5 ᠰᠠᠷ᠎ᠠ ᠶᠢᠨ 21 ᠠᠴᠠ 22 ᠤᠨ ᠡᠳᠦᠷ ᠪᠤᠯᠲᠠᠯ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠶᠢᠨ ᠱᠦᠵᠢ ᠰᠦᠨ ᠱᠤᠤ ᠴᠧᠩ ᠤᠯᠠᠭᠠᠨᠴᠠᠪ ᠬᠤᠳᠠ ᠶᠢᠨ ᠴᠠᠬᠠᠷ ᠪᠠᠷᠠᠭᠤᠨ ᠭᠠᠷᠤᠨ ᠳᠤᠮᠳᠠᠳᠤ | ᠬᠤᠰᠢᠭᠤᠨ ᠳᠤ ᠬᠦᠷᠴᠦ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠵᠢᠯ ᠤᠨ ᠲᠣᠭᠤᠷᠢᠨ ᠳᠤ | ᠪᠠᠶᠢᠴᠠᠭᠠᠨ ᠰᠤᠳᠤᠯᠪᠠ ᠃ | | | | | | 5 ᠰᠠᠷ᠎ᠠ ᠶᠢᠨ 21 ᠤ ᠡᠳᠦᠷ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ | ᠱᠤᠤ ᠴᠧᠩ ᠳᠠᠭᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ ᠡᠷᠦᠭᠡ ᠳᠤ ᠬᠦᠷᠴᠦ ᠠᠷᠠᠳ ᠲᠤ ᠠᠰᠢᠭ | ᠬᠦᠷᠲᠡᠭᠡᠬᠦ ᠲᠥᠷᠥ ᠶᠢᠨ ᠪᠣᠳᠣᠯᠭ᠎ᠠ ᠶᠢᠨ ᠡᠭᠦᠷᠭᠡᠯᠡᠯ ᠤᠨ ᠺᠠᠷᠲ ᠢ ᠬᠢᠨᠠᠮᠠᠭᠠᠢ ᠪᠠᠶᠢᠴᠠᠭᠠᠨ ᠦᠵᠡᠵᠦ ᠂ ᠨᠥᠬᠦᠪᠦᠷᠢ | ᠠᠪᠴᠤ ᠪᠠᠶᠢᠭ᠎ᠠ ᠪᠠᠶᠢᠳᠠᠯ ᠢ ᠨᠢ ᠨᠠᠷᠢᠨ ᠣᠶᠢᠯᠠᠭᠠᠪᠠ ᠃ ︵ᠰᠤᠷᠪᠤᠯᠵᠢᠯᠠᠬᠴᠢ ᠮᠠ ᠵᠢᠶᠠᠨ ᠪᠢᠩ ᠰᠡᠭᠦᠳᠡᠷᠯᠡᠪᠡ︶ | ᠰᠦᠨ ᠱᠤᠤ ᠴᠧᠩ ᠤᠷᠢᠳ ᠬᠤᠵᠢᠳ ᠳᠠᠭᠢᠨ ᠶᠠᠳᠠᠭᠤᠷᠠᠬᠤ ᠶᠢ ᠰᠡᠷᠭᠡᠶᠢᠯᠡᠵᠦ ᠬᠢᠨᠠᠨ ᠬᠡᠮᠵᠢᠬᠦ 3 ᠡᠷᠦᠭᠡ | ᠪᠠ ᠪᠠᠶᠢᠴᠠᠭᠠᠨ ᠳᠠᠩᠰᠠᠯᠠᠬᠤ 2 ᠡᠷᠦᠭᠡ ᠳᠤ ᠬᠦᠷᠴᠦ ᠂ ᠠᠷᠠᠳ ᠲᠤ ᠠᠰᠢᠭ ᠬᠦᠷᠲᠡᠭᠡᠬᠦ ᠲᠥᠷᠥ ᠶᠢᠨ | ᠪᠣᠳᠣᠯᠭ᠎ᠠ ᠶᠢᠨ ᠡᠭᠦᠷᠭᠡᠯᠡᠯ ᠤᠨ ᠺᠠᠷᠲ ᠪᠠ ᠲᠠᠷᠢᠶᠠᠴᠢᠨ ᠡᠷᠦᠭᠡ ᠶᠢᠨ ᠣᠷᠣᠯᠭ᠎ᠠ ᠵᠠᠷᠤᠯᠭ᠎ᠠ ᠶᠢᠨ ᠲᠠᠩᠰᠠᠠ ᠳᠡᠪᠲᠡᠷ ᠢ | ᠨᠠᠷᠢᠨ ᠪᠠᠶᠢᠴᠠᠭᠠᠨ ᠦᠵᠡᠵᠦ ᠂ ᠳᠠᠷᠢᠵᠤ ᠲᠡᠵᠢᠭᠡᠬᠦ ᠂ ᠬᠥᠯᠥᠰᠦᠨ ᠠᠵᠢᠯ ᠬᠢᠬᠦ ᠵᠡᠷᠭᠡ ᠣᠷᠣᠯᠭ᠎ᠠ ᠪᠠ ᠨᠥᠬᠦᠪᠦᠷᠢ | ᠠᠪᠴᠤ ᠪᠠᠶᠢᠭ᠎ᠠ ᠪᠠᠶᠢᠳᠠᠯ ᠢ ᠨᠠᠷᠢᠨ ᠣᠶᠢᠯᠠᠭᠠᠵᠤ ᠂ ᠲᠤᠬᠠᠢ ᠶᠢᠨ ᠭᠠᠵᠠᠷ ᠤᠨ ᠺᠠᠳ᠋ᠷ ᠣᠯᠠᠨ ᠲᠦᠮᠡᠨ ᠲᠠᠢ | ᠬᠠᠮᠲᠤ ᠪᠠᠷ ᠣᠷᠣᠯᠭ᠎ᠠ ᠶᠢ ᠨᠡᠮᠡᠭᠳᠡᠭᠦᠯᠬᠦ ᠰᠠᠶᠢᠨ ᠠᠷᠭ᠎ᠠ ᠶᠢ ᠰᠤᠳᠤᠯᠤᠨ ᠶᠠᠷᠢᠯᠴᠠᠵᠤ ᠂ ᠲᠠᠷᠢᠶᠠᠴᠢᠨ ᠡᠷᠦᠭᠡ ᠶᠢ | ᠦᠵᠡᠯᠲᠡ ᠪᠠᠨ ᠬᠤᠪᠢᠷᠠᠭᠤᠯᠵᠤ ᠂ ᠣᠲᠣ ᠶᠢᠨ ᠪᠠᠶᠢᠭ᠎ᠠ ᠬᠦᠷᠢᠶ᠎ᠡ ᠬᠠᠰᠢᠶᠠᠨ ᠤ ᠨᠥᠬᠦᠴᠡᠯ ᠳᠡᠭᠡᠨ ᠲᠦᠰᠢᠭᠯᠡᠨ | ᠦᠢᠯᠡᠳᠪᠦᠷᠢᠯᠡᠯ ᠢᠶᠠᠨ ᠰᠠᠨᠠᠭᠠᠴᠢᠯᠠᠭ᠎ᠠ ᠠᠴᠠ ᠪᠠᠨ ᠥᠷᠭᠡᠳᠬᠡᠵᠦ ᠂ ᠦᠬᠡᠷ ᠬᠤᠨᠢ ᠢᠯᠡᠭᠦᠬᠡᠨ ᠲᠡᠵᠢᠭᠡᠵᠦ ᠂ | ᠪᠣᠷᠳᠣᠨ ᠲᠠᠷᠭᠤᠯᠠᠭᠤᠯᠵᠤ ᠂ ᠰᠢᠷᠭᠠᠭᠤ ᠭᠦᠳᠡᠯᠮᠦᠷᠢ ᠳᠡᠭᠡᠨ ᠲᠦᠰᠢᠭᠯᠡᠨ ᠣᠷᠣᠯᠭ᠎ᠠ ᠪᠠᠨ ᠨᠡᠮᠡᠭᠳᠡᠭᠦᠯᠵᠦ | ᠪᠠᠶᠠᠵᠢᠬᠤ ᠶᠢ ᠵᠣᠷᠢᠭᠵᠢᠭᠤᠯᠪᠠ ᠃ | 22 ᠤᠨ ᠦᠳᠡ ᠶᠢᠨ ᠡᠮᠦᠨ᠎ᠡ ᠂ ᠰᠦᠨ ᠱᠤᠤ ᠴᠧᠩ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ | ᠤᠯᠠᠭᠠᠨᠴᠠᠪ ᠬᠤᠳᠠ ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠤ ᠬᠤᠯᠪᠣᠭᠳᠠᠯ ᠪᠦᠬᠦᠢ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠪᠠ ᠃ ᠲᠡᠷᠡ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ | ᠪᠣᠯ ︽ᠮᠠᠯ ᠠᠵᠤ ᠠᠬᠤᠢ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠮᠠᠯᠴᠢᠨ ᠲᠠᠷᠢᠶᠠᠴᠢᠨ︾ ᠤ ᠠᠵᠢᠯ ᠢ | ᠰᠠᠶᠢᠲᠤᠷ ᠬᠢᠬᠦ ᠶᠢᠨ ᠵᠠᠩᠭᠢᠯᠠᠭ᠎ᠠ ᠪᠣᠯᠣᠨ᠎ᠠ ᠃ ᠨᠠᠮ ᠤᠨ ᠲᠥᠪ ᠬᠤᠷᠢᠶ᠎ᠠ ᠠᠴᠠ ᠪᠢᠳᠡᠨ ᠢ ᠠᠷᠠᠳ ᠲᠦᠮᠡᠨ ᠢᠶᠠᠷ | ᠭᠤᠣᠯ ᠪᠤᠯᠭᠠᠬᠤ ᠶᠢ ᠪᠠᠷᠢᠮᠲᠠᠯᠠᠬᠤ ᠬᠡᠷᠡᠭᠲᠡᠢ ᠭᠡᠵᠦ ᠱᠠᠭᠠᠷᠳᠠᠵᠤ ᠪᠠᠶᠢᠨ᠎ᠠ ᠂ ᠬᠡᠷᠪᠡ ᠮᠠᠯᠴᠢᠨ ᠲᠠᠷᠢᠶᠠᠴᠢᠨ ᠤ | ᠣᠷᠣᠯᠭ᠎ᠠ ᠳᠡᠭᠡᠭᠰᠢᠯᠡᠵᠦ ᠳᠡᠶᠢᠯᠭᠦ ᠦᠭᠡᠢ ᠪᠣᠯ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠶᠡᠭᠡ ᠪᠠᠷ | ᠪᠠᠭᠤᠷᠠᠬᠤ ᠪᠣᠯᠣᠨ᠎ᠠ ᠃ ᠡᠯ᠎ᠡ ᠱᠠᠲᠤᠨ ᠤ ᠬᠢᠨ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠰᠠᠭᠤᠳᠠᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ ᠂ ᠬᠠᠷᠢᠭᠤᠴᠠᠯᠭᠠᠲᠤ ᠰᠡᠳᠬᠢᠯᠭᠡ ᠪᠠ ᠲᠤᠯᠭᠠᠮ ᠰᠡᠳᠬᠢᠯᠭᠡ ᠪᠠᠨ ᠤᠯᠠᠮ | ᠨᠢᠭᠡ ᠠᠯᠬᠤᠮ ᠴᠢᠩᠭᠠᠳᠬᠠᠨ ᠂ ᠠᠷᠭ᠎ᠠ ᠪᠦᠭᠦᠨ ᠢ ᠰᠦᠪᠡᠭᠴᠢᠯᠡᠵᠦ ᠪᠠᠶᠢᠭᠠᠳ ᠮᠠᠯᠴᠢᠨ ᠲᠠᠷᠢᠶᠠᠴᠢᠨ ᠢ ᠦᠨᠡᠨ | ᠪᠣᠳᠠᠲᠠᠢ ᠬᠠᠪᠰᠤᠷᠤᠨ ᠣᠷᠣᠯᠭ᠎ᠠ ᠶᠢ ᠨᠢ ᠳᠡᠭᠡᠭᠰᠢᠯᠡᠭᠦᠯᠭᠦ ᠬᠡᠷᠡᠭᠲᠡᠢ ᠃ ᠵᠣᠬᠢᠶᠠᠨ ᠪᠠᠶᠢᠭᠤᠯᠵᠤ ᠳᠠᠶᠢᠴᠢᠯᠠᠬᠤ ᠪᠠᠨ | ᠴᠢᠩᠭᠠᠳᠬᠠᠨ ᠂ ᠮᠠᠯᠴᠢᠨ ᠲᠠᠷᠢᠶᠠᠴᠢᠨ ᠢ ᠬᠥᠲᠥᠯᠥᠨ ᠵᠢᠯᠤᠭᠤᠳᠴᠤ ᠪᠠᠶᠢᠭᠠᠳ ᠲᠥᠬᠦᠭᠡᠷᠦᠮᠵᠢᠲᠦ ᠲᠠᠷᠢᠶᠠᠯᠠᠩ ᠂ | ᠬᠠᠰᠢᠶᠠᠯᠠᠨ ᠲᠡᠵᠢᠭᠡᠬᠦ ᠂ ᠬᠦᠷᠢᠶ᠎ᠡ ᠬᠠᠰᠢᠶᠠᠨ ᠤ ᠠᠵᠤ ᠠᠬᠤᠢ ᠶᠢ ᠶᠡᠭᠡ ᠪᠠᠷ ᠬᠥᠭᠵᠢᠭᠦᠯᠦᠨ ᠡᠵᠡᠩᠨᠡᠯᠲᠡ ᠶᠢᠨ | ᠴᠢᠨᠠᠷᠲᠠᠢ ᠣᠷᠣᠯᠭ᠎ᠠ ᠶᠢ ᠨᠢ ᠳᠡᠭᠡᠭᠰᠢᠯᠡᠭᠦᠯᠵᠦ ᠂ ᠬᠥᠳᠡᠯᠮᠦᠷᠢᠯᠡᠬᠦ ᠪᠠᠷ ᠲᠡᠳᠬᠦᠮᠵᠢ ᠶᠢ ᠣᠷᠣᠯᠠᠭᠤᠯᠬᠤ ᠶᠢ | ᠳᠡᠯᠭᠡᠷᠡᠭᠦᠯᠵᠦ ᠂ ᠮᠠᠯᠴᠢᠨ ᠲᠠᠷᠢᠶᠠᠴᠢᠳ ᠢ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠂ ᠥᠨᠳᠥᠷ | ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ ᠳᠤ ᠭᠦᠨᠵᠡᠭᠡᠢ ᠣᠷᠣᠯᠴᠠᠭᠤᠯᠤᠨ ᠴᠠᠯᠢᠩ ᠤᠨ | ᠴᠢᠨᠠᠷᠲᠠᠢ ᠣᠷᠣᠯᠭ᠎ᠠ ᠶᠢ ᠨᠢ ᠳᠡᠭᠡᠭᠰᠢᠯᠡᠭᠦᠯᠭᠦ ᠬᠡᠷᠡᠭᠲᠡᠢ ᠃ ᠭᠠᠵᠠᠷ ᠰᠢᠷᠣᠢ ᠶᠢᠨ ᠡᠬᠢ ᠪᠠᠶᠠᠯᠢᠭ ᠢ ᠰᠠᠶᠢᠲᠤᠷ | ᠠᠰᠢᠭᠯᠠᠵᠤ ᠂ ᠭᠠᠵᠠᠷ ᠰᠢᠷᠣᠢ ᠶᠢ ᠶᠡᠷᠦᠩᠬᠡᠶᠢᠯᠡᠨ ᠴᠡᠭᠴᠡᠯᠡᠨ ᠵᠠᠰᠠᠬᠤ ᠶᠢ ᠭᠦᠨᠵᠡᠭᠡᠶᠢᠷᠡᠭᠦᠯᠵᠦ ᠂ ᠬᠠᠮᠲᠤ ᠶᠢᠨ ᠠᠵᠤ | ᠠᠬᠤᠢ ᠶᠢ ᠲᠦᠷᠭᠡᠳᠬᠡᠨ ᠬᠥᠭᠵᠢᠭᠦᠯᠵᠦ ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ | ᠥᠷᠭᠡᠳᠬᠡᠬᠦ ᠬᠡᠷᠡᠭᠲᠡᠢ ᠃ ᠶᠠᠳᠠᠭᠤ ᠠᠴᠠ ᠠᠩᠭᠢᠵᠢᠷᠠᠭᠰᠠᠨ ᠡᠷᠦᠭᠡ ᠂ ᠶᠠᠳᠠᠭᠤ ᠬᠦᠴᠢᠷᠳᠡᠯᠲᠡᠢ ᠡᠷᠦᠭᠡ ᠶᠢ | ᠬᠠᠪᠰᠤᠷᠤᠨ ᠲᠡᠳᠬᠦᠬᠦ ᠠᠵᠢᠯ ᠢ ᠦᠷᠭᠦᠯᠵᠢᠯᠡᠨ ᠰᠠᠶᠢᠲᠤᠷ ᠬᠢᠵᠦ ᠂ ᠬᠢᠨᠠᠨ ᠬᠡᠮᠵᠢᠵᠦ ᠤᠷᠢᠳᠴᠢᠯᠠᠨ | ᠰᠡᠷᠡᠮᠵᠢᠯᠡᠭᠦᠯᠭᠦ ᠶᠢ ᠴᠢᠩᠭᠠᠳᠬᠠᠨ ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠤᠨᠢᠨ ᠳᠡᠭᠡᠷ᠎ᠡ ᠨᠢ | ᠬᠠᠪᠰᠤᠷᠤᠨ ᠲᠡᠳᠬᠦᠵᠦ ᠂ ᠬᠡᠪᠴᠢᠶᠡᠲᠦ ᠴᠢᠨᠠᠷᠲᠠᠢ ᠪᠠᠷ ᠳᠠᠭᠢᠨ ᠶᠠᠳᠠᠭᠤᠷᠠᠬᠤ ᠦᠭᠡᠢ ᠪᠠᠶᠢᠬᠤ ᠬᠤᠷᠢᠭ᠎ᠠ ᠱᠤᠭᠤᠮ ᠢ | ᠪᠠᠲᠤ ᠰᠠᠬᠢᠬᠤ ᠬᠡᠷᠡᠭᠲᠡᠢ ᠃ ᠡᠨᠡ ᠵᠢᠯ ᠠᠴᠠ ᠰᠡᠭᠦᠯᠡᠷᠬᠢ ᠬᠠᠪᠰᠤᠷᠤᠨ ᠲᠡᠳᠬᠦᠬᠦ ᠠᠵᠢᠯ ᠢ ᠡᠷᠲᠡᠬᠡᠨ ᠰᠤᠳᠤᠯᠵᠤ ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠶᠢ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ 5 ᠵᠢᠯ ᠤᠨ | ᠰᠢᠯᠵᠢᠯᠲᠡ ᠶᠢᠨ ᠬᠤᠭᠤᠴᠠᠭᠠᠨ ᠤ ᠳᠠᠷᠠᠭᠠᠬᠢ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠦᠷᠭᠦᠯᠵᠢᠯᠡᠨ ᠬᠡᠷᠡᠭᠵᠢᠭᠦᠯᠵᠦ | ᠳᠡᠶᠢᠯᠭᠦ ᠶᠢ ᠪᠠᠲᠤᠯᠠᠬᠤ ᠬᠡᠷᠡᠭᠲᠡᠢ ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠡᠯ᠎ᠡ ᠲᠥᠷᠥᠯ ᠤᠨ | ᠨᠥᠬᠦᠪᠦᠷᠢ ᠶᠢ ᠡᠮᠬᠢᠯᠡᠬᠦ ᠪᠠ ᠵᠢᠷᠤᠮᠵᠢᠭᠤᠯᠵᠤ ᠂ ᠨᠥᠬᠦᠪᠦᠷᠢ ᠪᠠᠭᠤᠯᠭᠠᠬᠤ ᠳᠤ ᠡᠷᠬᠡ ᠲᠡᠭᠰᠢ ᠲᠥᠪ ᠭᠤᠣᠯᠴᠢ | ᠪᠠᠶᠢᠬᠤ ᠂ ᠲᠥᠷᠥ ᠶᠢᠨ ᠪᠣᠳᠣᠯᠭ᠎ᠠ ᠲᠣᠭᠲᠠᠭᠠᠭᠰᠠᠨ ᠤᠭ ᠰᠠᠨᠠᠭ᠎ᠠ ᠠᠴᠠ ᠵᠥᠷᠢᠴᠡᠬᠦ ᠦᠭᠡᠢ ᠂ ᠬᠡᠷᠡᠭᠵᠢᠭᠦᠯᠬᠦ ᠳᠤ | ᠳᠥᠭᠦᠮ ᠭᠢᠯᠪᠠᠷ ᠪᠠᠶᠢᠯᠭᠠᠵᠤ ᠂ ᠵᠣᠭᠤᠰ ᠢ ᠦᠨᠡᠨ ᠬᠦ ᠴᠢᠬᠤᠯᠠ ᠭᠠᠵᠠᠷ ᠲᠤᠨᠢ ᠬᠡᠷᠡᠭᠯᠡᠨ ᠂ ᠰᠠᠶᠢᠨ ᠦᠷ᠎ᠡ | ᠪᠦᠲᠦᠮᠵᠢ ᠭᠠᠷᠭᠠᠬᠤ ᠬᠡᠷᠡᠭᠲᠡᠢ ᠭᠡᠪᠡ ᠃ | ᠰᠦᠨ ᠱᠤᠤ ᠴᠧᠩ ᠂ ᠡᠯ᠎ᠡ ᠱᠠᠲᠤᠨ ᠤ ᠬᠢᠨ ᠠᠵᠢᠯ ᠢᠶᠠᠨ ᠨᠢᠭᠡᠳᠦᠯᠲᠡᠢ ᠲᠥᠯᠥᠪᠵᠢᠭᠦᠯᠬᠦ ᠪᠠᠨ | ᠴᠢᠩᠭᠠᠳᠬᠠᠵᠤ ᠂ ᠠᠵᠤ ᠠᠬᠤᠢ ᠶᠢᠨ ᠪᠦᠲᠦᠭᠡᠨ ᠪᠠᠶᠢᠭᠤᠯᠤᠯᠲᠠ ᠶᠢ ᠲᠣᠪᠣᠶᠢᠮ᠎ᠠ ᠰᠠᠶᠢᠲᠤᠷ ᠠᠳᠬᠤᠬᠤ ᠶᠢᠨ | ᠵᠡᠷᠭᠡ ᠪᠠᠷ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ | ᠬᠥᠮᠦᠵᠢᠯ ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ ᠤᠨ ᠠᠰᠠᠭᠤᠳᠠᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠂ ᠠᠶᠤᠯᠭᠦᠢ ᠦᠢᠯᠡᠳᠪᠦᠷᠢᠯᠡᠯ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ | ᠬᠢᠬᠦ ᠬᠡᠷᠡᠭᠲᠡᠢ ᠃ ᠬᠤᠰᠢᠭᠤ ᠰᠢᠶᠠᠨ ᠤ ᠱᠠᠲᠤᠨ ᠤ ᠬᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ ᠂ | ᠤᠷᠢᠳᠤᠬᠢ ᠶᠢ ᠵᠠᠯᠭᠠᠮᠵᠢᠯᠠᠨ ᠬᠤᠶᠢᠲᠤᠬᠢ ᠳᠤ ᠵᠠᠮ ᠨᠡᠭᠡᠭᠡᠬᠦ ᠦᠢᠯᠡᠳᠦᠯ ᠢᠶᠠᠨ ᠰᠠᠶᠢᠲᠤᠷ ᠪᠠᠳᠠᠷᠠᠭᠤᠯᠵᠤ ᠂ | ᠠᠰᠠᠭᠤᠳᠠᠯ ᠢ ᠰᠠᠨᠠᠭᠠᠴᠢᠯᠠᠭ᠎ᠠ ᠠᠴᠠ ᠪᠠᠨ ᠢᠯᠡᠷᠡᠭᠦᠯᠦᠨ ᠰᠢᠢᠳᠪᠦᠷᠢᠯᠡᠵᠦ ᠂ ᠰᠢᠢᠳᠪᠦᠷᠢᠯᠡᠵᠦ ᠳᠡᠶᠢᠯᠭᠦ ᠦᠭᠡᠢ | ᠠᠰᠠᠭᠤᠳᠠᠯ ᠢ ᠴᠠᠭ ᠲᠤᠬᠠᠢ ᠳᠤᠨᠢ ᠳᠡᠭᠡᠭᠰᠢ ᠲᠤᠰᠬᠠᠬᠤ ᠶᠢᠨ ᠬᠠᠮᠲᠤ ᠢᠳᠡᠪᠬᠢᠲᠡᠢ ᠪᠠᠷ ᠰᠠᠨᠠᠭᠤᠯᠭ᠎ᠠ ᠪᠠ ᠠᠷᠭ᠎ᠠ | ᠳᠤᠷᠠᠳᠬᠤ ᠬᠡᠷᠡᠭᠲᠡᠢ ᠭᠡᠪᠡ ᠃ | ᠢᠦᠢ ᠯᠢ ᠰᠢᠨ ᠠᠵᠢᠯᠯᠠᠭ᠎ᠠ ᠳᠤ ᠣᠷᠣᠯᠴᠠᠵᠠᠢ ᠃ | |