ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠬᠢᠷᠠᠭᠤᠯᠤᠯᠲᠠ ᠪᠠᠷ ᠂ 5 ᠰᠠᠷ᠎ᠠ ᠶᠢᠨ 21 ᠠᠴᠠ | 22 ᠤᠨ ᠡᠳᠦᠷ ᠪᠤᠯᠲᠠᠯ᠎ᠠ ᠂ ᠸᠠᠩ ᠯᠢ ᠰᠢᠶᠠ ᠤᠯᠠᠭᠠᠨᠬᠠᠳᠠ ᠬᠤᠳᠠ ᠳᠤ ᠬᠦᠷᠴᠦ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠪᠣᠯᠣᠨ ᠪᠦᠭᠦ | ᠣᠷᠣᠨ ᠤ ᠠᠵᠤ ᠠᠬᠤᠢ ᠶᠢᠨ ᠠᠵᠢᠯ ᠤᠨ ᠵᠠᠳᠠᠯᠤᠯᠲᠠ ᠶᠢᠨ ᠬᠤᠷᠠᠯ ᠤᠨ ᠪᠠᠶᠢᠷᠢᠯᠠᠭᠤᠯᠤᠯᠲᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ ᠃ | | | | | | | ᠸᠠᠩ ᠯᠢ ᠰᠢᠶᠠ ᠤᠯᠠᠭᠠᠨᠬᠠᠳᠠ ᠬᠤᠲᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠤᠭᠰᠠᠨ ᠪᠥᠭᠡᠳ ᠰᠠᠨᠠᠯ ᠰᠠᠨᠠᠭᠤᠯᠭ᠎ᠠ ᠬᠤᠷᠢᠶᠠᠪᠠ ᠂ ᠲᠡᠷᠡ ᠂ ᠶᠡᠷᠦᠩᠬᠡᠢ ᠱᠦᠵᠢ ᠰᠢ ᠶᠢᠨ ᠫᠢᠩ ᠤᠨ | ᠭᠦᠢᠵᠧᠦ ᠂ ᠶᠦᠨᠨᠠᠨ ᠂ ᠾᠧᠨᠠᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠬᠤᠯᠪᠣᠭᠳᠠᠯ ᠪᠦᠬᠦᠢ ᠴᠢᠬᠤᠯᠠ | ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠲᠤᠭᠤᠰᠢᠯᠠᠭᠤᠯᠵᠤ ᠂ ᠲᠥᠪ ᠤᠨ ᠲᠣᠭᠤᠷᠢᠨ ᠪᠠᠶᠢᠴᠠᠭᠠᠬᠤ | ᠳᠤᠭᠤᠶᠢᠯᠠᠩ ᠤᠨ ᠳᠤᠷᠠᠳᠤᠭᠰᠠᠨ ᠳᠠᠷᠤᠢ ᠳᠤᠨᠢ ᠬᠡᠷᠡᠭᠵᠢᠭᠦᠯᠵᠦ ᠳᠠᠷᠤᠢ ᠳᠤᠨᠢ ᠥᠭᠡᠷᠡᠴᠢᠯᠡᠬᠦ ᠱᠠᠭᠠᠷᠳᠠᠯᠭ᠎ᠠ ᠶᠢ | ᠰᠠᠶᠢᠲᠤᠷ ᠨᠠᠶᠢᠳᠠᠪᠤᠷᠢᠵᠢᠭᠤᠯᠵᠤ ᠂ ︽ ᠨᠢᠭᠡ ᠠᠵᠢᠯ ᠤᠨ ᠪᠠᠶᠢᠷᠢ ᠳᠤ ᠬᠤᠣᠰ ᠬᠠᠷᠢᠭᠤᠴᠠᠯᠭ᠎ᠠ ᠡᠭᠦᠷᠭᠡᠯᠡᠬᠦ ︾ ᠶᠢ | ᠴᠢᠩᠭ᠎ᠠ ᠭᠦᠢᠴᠡᠳᠬᠡᠵᠦ ᠂ ᠠᠰᠠᠭᠤᠳᠠᠯ ᠤᠨ ᠨᠠᠷᠢᠨ ᠲᠠᠩᠰᠠ ᠲᠠᠢ ᠬᠠᠷᠭᠤᠭᠤᠯᠤᠨ ᠲᠤᠰᠬᠠᠢ ᠴᠡᠭᠴᠡᠯᠡᠨ ᠵᠠᠰᠠᠯᠲᠠ ᠶᠢ | ᠰᠠᠶᠢᠲᠤᠷ ᠠᠳᠬᠤᠵᠤ ᠂ ᠲᠣᠭᠲᠠᠭᠠᠯ ᠠᠴᠠ ᠵᠥᠷᠢᠴᠡᠨ ᠢᠳᠡᠵᠦ ᠤᠤᠭᠤᠬᠤ ᠶᠢ ᠡᠷᠡᠰ ᠬᠤᠷᠢᠭᠯᠠᠵᠤ ᠂ ᠬᠥᠯᠥᠰᠦᠨ | ᠲᠠᠷᠢᠶᠠᠴᠢᠨ ᠤ ᠴᠠᠯᠢᠩ ᠢ ᠥᠷᠢᠲᠦᠬᠦ ᠂ ᠦᠨᠡᠮᠯᠡᠯ ᠭᠦᠢᠴᠡᠳᠬᠡᠬᠦ ᠳᠤ ᠬᠦᠴᠢᠷᠲᠡᠢ ᠪᠠᠶᠢᠬᠤ ᠵᠡᠷᠭᠡ ᠠᠰᠠᠭᠤᠳᠠᠯ ᠢ | ᠦᠨᠡᠨ ᠬᠦ ᠰᠢᠢᠳᠪᠦᠷᠢᠯᠡᠬᠦ ᠬᠡᠷᠡᠭᠲᠡᠢ ᠭᠡᠵᠦ ᠬᠡᠯᠡᠪᠡ ᠃ | | | | | | | ᠸᠠᠩ ᠯᠢ ᠰᠢᠶᠠ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠤᠶᠢᠯ ᠢᠶᠠᠷ ᠬᠠᠯᠠᠮᠵᠢᠯᠠᠵᠤ ᠂ ᠤᠷᠢᠳ | ᠬᠤᠵᠢᠳ ᠮᠧᠩ ᠳ᠋ᠦᠩ ᠤᠳᠤ ᠦᠶ᠎ᠡ ᠶᠢᠨ ᠲᠦᠷᠭᠡᠨ ᠬᠦᠷᠭᠡᠯᠲᠡ ᠶᠢᠨ ᠪᠠᠷᠠᠭᠠᠨ ᠤ ᠭᠦᠢᠯᠭᠡᠭᠡᠨ ᠤ ᠬᠦᠷᠢᠶᠡᠯᠡᠩ | ᠪᠣᠯᠣᠨ ᠳ᠋ᠦᠩ ᠱᠠᠨ ᠬᠥᠩᠭᠡᠨᠴᠠᠭᠠᠨ ᠤ ᠦᠢᠯᠡᠰ ᠂ ᠶᠢᠨ ᠲᠦᠩ ᠵᠡᠰ ᠤᠨ ᠦᠢᠯᠡᠰ ᠂ ᠶᠤᠸᠠᠨ ᠵᠢᠩ | ᠨᠡᠭᠦᠷᠡᠰᠦᠲᠥ᠋ᠷᠥᠭᠴᠢ ᠦᠭᠡᠢ ᠤᠰᠤᠲᠥ᠋ᠷᠥᠭᠴᠢᠲᠤ ᠰᠢᠪᠲᠦᠷ ᠂ ᠳ᠋ᠠ ᠳ᠋ᠢ ᠶᠤᠸᠠᠨ ᠲᠦᠩ ᠨᠡᠭᠦᠷᠡᠰᠦ ᠹᠣᠰᠹᠣᠷ | ᠯᠢᠲ᠋ᠢ ᠶᠢ ᠨᠢᠭᠡ ᠴᠣᠭᠴᠠᠵᠢᠭᠤᠯᠬᠤ ᠵᠡᠷᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠲᠤᠬᠠᠢ ᠶᠢᠨ | ᠲᠠᠯᠠᠪᠠᠢ ᠳᠤ ᠬᠦᠷᠴᠦ ᠂ ᠠᠵᠤ ᠠᠬᠤᠶᠢᠯᠠᠯ ᠢ ᠲᠤᠰᠠᠯᠠᠬᠤ ᠠᠵᠢᠯᠯᠠᠭ᠎ᠠ ᠶᠢ ︽ᠡᠴᠦᠰ ᠤᠨ ᠨᠢᠭᠡ ᠮᠧᠲᠷ︾ ᠲᠤ | ᠭᠦᠷᠳᠡᠯ᠎ᠠ ᠨᠠᠶᠢᠳᠠᠪᠤᠷᠢᠵᠢᠭᠤᠯᠵᠤ ᠂ ᠠᠵᠤ ᠠᠬᠤᠶᠢᠯᠠᠯ ᠲᠠᠢ ᠬᠠᠮᠲᠤ ᠪᠠᠷ ᠠᠵᠢᠯᠯᠠᠵᠤ ᠂ ᠬᠠᠮᠲᠤ ᠪᠠᠷ ᠲᠡᠮᠡᠴᠡᠬᠦ | ᠬᠡᠷᠡᠭᠲᠡᠢ ᠃ ᠳᠡᠭᠡᠳᠦ ᠲᠡᠰᠵᠢᠭᠦᠯᠭᠦ ᠂ ᠣᠶᠤᠨᠴᠢᠯᠠᠬᠤ ᠂ ᠪᠣᠬᠢᠷᠳᠤᠯ ᠦᠭᠡᠶᠢᠵᠢᠭᠦᠯᠭᠦ ᠳᠤ ᠠᠩᠬᠠᠷᠤᠯ ᠢᠶᠠᠨ | ᠲᠥᠪᠯᠡᠷᠡᠭᠦᠯᠦᠨ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠵᠤ ᠂ ᠰᠢᠨ᠎ᠡ ᠮᠠᠲ᠋ᠧᠷᠢᠶᠠᠯ ᠤᠨ ᠠᠵᠤ ᠦᠢᠯᠡᠰ ᠢ | ᠶᠡᠭᠡ ᠪᠠᠷ ᠬᠥᠭᠵᠢᠭᠦᠯᠦᠨ ᠂ ᠦᠢᠯᠡᠴᠢᠯᠡᠭᠡᠨ ᠤ ᠦᠢᠯᠡᠰ ᠢ ᠵᠡᠷᠭᠡ ᠪᠠᠷ ᠠᠬᠢᠭᠤᠯᠵᠤ ᠂ ᠠᠵᠤ ᠦᠢᠯᠡᠰ ᠤᠨ ᠪᠦᠭᠦ | ᠲᠠᠯ᠎ᠠ ᠪᠠᠷ ᠭᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠃ | | | | | | ᠰᠢᠶᠠ ᠵᠢᠶᠠ ᠳ᠋ᠢᠶᠠᠨ ᠰᠢᠶᠠᠩ ᠪᠣᠯ ᠤᠯᠤᠰ ᠤᠨ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ | ᠤᠷᠲᠤᠳᠬᠠᠨ ᠳᠠᠭᠠᠭᠠᠴᠢᠯᠠᠭᠤᠯᠬᠤ ᠪᠦᠭᠦᠶᠢᠯᠡ ᠰᠢᠶᠠᠩ ᠪᠠᠯᠭᠠᠰᠤ ᠶᠢᠨ ᠲᠤᠷᠰᠢᠯᠲᠠ ᠶᠢᠨ ᠴᠡᠭ ᠤᠨ ᠭᠠᠵᠠᠷ ᠣᠷᠣᠨ | ᠪᠣᠯᠣᠨ᠎ᠠ ᠂ ᠸᠠᠩ ᠯᠢ ᠰᠢᠶᠠ ᠲᠤᠬᠠᠢ ᠶᠢᠨ ᠭᠠᠵᠠᠷ ᠤᠨ ᠺᠠᠳ᠋ᠷ ᠲᠠᠢ ᠬᠠᠮᠲᠤ ᠪᠠᠷ ᠪᠠᠭ᠎ᠠ ᠶᠢ ᠰᠢᠨᠵᠢᠵᠦ ᠬᠡᠰᠡᠭ ᠲᠠᠯ᠎ᠠ ᠶᠢ | ᠵᠠᠳᠠᠯᠵᠤ ᠂ ᠲᠤᠷᠰᠢᠯᠲᠠ ᠶᠢᠨ ᠴᠡᠭ ᠤᠨ ᠠᠵᠠ ᠲᠣᠭᠢᠶᠠᠯ ᠢ ᠠᠮᠵᠢᠵᠤ ᠂ ᠲᠤᠷᠰᠢᠯᠭ᠎ᠠ ᠪᠠᠨ ᠳ᠋ᠦᠩᠨᠡᠨ ᠂ ᠠᠰᠠᠭᠤᠳᠠᠯ ᠢ | ᠢᠯᠡᠷᠡᠭᠦᠯᠵᠦ ᠂ ᠭᠠᠵᠠᠷ ᠰᠢᠷᠣᠢ ᠶᠢᠨ ᠬᠤᠶᠠᠳᠤᠭᠠᠷ ᠡᠭᠡᠯᠵᠢ ᠶᠢᠨ ᠤᠷᠲᠤᠳᠬᠠᠨ ᠳᠠᠭᠠᠭᠠᠴᠢᠯᠠᠭᠤᠯᠬᠤ ᠪᠠ ︽ ᠨᠢᠭᠡ | ᠭᠠᠵᠠᠷ ᠲᠤ ᠤᠯᠠᠨ ᠦᠨᠡᠮᠯᠡᠯ ᠲᠠᠢ ᠪᠠᠶᠢᠬᠤ ︾ ᠶᠢ ᠰᠢᠢᠳᠪᠦᠷᠢᠯᠡᠬᠦ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ | ᠬᠡᠷᠡᠭᠲᠡᠢ ᠭᠡᠵᠦ ᠴᠢᠬᠤᠯᠠᠴᠢᠯᠠᠪᠠ ᠃ ᠣᠩᠨᠢᠭᠤᠳ ᠬᠤᠰᠢᠭᠤᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ | ᠲᠤᠬᠠᠢ ᠶᠢᠨ ᠲᠠᠯᠠᠪᠠᠢ ᠳᠤ ᠂ ᠲᠡᠷᠡ ᠺᠠᠳ᠋ᠷ ᠤᠯᠠᠨ ᠲᠦᠮᠡᠨ ᠲᠠᠢ ᠬᠠᠮᠲᠤ ᠥᠪᠡᠷ ᠤᠨ ᠦᠷᠳᠡᠭ ᠤᠨ ᠲᠠᠩᠰᠠ ᠂ | ᠣᠷᠣᠯᠭ᠎ᠠ ᠶᠢᠨ ᠲᠠᠩᠰᠠ ᠶᠢ ᠪᠤᠳᠤᠵᠥ ᠂ ᠦᠨᠡᠨ ᠠᠴᠠ ᠵᠥᠪ ᠢ ᠡᠷᠢᠵᠦ ᠂ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠤᠰᠤ ᠠᠷᠪᠢᠯᠠᠬᠤ ᠂ ᠵᠣᠭᠤᠰ ᠠᠷᠪᠢᠯᠠᠬᠤ ᠴᠢᠬᠢ ᠮᠣᠳᠣ ᠶᠢ ᠰᠣᠩᠭᠤᠨ ᠬᠡᠷᠡᠭᠯᠡᠵᠦ ᠂ ᠬᠡᠯᠪᠡᠷᠢᠴᠢ | ᠦᠵᠡᠯ ᠢ ᠤᠬᠳᠤ ᠶᠠᠪᠤᠭᠤᠯᠵᠤ ᠪᠤᠯᠬᠤ ᠦᠭᠡᠢ ᠭᠡᠵᠦ ᠱᠠᠭᠠᠷᠳᠠᠪᠠ ᠃ | | | | | | 22 ᠤᠨ ᠦᠳᠡ ᠶᠢᠨ ᠬᠤᠶᠢᠨ᠎ᠠ ᠂ ᠸᠠᠩ ᠯᠢ ᠰᠢᠶᠠ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ ᠂ | ᠣᠳᠣᠬᠠᠨ ᠤ ᠠᠵᠤ ᠠᠬᠤᠢ ᠶᠢᠨ ᠬᠥᠭᠵᠢᠯᠲᠡ ᠶᠢᠨ ᠳᠤᠮᠳᠠ ᠣᠷᠣᠰᠢᠵᠤ ᠪᠠᠶᠢᠭ᠎ᠠ ᠠᠰᠠᠭᠤᠳᠠᠯ ᠢ ᠰᠤᠳᠤᠯᠤᠨ | ᠰᠢᠢᠳᠪᠦᠷᠢᠯᠡᠪᠡ ᠃ ᠲᠡᠷᠡ ᠂ ᠤᠯᠠᠭᠠᠨᠬᠠᠳᠠ ᠬᠤᠲᠠ ᠶᠢᠨ ᠬᠥᠭᠵᠢᠯᠲᠡ ᠶᠢ ᠲᠦᠷᠭᠡᠳᠬᠡᠬᠦ ᠳᠤ ᠭᠤᠣᠯᠳᠠᠯᠭ᠎ᠠ ᠨᠢ | ᠲᠥᠷᠥᠯ ᠵᠦᠢᠯ ᠢᠶᠠᠷ ᠳᠠᠶᠢᠴᠢᠯᠠᠬᠤ ᠶᠠᠪᠤᠳᠠᠯ ᠪᠠᠶᠢᠵᠤ ᠂ ᠵᠠᠩᠭᠢᠯᠠᠭ᠎ᠠ ᠨᠢ ᠠᠵᠤ ᠦᠢᠯᠡᠳᠪᠦᠷᠢ ᠳᠤ ᠪᠠᠶᠢᠵᠤ ᠂ ᠳᠠᠯᠳᠠ | ᠬᠦᠴᠦᠨ ᠨᠢ ᠭᠤᠷᠪᠠᠳᠤᠭᠠᠷ ᠠᠵᠤ ᠦᠢᠯᠡᠰ ᠲᠤ ᠪᠤᠢ ᠂ ᠠᠵᠤ ᠠᠬᠤᠢ ᠶᠢ ᠬᠥᠭᠵᠢᠭᠦᠯᠬᠦ ᠲᠤᠯᠭᠠᠮ ᠰᠡᠳᠬᠢᠯᠭᠡ | ᠬᠠᠷᠢᠭᠤᠴᠠᠯᠭᠠᠲᠤ ᠰᠡᠳᠬᠢᠯᠭᠡ ᠪᠠᠨ ᠴᠢᠩᠭᠠᠳᠬᠠᠵᠤ ᠂ ᠠᠷᠭ᠎ᠠ ᠪᠦᠭᠦᠨ ᠢ ᠰᠦᠪᠡᠭᠴᠢᠯᠡᠨ ᠰᠢᠨ᠎ᠡ ᠨᠡᠮᠡᠭᠳᠡᠯ ᠤᠨ | ᠴᠡᠭ ᠢ ᠪᠣᠶᠢᠵᠢᠭᠤᠯᠵᠤ ᠂ ᠤᠯᠠᠭᠠᠨᠬᠠᠳᠠ ᠶᠢᠨ ᠬᠠᠷᠢᠭᠤᠴᠠᠯᠭ᠎ᠠ ᠡᠭᠦᠷᠭᠡᠯᠡᠯ ᠢ ᠢᠯᠡᠷᠡᠭᠦᠯᠬᠦ ᠬᠡᠷᠡᠭᠲᠡᠢ ᠭᠡᠵᠦ ᠬᠡᠯᠡᠪᠡ ᠃ | ᠲᠡᠷᠡ ᠂ ᠬᠦᠴᠢᠷ ᠪᠡᠷᠬᠡᠰᠢᠶᠡᠯ ᠲᠠᠢ ᠪᠤᠯᠬᠤ ᠲᠤᠳᠤᠮ ᠠᠮᠢ ᠠᠬᠤᠢ ᠶᠢᠨ ᠬᠠᠮᠠᠭᠠᠯᠠᠯᠲᠠ ᠶᠢ ᠨᠡᠩ ᠢᠯᠡᠭᠦᠦ | ᠲᠡᠷᠢᠭᠦᠨ ᠳᠤ ᠲᠠᠯᠪᠢᠵᠤ ᠂ ᠣᠷᠴᠢᠨ ᠲᠣᠭᠤᠷᠢᠨ ᠤ ᠬᠠᠮᠠᠭᠠᠯᠠᠯᠲᠠ ᠶᠢᠨ ᠲᠣᠪᠣᠶᠢᠮ᠎ᠠ ᠠᠰᠠᠭᠤᠳᠠᠯ ᠢ ᠯᠠᠪᠳᠠᠭᠤᠨ | ᠬᠢᠨᠠᠮᠠᠭᠠᠢ ᠴᠡᠭᠴᠡᠯᠡᠨ ᠰᠠᠶᠢᠵᠢᠷᠠᠭᠤᠯᠵᠤ ᠂ ᠬᠤᠷᠴᠢᠨ — ᠬᠤᠯᠠᠨ ᠰᠢᠷᠭ᠎ᠠ ᠲᠠᠭ᠎ᠠ ᠶᠢᠨ ᠡᠯᠡᠰᠦᠷᠬᠡᠭ ᠭᠠᠵᠠᠷ ᠤᠨ | ᠰᠥᠨᠥᠭᠡᠯᠲᠡ ᠶᠢᠨ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ ᠃ ᠬᠥᠭᠵᠢᠯᠲᠡ ᠪᠠ ᠠᠮᠤᠷ ᠲᠦᠪᠰᠢᠨ ᠢ ᠰᠠᠶᠢᠲᠤᠷ | ᠨᠢᠭᠡᠳᠦᠯᠲᠡᠢ ᠲᠥᠯᠥᠪᠵᠢᠭᠦᠯᠵᠦ ᠂ ᠴᠠᠯᠢᠩ ᠥᠷᠢᠲᠦᠬᠦ ᠠᠰᠠᠭᠤᠳᠠᠯ ᠢ ᠠᠷᠭ᠎ᠠ ᠪᠦᠭᠦᠨ ᠢ ᠰᠦᠪᠡᠭᠴᠢᠯᠡᠨ | ᠰᠢᠢᠳᠪᠦᠷᠢᠯᠡᠵᠦ ᠂ ᠡᠳ᠋ ᠤᠨ ᠵᠠᠰᠠᠭ ᠮᠥᠩᠭᠦᠨ ᠭᠦᠢᠯᠭᠡᠭᠡᠨ ᠤ ᠠᠶᠤᠯ ᠲᠦᠭᠰᠢᠭᠦᠷᠢ ᠪᠠ ᠠᠶᠤᠯᠭᠦᠢ | ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠰᠠᠶᠢᠲᠤᠷ ᠰᠠᠬᠢᠬᠤ ᠬᠡᠷᠡᠭᠲᠡᠢ ᠭᠡᠵᠦ ᠣᠨᠴᠠᠭᠠᠶᠢᠯᠠᠨ ᠵᠢᠭᠠᠵᠤ ᠭᠠᠷᠭᠠᠪᠠ ᠃ | | ᠪᠠᠶᠢᠴᠠᠭᠠᠨ ᠰᠤᠳᠤᠯᠬᠤ ᠬᠤᠭᠤᠴᠠᠭᠠᠨ ᠳᠤ ᠂ ᠸᠠᠩ ᠯᠢ ᠰᠢᠶᠠ ᠪᠠᠰᠠ ᠤᠢ ᠰᠢᠭᠤᠢ ᠨᠤᠲᠤᠭ ᠪᠡᠯᠴᠢᠭᠡᠷ ᠢ | ᠡᠪᠳᠡᠭᠰᠡᠨ ᠬᠠᠤᠯᠢ ᠪᠤᠰᠤ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠭᠰᠠᠨ ᠪᠠᠶᠢᠳᠠᠯ ᠢ ᠳᠠᠯᠳᠠᠭᠤᠷ | ᠪᠠᠶᠢᠴᠠᠭᠠᠪᠠ ᠃ | |