᠨ ᠳᠤ | ᠲᠤᠰᠬᠠᠶ ᠦᠨ᠎ᠡ ᠶᠢᠨ ᠲᠤᠯᠭᠠᠭᠤᠷᠢᠯᠠᠯ ᠬᠠᠩᠭᠠᠵᠤ᠂ ᠣᠨᠴᠠᠭᠠᠶ ᠬᠦᠮᠦᠰ ᠲᠤ ᠨᠠᠩ ᠬᠠᠨᠳᠤᠯᠭᠠᠲᠤ ᠴᠢᠨᠠᠷᠲᠠᠶ | ᠡᠮᠴᠢᠯᠡᠭᠡᠨ ᠤ ᠪᠠᠲᠤᠯᠠᠭ᠎ᠠ ᠬᠦᠷᠲᠡᠭᠡᠬᠦ ᠪᠣᠯᠣᠨ᠎ᠠ ᠃ | ᠬᠤᠶᠠᠷ᠂ ᠱᠠᠲᠤ ᠬᠤᠪᠢᠶᠠᠨ ᠲᠥᠷᠥᠯ ᠬᠤᠪᠢᠶᠠᠨ ᠦᠨ᠎ᠡ ᠲᠣᠭᠲᠠᠭᠠᠵᠤ᠂ ᠣᠨᠣᠰᠢᠯᠠᠨ ᠡᠮᠨᠡᠬᠦ ᠰᠦᠢᠳᠬᠡᠯ | ᠬᠤᠷᠢᠶᠠᠬᠤ ᠵᠠᠭᠠᠭ ᠢ ᠵᠢᠷᠤᠮᠵᠢᠭᠤᠯᠪᠠ | ᠬᠠᠮᠠᠷ ᠤᠨ ᠬᠡᠰᠡᠭ ᠤᠨ ᠡᠪᠡᠳᠴᠢᠨ ᠢ ᠣᠨᠣᠰᠢᠯᠠᠨ ᠵᠠᠰᠠᠬᠤ ᠪᠤᠳᠤᠯᠢᠶᠠᠨᠲᠤ ᠴᠢᠨᠠᠷ ᠲᠤ ᠠᠩᠬᠠᠷᠤᠯ ᠢᠶᠠᠨ | ᠲᠥᠪᠯᠡᠷᠡᠭᠦᠯᠵᠦ᠂ ᠬᠠᠮᠠᠷ ᠤᠨ ᠬᠤᠩᠭᠢᠶᠠᠨ ᠤ ᠬᠠᠪᠤᠳᠠᠷ ᠢ ᠠᠷᠢᠯᠭᠠᠬᠤ ᠂ ᠬᠠᠮᠠᠷ ᠤᠨ ᠤᠷ ᠢ ᠣᠭᠲᠤᠯᠬᠤ ᠂ ᠬᠠᠮᠠᠷ | ᠳᠣᠲᠣᠷᠠᠬᠢ ᠣᠨᠳᠣᠤ ᠪᠣᠳᠠᠰ ᠢ ᠭᠠᠷᠭᠠᠵᠤ ᠠᠪᠬᠤ ᠵᠡᠷᠭᠡ ᠠᠳᠠᠯᠢ ᠪᠤᠰᠤ ᠡᠮᠴᠢᠯᠡᠭᠡᠨ ᠤ ᠪᠠᠶᠢᠳᠠᠯ ᠢ ᠲᠣᠰ ᠲᠣᠰ | ᠲᠣᠳᠣᠷᠬᠠᠶᠢᠯᠠᠵᠤ᠂ ᠪᠤᠳᠤᠯᠢᠶᠠᠨᠲᠤ ᠪᠠᠶᠢᠳᠠᠯ ᠳᠤ ᠲᠣᠰ ᠲᠣᠰ ᠪᠠᠷᠢᠮᠵᠢᠶ᠎ᠠ ᠨᠡᠮᠡᠬᠦ᠂ ᠣᠨᠴᠠᠭᠠᠶ ᠡᠮᠴᠢᠯᠡᠭᠡᠨ ᠤ ᠲᠦᠷᠢᠮ | ᠪᠣᠯᠭᠠᠨ ᠬᠤᠪᠢᠷᠠᠭᠤᠯᠬᠤ ᠶᠢ ᠵᠢᠷᠤᠮᠵᠢᠭᠤᠯᠬᠤ᠂ ᠪᠠᠭ ᠬᠤᠪᠢᠶᠠᠬᠤ ᠵᠢᠴᠢ ᠰᠦᠢᠳᠬᠡᠯ ᠬᠤᠷᠢᠶᠠᠬᠤ ᠶᠢᠨ ᠬᠠᠷᠢᠯᠴᠠᠨ | ᠬᠠᠷᠰᠢᠯᠠᠬᠤ ᠲᠣᠭᠲᠠᠴᠠ ᠶᠢ ᠲᠣᠳᠣᠷᠬᠠᠶ ᠪᠣᠯᠭᠠᠪᠠ᠃ ᠡᠮᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠᠷ ︽ᠳᠣᠬᠢᠭᠤᠷ︾ | ᠪᠣᠯᠭᠠᠨ ᠰᠦᠢᠳᠬᠡᠯ ᠬᠤᠷᠢᠶᠠᠬᠤ ᠲᠣᠭᠲᠠᠯᠴᠠᠭ᠎ᠠ ᠶᠢ ᠳᠠᠬᠢᠨ ᠪᠣᠶ ᠪᠣᠯᠭᠠᠵᠤ᠂ ᠰᠦᠢᠳᠬᠡᠯ ᠬᠤᠷᠢᠶᠠᠬᠤ ᠪᠠᠷᠢᠮᠵᠢᠶ᠎ᠠ | ᠬᠢᠭᠡᠳ ᠣᠨᠣᠰᠢᠯᠠᠨ ᠡᠮᠨᠡᠬᠦ ᠦᠢᠯᠡᠳᠦᠯᠭᠡ ᠶᠢᠨ ᠭᠦᠨᠴᠡ ᠲᠠᠢ ᠲᠣᠬᠢᠷᠠᠯᠴᠠᠬᠤ ᠶᠢ ᠦᠨᠡᠨ ᠬᠦ ᠠᠬᠢᠭᠤᠯᠵᠤ᠂ ᠲᠥᠷᠥᠯ | ᠵᠦᠢᠯ ᠤᠨ ᠰᠦᠢᠳᠬᠡᠯ ᠬᠤᠷᠢᠶᠠᠬᠤ ᠶᠢᠨ ᠰᠢᠨᠵᠢᠯᠡᠬᠦ ᠤᠬᠠᠭᠠᠨᠴᠢ ᠴᠢᠨᠠᠷ ᠬᠢᠭᠡᠳ ᠵᠦᠶ ᠶᠣᠰᠣᠴᠢ ᠴᠢᠨᠠᠷ ᠢ | ᠳᠡᠭᠡᠭᠰᠢᠯᠡᠭᠦᠯᠬᠦ ᠪᠣᠯᠣᠨ᠎ᠠ ᠃ | ᠭᠤᠷᠪᠠ᠂ ᠮᠡᠷᠭᠡᠵᠢᠯ ᠤᠨ ᠰᠢᠨ᠎ᠡ ᠡᠭᠦᠳᠦᠯᠲᠡ ᠶᠢ ᠳᠡᠮᠵᠢᠵᠦ᠂ ᠡᠪᠡᠳᠴᠢᠲᠡᠨ ᠤ ᠠᠮᠢᠳᠤᠷᠠᠯ ᠤᠨ ᠶᠠᠰᠤ | ᠴᠢᠨᠠᠷ ᠢ ᠳᠡᠭᠡᠭᠰᠢᠯᠡᠭᠦᠯᠪᠡ | ᠬᠤᠭᠤᠯᠠᠶ ᠶᠢᠨ ᠥᠮᠡᠨ ᠵᠠᠰᠠᠯ ᠤᠨ ᠳᠠᠷᠠᠭᠠᠬᠢ ᠡᠷᠡᠭᠦᠯᠵᠢᠭᠦᠯᠬᠦ ᠮᠡᠷᠭᠡᠵᠢᠯ ᠤᠨ ᠬᠡᠷᠡᠭᠯᠡᠯᠲᠡ ᠶᠢ | ᠠᠬᠢᠭᠤᠯᠬᠤ ᠶᠢᠨ ᠲᠤᠰᠠᠳᠠ᠂ ︽ᠳᠠᠭᠤ ᠭᠠᠷᠭᠠᠬᠤ ᠲᠥᠬᠦᠭᠡᠷᠦᠮᠵᠢ ᠶᠢ ᠤᠭᠰᠠᠷᠠᠬᠤ ᠰᠦᠢᠳᠬᠡᠯ ︾᠂ ︽ᠳᠠᠭᠤ | ᠭᠠᠷᠭᠠᠬᠤ ᠲᠥᠬᠦᠭᠡᠷᠦᠮᠵᠢ ᠶᠢ ᠭᠠᠷᠭᠠᠵᠤ ᠠᠪᠬᠤ / ᠰᠣᠯᠢᠬᠤ ᠰᠦᠢᠳᠬᠡᠯ ︾ ᠵᠡᠷᠭᠡ ᠬᠠᠮᠢᠶ᠎ᠠ ᠪᠦᠬᠦᠢ ᠣᠨᠣᠰᠢᠯᠠᠨ | ᠡᠮᠨᠡᠬᠦ ᠲᠥᠷᠥᠯ ᠵᠦᠢᠯ ᠢ ᠨᠡᠮᠡᠵᠦ᠂ ᠡᠯᠧᠺᠲᠷᠣᠨ ᠬᠤᠭᠤᠯᠠᠶ ᠤᠭᠰᠠᠷᠠᠬᠤ᠂ ᠰᠣᠯᠢᠬᠤ ᠵᠡᠷᠭᠡ ᠰᠢᠨ᠎ᠡ ᠪᠠᠷ | ᠬᠥᠭᠵᠢᠭᠰᠡᠨ ᠮᠡᠷᠭᠡᠵᠢᠯ ᠢ ᠵᠢᠷᠤᠮᠵᠢᠭᠰᠠᠨ ᠰᠦᠢᠳᠬᠡᠯ ᠬᠤᠷᠢᠶᠠᠬᠤ ᠬᠡᠪᠴᠢᠶᠡᠨ ᠳᠤ ᠣᠷᠣᠭᠤᠯᠤᠨ᠎ᠠ᠃ ᠲᠥᠷᠥᠯ | ᠵᠦᠢᠯ ᠢᠶᠠᠷ ᠰᠢᠨ᠎ᠡ ᠮᠡᠷᠭᠡᠵᠢᠯ ᠤᠨ ᠡᠮᠴᠢᠯᠡᠭᠡᠨ ᠤ ᠬᠡᠷᠡᠭᠯᠡᠯᠲᠡ ᠶᠢ ᠳᠡᠮᠵᠢᠵᠦ᠂ ᠡᠮᠴᠢᠯᠡᠭᠡᠨ ᠤ ᠪᠠᠶᠢᠭᠤᠯᠤᠮᠵᠢ ᠶᠢᠨ | ᠠᠪᠢᠶᠠᠯᠠᠬᠤ ᠰᠠᠭᠠᠳ ᠲᠠᠢ ᠡᠪᠡᠳᠴᠢᠲᠡᠨ ᠳᠤ ᠥᠪᠡᠷᠮᠢᠴᠡ ᠣᠨᠣᠰᠢᠯᠠᠨ ᠡᠮᠨᠡᠬᠦ ᠲᠥᠰᠦᠯ ᠬᠠᠩᠭᠠᠬᠤ ᠶᠢ | ᠵᠣᠷᠢᠭᠵᠢᠭᠤᠯᠵᠤ᠂ ᠮᠡᠷᠭᠡᠵᠢᠯ ᠤᠨ ᠳᠠᠷᠠᠭᠠᠬᠢ ᠡᠪᠡᠳᠴᠢᠲᠡᠨ ᠢ ︽ᠦᠭᠡ ᠬᠡᠯᠡᠭᠦᠯᠵᠦ︾᠂ ᠡᠮᠴᠢᠯᠡᠭᠡᠨ ᠤ | ᠮᠡᠷᠭᠡᠵᠢᠯ ᠤᠨ ᠰᠢᠨ᠎ᠡ ᠶᠢ ᠡᠭᠦᠳᠦᠭᠰᠡᠨ ᠦᠷ᠎ᠡ ᠪᠦᠲᠦᠭᠡᠯ ᠢ ᠠᠷᠠᠳ ᠤᠨ ᠠᠮᠢᠳᠤᠷᠠᠯ ᠳᠤ ᠨᠠᠩ ᠲᠦᠷᠭᠡᠨ ᠨᠠᠩ ᠰᠠᠶᠢᠨ | ᠬᠦᠷᠲᠡᠭᠡᠬᠦ ᠪᠣᠯᠣᠨ᠎ᠠ ᠃ | ᠴᠢᠬᠢ ᠬᠠᠮᠠᠷ ᠬᠤᠭᠤᠯᠠᠶ ᠶᠢᠨ ᠲᠥᠷᠥᠯ ᠤᠨ ᠲᠥᠷᠥᠯ ᠵᠦᠢᠯ ᠲᠣᠭᠲᠠᠭᠠᠬᠤ ᠵᠦᠭᠯᠡᠭᠦᠷ ᠢ | ᠨᠠᠶᠢᠳᠠᠪᠤᠷᠢᠵᠢᠭᠤᠯᠤᠨ ᠬᠡᠷᠡᠭᠵᠢᠭᠦᠯᠦᠭᠰᠡᠨ ᠤ ᠳᠠᠷᠠᠭ᠎ᠠ᠂ ᠡᠮᠴᠢᠯᠡᠭᠡᠨ ᠤ ᠦᠢᠯᠡᠴᠢᠯᠡᠭᠡ ᠶᠢᠨ ᠲᠥᠷᠥᠯ ᠵᠦᠢᠯ ᠤᠨ | ᠦᠨ᠎ᠡ ᠶᠢ ᠨᠠᠩ ᠵᠢᠷᠤᠮᠵᠢᠭᠤᠯᠵᠤ᠂ ᠲᠥᠷᠥᠯ ᠵᠦᠢᠯ ᠤᠨ ᠲᠣᠬᠢᠷᠠᠭᠤᠯᠤᠯᠲᠠ ᠪᠠ ᠦᠨ᠎ᠡ ᠶᠢᠨ ᠬᠠᠮᠢᠶᠠᠷᠤᠯᠲᠠ ᠶᠢᠨ | ᠰᠢᠰᠲ᠋ᠧᠮᠲᠦ ᠴᠢᠨᠠᠷ ᠢ ᠰᠢᠯᠢᠳᠡᠭᠵᠢᠭᠦᠯᠬᠦ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠣᠯᠠᠨ ᠲᠦᠮᠡᠨ ᠳᠤ ᠨᠠᠩ | ᠰᠢᠯᠢᠳᠡᠭ ᠣᠨᠣᠰᠢᠯᠠᠨ ᠡᠮᠨᠡᠬᠦ ᠦᠢᠯᠡᠴᠢᠯᠡᠭᠡ ᠪᠠ ᠨᠠᠩ ᠢᠯᠡ ᠲᠣᠳᠣ ᠰᠦᠢᠳᠬᠡᠯ ᠬᠤᠷᠢᠶᠠᠬᠤ ᠲᠣᠭᠲᠠᠯᠴᠠᠭ᠎ᠠ ᠶᠢ | ᠬᠦᠷᠲᠡᠭᠡᠵᠦ ᠂ ᠡᠮᠴᠢᠯᠡᠭᠡ ᠡᠷᠡᠭᠦᠯ ᠮᠡᠨᠳᠦ ᠶᠢᠨ ᠪᠠᠲᠤᠯᠠᠭ᠎ᠠ ᠶᠢᠨ ᠬᠢᠷᠢ ᠲᠦᠪᠰᠢᠨ ᠢ ᠦᠨᠡᠨ ᠬᠦ ᠳᠡᠭᠡᠭᠰᠢᠯᠡᠭᠦᠯᠦᠨ᠎ᠡ᠃ | |