︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ | ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢᠨ ᠠᠷᠭ᠎ᠠ︾ ︵ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠵᠠᠷᠯᠢᠭ 262 ᠳ᠋ᠤᠭᠠᠷ ᠲᠣᠭᠠᠲᠤ︶ ᠶᠢ ᠦᠨᠳᠦᠰᠦᠯᠡᠨ ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ 2025 ᠣᠨ ᠤ 6 ᠳ᠋ᠤᠭᠠᠷ ᠰᠠᠷ᠎ᠠ ᠶᠢᠨ ᠡᠬᠢ ᠪᠠᠷ ︽ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠢᠲᠡᠭᠡᠮᠵᠢ ᠶᠢᠨ | ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ ︵ᠰᠠᠨᠠᠯ ᠬᠤᠷᠢᠶᠠᠬᠤ ᠨᠣᠤᠷᠠᠭ︶︾ ᠶᠢᠨ ᠭᠡᠷᠡᠴᠢᠯᠡᠭᠡ ᠰᠣᠨᠣᠰᠬᠤ | ᠬᠤᠷᠠᠯ ᠬᠤᠷᠠᠯᠳᠤᠭᠤᠯᠬᠤ ᠪᠠᠷ ᠪᠣᠶ ᠃ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠵᠠᠷᠯᠠᠶ᠎ᠠ᠄ | ᠨᠢᠭᠡ ᠂ ᠣᠷᠣᠯᠴᠠᠬᠤ ᠬᠥᠮᠦᠰ | ᠬᠤᠷᠠᠯ ᠳᠤ ᠣᠷᠣᠯᠴᠠᠬᠤ ᠨᠡᠶᠢᠲᠡ 9 ᠬᠥᠮᠦᠨ ᠪᠠᠶᠢᠵᠤ ᠂ ᠡᠭᠦᠨ ᠳᠤ᠄ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠲᠥᠯᠥᠭᠡᠯᠡᠭᠴᠢ 1 ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ 1 ᠂ ᠡᠮ ᠡᠮᠨᠡᠯᠭᠡ ᠶᠢᠨ | ᠪᠠᠶᠢᠭᠤᠯᠤᠮᠵᠢ ᠶᠢᠨ ᠲᠥᠯᠥᠭᠡᠯᠡᠭᠴᠢ 3 ᠂ ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠲᠥᠯᠥᠭᠡᠯᠡᠭᠴᠢ 1 ᠂ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠲᠥᠯᠥᠭᠡᠯᠡᠭᠴᠢ 1 ᠂ ᠬᠤᠳᠠᠯᠳᠤᠭᠠᠨ ᠤ ᠳᠠᠭᠠᠳᠬᠠᠯ ᠤᠨ | ᠺᠣᠮᠫᠠᠨᠢ ᠶᠢᠨ ᠲᠥᠯᠥᠭᠡᠯᠡᠭᠴᠢ 1 ᠂ ᠡᠮᠴᠢᠯᠡᠭᠡᠨ ᠤ ᠳᠠᠭᠠᠳᠬᠠᠯ ᠢ ᠭᠠᠷᠲᠠᠨ ᠭᠦᠢᠴᠡᠳᠭᠡᠬᠦ ᠪᠠᠶᠢᠭᠤᠯᠤᠮᠵᠢ ᠶᠢᠨ ᠬᠠᠮᠢᠶ᠎ᠠ | ᠪᠥᠬᠦᠶ ᠠᠵᠢᠯᠲᠠᠨ 1 ᠪᠣᠯᠣᠨ᠎ᠠ ᠃ | ᠬᠤᠶᠠᠷ ᠂ ᠪᠤᠢ ᠪᠤᠯᠬᠤ ᠠᠷᠭ᠎ᠠ ᠮᠠᠶ᠋ᠢᠭ | ︵ᠨᠢᠭᠡ︶ ᠭᠡᠷᠡᠴᠢᠯᠡᠭᠡ ᠰᠣᠨᠣᠰᠬᠤ ᠬᠤᠷᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ ᠵᠢᠴᠢ | ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ ᠲᠥᠯᠥᠭᠡᠯᠡᠭᠴᠢ ᠰᠠᠶᠢᠨ ᠳᠤᠷ᠎ᠠ ᠠᠴᠠ ᠪᠠᠨ ᠨᠡᠷ᠎ᠡ ᠮᠡᠳᠡᠭᠦᠯᠬᠦ | ᠬᠡᠯᠪᠡᠷᠢ ᠪᠠᠷ ᠪᠣᠶ ᠪᠣᠯᠤᠨ᠎ᠠ ᠃ ᠨᠡᠷ᠎ᠡ ᠮᠡᠳᠡᠭᠦᠯᠦᠭᠰᠡᠨ ᠬᠦᠮᠦᠰ ᠳᠣᠤᠷᠠᠬᠢ ᠨᠦᠬᠦᠴᠡᠯ ᠤᠳ ᠲᠤ ᠨᠡᠶᠢᠴᠡᠭᠰᠡᠨ ᠪᠠᠶᠢᠬᠤ | ᠬᠡᠷᠡᠭᠲᠡᠶ᠄ | 1. ᠪᠦᠬᠦᠯᠢ 18 ᠨᠠᠰᠤ ᠬᠦᠷᠴᠦ ᠂ ᠢᠷᠭᠡᠨ ᠤ ᠬᠡᠷᠡᠭ ᠤᠨ ᠠᠵᠢᠯᠯᠠᠭᠠᠨ ᠤ ᠪᠦᠷᠢᠨ ᠴᠢᠳᠠᠪᠤᠷᠢ ᠲᠠᠢ ᠪᠠᠶᠢᠬᠤ︔ | | 2. ᠬᠤᠪᠢ ᠬᠥᠮᠦᠨ ᠤ ᠴᠢᠬᠤᠯᠠ ᠪᠦᠬᠦᠢ ᠮᠡᠳᠡᠭᠡ ᠵᠠᠩᠭᠢ ︵ᠣᠪᠣᠭ ᠨᠡᠷ᠎ᠡ ᠂ ᠬᠦᠢᠰᠦ ᠂ ᠪᠡᠶ᠎ᠡ ᠬᠡᠮ ᠤᠨ | ᠠᠵᠢᠯ ᠮᠡᠷᠭᠡᠵᠢᠯ ᠵᠡᠷᠭᠡ ᠶᠢ ᠪᠠᠭᠲᠠᠭᠠᠨ᠎ᠠ︶ ᠶᠢ ᠨᠢ ᠢᠯᠡ ᠪᠣᠯᠭᠠᠬᠤ ᠶᠢ ᠵᠥᠪᠰᠢᠶᠡᠷᠡᠨ᠎ᠡ︔ | 3. ᠵᠣᠬᠢᠬᠤ ᠬᠡᠮᠵᠢᠶᠡᠨ ᠤ ᠪᠠᠶᠢᠴᠠᠭᠠᠨ ᠰᠤᠳᠤᠯᠤᠯᠲᠠ ᠂ ᠠᠰᠠᠭᠤᠳᠠᠯ ᠢ ᠵᠠᠳᠠᠯᠬᠤ ᠪᠠ ᠦᠭᠡ ᠬᠡᠯᠡ ᠦᠰᠦᠭ | ᠪᠢᠴᠢᠭ ᠢᠶᠠᠷ ᠢᠯᠡᠳᠭᠡᠬᠦ ᠴᠢᠳᠠᠪᠤᠷᠢ ᠲᠠᠢ ᠪᠠᠶᠢᠬᠤ︔ | 4. ᠰᠠᠨᠠᠯ ᠢᠶᠠᠨ ᠪᠤᠰᠤᠳᠴᠢ ᠪᠠᠷ ᠢᠯᠡᠳᠬᠡᠬᠦ ᠶᠢᠨ ᠬᠠᠮᠲᠤ ᠴᠠᠭ ᠲᠤᠬᠠᠶ ᠳᠤ ᠨᠢ ᠪᠦᠬᠦ ᠶᠠᠪᠤᠴᠠ ᠳᠤ | ᠬᠤᠷᠠᠯ ᠳᠤ ᠣᠷᠣᠯᠴᠠᠵᠤ ᠳᠡᠶᠢᠯᠬᠦ︔ | 5. ᠬᠤᠷᠠᠯ ᠳᠡᠭᠡᠷ᠎ᠡ ᠰᠠᠨᠠᠯ ᠰᠣᠨᠣᠰᠬᠤ ᠬᠤᠷᠠᠯ ᠤᠨ ᠡᠯ᠎ᠡ ᠵᠦᠢᠯ ᠤᠨ ᠰᠠᠬᠢᠯᠭ᠎ᠠ ᠪᠠᠲᠤ ᠪᠣᠯᠤᠨ ᠠᠩᠬᠠᠷᠬᠤ | ᠵᠦᠢᠯ ᠢ ᠵᠢᠷᠤᠮᠯᠠᠬᠤ ᠬᠡᠷᠡᠭᠲᠡᠶ ᠃ | ︵ᠬᠤᠶᠠᠷ︶ ᠭᠡᠷᠡᠴᠢᠯᠡᠭᠡ ᠰᠣᠨᠣᠰᠬᠤ ᠬᠤᠷᠠᠯ ᠤᠨ ᠡᠮ ᠡᠮᠨᠡᠯᠭᠡ ᠶᠢᠨ ᠪᠠᠶᠢᠭᠤᠯᠤᠮᠵᠢ ᠶᠢᠨ ᠲᠥᠯᠥᠭᠡᠯᠡᠭᠴᠢ ᠂ | ᠳᠠᠭᠠᠳᠬᠠᠯ ᠳᠤ ᠣᠷᠣᠯᠴᠠᠭᠰᠠᠨ ᠨᠢᠭᠡᠴᠢ ᠶᠢᠨ ᠲᠥᠯᠥᠭᠡᠯᠡᠭᠴᠢ ᠂ ᠳᠠᠭᠠᠳᠬᠠᠯ ᠳᠤ ᠣᠷᠣᠯᠴᠠᠭᠰᠠᠨ ᠣᠯᠠᠨ ᠲᠦᠮᠡᠨ ᠤ | ᠲᠥᠯᠥᠭᠡᠯᠡᠭᠴᠢ ᠂ ᠬᠤᠳᠠᠯᠳᠤᠭᠠᠨ ᠤ ᠳᠠᠭᠠᠳᠬᠠᠯ ᠤᠨ ᠺᠣᠮᠫᠠᠨᠢ ᠂ ᠡᠮᠴᠢᠯᠡᠭᠡᠨ ᠤ ᠳᠠᠭᠠᠳᠬᠠᠯ ᠤᠨ ᠭᠠᠷᠲᠠᠨ | ᠭᠦᠢᠴᠡᠳᠬᠡᠬᠦ ᠪᠠᠶᠢᠭᠤᠯᠤᠮᠵᠢ ᠶᠢᠨ ᠲᠥᠯᠥᠭᠡᠯᠡᠭᠴᠢ ᠶᠢᠨ ᠨᠡᠷ᠎ᠡ ᠮᠡᠳᠡᠭᠦᠯᠦᠭᠰᠡᠨ ᠬᠥᠮᠦᠨ ᠬᠦᠷᠦᠯᠴᠡᠬᠦ ᠥᠬᠡᠶ | ᠦᠶ᠎ᠡ ᠳᠤ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠭᠡᠷᠡᠴᠢᠯᠡᠭᠡ | ᠰᠣᠨᠣᠰᠬᠤ ᠵᠦᠢᠯᠡᠰ ᠲᠤ ᠬᠤᠯᠪᠣᠭᠳᠠᠭᠰᠠᠨ ᠨᠢᠭᠡᠴᠢ ᠠᠴᠠ ᠲᠠᠨᠢᠯᠴᠠᠭᠤᠯᠬᠤ ᠪᠤᠶᠤ ᠤᠷᠢᠵᠤ ᠭᠠᠷᠭᠠᠨ᠎ᠠ ᠃ | ︵ᠭᠤᠷᠪᠠ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠂ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠨ ᠤ ᠬᠠᠮᠢᠶ᠎ᠠ ᠪᠥᠬᠦᠶ ᠬᠥᠮᠦᠰ ᠢ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠠᠴᠠ ᠲᠤᠬᠠᠶᠢᠯᠠᠭᠰᠠᠨ ᠠᠵᠢᠯ ᠤᠨ ᠬᠡᠷᠡᠭᠴᠡᠭᠡ ᠪᠠᠨ ᠦᠨᠳᠦᠰᠦᠯᠡᠨ ᠤᠷᠢᠵᠤ | ᠣᠷᠣᠯᠴᠠᠭᠤᠯᠤᠨ᠎ᠠ ᠃ | ᠭᠤᠷᠪᠠ ᠂ ᠨᠡᠷ᠎ᠡ ᠮᠡᠳᠡᠭᠦᠯᠬᠦ ᠠᠷᠭ᠎ᠠ ᠮᠠᠶ᠋ᠢᠭ | ᠳᠤᠷᠠᠲᠠᠶ᠎ᠠ ᠣᠷᠣᠯᠴᠠᠭᠰᠠᠳ 6 ᠳ᠋ᠤᠭᠠᠷ ᠰᠠᠷ᠎ᠠ ᠶᠢᠨ 1 ᠤ ᠡᠳᠦᠷ ᠠᠴᠠ ᠡᠮᠦᠨ᠎ᠡ ᠲᠣᠰ ᠬᠥᠮᠦᠨ ᠤ ᠪᠡᠶ᠎ᠡ ᠶᠢᠨ | ᠦᠨᠡᠮᠯᠡᠯ ᠤᠨ ᠰᠢᠷᠪᠢᠯᠲᠡ ᠶᠢᠨ ᠵᠦᠢᠯ ᠪᠠ ︽ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ | ᠮᠡᠳᠡᠭᠦᠯᠬᠦ ᠬᠦᠰᠦᠨᠦᠭᠲᠦ︾ ᠶᠢ ᠢᠮᠧᠯ ᠢᠶᠠᠷ ᠳᠠᠮᠵᠢᠭᠤᠯᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠳᠤ ᠢᠯᠡᠭᠡᠨ᠎ᠡ ᠃ | ᠤᠲᠠᠰᠤ᠄ 0471 - 6606267 | ᠢᠮᠧᠯ᠄ nmgylbzj@163.com | ᠬᠠᠷᠢᠯᠴᠠᠬᠤ ᠬᠠᠶ᠋ᠢᠭ᠄ ᠬᠥᠬᠡᠬᠤᠲᠠ ᠶᠢᠨ ᠰᠢᠨᠬᠤᠸᠠ ᠶᠡᠭᠡ ᠵᠡᠭᠡᠯᠢ ᠶᠢᠨ 53 ᠳ᠋ᠤᠭᠠᠷ ᠨᠣᠮᠧᠷᠲᠤ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠡᠮᠴᠢᠯᠡᠭᠡᠨ ᠤ | ᠪᠠᠳᠤᠯᠠᠭ᠎ᠠ ᠶᠢᠨ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠵᠢᠯ ᠤᠨ ᠲᠤᠰᠬᠠᠶ ᠠᠩᠭᠢ | ᠳᠠᠭᠠᠯᠳᠤᠭᠤᠯᠤᠯ᠄ ᠭᠡᠷᠡᠴᠢᠯᠡᠭᠡ ᠰᠣᠨᠣᠰᠬᠤ ᠬᠤᠷᠠᠯ ᠤᠨ ᠲᠥᠯᠥᠭᠡᠯᠡᠭᠴᠢ ᠶᠢᠨ ᠨᠡᠷ᠎ᠡ ᠮᠡᠳᠡᠭᠦᠯᠬᠦ ᠬᠦᠰᠦᠨᠦᠭᠲᠦ | | 2025 ᠣᠨ ᠤ 5 ᠰᠠᠷ᠎ᠠ ᠶᠢᠨ 26 ᠤ ᠡᠳᠦᠷ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ | | |