ᠺᠠᠳ᠋ᠷ ᠤᠨ ᠡᠩᠨᠡᠭᠡᠨ ᠤ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ ᠂ ᠡᠮ ᠡᠮᠨᠡᠯᠭᠡ ᠶᠢᠨ | ᠬᠤᠳᠠᠯᠳᠤᠨ ᠠᠪᠬᠤ ᠠᠵᠢᠯ ᠢ ᠠᠬᠢᠭᠤᠯᠬᠤ ᠶᠢᠨ ᠲᠤᠰᠠᠳᠠ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ | ᠪᠠᠲᠤᠯᠠᠭ᠎ᠠ ᠶᠢᠨ ᠲᠣᠪᠴᠢᠶ᠎ᠠ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠷᠭ᠎ᠠ ᠮᠠᠶ᠋ᠢᠭ ᠢᠶᠠᠷ | ᠳᠠᠮᠵᠢᠭᠤᠯᠤᠨ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ | ᠬᠤᠳᠠᠯᠳᠤᠨ ᠠᠪᠬᠤ ᠲᠥᠪ ᠲᠤ ᠠᠵᠢᠯᠲᠠᠨ ᠢ ᠠᠳᠠᠯᠢᠳᠬᠠᠨ ᠰᠣᠩᠭᠤᠬᠤ ᠪᠠᠷ ᠪᠠᠶᠢᠨ᠎ᠠ ᠃ ᠡᠳᠦᠭᠡ ᠬᠤᠯᠪᠣᠭᠳᠠᠯ | ᠪᠦᠬᠦᠢ ᠤᠴᠢᠷ ᠢ ᠳᠣᠤᠷᠠᠬᠢ ᠮᠡᠲᠦ ᠵᠠᠷᠯᠠᠶ᠎ᠠ ᠃ | ᠨᠢᠭᠡ ᠂ ᠠᠳᠠᠯᠢᠳᠬᠠᠨ ᠰᠣᠩᠭᠤᠬᠤ ᠠᠵᠢᠯ ᠤᠨ ᠪᠠᠶᠢᠷᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠲᠤ | ᠠᠳᠠᠯᠢᠳᠬᠠᠨ ᠰᠣᠩᠭᠤᠬᠤ ᠠᠵᠢᠯ ᠤᠨ ᠪᠠᠶᠢᠷᠢ ᠶᠢ 3 ᠲᠣᠬᠢᠷᠠᠭᠤᠯᠪᠠ ᠃ ᠪᠣᠳᠠᠲᠠᠶ ᠬᠢᠷᠢ ᠬᠡᠮ ᠤᠨ ᠨᠥᠬᠦᠴᠡᠯ ᠢ ︽ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ | ᠨᠢᠭᠡᠴᠢ ᠶᠢᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ ᠬᠤᠳᠠᠯᠳᠤᠨ ᠠᠪᠬᠤ ᠲᠥᠪ ᠤᠨ ᠥᠷᠢᠰᠥᠯᠳᠦᠭᠡᠨ ᠤ | ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠠᠵᠢᠯ ᠤᠨ ᠪᠠᠶᠢᠷᠢ ᠶᠢᠨ ᠬᠦᠰᠦᠨᠦᠭᠲᠦ︾ ᠠᠴᠠ ᠨᠠᠷᠢᠨ | ᠦᠵᠡᠭᠡᠷᠡᠶ ᠃ | ᠬᠤᠶᠠᠷ ᠂ ᠨᠡᠷ᠎ᠡ ᠮᠡᠳᠡᠭᠦᠯᠬᠦ ᠬᠡᠪᠴᠢᠶ᠎ᠡ | ᠥᠪᠡᠷᠲᠡᠭᠡᠨ ᠵᠠᠰᠠᠬᠤ ᠣᠷᠣᠨ ᠤ ᠡᠯ᠎ᠡ ᠱᠠᠲᠤᠨ ᠤ ᠪᠠᠶᠢᠭᠤᠯᠭ᠎ᠠ ᠂ ᠠᠵᠢᠯ ᠦᠢᠯᠡᠰ ᠤᠨ ᠨᠢᠭᠡᠴᠢ ᠶᠢᠨ ᠣᠷᠣᠨ | ᠲᠤᠭ᠎ᠠ ᠪᠠᠷ ᠠᠵᠢᠯ ᠤᠨ ᠪᠠᠶᠢᠷᠢ ᠳᠤ ᠪᠠᠶᠢᠭ᠎ᠠ ᠠᠯᠪᠠᠲᠠᠨ ︵ᠠᠯᠪᠠᠨ ᠶᠠᠪᠤᠳᠠᠯ ᠳᠤ ᠣᠷᠣᠯᠴᠠᠭᠴᠢ︶ ᠂ ᠠᠵᠢᠯ | ᠦᠢᠯᠡᠰ ᠤᠨ ᠨᠢᠭᠡᠴᠢ ᠶᠢᠨ ᠠᠵᠢᠯᠲᠠᠨ︔ ᠲᠥᠪ ᠤᠨ ᠪᠠ ᠲᠥᠷᠥ ᠶᠢᠨ ᠪᠠᠶᠢᠭᠤᠯᠭ᠎ᠠ ᠶᠢᠨ ᠮᠠᠨ ᠤ ᠣᠷᠣᠨ ᠳᠤ | ᠪᠠᠶᠢᠭᠤᠯᠤᠭᠰᠠᠨ ᠨᠢᠭᠡᠴᠢ ︵ᠡᠭᠴᠡ ᠬᠠᠮᠢᠶᠠᠷᠤᠯᠲᠠ ᠶᠢᠨ ᠨᠢᠭᠡᠴᠢ ᠂ ᠲᠣᠮᠢᠯᠠᠭᠰᠠᠨ ᠨᠢᠭᠡᠴᠢ ᠵᠡᠷᠭᠡ ᠶᠢ ᠪᠠᠭᠲᠠᠭᠠᠨ᠎ᠠ ︶ | ᠶᠢᠨ ᠠᠳᠠᠯᠢᠳᠬᠠᠨ ᠰᠣᠩᠭᠤᠬᠤ ᠨᠥᠬᠦᠴᠡᠯ ᠳᠤ ᠨᠡᠶᠢᠴᠡᠬᠦ ᠠᠵᠢᠯᠲᠠᠳ ᠴᠤ ᠨᠡᠷ᠎ᠡ ᠮᠡᠳᠡᠭᠦᠯᠵᠦ ᠪᠣᠯᠤᠨ᠎ᠠ ᠃ | ᠭᠤᠷᠪᠠ ᠂ ᠨᠡᠷ᠎ᠡ ᠮᠡᠳᠡᠭᠦᠯᠬᠦ ᠨᠥᠬᠦᠴᠡᠯ | ︵ᠨᠢᠭᠡ︶ ᠨᠡᠷ᠎ᠡ ᠮᠡᠳᠡᠭᠦᠯᠦᠭᠴᠢᠳ ᠳᠣᠣᠷᠠᠬᠢ ᠬᠢᠷᠢ ᠬᠡᠮ ᠤᠨ ᠨᠦᠬᠦᠴᠡᠯ ᠤᠳ ᠢ ᠪᠦᠷᠢᠯᠳᠤᠭᠦᠯᠪᠡᠯ ᠵᠣᠬᠢᠨ᠎ᠠ | 1. ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠪᠠ ᠬᠠᠤᠯᠢ ᠴᠠᠭᠠᠵᠠ ᠶᠢ | ᠵᠢᠷᠤᠮᠯᠠᠬᠤ ᠳᠤ ᠰᠠᠶᠢᠨ ᠰᠠᠶᠢᠬᠠᠨ ᠤᠯᠤᠰ ᠲᠥᠷᠥ ᠶᠢᠨ ᠬᠡᠪ ᠴᠢᠨᠠᠷ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠢ | ᠪᠠᠶᠢᠵᠤ ᠂ ᠵᠠᠩ ᠰᠤᠷᠲᠠᠯ ᠨᠢ ᠲᠥᠪ ᠭᠤᠣᠯᠴᠢ ᠂ ᠪᠣᠳᠠᠲᠤ ᠠᠮᠵᠢᠯᠲᠠ ᠨᠢ ᠲᠣᠪᠤᠶᠢᠮ᠎ᠠ ᠂ ᠣᠯᠠᠨ ᠲᠦᠮᠡᠨ ᠣᠯᠠᠨ ᠳᠤ | ᠮᠡᠳᠡᠷᠡᠭᠳᠡᠭᠰᠡᠨ ᠪᠠᠶᠢᠬᠤ ᠃ | 2. ᠲᠣᠰ ᠨᠢᠭᠡᠴᠢ ᠳᠤ 2 ᠵᠢᠯ ᠠᠴᠠ ᠳᠡᠭᠡᠭᠰᠢ ᠠᠵᠢᠯᠯᠠᠭᠰᠠᠨ ᠪᠠᠶᠢᠭᠤᠯᠭ᠎ᠠ ᠶᠢᠨ ᠠᠯᠪᠠᠲᠠᠨ ᠪᠤᠶᠤ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠪᠠᠶᠢᠵᠤ ᠂ ᠠᠵᠢᠯᠯᠠᠭᠰᠠᠨ ᠥᠩᠭᠡᠷᠡᠯᠲᠡ ᠶᠢ ᠪᠤᠳᠤᠬᠤ ᠴᠠᠭ ᠨᠢ 2025 | ᠣᠨ ᠤ 4 ᠳ᠋ᠦ᠋ᠭᠡᠷ ᠰᠠᠷ᠎ᠠ ᠪᠣᠯᠲᠠᠯ᠎ᠠ ᠪᠣᠯᠤᠨ᠎ᠠ ᠃ | 3. ᠣᠶᠢᠷ᠎ᠠ ᠶᠢᠨ ᠬᠤᠶᠠᠷ ᠵᠢᠯ ᠤᠨ ᠣᠨ ᠤ ᠬᠢᠨᠠᠨ ᠰᠢᠯᠭᠠᠯᠲᠠ ᠳᠤ ᠴᠥᠮ ᠲᠤᠰᠢᠶᠠᠯ ᠳᠤ ᠪᠠᠨ ᠲᠡᠩᠴᠡᠭᠰᠡᠨ | ︵ᠬᠢᠷᠢ ᠲᠡᠩᠴᠡᠭᠰᠡᠨ︶ ᠠᠴᠠ ᠳᠡᠭᠡᠭᠰᠢᠬᠢ ᠲᠠᠰ ᠪᠣᠯᠤᠨ᠎ᠠ ᠃ | 4. ᠶᠡᠭᠡ ᠰᠤᠷᠭᠠᠭᠤᠯᠢ ᠶᠢᠨ ᠵᠢᠩᠬᠢᠨᠢ ᠠᠩᠭᠢ ᠵᠢᠴᠢ ᠲᠡᠭᠦᠨ ᠠᠴᠠ ᠳᠡᠭᠡᠭᠰᠢᠬᠢ ᠰᠣᠶᠣᠯ ᠤᠨ ᠬᠢᠷᠢ | ᠬᠡᠮᠵᠢᠶ᠎ᠡ ᠲᠠᠢ ᠃ | 5. ᠲᠤᠰᠢᠶᠠᠯ ᠬᠠᠷᠢᠭᠤᠴᠠᠯᠭ᠎ᠠ ᠪᠠᠨ ᠬᠡᠪ ᠤᠨ ᠶᠣᠰᠣᠭᠠᠷ ᠭᠦᠢᠴᠡᠳᠭᠡᠵᠦ ᠪᠠᠶᠢᠭ᠎ᠠ ᠪᠡᠶ᠎ᠡ ᠮᠠᠬᠠᠪᠣᠳ ᠤᠨ | ᠨᠥᠬᠦᠴᠡᠯ ᠪᠠ ᠰᠡᠳᠬᠢᠴᠡ ᠶᠢᠨ ᠬᠡᠪ ᠪᠣᠯᠪᠠᠰᠤᠷᠠᠯ ᠲᠠᠢ ᠪᠠᠶᠢᠬᠤ ᠃ | 6. ᠠᠵᠢᠯ ᠤᠨ ᠪᠠᠶᠢᠷᠢ ᠶᠢᠨ ᠬᠡᠷᠡᠭᠰᠡᠬᠦ ᠬᠢᠷᠢ ᠭᠡᠮ ᠤᠨ ᠨᠥᠬᠦᠴᠡᠯ ᠵᠢᠴᠢ ᠮᠡᠷᠭᠡᠵᠢᠯ ᠴᠢᠳᠠᠪᠤᠷᠢ ᠶᠢᠨ | ᠱᠠᠭᠠᠷᠳᠠᠯᠭ᠎ᠠ ᠶᠢ ᠪᠦᠷᠢᠳᠦᠭᠦᠯᠦᠭᠰᠡᠨ ᠪᠠᠶᠢᠬᠤ ᠃ | 7. ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠨᠥᠬᠦᠴᠡᠯ ᠤᠳ ᠃ | ︵ᠬᠤᠶᠠᠷ︶ ᠲᠤᠤᠷᠠᠬᠢ ᠪᠠᠶᠢᠳᠠᠯ ᠤᠨ ᠠᠯᠢ ᠨᠢᠭᠡ ᠨᠢ ᠪᠠᠶᠢᠪᠠᠯ ᠂ ᠲᠤᠰ ᠤᠳᠠᠭᠠᠨ ᠤ ᠠᠳᠠᠯᠢᠳᠬᠠᠨ | ᠰᠣᠩᠭᠤᠬᠤ ᠳᠤ ᠤᠷᠤᠯᠴᠠᠵᠤ ᠪᠤᠯᠬᠤ ᠦᠭᠡᠢ | 1. ᠳᠤᠮᠳᠠᠳᠤ ᠤᠯᠤᠰ ᠤᠨ ᠡᠪ ᠬᠠᠮᠲᠤ ᠨᠠᠮ ᠠᠴᠠ ᠬᠥᠭᠡᠭᠡᠭᠳᠡᠭᠰᠡᠨ ᠃ | 2. ᠢᠲᠡᠭᠡᠮᠵᠢ ᠠᠯᠳᠠᠭᠰᠠᠳ ᠢ ᠬᠠᠮᠲᠤᠷᠠᠨ ᠵᠠᠯᠬᠠᠭᠠᠨ ᠴᠡᠭᠡᠷᠯᠡᠭᠦᠯᠬᠦ ᠡᠲᠡᠭᠡᠳ ᠲᠤ᠋ᠬᠠᠤᠯᠢ ᠶᠣᠰᠣᠭᠠᠷ | ᠵᠢᠭᠰᠠᠭᠠᠭᠳᠠᠭᠰᠠᠨ ᠃ | 3. ᠬᠠᠤᠯᠢ ᠰᠠᠬᠢᠯᠭ᠎ᠠ ᠶᠢ ᠵᠦᠷᠢᠴᠡᠭᠡᠳ ᠶᠠᠭ ᠬᠠᠮᠢᠶ᠎ᠠ ᠪᠦᠬᠦᠢ ᠲᠤᠰᠬᠠᠢ ᠪᠠᠶᠢᠭᠤᠯᠭ᠎ᠠ ᠶᠢᠨ ᠬᠢᠨᠠᠨ | ᠪᠠᠶᠢᠴᠠᠭᠠᠯᠲᠠ ᠶᠢ ᠬᠦᠯᠢᠶᠡᠵᠦ ᠡᠴᠦᠰ ᠤᠨ ᠳ᠋ᠦᠩᠨᠡᠯᠲᠡ ᠶᠢ ᠬᠠᠷᠠᠬᠠᠨ ᠭᠠᠷᠭᠠᠭ᠎ᠠ ᠦᠭᠡᠢ ᠃ | 4. ᠰᠡᠷᠡᠮᠵᠢᠯᠡᠭᠦᠯᠦᠨ ᠢᠳᠬᠠᠬᠤ ᠂ ᠵᠣᠬᠢᠶᠠᠨ ᠪᠠᠶᠢᠭᠤᠯᠤᠯᠲᠠ ᠶᠢᠨ ᠰᠢᠢᠳᠪᠦᠷᠢᠯᠡᠯᠲᠡ ᠪᠤᠶᠤ ᠨᠠᠮ ᠤᠨ | ᠰᠠᠬᠢᠯᠭ᠎ᠠ ᠵᠠᠰᠠᠭ ᠤᠨ ᠶᠠᠪᠤᠳᠠᠯ ᠤᠨ ᠰᠢᠢᠳᠭᠡᠯ ᠥᠭᠬᠦ ᠵᠡᠷᠭᠡ ᠨᠥᠯᠥᠭᠡᠯᠡᠬᠦ ᠬᠤᠭᠤᠴᠠᠭ᠎ᠠ ᠨᠢ ᠲᠤᠯᠤᠭ᠎ᠠ ᠦᠭᠡᠢ ᠪᠤᠶᠤ | ᠬᠤᠭᠤᠴᠠᠭ᠎ᠠ ᠨᠢ ᠲᠤᠯᠵᠤ ᠬᠡᠷᠡᠭᠯᠡᠬᠦ ᠶᠢ ᠨᠥᠯᠥᠭᠡᠯᠡᠭᠰᠡᠨ ᠪᠠᠶᠢᠪᠠᠯ ᠃ | 5. ᠲᠤᠷᠰᠢᠨ ᠬᠡᠷᠡᠭᠯᠡᠬᠦ ᠬᠤᠭᠤᠴᠠᠭ᠎ᠠ ︵ᠰᠢᠨ᠎ᠡ ᠪᠠᠷ ᠳᠡᠪᠰᠢᠭᠦᠯᠦᠨ ᠤᠷᠢᠵᠤ ᠬᠡᠷᠡᠭᠯᠡᠬᠦ ᠤᠳᠤᠷᠢᠳᠬᠤ | ᠲᠤᠰᠢᠶᠠᠯ ᠤᠨ ᠲᠤᠷᠰᠢᠨ ᠬᠡᠷᠡᠭᠯᠡᠬᠦ ᠬᠤᠭᠤᠴᠠᠭ᠎ᠠ ᠶᠢ ᠪᠠᠭᠲᠠᠭᠠᠨ᠎ᠠ ︶ ᠪᠤᠶᠤ ᠦᠢᠯᠡᠴᠢᠯᠡᠭᠡᠨ ᠤ ᠬᠠᠮᠤᠭ ᠳᠣᠣᠷ᠎ᠠ | ᠣᠨ ᠤ ᠬᠢᠵᠠᠭᠠᠷ ᠨᠢ ᠲᠤᠯᠤᠭᠠᠳᠤᠢ ᠃ | 6. ᠰᠢᠨ᠎ᠡ ᠪᠠᠷ ᠡᠯᠰᠡᠭᠰᠡᠨ ᠠᠯᠪᠠᠲᠠᠨ ᠂ ᠠᠯᠪᠠᠨ ᠶᠠᠪᠤᠳᠠᠯ ᠳᠤ ᠣᠷᠣᠯᠴᠠᠭᠰᠠᠳ ᠤᠨ ᠪᠠᠶᠢᠭᠤᠯᠭ᠎ᠠ ᠳᠤ | ᠦᠢᠯᠡᠴᠢᠯᠡᠭᠰᠡᠨ ᠵᠢᠯ ᠬᠤᠭᠤᠴᠠᠭ᠎ᠠ ᠨᠢ ᠲᠠᠪᠤᠨ ᠵᠢᠯ ᠳᠤ ᠬᠦᠷᠬᠦ ᠦᠭᠡᠢ ︵ᠲᠤᠷᠰᠢᠨ ᠬᠡᠷᠡᠭᠯᠡᠬᠦ ᠬᠤᠭᠤᠴᠠᠭ᠎ᠠ ᠶᠢ | ᠪᠠᠭᠲᠠᠭᠠᠨ᠎ᠠ ︶ ᠃ | 7.2017 ᠣᠨ ᠠᠴᠠ ᠬᠤᠶᠢᠰᠢ ᠂ ᠥᠪᠡᠷᠲᠡᠭᠡᠨ ᠵᠠᠰᠠᠬᠤ ᠣᠷᠣᠨ ᠵᠢᠴᠢ ᠡᠯ᠎ᠡ ᠠᠶᠢᠮᠠᠭ ᠬᠤᠲᠠ ᠨᠢ | ᠲᠤᠬᠠᠢ ᠶᠢᠨ ᠭᠠᠵᠠᠷ ᠤᠨ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ | ᠶᠣᠰᠣᠭᠠᠷ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ ᠪᠠᠰᠠ ᠦᠢᠯᠡᠴᠢᠯᠡᠭᠡᠨ ᠤ | ᠬᠤᠭᠤᠴᠠᠭᠠᠨ ᠳᠤ ᠪᠠᠶᠢᠭ᠎ᠠ ᠬᠥᠮᠥᠰ ᠢ ᠣᠷᠣᠭᠤᠯᠤᠨ ᠠᠪᠴᠢᠷᠠᠵᠤ ᠂ ᠦᠢᠯᠡᠴᠢᠯᠡᠭᠡᠨ ᠤ ᠬᠤᠭᠤᠴᠠᠭ᠎ᠠ | ᠲᠤᠭᠲᠠᠭᠠᠭᠰᠠᠨ ᠦᠭᠡᠢ ᠪᠣᠯ ᠥᠪᠡᠷᠲᠡᠭᠡᠨ ᠵᠠᠰᠠᠬᠤ ᠣᠷᠣᠨ ᠤ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠢᠩᠬᠢᠮ ᠤᠨ ︽ᠵᠠᠬ᠎ᠠ ᠳᠡᠯᠭᠡᠭᠦᠷ ᠤᠨ ᠦᠢᠯᠡᠳᠦᠯ ᠢ ᠭᠦᠢᠴᠡᠳ ᠪᠠᠳᠠᠷᠠᠭᠤᠯᠵᠤ | ᠴᠢᠳᠠᠪᠤᠷᠢᠲᠠᠨ ᠤ ᠢᠯᠭᠤᠮ ᠪᠥᠭᠡᠳ ᠡᠮᠬᠢ ᠵᠢᠷᠤᠮ ᠲᠠᠢ ᠰᠢᠯᠵᠢᠬᠦ ᠶᠢ ᠠᠬᠢᠭᠤᠯᠬᠤ ᠲᠤᠬᠠᠢ ᠬᠡᠷᠡᠭᠵᠢᠭᠦᠯᠬᠦ ᠰᠠᠨᠠᠯ︾ | ᠤᠨ ᠶᠣᠰᠣᠭᠠᠷ ᠬᠡᠷᠡᠭᠵᠢᠭᠦᠯᠵᠦ ᠂ ᠦᠢᠯᠡᠴᠢᠯᠡᠭᠡᠨ ᠤ ᠬᠠᠮᠤᠭ ᠤᠨ ᠳᠣᠣᠷ᠎ᠠ ᠣᠨ ᠤ ᠬᠢᠵᠠᠭᠠᠷ ᠢ 3 ᠵᠢᠯ ᠢᠶᠠᠷ | ᠡᠵᠡᠮᠳᠡᠨ᠎ᠡ ᠃ | 8. ᠠᠯᠪᠠᠲᠠᠨ ᠡᠯᠰᠡᠬᠦ ᠂ ᠰᠢᠯᠢᠨ ᠰᠣᠩᠭᠤᠬᠤ ᠪᠤᠶᠤ ᠠᠵᠢᠯ ᠦᠢᠯᠡᠰ ᠤᠨ ᠨᠢᠭᠡᠴᠢ ᠶᠢᠨ ᠢᠯᠡ ᠪᠠᠷ ᠤᠷᠢᠬᠤ | ᠳᠤᠮᠳᠠ ᠬᠠᠤᠯᠢ ᠶᠣᠰᠣ ᠶᠢ ᠬᠦᠨᠳᠦ ᠨᠣᠴᠢᠲᠠᠶ ᠵᠥᠷᠢᠴᠡᠭᠰᠡᠨ ᠵᠡᠷᠭᠡ ᠡᠯᠰᠡᠨ ᠬᠡᠷᠡᠭᠯᠡᠬᠦ ᠂ ᠤᠷᠢᠨ ᠬᠡᠷᠡᠭᠯᠡᠬᠦ ᠰᠠᠬᠢᠯᠭ᠎ᠠ | ᠪᠠᠲᠤ ᠶᠢ ᠬᠦᠨᠳᠦ ᠨᠣᠴᠢᠲᠠᠶ ᠵᠥᠷᠢᠴᠡᠭᠰᠡᠨ ᠦᠢᠯᠡ ᠠᠵᠢᠯᠯᠠᠭ᠎ᠠ ᠪᠠᠷ ᠮᠠᠭᠠᠳᠯᠠᠨ ᠲᠣᠭᠲᠠᠭᠠᠭᠳᠠᠭᠰᠠᠨ ᠪᠥᠭᠡᠳ | ᠰᠢᠯᠭᠠᠬᠤ ᠪᠠᠷ ᠴᠠᠭᠠᠵᠠᠯᠠᠭᠳᠠᠭᠰᠠᠨ ᠬᠤᠭᠤᠴᠠᠭᠠᠨ ᠳᠤ ᠪᠠᠶᠢᠭ᠎ᠠ ᠬᠥᠮᠦᠰ ᠃ | 9. ᠰᠢᠯᠵᠢᠭᠦᠯᠦᠭᠰᠡᠨ ᠤ ᠳᠠᠷᠠᠭ᠎ᠠ ᠵᠠᠶᠢᠯᠠᠬᠤ ᠪᠠᠶᠢᠳᠠᠯ ᠳᠠᠷᠤᠶᠢᠬᠠᠨ ᠪᠦᠷᠢᠯᠳᠦᠭᠰᠡᠨ ᠪᠠᠶᠢᠪᠠᠯ ᠃ | 10. ᠬᠠᠤᠯᠢ ᠴᠠᠭᠠᠵᠠ ᠂ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ ᠪᠠᠶᠢᠳᠠᠯ ᠵᠢᠴᠢ ᠵᠣᠬᠢᠶᠠᠨ | ᠪᠠᠶᠢᠭᠤᠯᠤᠯᠲᠠ ᠶᠢᠨ ᠠᠵᠢᠯᠲᠠᠨ ᠤ ᠶᠠᠪᠤᠳᠠᠯ ᠤᠨ ᠬᠠᠮᠢᠶ᠎ᠠ ᠪᠦᠬᠦᠢ ᠲᠣᠭᠲᠠᠭᠠᠯ ᠠᠴᠠ ᠵᠥᠷᠢᠴᠡᠭᠰᠡᠨ ᠪᠤᠰᠤᠳ | ᠪᠠᠶᠢᠳᠠᠯ ᠃ | ᠳᠥᠷᠪᠡ ᠂ ᠠᠳᠠᠯᠢᠳᠬᠠᠨ ᠰᠣᠩᠭᠤᠬᠤ ᠠᠷᠭ᠎ᠠ ᠮᠠᠶ᠋ᠢᠭ | 1. ᠠᠳᠠᠯᠢᠳᠬᠠᠨ ᠰᠣᠩᠭᠤᠬᠤ ᠳᠤ ᠰᠢᠯᠭᠠᠬᠤ ᠪᠠ ᠪᠠᠶᠢᠴᠠᠭᠠᠬᠤ ᠶᠢ ᠤᠶᠠᠯᠳᠤᠭᠤᠯᠬᠤ ᠠᠷᠭ᠎ᠠ ᠪᠠᠷ | ᠶᠠᠪᠤᠭᠳᠠᠭᠤᠯᠵᠤ ᠂ ᠠᠵᠢᠯ ᠤᠨ ᠪᠠᠶᠢᠷᠢ ᠶᠢᠨ ᠵᠣᠬᠢᠴᠠᠯᠳᠤᠯ ᠤᠨ ᠬᠡᠮᠵᠢᠶ᠎ᠡ ᠶᠢ ᠭᠤᠣᠯᠳᠠᠯᠭ᠎ᠠ ᠲᠠᠢ ᠰᠢᠨᠵᠢᠯᠡᠨ᠎ᠡ ᠃ | 2. ᠠᠳᠠᠯᠢᠳᠬᠠᠨ ᠰᠣᠩᠭᠤᠬᠤ ᠠᠵᠢᠯ ᠤᠨ ᠪᠠᠶᠢᠷᠢ ᠶᠢᠨ ᠨᠡᠷ᠎ᠡ ᠮᠡᠳᠡᠭᠦᠯᠵᠦ ᠠᠮᠵᠢᠯᠲᠠ ᠣᠯᠤᠭᠰᠠᠨ ᠬᠥᠮᠦᠨ ᠤ | ᠲᠤᠭ᠎ᠠ ᠬᠢᠭᠡᠳ ᠠᠳᠠᠯᠢᠳᠬᠠᠨ ᠰᠣᠩᠭᠤᠬᠤ ᠪᠠᠷ ᠪᠠᠶᠢᠭ᠎ᠠ ᠬᠥᠮᠦᠨ ᠤ ᠲᠤᠭ᠎ᠠ ᠶᠢᠨ ᠬᠠᠷᠢᠴᠠᠯ ᠢ 3᠄ 1 ᠠᠴᠠ | ᠳᠣᠤᠷ᠎ᠠ ᠪᠠᠶᠢᠯᠭᠠᠬᠤ ᠥᠬᠡᠶ ᠂ 2 ᠬᠥᠮᠦᠨ ᠵᠢᠴᠢ ᠲᠡᠭᠦᠨ ᠠᠴᠠ ᠳᠡᠭᠡᠭᠰᠢᠬᠢ ᠠᠳᠠᠯᠢᠳᠬᠠᠨ ᠰᠣᠩᠭᠤᠬᠤ ᠠᠵᠢᠯ ᠤᠨ | ᠪᠠᠶᠢᠷᠢ ᠶᠢᠨ ᠬᠠᠷᠢᠴᠠᠯ ᠢ 2.5: 1 ᠠᠴᠠ ᠳᠣᠤᠷ᠎ᠠ ᠪᠠᠶᠢᠯᠭᠠᠬᠤ ᠥᠬᠡᠶ ᠃ | ᠠᠳᠠᠯᠢᠳᠬᠠᠨ ᠰᠣᠩᠭᠤᠬᠤ ᠡᠯ᠎ᠡ ᠭᠤᠭᠴᠤᠭ᠎ᠠ ᠳᠤ ᠲᠤᠭ᠎ᠠ ᠳᠤᠲᠠᠭᠳᠠᠭᠰᠠᠨ ᠪᠠᠶᠢᠪᠠᠯ ᠂ ᠳᠠᠷᠠᠭᠠᠯᠠᠨ | ᠨᠥᠬᠦᠪᠦᠷᠢᠯᠡᠵᠦ ᠂ ᠲᠤᠷᠰᠢᠨ ᠬᠡᠷᠡᠭᠯᠡᠬᠦ ᠬᠤᠭᠤᠴᠠᠭᠠᠨ ᠳᠤ ᠤᠷᠤᠭᠰᠠᠨ ᠤ ᠳᠠᠷᠠᠭ᠎ᠠ ᠠᠵᠢᠯ ᠤᠨ ᠪᠠᠶᠢᠷᠢ ᠠᠴᠠ ᠪᠠᠨ | ᠰᠠᠯᠪᠠᠯ ᠳᠠᠭᠢᠵᠤ ᠨᠥᠬᠦᠪᠦᠷᠢᠯᠡᠬᠦ ᠦᠭᠡᠢ ᠃ | ᠲᠠᠪᠤ ᠂ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠨᠡᠷ᠎ᠡ ᠮᠡᠳᠡᠭᠦᠯᠬᠦ ᠪᠠ ᠬᠢᠷᠢ ᠬᠡᠮ ᠤᠨ ᠬᠢᠨᠠᠨ ᠪᠠᠶᠢᠴᠠᠭᠠᠯᠲᠠ | ᠨᠡᠷ᠎ᠡ ᠮᠡᠳᠡᠭᠦᠯᠬᠦ ᠴᠠᠭ 2025 ᠣᠨ ᠤ 5 ᠳ᠋ᠤᠭᠠᠷ ᠰᠠᠷ᠎ᠠ ᠶᠢᠨ 12 ᠤᠨ ᠡᠳᠦᠷ ᠤᠨ 9᠄ 00 ᠠᠴᠠ | 15 ᠤ ᠡᠳᠦᠷ ᠤᠨ 17᠄ 00 ᠪᠣᠯᠲᠠᠯ᠎ᠠ ᠪᠣᠯᠣᠨ᠎ᠠ ᠃ ᠪᠣᠳᠠᠲᠠᠶ ᠠᠯᠬᠤᠮ ᠳᠠᠷᠠᠭ᠎ᠠ ᠨᠢ ᠳᠣᠤᠷᠠᠬᠢ ᠮᠡᠲᠦ᠄ | 1. ᠨᠡᠷ᠎ᠡ ᠮᠡᠳᠡᠭᠦᠯᠬᠦ ᠬᠦᠮᠦᠰ ᠲᠣᠭᠲᠠᠭᠰᠠᠨ ᠴᠠᠭ ᠲᠤ www.nmrcks.net ᠰᠦᠯᠵᠢᠶᠡᠨ | ᠥᠷᠲᠡᠭᠡ ᠳᠤ ᠨᠡᠪᠲᠡᠷᠡᠵᠦ ᠂ ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠨ᠎ᠡ ᠂ ᠱᠠᠭᠠᠷᠳᠠᠯᠭ᠎ᠠ ᠶᠣᠰᠣᠭᠠᠷ ᠨᠡᠷ᠎ᠡ ᠮᠡᠳᠡᠭᠦᠯᠬᠦ | ᠮᠡᠳᠡᠭᠡ ᠵᠠᠩᠭᠢ ᠪᠠᠨ ᠲᠠᠭᠯᠠᠵᠤ ᠂ ᠨᠡᠷ᠎ᠡ ᠮᠡᠳᠡᠭᠦᠯᠬᠦ ᠬᠥᠮᠦᠨ ᠨᠢᠭᠡᠪᠦᠷᠢ ᠵᠥᠪᠬᠡᠨ ᠨᠢᠭᠡ ᠯᠡ ᠠᠵᠢᠯ ᠤᠨ ᠪᠠᠶᠢᠷᠢ ᠶᠢ | ᠰᠣᠩᠭᠤᠵᠤ ᠂ ᠡᠷᠬᠡᠪᠰᠢ ᠬᠦᠴᠦᠨ ᠪᠥᠬᠦᠶ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ︵ᠪᠤᠶᠤ ᠫᠠᠰᠫᠣᠷᠲ︶ ᠢᠶᠠᠷ | ᠨᠡᠷ᠎ᠡ ᠮᠡᠳᠡᠭᠦᠯᠦᠨ᠎ᠡ ᠂ ᠪᠢᠷ ᠤᠨ ᠰᠢᠯᠭᠠᠯᠲᠠ ᠂ ᠨᠢᠭᠤᠷᠲᠠᠨ ᠰᠢᠯᠭᠠᠯᠲᠠ ᠳᠤ ᠣᠷᠣᠯᠴᠠᠬᠤ ᠦᠶ᠎ᠡ ᠶᠢᠨ ᠬᠡᠷᠡᠭᠯᠡᠬᠦ | ᠦᠨᠡᠮᠯᠡᠯ ᠨᠢ ᠡᠷᠬᠡᠪᠰᠢ ᠨᠢᠭᠡᠳᠦᠯᠲᠡᠶ ᠪᠠᠶᠢᠬᠤ ᠬᠡᠷᠡᠭᠲᠡᠶ ᠃ | 2.ᠨᠡᠷ᠎ᠡ ᠮᠡᠳᠡᠭᠦᠯᠬᠦ ᠬᠦᠮᠦᠰ ᠠᠶᠠᠨᠳᠠᠭᠠᠨ ᠪᠣᠶ ᠪᠣᠯᠤᠭᠰᠠᠨ ︽2025 ᠣᠨ ᠤ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠠᠷᠢᠶ᠎ᠠ ᠠᠵᠢᠯ ᠦᠢᠯᠡᠰ ᠤᠨ | ᠨᠢᠭᠡᠴᠢ ᠶᠢᠨ ᠥᠷᠢᠰᠥᠯᠳᠦᠭᠡᠨ ᠤ ᠴᠢᠨᠠᠷᠲᠠᠶ ᠠᠳᠠᠯᠢᠳᠬᠠᠨ ᠰᠣᠩᠭᠤᠬᠤ ᠠᠵᠢᠯᠲᠠᠨ ᠤ ᠨᠡᠷ᠎ᠡ ᠮᠡᠳᠡᠭᠦᠯᠬᠦ | ᠬᠦᠰᠦᠨᠦᠭᠲᠦ︾ ︵ᠳᠣᠷᠣᠭᠰᠢ ︽ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ︾ ᠭᠡᠵᠦ | ᠲᠣᠪᠴᠢᠯᠠᠨ᠎ᠠ︶ ᠶᠢ ᠪᠠᠭᠤᠯᠭᠠᠵᠤ ᠳᠠᠷᠤᠮᠠᠯᠯᠠᠨ᠎ᠠ ᠂ ᠥᠭᠡᠷᠡᠴᠢᠯᠡᠵᠦ ᠪᠣᠯᠬᠤ ᠥᠬᠡᠶ ᠃ | 3. ᠺᠠᠳ᠋ᠷ ᠢ ᠬᠠᠮᠢᠶᠠᠷᠬᠤ ᠡᠷᠬᠡ ᠮᠡᠳᠡᠯ ᠤᠨ ᠬᠡᠪᠴᠢᠶ᠎ᠡ ᠶᠣᠰᠣᠭᠠᠷ ᠨᠡᠷ᠎ᠡ ᠮᠡᠳᠡᠭᠦᠯᠬᠦ ᠬᠦᠮᠦᠰ ᠪᠦᠷᠢᠨ ᠪᠦᠲᠦᠨ | ︽ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ︾ ᠶᠢ ᠲᠠᠭᠯᠠᠵᠤ ᠠᠵᠢᠯᠯᠠᠬᠤ ᠨᠢᠭᠡᠴᠢ ᠪᠤᠶᠤ ᠵᠣᠬᠢᠶᠠᠨ | ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠲᠤ ᠬᠢᠨᠠᠨ ᠬᠠᠷᠭᠤᠭᠤᠯᠵᠤ ᠲᠠᠮᠠᠭ᠎ᠠ ᠳᠠᠷᠤᠭᠤᠯᠤᠨ᠎ᠠ ᠃ | 4. ᠨᠡᠷ᠎ᠡ ᠮᠡᠳᠡᠭᠦᠯᠬᠦ ᠬᠦᠮᠦᠰ ᠬᠢᠨᠠᠨ ᠬᠠᠷᠭᠤᠭᠤᠯᠵᠤ ᠲᠠᠮᠠᠭ᠎ᠠ ᠳᠠᠷᠤᠭᠰᠠᠨ ᠤ ᠳᠠᠷᠠᠭᠠᠬᠢ ︽ᠠᠳᠠᠯᠢᠳᠬᠠᠨ | ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ︾ ᠶᠢᠨ ᠰᠢᠷᠪᠢᠭᠰᠡᠨ ᠮᠠᠲ᠋ᠧᠷᠢᠶᠠᠯ ︵pdf ᠬᠡᠯᠪᠡᠷᠢ︶ ᠢ ᠲᠣᠭᠲᠠᠭᠠᠭᠰᠠᠨ | ᠢᠮᠧᠯ ︵ 1678159161@qq.com ︶ ᠳᠤ ᠬᠦᠷᠭᠡᠬᠦ ᠬᠡᠷᠡᠭᠲᠡᠢ ᠂ ᠹᠠᠺᠰ ᠢᠶᠠᠷ ᠬᠦᠯᠢᠶᠡᠨ ᠠᠪᠬᠤ ᠦᠭᠡᠢ ᠃ | ᠲᠣᠭᠲᠠᠭᠰᠠᠨ ᠬᠤᠭᠤᠴᠠᠭᠠᠨ ᠳᠤ ᠳᠡᠭᠡᠭᠰᠢ ᠨᠡᠷ᠎ᠡ ᠮᠡᠳᠡᠭᠦᠯᠬᠦ ᠠᠯᠬᠤᠮ ᠳᠠᠷᠠᠭ᠎ᠠ ᠶᠢ ᠪᠡᠶᠡᠯᠡᠭᠦᠯᠵᠦ ᠳᠡᠶᠢᠯᠦᠭᠰᠡᠨ | ᠦᠭᠡᠶ ᠶᠢ ᠨᠡᠷ᠎ᠡ ᠮᠡᠳᠡᠭᠦᠯᠬᠦ ᠬᠢᠷᠢ ᠭᠡᠮ ᠢᠶᠠᠨ ᠥᠪᠡᠷ ᠢᠶᠠᠨ ᠬᠠᠶᠠᠭᠰᠠᠨ ᠢᠶᠠᠷ ᠦᠵᠡᠨ᠎ᠡ ᠃ | 5. ᠬᠢᠷᠢ ᠬᠡᠮ ᠢ ᠬᠢᠨᠠᠨ ᠪᠠᠶᠢᠴᠠᠭᠠᠬᠤ ᠪᠠᠷ ᠳᠡᠮᠵᠢᠨ ᠨᠡᠷ᠎ᠡ ᠮᠡᠳᠡᠭᠦᠯᠬᠦ ᠬᠦᠮᠦᠰ 2025 ᠣᠨ ᠤ 5 ᠳ᠋ᠤᠭᠠᠷ | ᠰᠠᠷ᠎ᠠ ᠶᠢᠨ 16 ᠤ ᠡᠳᠦᠷ ᠤᠨ 9᠄ 00 - 17᠄ 00 ᠲᠤ ᠨᠡᠷ᠎ᠡ ᠮᠡᠳᠡᠭᠦᠯᠬᠦ ᠰᠦᠯᠵᠢᠶᠡᠨ ᠳᠤ ᠨᠡᠪᠲᠡᠷᠡᠵᠦ | ᠰᠢᠯᠭᠠᠭᠤᠯᠬᠤ ᠶᠢ ᠵᠥᠪᠰᠢᠶᠡᠷᠡᠬᠦ ᠦᠨᠡᠮᠯᠡᠯ ᠢ ᠥᠪᠡᠰᠦᠪᠡᠨ ᠪᠠᠭᠤᠯᠭᠠᠵᠤ ᠳᠠᠷᠤᠮᠠᠯᠯᠠᠨ᠎ᠠ ᠃ | 6. ᠨᠡᠷ᠎ᠡ ᠮᠡᠳᠡᠭᠦᠯᠬᠦ ᠬᠤᠭᠤᠴᠠᠭ᠎ᠠ ᠲᠤᠯᠤᠭᠰᠠᠨ ᠤ ᠳᠠᠷᠠᠭ᠎ᠠ ᠂ ᠨᠡᠷ᠎ᠡ ᠮᠡᠳᠡᠭᠦᠯᠦᠭᠰᠡᠨ ᠬᠥᠮᠦᠨ ᠤ ᠲᠤᠭ᠎ᠠ | ᠬᠢᠭᠡᠳ ᠠᠳᠠᠯᠢᠳᠬᠠᠨ ᠰᠤᠩᠭᠤᠬᠤ ᠪᠠᠷ ᠪᠠᠶᠢᠭ᠎ᠠ ᠬᠥᠮᠦᠨ ᠤ ᠲᠤᠭ᠎ᠠ ᠶᠢᠨ ᠬᠠᠷᠢᠴᠠᠯ ᠨᠢ ᠲᠣᠭᠲᠠᠭᠠᠭᠰᠠᠨ ᠬᠠᠮᠤᠭ ᠤᠨ | ᠳᠣᠤᠷ᠎ᠠ ᠰᠢᠯᠭᠠᠯᠲᠠ ᠶᠢᠨ ᠬᠠᠷᠢᠴᠠᠯ ᠳᠤ ᠬᠦᠷᠦᠭᠰᠡᠨ ᠦᠭᠡᠢ ᠭᠡᠵᠦ ᠨᠤᠲᠠᠯᠠᠭᠰᠠᠨ ᠪᠠᠶᠢᠪᠠᠯ ᠂ ᠠᠳᠠᠯᠢᠳᠬᠠᠨ | ᠰᠣᠩᠭᠤᠬᠤ ᠬᠦᠮᠦᠨ ᠤ ᠲᠤᠭ᠎ᠠ ᠶᠢ ᠴᠥᠬᠡᠳᠬᠡᠬᠦ ᠪᠤᠶᠤ ᠰᠢᠯᠭᠠᠬᠤ ᠶᠢ ᠬᠦᠴᠦᠨ ᠦᠭᠡᠢ ᠪᠣᠯᠭᠠᠨ᠎ᠠ ᠃ ᠰᠢᠯᠭᠠᠬᠤ | ᠠᠵᠢᠯ ᠤᠨ ᠪᠠᠶᠢᠷᠢ ᠳᠤ ᠨᠡᠷ᠎ᠡ ᠮᠡᠳᠡᠭᠦᠯᠦᠭᠴᠢᠳ ᠪᠤᠰᠤᠳ ᠠᠵᠢᠯ ᠤᠨ ᠪᠠᠶᠢᠷᠢ ᠶᠢ ᠥᠭᠡᠷᠡᠴᠢᠯᠡᠨ ᠮᠡᠳᠡᠭᠦᠯᠬᠦ ᠪᠣᠶᠤ | ᠨᠡᠷ᠎ᠡ ᠮᠡᠳᠡᠭᠦᠯᠦᠭᠰᠡᠨ ᠢᠶᠠᠨ ᠲᠠᠶᠠᠭᠳᠠᠵᠤ ᠪᠣᠯᠣᠨ᠎ᠠ ᠃ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠠᠵᠢᠯ ᠤᠨ | ᠪᠠᠶᠢᠷᠢ ᠶᠢ ᠨᠡᠷ᠎ᠡ ᠮᠡᠳᠡᠭᠦᠯᠵᠦ ᠳᠠᠭᠤᠰᠤᠭᠰᠠᠨ ᠤ ᠳᠠᠷᠠᠭ᠎ᠠ ᠰᠦᠯᠵᠢᠶᠡᠨ ᠳᠡᠭᠡᠷ᠎ᠡ ᠨᠡᠶᠢᠲᠡᠯᠡᠨ᠎ᠡ ᠃ | ︵ᠬᠤᠶᠠᠷ︶ ᠪᠢᠷ ᠤᠨ ᠰᠢᠯᠭᠠᠯᠲᠠ | 1. ᠪᠢᠷ ᠤᠨ ᠰᠢᠯᠭᠠᠯᠲᠠ ᠨᠢ ᠨᠢᠭᠡ ᠬᠢᠴᠢᠶᠡᠯ ᠲᠥᠷᠥᠯ ᠪᠠᠶᠢᠵᠤ ᠂ ᠪᠡᠶᠡᠴᠢ ᠴᠢᠨᠠᠷ ᠲᠠᠢ ᠰᠢᠯᠭᠠᠯᠲᠠ ᠶᠢᠨ | ᠰᠡᠳᠦᠪ ᠢ ᠬᠡᠷᠡᠭᠯᠡᠨ ᠂ ᠰᠢᠯᠭᠠᠯᠲᠠ ᠶᠢᠨ ᠬᠦᠷᠢᠶ᠎ᠡ ᠬᠡᠪᠴᠢᠶ᠎ᠡ ᠪᠠ ᠳᠠᠪᠲᠠᠬᠤ ᠮᠠᠲ᠋ᠧᠷᠢᠶᠠᠯ ᠢ ᠲᠣᠭᠲᠠᠭᠠᠬᠤ ᠦᠭᠡᠢ ᠂ | ᠪᠢᠲᠡᠭᠦᠮᠵᠢᠯᠡᠭᠰᠡᠨ ᠰᠢᠯᠭᠠᠯᠲᠠ ᠪᠠᠶᠢᠵᠤ ᠂ ᠪᠢᠷ ᠤᠨ ᠰᠢᠯᠭᠠᠯᠲᠠ ᠶᠢᠨ ᠪᠦᠷᠢᠨ ᠬᠤᠪᠢ ᠨᠢ 100 ᠬᠤᠪᠢ ᠪᠣᠯᠣᠨ᠎ᠠ ᠃ | 2. ᠭᠤᠤᠯᠳᠠᠭᠤ ᠤᠯᠤᠰ ᠲᠥᠷᠥ ᠶᠢᠨ ᠬᠡᠪ ᠪᠣᠯᠪᠠᠰᠤᠷᠠᠯ ᠂ ᠲᠥᠷᠥ ᠶᠢᠨ ᠪᠣᠳᠣᠯᠭ᠎ᠠ ᠶᠢᠨ ᠣᠨᠣᠯ ᠤᠨ ᠬᠢᠷᠢ | ᠲᠦᠪᠰᠢᠨ ᠂ ᠠᠰᠠᠭᠤᠳᠠᠯ ᠢ ᠵᠠᠳᠠᠯᠬᠤ ᠪᠠ ᠰᠢᠢᠳᠪᠦᠷᠢᠯᠡᠬᠦ ᠴᠢᠳᠠᠪᠤᠷᠢ ᠂ ᠡᠬᠡ ᠪᠢᠴᠢᠭ ᠪᠢᠴᠢᠬᠦ ᠴᠢᠳᠠᠪᠤᠷᠢ ᠵᠡᠷᠭᠡ ᠶᠢ | ᠰᠢᠯᠭᠠᠨ ᠪᠠᠶᠢᠴᠠᠭᠠᠨ᠎ᠠ ᠃ | 3. ᠪᠢᠷ ᠤᠨ ᠰᠢᠯᠭᠠᠯᠲᠠ ᠶᠢᠨ ᠰᠢᠯᠭᠠᠯᠲᠠ ᠶᠢᠨ ᠬᠠᠭᠤᠳᠠᠰᠤ ᠴᠥᠮ ᠤᠯᠤᠰ ᠤᠨ ᠨᠡᠶᠢᠳᠡᠮ ᠬᠡᠷᠡᠭᠯᠡᠬᠦ ᠦᠭᠡ | ᠬᠡᠯᠡ ᠦᠰᠦᠭ ᠪᠢᠴᠢᠭ ᠤᠨ ᠰᠢᠯᠭᠠᠯᠲᠠ ᠶᠢᠨ ᠬᠠᠭᠤᠳᠠᠰᠤ ᠪᠠᠶᠢᠵᠤ ᠂ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ | ᠦᠭᠡ ᠬᠡᠯᠡ ᠦᠰᠦᠭ ᠪᠢᠴᠢᠭ ᠢᠶᠠᠷ ᠬᠠᠷᠢᠭᠤᠯᠬᠤ ᠬᠡᠷᠡᠭᠲᠡᠶ ᠂ ᠲᠣᠭᠲᠠᠭᠰᠠᠨ ᠪᠤᠰᠤ ᠦᠰᠦᠭ ᠪᠢᠴᠢᠭ ᠢᠶᠠᠷ | ᠬᠠᠷᠢᠭᠤᠯᠪᠠᠯ ᠬᠤᠪᠢ ᠣᠯᠭᠤᠬᠤ ᠦᠭᠡᠢ ᠃ | 4. ᠪᠢᠷ ᠤᠨ ᠰᠢᠯᠭᠠᠯᠲᠠ 5 ᠳ᠋ᠤᠭᠠᠷ ᠰᠠᠷ᠎ᠠ ᠶᠢᠨ ᠳᠤᠮᠳᠠᠴᠢ ᠪᠠᠷ ᠬᠥᠬᠡᠬᠤᠲᠠ ᠳᠤ ᠶᠠᠪᠤᠭᠳᠠᠨ᠎ᠠ ᠂ ᠪᠣᠳᠠᠲᠠᠶ | ᠴᠠᠭ ᠂ ᠭᠠᠵᠠᠷ ᠲᠤ ᠰᠢᠯᠭᠠᠭᠤᠯᠬᠤ ᠵᠥᠪᠰᠢᠶᠡᠷᠡᠯ ᠤᠨ ᠦᠨᠡᠮᠯᠡᠯ ᠣᠯᠭᠤᠨ᠎ᠠ ᠃ ᠨᠡᠷ᠎ᠡ ᠮᠡᠳᠡᠭᠦᠯᠦᠭᠴᠢᠳ ᠬᠤᠪᠢ | ᠬᠥᠮᠦᠨ ᠤ ᠪᠡᠶ᠎ᠡ ᠶᠢᠨ ᠦᠨᠡᠮᠯᠡᠯ ︵ᠫᠠᠰᠫᠣᠷᠲ︶ ᠪᠠ ᠰᠢᠯᠭᠠᠭᠤᠯᠬᠤ ᠶᠢ ᠵᠥᠪᠰᠢᠶᠡᠷᠡᠬᠦ ᠦᠨᠡᠮᠯᠡᠯ ᠢᠶᠠᠨ ᠠᠪᠴᠤ | ᠪᠢᠷ ᠤᠨ ᠰᠢᠯᠭᠠᠯᠲᠠ ᠳᠤ ᠣᠷᠣᠯᠴᠠᠬᠤ ᠬᠡᠷᠡᠭᠲᠡᠶ ᠃ | 5. ᠬᠢᠷᠢ ᠪᠦᠲᠦᠮᠵᠢ ᠶᠢ ᠪᠠᠶᠢᠴᠠᠭᠠᠨ ᠯᠠᠪᠯᠠᠬᠤ ᠃ 5 ᠳ᠋ᠤᠭᠠᠷ ᠰᠠᠷ᠎ᠠ ᠶᠢᠨ ᠳᠤᠮᠳᠠᠴᠢ ᠪᠠᠷ ︵ᠪᠢᠷ ᠤᠨ | ᠰᠢᠯᠭᠠᠯᠲᠠ ᠳᠠᠭᠤᠰᠤᠭᠰᠠᠨ ᠤ ᠳᠠᠷᠠᠭᠠᠬᠢ ᠭᠤᠷᠪᠠᠳᠤᠭᠠᠷ ᠡᠳᠦᠷ︶ ᠨᠡᠷ᠎ᠡ ᠮᠡᠳᠡᠭᠦᠯᠦᠭᠴᠢ ᠨᠡᠷ᠎ᠡ ᠮᠡᠳᠡᠭᠦᠯᠬᠦ | ᠰᠦᠯᠵᠢᠶᠡᠨ ᠳᠤ ᠨᠡᠪᠲᠡᠷᠡᠵᠦ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠪᠠ ᠪᠢᠷ ᠤᠨ ᠰᠢᠯᠭᠠᠯᠲᠠ ᠶᠢᠨ ᠬᠠᠮᠤᠭ ᠤᠨ | ᠳᠣᠤᠷ᠎ᠠ ᠬᠢᠷᠢ ᠲᠡᠩᠴᠡᠬᠦ ᠬᠤᠪᠢ ᠶᠢᠨ ᠱᠤᠭᠤᠮ ᠢ ᠪᠠᠶᠢᠴᠠᠭᠠᠨ ᠦᠵᠡᠵᠦ ᠪᠣᠯᠤᠨ᠎ᠠ ᠃ | ︵ᠭᠤᠷᠪᠠ︶ ᠬᠢᠷᠢ ᠭᠡᠮ ᠤᠨ ᠳᠠᠬᠢᠨ ᠬᠢᠨᠠᠯᠲᠠ | 1. ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠨᠢ ᠬᠠᠮᠤᠭ ᠤᠨ ᠳᠣᠣᠷ᠎ᠠ ᠬᠢᠷᠢ ᠲᠡᠩᠴᠡᠬᠦ ᠬᠤᠪᠢ ᠶᠢᠨ | ᠰᠦᠯᠵᠢᠶᠡᠨ ᠳᠡᠭᠡᠷ᠎ᠡ ᠨᠡᠷ᠎ᠡ ᠮᠡᠳᠡᠭᠦᠯᠦᠭᠴᠢᠳ ᠤᠨ ᠳᠣᠲᠣᠷ᠎ᠠ ᠂ ᠠᠵᠢᠯ ᠤᠨ ᠪᠠᠶᠢᠷᠢ ᠨᠢᠭᠡᠪᠦᠷᠢ ᠶᠢᠨ ᠨᠡᠷ᠎ᠡ | ᠮᠡᠳᠡᠭᠦᠯᠦᠭᠴᠢ ᠶᠢᠨ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠥᠨᠳᠥᠷ ᠠᠴᠠ ᠳᠣᠣᠷ᠎ᠠ ᠬᠦᠷᠲᠡᠯᠡᠬᠢ ᠳᠠᠷᠠᠭᠠᠯᠠᠯ | ᠪᠠ 3᠄ 1 ᠶᠢᠨ ᠬᠠᠷᠢᠴᠠᠯ ᠢᠶᠠᠷ ᠬᠢᠷᠢ ᠬᠡᠮ ᠢ ᠳᠠᠬᠢᠨ ᠬᠢᠨᠠᠬᠤ ᠬᠡᠪᠴᠢᠶᠡᠨ ᠳᠤ ᠣᠷᠣᠭᠰᠠᠨ ᠬᠥᠮᠥᠰ ᠢ | ᠲᠣᠭᠲᠠᠭᠠᠨ᠎ᠠ ᠃ ᠪᠢᠷ ᠤᠨ ᠰᠢᠯᠭᠠᠯᠲᠠ ᠶᠢᠨ ᠬᠢᠷᠢ ᠪᠦᠲᠦᠮᠵᠢ ᠶᠢ ᠵᠡᠷᠭᠡᠴᠡᠭᠦᠯᠦᠨ ᠵᠢᠭᠰᠠᠭᠠᠭᠰᠠᠨ ᠮᠦᠷᠲᠡᠭᠡᠨ 3᠄ | 1 ᠠᠴᠠ ᠬᠡᠲᠦᠷᠡᠭᠰᠡᠨ ᠪᠣᠯ ᠂ ᠬᠢᠷᠢ ᠭᠡᠮ ᠢ ᠳᠠᠬᠢᠨ ᠬᠢᠨᠠᠬᠤ ᠬᠡᠪᠴᠢᠶᠡᠨ ᠳᠤ ᠣᠷᠤᠭᠤᠯᠤᠨ᠎ᠠ ᠂ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠶᠢᠨ ᠬᠢᠷᠢ ᠲᠡᠩᠴᠡᠬᠦ ᠬᠠᠮᠤᠭ ᠳᠣᠣᠷ᠎ᠠ ᠬᠤᠪᠢ ᠨᠢ 3᠄ 1 ᠳᠤ ᠬᠦᠷᠬᠦ ᠦᠭᠡᠢ | ᠪᠣᠯ ᠂ ᠪᠣᠲᠠᠲᠠᠢ ᠬᠦᠮᠦᠨ ᠤ ᠲᠤᠭ᠎ᠠ ᠪᠠᠷ ᠳᠠᠬᠢᠨ ᠬᠢᠨᠠᠬᠤ ᠬᠡᠪᠴᠢᠶ᠎ᠡ ᠶᠢ ᠲᠣᠭᠲᠠᠭᠠᠨ᠎ᠠ ᠃ ᠬᠢᠷᠢ ᠬᠡᠮ ᠢ ᠳᠠᠬᠢᠨ | ᠬᠢᠨᠠᠬᠤ ᠵᠢᠴᠢ ᠳᠠᠷᠠᠭᠠᠯᠠᠨ ᠨᠥᠬᠦᠪᠦᠷᠢᠯᠡᠭᠰᠡᠨ ᠤ ᠳᠠᠷᠠᠭ᠎ᠠ 3᠄ 1 ᠳᠤ ᠬᠦᠷᠬᠦ ᠦᠭᠡᠢ ᠪᠣᠯ ᠂ ᠪᠣᠳᠠᠲᠠᠢ ᠬᠥᠮᠥᠨ ᠤ | ᠲᠤᠭ᠎ᠠ ᠪᠠᠷ ᠨᠢᠭᠤᠷᠲᠠᠨ ᠰᠢᠯᠭᠠᠬᠤ ᠬᠡᠪᠴᠢᠶᠡᠨ ᠳᠤ ᠣᠷᠣᠬᠤ ᠬᠥᠮᠥᠰ ᠢ ᠲᠣᠭᠲᠠᠭᠠᠨ᠎ᠠ ᠃ | 2. ᠬᠢᠷᠢ ᠬᠡᠮ ᠢ ᠳᠠᠬᠢᠨ ᠬᠢᠨᠠᠬᠤ ᠪᠠ ᠨᠢᠭᠤᠷᠲᠠᠨ ᠰᠢᠯᠭᠠᠬᠤ ᠲᠤᠬᠠᠶ ᠬᠤᠯᠪᠣᠭᠳᠠᠯ ᠪᠥᠬᠦᠶ ᠱᠠᠭᠠᠷᠳᠠᠯᠭ᠎ᠠ ᠶᠢ | 5 ᠡᠳᠦᠷ ᠤᠷᠢᠳᠴᠢᠯᠠᠨ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠵᠠᠷᠯᠠᠨ᠎ᠠ ᠃ ᠬᠢᠷᠢ ᠭᠡᠮ ᠤᠨ ᠳᠠᠬᠢᠨ ᠬᠢᠨᠠᠬᠤ | ᠬᠡᠪᠴᠢᠶᠡᠨ ᠳᠤ ᠤᠷᠤᠭᠰᠠᠨ ᠨᠡᠷ᠎ᠡ ᠮᠡᠳᠡᠭᠦᠯᠦᠭᠴᠢᠳ ᠲᠣᠭᠲᠠᠭᠰᠠᠨ ᠴᠠᠭ ᠪᠠ ᠭᠠᠵᠠᠷ ᠣᠷᠣᠨ ᠤ ᠶᠣᠰᠣᠭᠠᠷ ᠬᠢᠷᠢ | ᠭᠡᠮ ᠤᠨ ᠳᠠᠬᠢᠨ ᠬᠢᠨᠠᠬᠤ ᠳᠤ ᠣᠷᠣᠯᠴᠠᠨ᠎ᠠ ᠃ ᠲᠣᠭᠲᠠᠭᠰᠠᠨ ᠴᠠᠭ ᠨᠢ ᠲᠤᠯᠬᠤ ᠠᠴᠠ ᠡᠮᠦᠨ᠎ᠡ ᠬᠢᠷᠢ ᠭᠡᠮ ᠤᠨ | ᠳᠠᠬᠢᠨ ᠬᠢᠨᠠᠬᠤ ᠳᠤ ᠣᠷᠣᠯᠴᠠᠭᠰᠠᠨ ᠦᠭᠡᠶ ᠪᠣᠯ ᠨᠢᠭᠤᠷᠳᠠᠨ ᠰᠢᠯᠭᠠᠬᠤ ᠬᠢᠷᠢ ᠭᠡᠮ ᠢ ᠨᠢ ᠬᠦᠴᠦᠨ ᠦᠭᠡᠶ | ᠪᠣᠯᠭᠠᠨ᠎ᠠ ᠃ | 3. ᠬᠢᠷᠢ ᠬᠡᠮ ᠤᠨ ᠳᠠᠬᠢᠨ ᠬᠢᠨᠠᠯᠲᠠ ᠳᠤ ᠰᠢᠯᠭᠠᠯᠲᠠ ᠳᠤ ᠨᠡᠷ᠎ᠡ ᠮᠡᠳᠡᠭᠦᠯᠦᠭᠴᠢᠳ ᠤᠨ ᠲᠠᠭᠯᠠᠭᠰᠠᠨ ᠮᠡᠳᠡᠭᠡ | ᠵᠠᠩᠭᠢ ᠨᠢ ᠦᠨᠡᠨ ᠪᠣᠳᠠᠲᠠᠶ ᠣᠨᠣᠪᠴᠢᠲᠠᠶ ᠪᠠᠶᠢᠬᠤ ᠡᠰᠡᠬᠦ ᠂ ᠨᠡᠷ᠎ᠡ ᠮᠡᠳᠡᠭᠦᠯᠦᠭᠰᠡᠨ ᠠᠵᠢᠯ ᠤᠨ ᠪᠠᠶᠢᠷᠢ ᠶᠢᠨ | ᠵᠣᠬᠢᠴᠠᠩᠭᠤᠶ ᠬᠢᠷᠢ ᠬᠡᠮ ᠤᠨ ᠨᠥᠬᠦᠴᠡᠯ ᠳᠤ ᠨᠡᠶᠢᠴᠡᠬᠦ ᠡᠰᠡᠬᠦ ᠶᠢ ᠭᠤᠣᠯᠳᠠᠯᠭ᠎ᠠ ᠲᠠᠢ ᠳᠠᠬᠢᠨ ᠬᠢᠨᠠᠨ᠎ᠠ ᠃ ᠨᠡᠷ᠎ᠡ | ᠮᠡᠳᠡᠭᠦᠯᠦᠨ ᠰᠢᠯᠭᠠᠭᠤᠯᠬᠤ ᠨᠥᠬᠦᠴᠡᠯ ᠳᠤ ᠨᠡᠶᠢᠴᠡᠬᠦ ᠦᠭᠡᠶ ᠂ ᠲᠠᠭᠯᠠᠨ ᠮᠡᠳᠡᠭᠦᠯᠦᠭᠰᠡᠨ ᠬᠤᠪᠢ ᠬᠥᠮᠦᠨ ᠤ ᠮᠡᠳᠡᠭᠡ | ᠵᠠᠩᠭᠢ ᠨᠢ ᠲᠤᠬᠠᠢ ᠶᠢᠨ ᠦᠨᠡᠮᠯᠡᠯ ᠲᠠᠢ ᠨᠡᠶᠢᠴᠡᠬᠦ ᠦᠭᠡᠢ ᠵᠢᠴᠢ ᠴᠢᠬᠤᠯᠠ ᠮᠡᠳᠡᠭᠡ ᠵᠠᠩᠭᠢ ᠪᠠᠨ ᠨᠢᠭᠤᠨ ᠳᠠᠯᠳᠠᠯᠠᠬᠤ | ᠪᠤᠶᠤ ᠬᠤᠳᠠᠯ ᠬᠠᠭᠤᠷᠮᠠᠭ ᠭᠡᠷᠡᠴᠢ ᠮᠠᠲ᠋ᠧᠷᠢᠶᠠᠯ ᠬᠠᠩᠭᠠᠪᠠᠯ ᠨᠢᠭᠤᠷᠳᠠᠨ ᠰᠢᠯᠭᠠᠬᠤ ᠬᠢᠷᠢ ᠭᠡᠮ ᠢ ᠨᠢ ᠬᠦᠴᠦᠨ ᠦᠭᠡᠶ | ᠪᠣᠯᠭᠠᠨ᠎ᠠ ᠃ | 4. ᠬᠢᠷᠢ ᠭᠡᠮ ᠤᠨ ᠳᠠᠬᠢᠨ ᠬᠢᠨᠠᠯᠲᠠ ᠶᠢᠨ ᠭᠤᠭᠴᠤᠭ᠎ᠠ ᠳᠤ ᠣᠷᠣᠭᠰᠠᠨ ᠬᠥᠮᠥᠰ ︽ᠠᠳᠠᠯᠢᠳᠬᠠᠨ | ᠰᠣᠩᠭᠤᠬᠤ ᠨᠡᠷ᠎ᠡ ᠮᠡᠳᠡᠭᠦᠯᠬᠦ ᠬᠦᠰᠦᠨᠦᠭᠲᠦ︾ ᠂ ᠰᠤᠷᠤᠯᠭ᠎ᠠ ᠶᠢᠨ ᠨᠠᠮᠲᠠᠷ ᠡᠷᠳᠡᠮ ᠤᠨ ᠴᠣᠯᠠ ᠶᠢᠨ ᠦᠨᠡᠮᠯᠡᠯ ᠤᠨ | ᠤᠭ ᠮᠠᠲ᠋ᠧᠷᠢᠶᠠᠯ ᠪᠠ ᠪᠠᠭᠤᠯᠭᠠᠪᠤᠷᠢ ᠂ ᠰᠤᠷᠭᠠᠨ ᠬᠥᠮᠥᠵᠢᠯ ᠤᠨ ᠶᠠᠮᠤᠨ ᠤ ︽ᠰᠤᠷᠤᠯᠭ᠎ᠠ ᠶᠢᠨ ᠨᠠᠮᠲᠠᠷ ᠤᠨ | ᠦᠨᠡᠮᠯᠡᠯ ᠤᠨ ᠴᠠᠬᠢᠮ ᠳᠠᠩᠰᠠᠯᠠᠯ ᠤᠨ ᠬᠦᠰᠦᠨᠦᠭᠲᠦ︾ ᠪᠤᠶᠤ ︽ᠳᠤᠮᠳᠠᠳᠤ ᠤᠯᠤᠰ ᠤᠨ ᠳᠡᠭᠡᠳᠦ ᠵᠡᠷᠭᠡ ᠶᠢᠨ | ᠰᠤᠷᠭᠠᠨ ᠬᠥᠮᠥᠵᠢᠯ ᠤᠨ ᠨᠠᠮᠲᠠᠷ ᠤᠨ ᠭᠡᠷᠡᠴᠢᠯᠡᠭᠡ ᠶᠢᠨ ᠮᠡᠳᠡᠭᠦᠯᠦᠯᠲᠡ ︾ ︵ᠳᠤᠮᠳᠠᠳᠤ ᠤᠯᠤᠰ ᠤᠨ ᠳᠡᠭᠡᠳᠦ | ᠵᠡᠷᠭᠡ ᠶᠢᠨ ᠰᠤᠷᠭᠠᠨ ᠬᠦᠮᠦᠵᠢᠯ ᠤᠨ ᠰᠤᠷᠤᠭᠴᠢ ᠶᠢᠨ ᠮᠡᠳᠡᠭᠡ ᠵᠠᠩᠭᠢ ᠶᠢᠨ ᠰᠦᠯᠵᠢᠶ᠎ᠡ http://www.chsi. | com.cn ᠠᠴᠠ ᠪᠠᠭᠤᠯᠭᠠᠵᠤ ᠳᠠᠷᠤᠮᠠᠯᠯᠠᠨ᠎ᠠ ︶ ᠂ ︽ᠠᠯᠪᠠᠲᠠᠨ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ | ᠬᠦᠰᠦᠨᠦᠭᠲᠦ︾ ︵ᠠᠯᠪᠠᠲᠠᠨ ᠤ ᠰᠢᠯᠭᠠᠯᠲᠠ ᠳᠤ ᠣᠷᠣᠯᠴᠠᠭᠰᠠᠳ ᠢ ᠡᠯᠰᠡᠨ ᠬᠡᠷᠡᠭᠯᠡᠬᠦ ᠶᠢ ᠬᠢᠨᠠᠨ ᠵᠥᠪᠰᠢᠶᠡᠷᠡᠬᠦ | ᠬᠦᠰᠦᠨᠦᠭᠲᠦ︶ ᠪᠤᠶᠤ ︽ ᠢᠯᠡ ᠪᠠᠷ ᠠᠵᠢᠯᠲᠠᠨ ᠡᠯᠰᠡᠬᠦ ᠳᠠᠩᠰᠠᠯᠠᠯ ᠤᠨ ᠬᠦᠰᠦᠨᠦᠭᠲᠦ ︾ ᠵᠡᠷᠭᠡ ᠠᠯᠪᠠᠲᠠᠨ ︵ | ᠠᠯᠪᠠᠲᠠᠨ ᠤ ᠰᠢᠯᠭᠠᠯᠲᠠ ᠳᠤ ᠣᠷᠣᠯᠴᠠᠭᠰᠠᠳ ︶ ᠤ ᠡᠩᠨᠡᠭᠡ ᠪᠣᠶᠤ ᠠᠵᠢᠯ ᠦᠢᠯᠡᠰ ᠤᠨ ᠨᠢᠭᠡᠴᠢ ᠶᠢᠨ ᠬᠤᠯᠪᠣᠭᠳᠠᠯ | ᠪᠦᠬᠦᠢ ᠮᠠᠲ᠋ᠧᠷᠢᠶᠠᠯ ᠤᠨ ᠪᠠᠭᠤᠯᠭᠠᠪᠤᠷᠢ ᠂ ᠪᠠᠶᠢᠭ᠎ᠠ ᠪᠠᠶᠢᠭᠤᠯᠭ᠎ᠠ ᠶᠢᠨ ᠪᠠᠶᠢᠭᠤᠯᠤᠮᠵᠢ ᠶᠢᠨ ᠣᠷᠣᠨ ᠲᠣᠭᠠᠨ ᠤ | ᠬᠠᠮᠢᠶᠠᠷᠤᠯᠲᠠ ᠶᠢᠨ ᠦᠨᠡᠮᠯᠡᠯ ᠤᠨ ᠲᠡᠷᠢᠭᠦᠨ ᠬᠠᠭᠤᠳᠠᠰᠤ ᠪᠠ ᠲᠤᠰ ᠬᠥᠮᠥᠨ ᠤ ᠨᠢᠭᠤᠷ ᠤᠨ ᠪᠠᠭᠤᠯᠭᠠᠪᠤᠷᠢ ᠂ | ᠥᠩᠭᠡᠷᠡᠭᠰᠡᠨ ᠤ ᠲᠤᠰᠢᠶᠠᠯ ᠤᠨ ᠬᠤᠪᠢᠷᠠᠯᠲᠠ ᠪᠠ ᠰᠢᠯᠵᠢᠭᠰᠡᠨ ᠬᠢᠨᠠᠨ ᠵᠥᠪᠰᠢᠶᠡᠷᠡᠬᠦ ᠬᠦᠰᠦᠨᠦᠭᠲᠦ ᠪᠤᠶᠤ ᠪᠢᠴᠢᠭ | ᠮᠠᠲ᠋ᠧᠷᠢᠶᠠᠯ ᠤᠨ ᠪᠠᠭᠤᠯᠭᠠᠪᠤᠷᠢ ︵ᠳᠡᠭᠡᠷᠡᠬᠢ ᠮᠠᠲ᠋ᠧᠷᠢᠶᠠᠯ ᠤᠨ ᠬᠠᠭᠤᠯᠪᠤᠷᠢ ᠨᠤᠭᠤᠳ ᠨᠢ ᠡᠷᠬᠡᠪᠰᠢ ᠠᠵᠢᠯᠲᠠᠨ ᠤ | ᠶᠠᠪᠤᠳᠠᠯ ᠤᠨ ᠬᠠᠮᠢᠶᠠᠷᠤᠯᠲᠠ ᠶᠢᠨ ᠡᠷᠬᠡ ᠮᠡᠳᠡᠯ ᠤᠨ ᠬᠡᠪᠴᠢᠶ᠎ᠡ ᠶᠢᠨ ᠪᠠᠶᠢᠭ᠎ᠠ ᠰᠠᠯᠠᠭ᠎ᠠ ᠮᠥᠴᠢᠷ ᠤᠨ ᠵᠣᠬᠢᠶᠠᠨ | ᠪᠠᠶᠢᠭᠤᠯᠬᠤ ᠠᠵᠢᠯᠲᠠᠨ ᠤ ᠶᠠᠪᠤᠳᠠᠯ ᠤᠨ ᠰᠠᠯᠠᠭ᠎ᠠ ᠮᠥᠴᠢᠷ ᠤᠨ ᠲᠠᠮᠠᠭ᠎ᠠ ᠳᠠᠷᠤᠭᠰᠠᠨ ᠭᠡᠷᠡᠴᠢ ᠪᠠᠶᠢᠬᠤ ᠬᠡᠷᠡᠭᠲᠡᠢ︶ ᠂ | ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠪᠠ ᠪᠠᠭᠤᠯᠭᠠᠪᠤᠷᠢ ᠂ ᠣᠶᠢᠷ᠎ᠠ ᠶᠢᠨ ᠬᠤᠭᠤᠴᠠᠭᠠᠨ ᠤ 2 ᠢᠮᠠᠬᠤ ᠶᠢᠨ | ᠲᠢᠳᠢᠮ ᠦᠭᠡᠢ ᠰᠡᠭᠦᠳᠡᠷ ︵3 ᠬᠠᠭᠤᠳᠠᠰᠤ︶ ᠢᠶᠠᠨ ᠠᠪᠴᠤ ᠂ ︽ ᠠᠳᠠᠯᠢᠳᠬᠠᠨ ᠰᠣᠩᠭᠤᠬᠤ ᠨᠡᠷ᠎ᠡ ᠮᠡᠳᠡᠭᠦᠯᠬᠦ | ᠬᠦᠰᠦᠨᠦᠭᠲᠦ︾ ᠳᠠᠬᠢ ᠠᠵᠢᠯᠯᠠᠭᠰᠠᠨ ᠥᠩᠭᠡᠷᠡᠯᠲᠡ ᠪᠠ ᠠᠵᠢᠯ ᠤᠨ ᠠᠮᠵᠢᠯᠲᠠ ᠪᠦᠲᠦᠮᠵᠢ ᠶᠢ ᠭᠡᠷᠡᠴᠢᠯᠡᠬᠦ | ᠬᠤᠯᠪᠣᠭᠳᠠᠯ ᠪᠦᠬᠦᠢ ᠭᠡᠷᠡᠴᠢ ᠮᠠᠲ᠋ᠧᠷᠢᠶᠠᠯ ᠢᠶᠠᠨ ᠳᠠᠭᠠᠭᠤᠯᠬᠤ ᠬᠡᠷᠡᠭᠲᠡᠢ ᠃ | ︵ᠲᠦᠷᠪᠡ︶ ᠨᠢᠭᠤᠷᠳᠠᠨ ᠰᠢᠯᠭᠠᠯᠲᠠ | 1. ᠨᠢᠭᠤᠷᠳᠠᠨ ᠰᠢᠯᠭᠠᠯᠲᠠ ᠶᠢ 5 ᠳ᠋ᠤᠭᠠᠷ ᠰᠠᠷ᠎ᠠ ᠶᠢᠨ ᠰᠡᠭᠦᠯᠴᠢ ᠪᠠᠷ ᠬᠥᠬᠡᠬᠤᠲᠠ ᠳᠤ ᠶᠠᠪᠤᠭᠳᠠᠭᠤᠯᠤᠨ᠎ᠠ ᠂ | ᠬᠢᠷᠢ ᠬᠡᠮ ᠢ ᠳᠠᠬᠢᠨ ᠬᠢᠨᠠᠭᠠᠳ ᠬᠢᠷᠢ ᠲᠡᠩᠴᠡᠭᠰᠡᠨ ᠰᠢᠯᠭᠠᠭᠤᠯᠤᠭᠴᠢ ᠶᠢᠨ ᠲᠠᠮᠠᠭ᠎ᠠ ᠳᠠᠷᠤᠭᠰᠠᠨ ︽ᠨᠢᠭᠤᠷᠲᠠᠨ | ᠰᠢᠯᠭᠠᠬᠤ ᠮᠡᠳᠡᠭᠳᠡᠯ ᠤᠨ ᠪᠢᠴᠢᠭ︾ ᠵᠢᠴᠢ ᠪᠡᠶ᠎ᠡ ᠶᠢᠨ ᠦᠨᠡᠮᠯᠡᠯ ︵ᠫᠠᠰᠫᠣᠷᠲ︶ ᠢᠶᠠᠨ ᠠᠪᠴᠤ ᠂ ᠲᠣᠭᠲᠠᠭᠰᠠᠨ ᠴᠠᠭ | ᠪᠠ ᠭᠠᠵᠠᠷ ᠲᠤ ᠨᠢᠭᠤᠷᠲᠠᠨ ᠰᠢᠯᠭᠠᠬᠤ ᠳᠤ ᠣᠷᠣᠯᠴᠠᠨ᠎ᠠ ᠃ ᠲᠣᠭᠲᠠᠭᠰᠠᠨ ᠴᠠᠭ ᠲᠤ ᠪᠠᠨ ᠨᠢᠭᠤᠷᠳᠠᠨ | ᠰᠢᠯᠭᠠᠯᠲᠠ ᠳᠤ ᠣᠷᠣᠯᠴᠠᠵᠤ ᠳᠡᠶᠢᠯᠬᠦ ᠦᠭᠡᠢ ᠪᠣᠯ ᠥᠪᠡᠰᠦᠪᠡᠨ ᠬᠠᠶᠠᠭᠰᠠᠨ ᠢᠶᠠᠷ ᠦᠵᠡᠨ᠎ᠡ ᠃ | 2. ᠪᠣᠳᠠᠲᠠᠶ ᠲᠤᠬᠠᠶ ᠶᠢᠨ ᠲᠠᠯᠠᠪᠤᠷ ᠲᠤ ᠬᠦᠷᠦᠭᠰᠡᠨ ᠨᠢᠭᠤᠷᠲᠠᠨ ᠰᠢᠯᠭᠠᠯᠲᠠ ᠳᠤ ᠣᠷᠣᠯᠴᠠᠬᠤ ᠬᠥᠮᠦᠨ ᠤ | ᠲᠤᠭ᠎ᠠ ᠨᠢ ᠲᠣᠰ ᠠᠵᠢᠯ ᠤᠨ ᠪᠠᠶᠢᠷᠢ ᠶᠢᠨ ᠪᠣᠳᠠᠲᠠᠶ ᠠᠳᠠᠯᠢᠳᠬᠠᠨ ᠰᠣᠩᠭᠤᠬᠤ ᠲᠥᠯᠥᠪᠯᠡᠭᠡ ᠶᠢᠨ ᠲᠤᠭ᠎ᠠ ᠠᠴᠠ | ᠴᠥᠭᠡᠨ ᠪᠤᠶᠤ ᠲᠤᠰ ᠠᠵᠢᠯ ᠤᠨ ᠪᠠᠶᠢᠷᠢ ᠶᠢᠨ ᠲᠤᠭ᠎ᠠ ᠠᠴᠠ ᠴᠥᠬᠡᠨ ᠪᠠᠶᠢᠪᠠᠯ ᠂ ᠨᠢᠭᠤᠷᠲᠠᠨ ᠰᠢᠯᠭᠠᠯᠲᠠ ᠶᠢᠨ ᠬᠢᠷᠢ | ᠪᠦᠲᠦᠮᠵᠢ ᠨᠢ ᠨᠢᠭᠤᠷᠲᠠᠨ ᠰᠢᠯᠭᠠᠯᠲᠠ ᠶᠢᠨ ᠬᠢᠷᠢ ᠲᠡᠩᠴᠡᠯᠲᠡ ᠶᠢᠨ ᠪᠠᠷᠢᠮᠵᠢᠶ᠎ᠠ ᠳᠤ ᠬᠦᠷᠬᠦ ᠬᠡᠷᠡᠭᠲᠡᠶ ᠃ | 3. ᠨᠢᠭᠤᠷᠳᠠᠨ ᠰᠢᠯᠭᠠᠯᠲᠠ ᠳᠤ ᠡᠷᠬᠡᠪᠰᠢ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠪᠠᠷ ᠬᠠᠷᠢᠭᠤᠯᠵᠤ ᠂ | ᠨᠢᠭᠤᠷᠳᠠᠨ ᠰᠢᠯᠭᠠᠯᠲᠠ ᠶᠢᠨ ᠪᠦᠷᠢᠨ ᠬᠤᠪᠢ ᠨᠢ 100 ᠬᠤᠪᠢ ᠪᠣᠯᠣᠨ᠎ᠠ ᠃ | 4. ᠪᠦᠲᠦᠴᠡᠴᠢᠯᠡᠭᠰᠡᠨ ᠨᠢᠭᠤᠷᠳᠠᠨ ᠰᠢᠯᠭᠠᠯᠲᠠ ᠶᠢᠨ ᠠᠷᠭ᠎ᠠ ᠶᠢ ᠬᠡᠷᠡᠭᠯᠡᠨ᠎ᠡ ᠃ ᠨᠢᠭᠤᠷᠲᠠᠨ ᠰᠢᠯᠭᠠᠯᠲᠠ ᠳᠤ | ᠨᠢᠭᠤᠷᠳᠠᠨ ᠰᠢᠯᠭᠠᠬᠤ ᠠᠵᠢᠯᠲᠠᠨ ᠤ ᠤᠯᠤᠰ ᠲᠥᠷᠥ ᠶᠢᠨ ᠬᠡᠪ ᠴᠢᠨᠠᠷ ᠂ ᠲᠤᠰᠬᠠᠶ ᠮᠡᠷᠭᠡᠵᠢᠯ ᠤᠨ ᠬᠡᠪ ᠪᠣᠯᠪᠠᠰᠤᠷᠠᠯ ᠂ | ᠶᠡᠷᠦᠩᠬᠡᠶᠢᠯᠡᠭᠰᠡᠨ ᠵᠠᠳᠠᠯᠤᠯᠲᠠ ᠂ ᠦᠭᠡ ᠬᠡᠯᠡᠨ ᠤ ᠢᠯᠡᠳᠬᠡᠯ ᠪᠠ ᠠᠵᠢᠯ ᠤᠨ ᠪᠠᠶᠢᠷᠢ ᠶᠢᠨ ᠵᠣᠬᠢᠴᠠᠯᠳᠤᠯ ᠤᠨ | ᠬᠡᠮᠵᠢᠶ᠎ᠡ ᠶᠢ ᠭᠤᠤᠯᠳᠠᠯᠭ᠎ᠠ ᠲᠠᠢ ᠰᠢᠯᠭᠠᠨ ᠪᠠᠶᠢᠴᠠᠭᠠᠨ᠎ᠠ ᠃ | 5. ᠨᠡᠷ᠎ᠡ ᠮᠡᠳᠡᠭᠦᠯᠦᠭᠴᠢᠳ ᠤᠨ ᠨᠢᠭᠤᠷᠳᠠᠨ ᠰᠢᠯᠭᠠᠯᠲᠠ ᠶᠢᠨ ᠬᠢᠷᠢ ᠪᠦᠲᠦᠮᠵᠢ ᠪᠠ ᠰᠢᠨᠵᠢᠯᠡᠨ | ᠪᠠᠶᠢᠴᠠᠭᠠᠯᠲᠠ ᠳᠤ ᠬᠦᠷᠦᠭᠰᠡᠨ ᠬᠦᠮᠦᠰ ᠢ ᠨᠡᠷ᠎ᠡ ᠮᠡᠳᠡᠭᠦᠯᠬᠦ ᠰᠦᠯᠵᠢᠶᠡᠨ ᠥᠷᠲᠡᠭᠡ ᠳᠤ ᠨᠡᠶᠢᠲᠡᠯᠡᠨ᠎ᠡ ᠃ | ︵ᠲᠠᠪᠤ︶ ᠰᠢᠨᠵᠢᠯᠡᠨ ᠪᠠᠶᠢᠴᠠᠭᠠᠬᠤ | 1. ᠰᠢᠨᠵᠢᠯᠡᠨ ᠪᠠᠶᠢᠴᠠᠭᠠᠬᠤ ᠳᠤ ᠨᠢᠭᠤᠷᠳᠠᠨ ᠰᠢᠯᠭᠠᠯᠲᠠ ᠶᠢᠨ ᠬᠢᠷᠢ ᠪᠦᠲᠦᠮᠵᠢ ᠶᠢᠨ ᠳᠣᠲᠣᠷ᠎ᠠ ᠠᠴᠠ | ᠳᠣᠤᠷ᠎ᠠ ᠵᠡᠷᠭᠡ ᠶᠢᠨ ᠳᠠᠷᠠᠭᠠᠯᠠᠯ ᠢᠶᠠᠷ ᠲᠣᠭᠲᠠᠭᠠᠵᠤ ᠂ ᠰᠢᠨᠵᠢᠯᠡᠨ ᠪᠠᠶᠢᠴᠠᠭᠠᠬᠤ ᠵᠠᠩᠭᠢᠯᠠᠭ᠎ᠠ ᠳᠤ ᠤᠷᠤᠭᠰᠠᠨ | ᠵᠢᠱᠢᠭᠳᠡᠭᠴᠢ ᠬᠢᠭᠡᠳ ᠬᠠᠷᠢᠴᠠᠯ ᠢᠶᠠᠷ ᠰᠣᠩᠭᠤᠨ ᠰᠢᠯᠵᠢᠭᠦᠯᠬᠦ ᠲᠥᠯᠥᠪᠯᠡᠭᠡ ᠶᠢᠨ ᠬᠠᠷᠢᠴᠠᠯ ᠢ ᠶᠡᠷᠦ ᠳᠤ ᠪᠠᠨ 2᠄ | 1 ᠠᠴᠠ ᠳᠣᠤᠷ᠎ᠠ ᠪᠠᠶᠢᠯᠭᠠᠬᠤ ᠦᠭᠡᠶ ᠂ ᠵᠢᠱᠢᠶᠡᠯᠡᠪᠡᠯ ᠬᠠᠷᠢᠴᠠᠯ ᠨᠢ 2᠄ 1 ᠠᠴᠠ ᠳᠣᠤᠷ᠎ᠠ ᠪᠠᠶᠢᠪᠠᠯ ᠨᠢᠭᠤᠷᠲᠠᠨ | ᠰᠢᠯᠭᠠᠯᠲᠠ ᠶᠢᠨ ᠬᠤᠪᠢ ᠨᠢ ᠬᠢᠷᠢ ᠲᠡᠩᠴᠡᠭᠰᠡᠨ ᠰᠦᠯᠵᠢᠶᠡᠨ ᠳᠡᠭᠡᠷᠡᠬᠢ ᠪᠣᠳᠠᠲᠠᠶ ᠬᠥᠮᠦᠨ ᠤ ᠲᠤᠭ᠎ᠠ ᠪᠠᠷ ᠰᠢᠨᠵᠢᠯᠡᠨ | ᠪᠠᠶᠢᠴᠠᠭᠠᠬᠤ ᠳᠤ ᠣᠷᠣᠬᠤ ᠬᠡᠪᠴᠢᠶ᠎ᠡ ᠶᠢ ᠲᠣᠭᠲᠠᠭᠠᠨ᠎ᠠ ᠃ ᠠᠳᠠᠯᠢ ᠨᠢᠭᠡ ᠠᠵᠢᠯ ᠤᠨ ᠪᠠᠶᠢᠷᠢ ᠳᠤ ᠡᠯᠰᠡᠭᠳᠡᠭᠰᠡᠨ | ᠬᠥᠮᠦᠰ ᠤᠨ ᠬᠠᠮᠤᠭ ᠰᠡᠭᠦᠯᠴᠢ ᠶᠢᠨ ᠨᠢᠭᠡ ᠨᠢᠭᠤᠷᠳᠠᠨ ᠰᠢᠯᠭᠠᠭᠰᠠᠨ ᠬᠢᠷᠢ ᠪᠦᠲᠦᠮᠵᠢ ᠢᠯᠡᠷᠡᠭᠰᠡᠨ ᠪᠥᠭᠡᠳ ᠪᠢᠷ ᠤᠨ | ᠰᠢᠯᠭᠠᠯᠲᠠ ᠶᠢᠨ ᠬᠢᠷᠢ ᠪᠦᠲᠦᠮᠵᠢ ᠶᠢᠨ ᠥᠨᠳᠥᠷ ᠳᠤᠤᠷ᠎ᠠ ᠪᠠᠷ ᠨᠢ ᠰᠢᠨᠵᠢᠯᠡᠨ ᠪᠠᠶᠢᠴᠠᠭᠠᠬᠤ ᠵᠢᠱᠢᠭᠳᠡᠭᠴᠢ ᠶᠢ | ᠲᠣᠭᠲᠠᠭᠠᠨ᠎ᠠ ᠃ | 2. ᠰᠢᠨᠵᠢᠯᠡᠨ ᠪᠠᠶᠢᠴᠠᠭᠠᠭᠰᠠᠨ ᠪᠠᠶᠢᠳᠠᠯ ᠢ ᠦᠨᠳᠦᠰᠦᠯᠡᠨ ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ | ᠵᠣᠬᠢᠴᠠᠯᠳᠤᠭᠤᠯᠬᠤ ᠂ ᠠᠵᠢᠯᠲᠠᠨ ᠤ ᠶᠠᠪᠤᠳᠠᠯ ᠢ ᠬᠠᠷᠢᠯᠴᠠᠨ ᠤᠶᠠᠯᠳᠤᠭᠤᠯᠬᠤ ᠵᠠᠷᠴᠢᠮ ᠶᠣᠰᠣᠭᠠᠷ ᠂ 1᠄ 1 ᠶᠢᠨ | ᠬᠠᠷᠢᠴᠠᠯ ᠢᠶᠠᠷ ᠰᠢᠯᠢᠳᠡᠭ ᠢ ᠨᠢ ᠰᠣᠩᠭᠤᠵᠤ ᠲᠣᠬᠢᠷᠠᠭᠤᠯᠬᠤ ᠪᠠᠷ ᠪᠠᠶᠢᠭ᠎ᠠ ᠵᠢᠱᠢᠭᠳᠡᠭᠴᠢ ᠶᠢ ᠳᠤᠷᠠᠳᠤᠨ ᠭᠠᠷᠭᠠᠨ᠎ᠠ ᠃ | ᠲᠣᠬᠢᠷᠠᠮᠵᠢᠲᠠᠢ ᠬᠥᠮᠥᠨ ᠦᠭᠡᠢ ᠪᠣᠯ ᠡᠯᠰᠡᠬᠦ ᠦᠭᠡᠢ ᠂ ᠲᠤᠰ ᠲᠥᠯᠥᠪᠯᠡᠭᠡ ᠶᠢ ᠬᠦᠴᠦᠨ ᠦᠭᠡᠢ ᠪᠣᠯᠭᠠᠨ᠎ᠠ ᠃ | ︵ᠵᠢᠷᠭᠤᠭ᠎ᠠ︶ ᠨᠡᠶᠢᠲᠡᠯᠡᠬᠦ ᠪᠠ ᠠᠵᠢᠯ ᠤᠨ ᠪᠠᠶᠢᠷᠢ ᠳᠤ ᠰᠢᠯᠭᠠᠨ ᠪᠠᠶᠢᠴᠠᠭᠠᠬᠤ | 1. ᠰᠢᠯᠵᠢᠭᠦᠯᠬᠦ ᠪᠠᠷ ᠪᠠᠶᠢᠭ᠎ᠠ ᠬᠥᠮᠦᠰ ᠤᠨ ᠨᠡᠷᠡᠰ ᠢ ᠨᠡᠷ᠎ᠡ ᠮᠡᠳᠡᠭᠦᠯᠬᠦ ᠰᠦᠯᠵᠢᠶᠡᠨ ᠳᠡᠭᠡᠷ᠎ᠡ ᠨᠡᠶᠢᠲᠡᠯᠡᠵᠦ ᠂ | ᠨᠡᠶᠢᠲᠡᠯᠡᠬᠦ ᠬᠤᠭᠤᠴᠠᠭ᠎ᠠ ᠨᠢ 7 ᠡᠳᠦᠷ ᠪᠣᠯᠤᠨ᠎ᠠ ᠃ ᠡᠭᠦᠨ ᠤ ᠬᠠᠮᠲᠤ ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ | ᠤᠲᠠᠰᠤ ᠶᠢ ᠨᠡᠶᠢᠲᠡᠯᠡᠵᠦ ᠂ ᠨᠡᠶᠢᠭᠡᠮ ᠤᠨ ᠬᠢᠨᠠᠯᠲᠠ ᠲᠠᠯᠪᠢᠬᠤ ᠶᠢ ᠬᠦᠯᠢᠶᠡᠨ᠎ᠡ ᠃ | 2. ᠵᠠᠷᠯᠠᠭᠠᠳ ᠣᠨᠳᠣᠣ ᠰᠠᠨᠠᠯ ᠦᠭᠡᠢ ᠰᠢᠯᠵᠢᠭᠦᠯᠬᠦ ᠰᠠᠨᠠᠭ᠎ᠠ ᠲᠠᠢ ᠬᠥᠮᠥᠰ ᠲᠤ ᠥᠪᠡᠷᠲᠡᠭᠡᠨ ᠵᠠᠰᠠᠬᠤ | ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶ᠎ᠠ ᠠᠴᠠ ᠲᠣᠰ ᠬᠥᠮᠥᠨ ᠤ ᠪᠠᠶᠢᠭ᠎ᠠ ᠨᠢᠭᠡᠴᠢ ᠳᠤ ᠠᠵᠢᠯ ᠤᠨ | ᠪᠠᠶᠢᠷᠢ ᠶᠢᠨ ᠬᠢᠨᠠᠨ ᠪᠠᠶᠢᠴᠠᠭᠠᠬᠤ ᠵᠠᠬᠢᠳᠠᠯ ᠶᠠᠪᠤᠭᠤᠯᠵᠤ ᠂ ᠠᠵᠢᠯᠯᠠᠵᠤ ᠪᠠᠢᠭ᠎ᠠ ᠨᠢᠭᠡᠴᠢ ᠪᠠᠷ ᠵᠥᠪᠰᠢᠶᠡᠷᠡᠭᠦᠯᠦᠭᠰᠡᠨ ᠤ | ᠳᠠᠷᠠᠭ᠎ᠠ ᠂ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠠᠵᠢᠯ ᠤᠨ ᠪᠠᠶᠢᠷᠢ ᠳᠤ | ᠬᠦᠷᠴᠦ 3 ᠰᠠᠷ᠎ᠠ ᠰᠢᠨᠵᠢᠯᠡᠨ ᠪᠠᠶᠢᠴᠠᠭᠠᠨ᠎ᠠ ᠃ ᠠᠵᠢᠯ ᠤᠨ ᠪᠠᠶᠢᠷᠢ ᠶᠢᠨ ᠰᠢᠯᠭᠠᠨ ᠪᠠᠶᠢᠴᠠᠭᠠᠬᠤ ᠬᠤᠭᠤᠴᠠᠭ᠎ᠠ ᠨᠢ | ᠲᠤᠯᠤᠭᠠᠳ ᠬᠢᠷᠢ ᠲᠡᠩᠴᠡᠭᠰᠡᠳ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠰᠢᠯᠵᠢᠭᠦᠯᠦᠨ ᠲᠣᠬᠢᠷᠠᠭᠤᠯᠬᠤ | ᠭᠠᠷᠳᠠᠮ ᠭᠦᠢᠴᠡᠳᠬᠡᠨ᠎ᠡ︔ ᠠᠵᠢᠯ ᠤᠨ ᠪᠠᠶᠢᠷᠢ ᠶᠢᠨ ᠰᠢᠯᠭᠠᠨ ᠪᠠᠶᠢᠴᠠᠭᠠᠬᠤ ᠬᠤᠭᠤᠴᠠᠭᠠᠨ ᠳᠤ ᠢᠯᠡᠷᠡᠯ ᠨᠢ ᠬᠢᠷᠢ | ᠲᠡᠩᠴᠡᠭᠰᠡᠨ ᠦᠭᠡᠢ ᠪᠣᠯ ᠂ ᠠᠳᠠᠯᠢᠳᠬᠠᠨ ᠰᠣᠩᠭᠤᠬᠤ ᠬᠢᠷᠢ ᠬᠡᠮ ᠢ ᠨᠢ ᠬᠦᠴᠦᠨ ᠦᠭᠡᠢ ᠪᠣᠯᠭᠠᠵᠤ ᠂ ᠤᠤᠯ ᠤᠨ | ᠨᠢᠭᠡᠴᠢ ᠳᠤ ᠨᠢ ᠪᠤᠴᠠᠭᠠᠨ ᠠᠵᠢᠯᠯᠠᠭᠤᠯᠤᠨ᠎ᠠ ᠃ | ︵ᠳᠤᠯᠤᠭ᠎ᠠ︶ ᠰᠢᠯᠵᠢᠭᠦᠯᠦᠨ ᠤᠷᠤᠭᠤᠯᠬᠤ ᠬᠦᠮᠦᠰ ᠢ ᠤᠷᠢᠨ ᠬᠡᠷᠡᠭᠯᠡᠬᠦ | ᠰᠢᠯᠵᠢᠭᠦᠯᠦᠨ ᠣᠷᠣᠭᠤᠯᠬᠤ ᠬᠥᠮᠦᠰ ᠤᠨ ᠤᠤᠯ ᠤᠨ ᠲᠤᠰᠢᠶᠠᠯ ᠤᠨ ᠳᠡᠰ ᠂ ᠲᠤᠰᠬᠠᠶ ᠮᠡᠷᠭᠡᠵᠢᠯ ᠤᠨ | ᠲᠤᠰᠢᠶᠠᠯ ᠪᠠ ᠠᠵᠢᠯ ᠤᠨ ᠪᠠᠶᠢᠷᠢ ᠶᠢᠨ ᠬᠤᠭᠤᠰᠣᠨ ᠪᠠᠶᠢᠭ᠎ᠠ ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ ᠂ ᠠᠵᠢᠯ | ᠦᠢᠯᠡᠰ ᠤᠨ ᠨᠢᠭᠡᠴᠢ ᠶᠢᠨ ᠠᠵᠢᠯᠲᠠᠨ ᠤ ᠠᠵᠢᠯ ᠤᠨ ᠪᠠᠶᠢᠷᠢ ᠶᠢᠨ ᠤᠷᠢᠨ ᠬᠡᠷᠡᠭᠯᠡᠬᠦ ᠬᠤᠯᠪᠣᠭᠳᠠᠯ ᠪᠦᠬᠦᠢ | ᠲᠣᠭᠲᠠᠭᠠᠯ ᠶᠣᠰᠣᠭᠠᠷ ᠵᠣᠬᠢᠴᠠᠩᠭᠤᠶ ᠠᠵᠢᠯ ᠤᠨ ᠪᠠᠶᠢᠷᠢ ᠳᠤ ᠤᠷᠢᠨ ᠬᠡᠷᠡᠭᠯᠡᠨ᠎ᠡ ᠃ | ᠵᠢᠷᠭᠤᠭ᠎ᠠ ᠂ ᠠᠰᠠᠭᠤᠨ ᠯᠠᠪᠯᠠᠬᠤ ᠪᠠ ᠬᠢᠨᠠᠯᠲᠠ ᠲᠠᠯᠪᠢᠬᠤ ᠤᠲᠠᠰᠤ | ︵ᠨᠢᠭᠡ︶ ᠠᠵᠢᠯ ᠤᠨ ᠪᠠᠶᠢᠷᠢ ᠪᠠ ᠲᠦᠷᠦ ᠶᠢᠨ ᠪᠤᠲᠤᠯᠭ᠎ᠠ ᠶᠢᠨ ᠵᠦᠪᠯᠡᠯᠬᠡ ᠶᠢᠨ ᠤᠲᠠᠰᠤ ᠄ 4930516 ᠂ | 6606283 | ︵ᠬᠤᠶᠠᠷ︶ ᠨᠡᠷ᠎ᠡ ᠮᠡᠳᠡᠭᠦᠯᠬᠦ ᠰᠦᠯᠵᠢᠶᠡᠨ ᠤ ᠮᠡᠷᠭᠡᠵᠢᠯ ᠤᠨ ᠠᠰᠠᠭᠤᠨ ᠯᠠᠪᠯᠠᠬᠤ ᠤᠲᠠᠰᠤ᠄ | 4008828026 | ︵ᠭᠤᠷᠪᠠ︶ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠤᠲᠠᠰᠤ᠄ 6606227 | | ᠳᠠᠭᠠᠯᠳᠤᠭᠤᠯᠤᠯ᠄ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮᠴᠢᠯᠡᠭᠡᠨ ᠤ ᠪᠠᠲᠤᠯᠠᠭ᠎ᠠ ᠶᠢᠨ ᠲᠣᠪᠴᠢᠶᠠᠨ ᠤ ᠬᠠᠷᠢᠶ᠎ᠠ | ᠠᠵᠢᠯ ᠦᠢᠯᠡᠰ ᠤᠨ ᠨᠢᠭᠡᠴᠢ ᠶᠢᠨ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠮ ᠡᠮᠨᠡᠯᠭᠡ | ᠬᠤᠳᠠᠯᠳᠤᠨ ᠠᠪᠬᠤ ᠲᠥᠪ ᠤᠨ ᠥᠷᠢᠰᠦᠯᠳᠦᠭᠡᠨ ᠤ ᠴᠢᠨᠠᠷᠲᠠᠢ ᠠᠳᠠᠯᠢᠳᠬᠠᠨ ᠰᠣᠩᠭᠤᠬᠤ ᠠᠵᠢᠯᠲᠠᠨ ᠤ ᠠᠵᠢᠯ ᠤᠨ | ᠪᠠᠶᠢᠷᠢ ᠶᠢᠨ ᠬᠦᠰᠦᠨᠦᠭᠲᠦ — ᠬᠠᠮᠤᠭ ᠰᠢᠨ᠎ᠡ. xls | | |