5 ᠰᠠᠷ᠎ᠠ ᠶᠢᠨ 8 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠲᠡᠷᠢᠭᠦᠯᠡᠭᠴᠢ ᠸᠠᠩ ᠯᠢ ᠰᠢᠶᠠ ᠮᠠᠨ ᠤ | ᠣᠷᠣᠨ ᠤ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠶᠢᠨ ᠲᠠᠪᠴᠠᠩ ᠤᠨ ᠪᠠᠶᠢᠭᠤᠯᠤᠯᠲᠠ ᠶᠢᠨ ᠬᠤᠯᠪᠣᠭᠳᠠᠯ ᠪᠦᠬᠦᠢ | ᠠᠰᠠᠭᠤᠳᠠᠯ ᠤᠨ ᠲᠣᠭᠤᠷᠢᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠵᠠᠰᠠᠭ ᠤᠨ | ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ᠳᠤ ᠬᠦᠷᠴᠦ ᠪᠠᠶᠢᠴᠠᠭᠠᠨ | ᠰᠤᠳᠤᠯᠤᠭᠰᠠᠨ ᠪᠥᠭᠡᠳ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ᠃ | ᠡᠳ᠋ ᠤᠨ ᠵᠠᠰᠠᠭ ᠤᠨ ᠲᠢᠩᠬᠢᠮ ᠳᠤ ᠸᠠᠩ ᠯᠢ ᠰᠢᠶᠠ ᠲᠥᠰᠥᠪ ᠤᠨ ᠬᠠᠮᠢᠶᠠᠷᠤᠯᠲᠠ ᠶᠢ ᠨᠢᠭᠡ | ᠴᠣᠭᠴᠠᠵᠢᠭᠤᠯᠬᠤ ᠰᠢᠰᠲ᠋ᠧᠮ᠂ ᠠᠷᠠᠳ ᠲᠤ ᠠᠰᠢᠭ ᠬᠦᠷᠲᠡᠭᠡᠬᠦ ᠲᠠᠷᠢᠶᠠᠴᠢᠳ ᠲᠤ ᠠᠰᠢᠭ ᠬᠦᠷᠲᠡᠭᠡᠬᠦ ᠨᠥᠬᠦᠪᠦᠷᠢ | ᠥᠭᠬᠦ ᠪᠡᠯᠡ ᠮᠥᠩᠭᠦ ᠶᠢ ᠲᠠᠷᠬᠠᠭᠠᠬᠤ ᠲᠠᠪᠴᠠᠩ᠂ ᠵᠠᠰᠠᠭ ᠤᠨ ᠣᠷᠳᠣᠨ ᠤ ᠬᠤᠳᠠᠯᠳᠤᠨ ᠠᠪᠬᠤ ᠡᠭᠦᠯᠡᠨ ᠲᠠᠪᠴᠠᠩ | ᠵᠡᠷᠭᠡ ᠶᠢᠨ ᠬᠡᠷᠡᠭᠯᠡᠭᠡᠨ ᠤ ᠪᠠᠶᠢᠳᠠᠯ ᠢ ᠨᠠᠷᠢᠨ ᠣᠶᠢᠯᠠᠭᠠᠵᠤ᠂ ᠬᠡᠷᠡᠭᠯᠡᠬᠦ ᠳᠤᠮᠳᠠ ᠲᠠᠰᠤᠷᠠᠯᠳᠠ ᠦᠭᠡᠢ | ᠲᠡᠭᠦᠯᠳᠡᠷᠵᠢᠭᠦᠯᠵᠦ᠂ ᠠᠰᠠᠭᠤᠳᠠᠯ ᠢ ᠴᠠᠭ ᠲᠤᠬᠠᠢ ᠳᠤᠨᠢ ᠢᠯᠡᠷᠡᠭᠦᠯᠬᠦ᠂ ᠠᠰᠠᠭᠤᠳᠠᠯ ᠢ ᠱᠠᠯᠠᠪᠳᠠᠭᠤᠯᠤᠨ | ᠰᠢᠢᠳᠪᠦᠷᠢᠯᠡᠬᠦ ᠪᠢᠲᠡᠭᠦᠦ ᠭᠤᠭᠴᠤᠭ᠎ᠠ ᠶᠢ ᠪᠠᠶᠢᠭᠤᠯᠵᠤ᠂ ᠲᠣᠭᠠᠴᠢᠯᠠᠭᠰᠠᠨ ᠠᠷᠭ᠎ᠠ ᠪᠠᠷᠢᠯ ᠢᠶᠠᠷ ᠬᠢᠨᠠᠯᠲᠠ | ᠬᠠᠮᠢᠶᠠᠷᠤᠯᠲᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠭᠦ ᠬᠡᠷᠡᠭᠲᠡᠢ ᠭᠡᠵᠦ ᠱᠠᠭᠠᠷᠳᠠᠪᠠ᠃ | ᠸᠠᠩ ᠯᠢ ᠰᠢᠶᠠ ︽ᠥᠨᠳᠥᠷ ᠪᠦᠲᠦᠮᠵᠢᠲᠡᠢ ᠪᠠᠷ ᠨᠢᠭᠡ ᠤᠴᠢᠷ ᠶᠠᠪᠤᠳᠠᠯ ᠢ ᠬᠢᠵᠦ ᠭᠦᠢᠴᠡᠳᠬᠡᠬᠦ︾ | ᠥᠭᠡᠷᠡᠴᠢᠯᠡᠯᠲᠡ ᠶᠢ ᠲᠤᠶᠢᠯ ᠢᠶᠠᠷ ᠬᠠᠯᠠᠮᠵᠢᠯᠠᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ | ᠬᠠᠮᠢᠶᠠᠷᠤᠯᠲᠠ ᠶᠢᠨ ᠲᠣᠪᠴᠢᠶ᠎ᠠ ᠳᠤ ᠠᠵᠢᠯ ᠤᠨ ᠠᠬᠢᠴᠠ ᠶᠢᠨ ᠪᠠᠶᠢᠳᠠᠯ ᠢ ᠨᠠᠷᠢᠨ ᠣᠶᠢᠯᠠᠭᠠᠵᠤ᠂ ᠥᠨᠳᠥᠷ | ᠪᠦᠲᠦᠮᠵᠢᠲᠡᠢ ᠪᠠᠷ ᠤᠴᠢᠷ ᠶᠠᠪᠤᠳᠠᠯ ᠬᠢᠵᠦ ᠭᠦᠢᠴᠡᠳᠬᠡᠬᠦ ᠡᠭᠦᠳᠡᠨ ᠠᠴᠠ ᠡᠭᠦᠰᠴᠦ᠂ ᠠᠵᠢᠯᠯᠠᠭᠤᠯᠬᠤ ᠰᠢᠰᠲ᠋ᠧᠮ ᠢ | ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ APP ᠤᠯᠠᠨ | ᠪᠠᠶᠢᠬᠤ᠂ ᠮᠡᠳᠡᠭᠡ ᠵᠠᠩᠭᠢ ᠶᠢ ᠲᠠᠭᠢᠨ ᠳᠠᠪᠲᠠᠨ ᠲᠠᠭᠯᠠᠬᠤ᠂ ᠵᠠᠷᠢᠮ ᠶᠠᠪᠤᠳᠠᠯ ᠢ ᠰᠢᠯᠵᠢᠶ᠎ᠡ ᠶᠢᠨ ᠦᠵᠦᠭᠦᠷᠯᠢᠭ ᠲᠤ | ᠭᠦᠢᠴᠡᠳᠬᠡᠬᠦ ᠶᠢ ᠳᠡᠮᠵᠢᠬᠦ ᠦᠭᠡᠢ ᠪᠠᠶᠢᠬᠤ ᠵᠡᠷᠭᠡ ᠠᠰᠠᠭᠤᠳᠠᠯ ᠢ ᠰᠠᠶᠢᠲᠤᠷ ᠰᠢᠢᠳᠪᠦᠷᠢᠯᠡᠵᠦ᠂ ᠤᠯᠠᠨ ᠲᠦᠮᠡᠨ ᠢ | ᠭᠠᠷ ᠤᠲᠠᠰᠤᠨ ᠳᠡᠭᠡᠷ᠎ᠡ ᠨᠡᠩ ᠳᠥᠭᠦᠮ ᠲᠦᠷᠭᠡᠨ ᠢᠶᠠᠷ ᠤᠴᠢᠷ ᠶᠠᠪᠤᠳᠠᠯ ᠪᠦᠲᠦᠭᠡᠵᠦ ᠴᠢᠳᠠᠬᠤ ᠶᠢ ᠪᠡᠶᠡᠯᠡᠭᠦᠯᠬᠦ | ᠬᠡᠷᠡᠭᠲᠡᠢ᠃ ᠪᠡᠶᠡᠴᠢᠯᠡᠨ ᠣᠶᠢᠯᠠᠭᠠᠬᠤ ᠳᠤᠭᠤᠶᠢᠯᠠᠩ ᠢ ᠵᠣᠬᠢᠶᠠᠨ ᠪᠠᠶᠢᠭᠤᠯᠵᠤ᠂ ︽ᠬᠡᠷᠡᠭᠯᠡᠭᠴᠢ ᠶᠢᠨ ᠬᠤᠪᠢ︾ ᠪᠠᠷ | ᠤᠴᠢᠷ ᠶᠠᠪᠤᠳᠠᠯ ᠭᠦᠢᠴᠡᠳᠬᠡᠬᠦ ᠪᠦᠭᠦ ᠶᠠᠪᠤᠴᠠ ᠶᠢ ᠪᠡᠶᠡᠴᠢᠯᠡᠨ ᠣᠶᠢᠯᠠᠭᠠᠵᠤ᠂ ᠲᠦᠭᠵᠢᠷᠡᠯ ᠤᠨ ᠴᠡᠭ ᠬᠤᠷᠢᠭ᠎ᠠ | ᠴᠡᠭ ᠢ ᠣᠨᠣᠴᠠᠲᠠᠢ ᠡᠷᠢᠨ ᠣᠯᠵᠤ ᠰᠢᠢᠳᠪᠦᠷᠢᠯᠡᠨ᠂ ᠬᠡᠷᠡᠭᠯᠡᠭᠴᠢ ᠶᠢᠨ ᠪᠡᠶᠡᠴᠢᠯᠡᠨ ᠣᠶᠢᠯᠠᠭᠠᠬᠤ ᠲᠥᠷᠥᠭᠳᠡᠯ ᠪᠠ | ᠬᠠᠨᠤᠮᠵᠢ ᠲᠠᠢ ᠪᠠᠶᠢᠬᠤ ᠬᠡᠮᠵᠢᠶ᠎ᠡ ᠶᠢ ᠨᠡᠮᠡᠭᠳᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠳᠠᠷᠠᠭ᠎ᠠ ᠨᠢ ᠸᠠᠩ ᠯᠢ ᠰᠢᠶᠠ ᠲᠤᠰᠬᠠᠢ ᠰᠡᠳᠦᠪᠲᠦ ᠬᠤᠷᠠᠯ ᠡᠷᠭᠢᠯᠡᠨ ᠬᠤᠷᠠᠯᠳᠤᠭᠤᠯᠵᠤ᠂ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ | ᠤᠶᠠᠯᠳᠤᠭᠤᠯᠤᠨ ᠨᠢᠭᠡ ᠠᠴᠠ ᠨᠥᠭᠦᠭᠡ ᠶᠢ ᠵᠦᠢᠴᠢᠯᠡᠨ ᠮᠡᠳᠡᠵᠤ᠂ ᠪᠦᠭᠦ ᠣᠷᠣᠨ ᠤ ᠮᠡᠳᠡᠭᠡ ᠵᠠᠩᠭᠢ ᠶᠢᠨ | ᠰᠢᠰᠲ᠋ᠧᠮ ᠢ ᠲᠥᠪᠯᠡᠷᠡᠭᠦᠯᠦᠨ ᠥᠭᠡᠷᠡᠴᠢᠯᠡᠬᠦ ᠲᠤᠰᠬᠠᠢ ᠠᠵᠢᠯᠯᠠᠭ᠎ᠠ ᠶᠢ ᠥᠷᠨᠢᠭᠦᠯᠵᠦ᠂ ᠳᠠᠪᠬᠤᠷᠳᠠᠭᠤᠯᠤᠨ | ᠪᠦᠲᠦᠭᠡᠨ ᠪᠠᠶᠢᠭᠤᠯᠬᠤ ᠲᠠᠪᠴᠠᠩ ᠢ ᠨᠡᠶᠢᠳᠬᠡᠵᠦ᠂ ᠬᠡᠷᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠢᠭᠤᠷ | ᠲᠠᠯ᠎ᠠ ᠶᠢᠨ ᠢᠨᠵᠧᠨᠧᠷᠢᠩ᠂ ᠳᠦᠷᠢ ᠲᠥᠷᠬᠦ ᠶᠢᠨ ᠢᠨᠵᠧᠨᠧᠷᠢᠩ ᠢ ᠡᠷᠡᠰ ᠬᠤᠷᠢᠭᠯᠠᠬᠤ ᠬᠡᠷᠡᠭᠲᠡᠢ᠃ ᠠᠰᠠᠭᠤᠳᠠᠯ ᠢᠶᠠᠷ | ᠤᠳᠤᠷᠢᠳᠤᠮᠵᠢ ᠪᠤᠯᠭᠠᠬᠤ ᠶᠢ ᠪᠠᠷᠢᠮᠲᠠᠯᠠᠵᠤ᠂ ᠬᠡᠷᠡᠭᠯᠡᠬᠦ ᠶᠠᠪᠤᠴᠠ ᠳᠤ ᠶᠠᠮᠠᠷ ᠠᠰᠠᠭᠤᠳᠠᠯ ᠲᠤᠯᠭᠠᠷᠠᠪᠠᠯ ᠲᠡᠷᠡ | ᠠᠰᠠᠭᠤᠳᠠᠯ ᠢ ᠰᠢᠢᠳᠪᠦᠷᠢᠯᠡᠵᠦ᠂ ᠶᠠᠭᠠᠬᠢᠵᠤ ᠬᠡᠷᠡᠭᠯᠡᠪᠡᠯ ᠰᠠᠶᠢᠨ ᠪᠣᠯ ᠲᠡᠷᠡ ᠶᠣᠰᠣᠭᠠᠷ ᠰᠠᠶᠢᠵᠢᠷᠠᠭᠤᠯᠵᠤ᠂ | ᠢᠯᠠᠩᠭᠤᠶ᠎ᠠ ᠠᠵᠤ ᠠᠬᠤᠶᠢᠯᠠᠯ ᠪᠣᠯᠣᠨ ᠤᠯᠠᠨ ᠲᠦᠮᠡᠨ ᠤ ᠬᠡᠷᠡᠭᠴᠡᠭᠡ ᠪᠠᠷ ᠵᠣᠷᠢᠯᠲᠠ ᠪᠤᠯᠭᠠᠵᠤ᠂ ᠰᠠᠯᠠᠭ᠎ᠠ | ᠮᠥᠴᠢᠷ ᠤᠨ ᠬᠤᠭᠤᠷᠣᠨᠳᠣᠭᠢ ᠳ᠋ᠠᠶᠢᠲ᠋ᠠ ᠶᠢᠨ ᠪᠠᠬᠢᠯᠡᠯᠲᠡ ᠶᠢ ᠨᠠᠪᠲᠠᠷᠡᠭᠦᠯᠵᠦ᠂ ︽ᠰᠦᠯᠵᠢᠶᠡᠨ ᠳᠤ ᠭᠠᠷᠭᠠᠵᠤ | ᠪᠤᠯᠬᠤ ᠶᠢ ᠨᠢ ᠪᠦᠭᠦᠨ ᠢ ᠰᠦᠯᠵᠢᠶᠡᠨ ᠳᠤ ᠭᠠᠷᠭᠠᠬᠤ︾ ᠵᠠᠷᠴᠢᠮ ᠢᠶᠠᠷ ᠳ᠋ᠠᠶᠢᠲ᠋ᠠ ᠶᠢ ᠡᠭᠦᠯᠡᠨ ᠲᠠᠪᠴᠠᠩ ᠳᠤ | ᠭᠠᠷᠭᠠᠬᠤ ᠶᠢ ᠠᠬᠢᠭᠤᠯᠵᠤ᠂ ᠬᠤᠯᠪᠣᠯᠳᠤᠨ ᠨᠡᠪᠲᠡᠷᠡᠯᠴᠡᠬᠦ ᠶᠢ ᠪᠡᠶᠡᠯᠡᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠭᠡ ᠶᠢ ︽ᠭᠦᠢᠴᠡᠳᠬᠡᠵᠦ ᠳᠡᠶᠢᠯᠭᠦ︾ ᠠᠴᠠ ︽ᠲᠦᠷᠭᠡᠨ ᠭᠦᠢᠴᠡᠳᠬᠡᠬᠦ᠂ ᠠᠮᠠᠷᠬᠠᠨ ᠭᠦᠢᠴᠡᠳᠬᠡᠬᠦ᠂ | ᠰᠠᠶᠢᠲᠤᠷ ᠭᠦᠢᠴᠡᠳᠬᠡᠬᠦ︾ ᠲᠡᠶᠢᠰᠢ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ᠃ ᠳ᠋ᠠᠶᠢᠲ᠋ᠠ ᠶᠢᠨ ᠠᠮᠤᠷ | ᠲᠦᠪᠰᠢᠨ ᠤ ᠰᠡᠷᠭᠡᠶᠢᠯᠡᠨ ᠡᠵᠡᠮᠳᠡᠬᠦ ᠲᠣᠭᠲᠠᠴᠠ ᠶᠢ ᠪᠦᠷᠢᠨᠰᠢᠭᠦᠯᠵᠦ᠂ ᠬᠠᠯᠳᠠᠨ ᠣᠷᠣᠬᠤ ᠶᠢ ᠰᠡᠷᠭᠡᠶᠢᠯᠡᠵᠦ᠂ | ᠬᠤᠯᠠᠭᠠᠶᠢᠯᠠᠨ ᠠᠪᠬᠤ ᠶᠢ ᠰᠡᠷᠭᠡᠶᠢᠯᠡᠵᠦ᠂ ᠨᠢᠭᠤᠴᠠ ᠶᠢ ᠵᠠᠳᠠᠷᠠᠭᠤᠯᠬᠤ ᠶᠢ ᠰᠡᠷᠭᠡᠶᠢᠯᠡᠵᠦ᠂ ᠳ᠋ᠠᠶᠢᠲ᠋ᠠ ᠶᠢᠨ ᠠᠮᠤᠷ | ᠲᠦᠪᠰᠢᠨ ᠤ ᠬᠤᠷᠢᠭ᠎ᠠ ᠱᠤᠭᠤᠮ ᠢ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠪᠦᠦ ᠰᠢᠶᠠᠨ ᠬᠤᠸᠠ ᠠᠵᠢᠯᠯᠠᠭ᠎ᠠ ᠳᠤ ᠣᠷᠣᠯᠴᠠᠵᠠᠢ᠃ | |