ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠵᠢᠴᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ ᠲᠤᠰᠬᠠᠶ ᠠᠩᠭᠢ ᠵᠢᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠶᠠᠷᠢᠶ᠎ᠠ᠂ ᠴᠢᠬᠤᠯᠠ ᠪᠠᠶᠠᠷ᠎ᠤᠨ ᠵᠠᠬᠢᠳᠠᠯ ᠬᠠᠷᠢᠭᠤ ᠵᠠᠬᠢᠳᠠᠯ᠎ᠤᠨ ᠵᠣᠷᠢᠭ ᠰᠠᠨᠠᠭ᠎ᠠ᠂ ᠲᠥᠪ ᠪᠠ ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ᠎ᠤᠨ ᠤᠳᠤᠷᠢᠳᠬᠤ ᠨᠥᠬᠦᠳ᠎ᠤᠨ ᠵᠢᠭ᠋ᠠᠪᠤᠷᠢ ᠱᠠᠭ᠋ᠠᠷᠳᠠᠯᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠲᠥᠪ ᠤᠨ ᠨᠠᠢ᠍ᠮᠠᠨ ᠲᠣᠭᠲᠠᠭ᠋ᠠᠯ ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠳᠥᠷᠪᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶ᠋ᠢᠯᠠᠩ ᠬᠤᠷᠠᠯ᠎ᠳᠤ ᠰᠤᠯᠠ ᠣᠷᠣᠯᠴᠠᠵᠤ ᠲᠤᠬᠠᠢ ᠵᠢᠨ ᠲᠠᠯᠠᠪᠤᠷ᠎ᠲᠤ ᠵᠢᠭ᠋ᠠᠨ ᠵᠢᠯᠣᠭᠤᠳᠴᠤ ᠰᠢᠮᠳᠠᠭᠤᠯᠤᠨ ᠵᠢᠯᠣᠭᠤᠳᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠱᠠᠨ ᠰᠢᠳᠤ ᠰᠢᠨᠵᠢᠯᠡᠨ ᠪᠠᠶ᠋ᠢᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠶ᠋ᠢᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠲᠠᠢ ᠨᠡᠪᠲᠡᠷᠡᠭᠦᠯᠵᠦ᠂ ᠭᠠᠷᠳᠠᠬᠤ ᠴᠡᠭ᠂ ᠬᠦᠴᠦᠯᠡᠬᠦ ᠴᠡᠭ ᠵᠶ᠋ᠠᠨ ᠣᠨᠣᠪᠴᠢᠲᠠᠢ ᠣᠯᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠢ᠃ ᠠᠵᠤ ᠠᠬᠤᠶ ᠵᠢᠨ ᠨᠡᠮᠡᠭᠳᠡᠯ᠎ᠢ ᠪᠥᠬᠦ ᠬᠦᠴᠦᠨ ᠵᠶ᠋ᠠᠷ ᠵᠶ᠋ᠠᠨ ᠲᠣᠭᠲᠠᠪᠤᠷᠢᠵᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ᠎ᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠬᠡᠷ ᠪᠠᠶ᠋ᠢᠰᠢᠩ ᠭᠠᠵᠠᠷ ᠬᠥᠷᠥᠩᠭᠡ᠂ ᠪᠠᠷᠢᠯᠭ᠎ᠠ ᠵᠢᠨ ᠦᠢ᠍ᠯᠡᠰ᠎ᠤᠨ 《ᠬᠤᠶᠠᠷ ᠲᠤᠯᠭ᠋ᠠᠭᠤᠷᠢ》 ᠵᠢ ᠦᠷᠭᠦᠯᠵᠢᠯᠡᠨ ᠪᠤᠵᠠᠭ᠋ᠠᠶ᠋ᠢᠷᠠᠭᠤᠯᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠬᠥᠭᠵᠢᠯᠲᠡ ᠵᠢᠨ ᠴᠢᠭᠯᠡᠯ᠎ᠲᠠᠢ ᠨᠢᠭᠲᠠ ᠤᠶᠠᠯᠳᠤᠭᠤᠯᠤᠨ᠂ ᠨᠢᠭᠡ ᠪᠦᠯᠦᠭ ᠬᠥᠲᠥᠯᠦᠨ ᠳᠠᠭ᠋ᠠᠭᠤᠯᠬᠤ ᠴᠢᠨᠠᠷ ᠵᠶ᠋ᠠᠷ ᠴᠢᠩᠭ᠎ᠠ᠂ ᠬᠥᠭᠵᠢᠯᠲᠡ ᠵᠢᠨ ᠢᠷᠡᠭᠡᠳᠦᠶ᠎ᠪᠠᠷ ᠰᠠᠶ᠋ᠢᠨ ᠭᠤᠤᠯᠳᠠᠯᠭ᠎ᠠ ᠲᠠᠢ ᠲᠥᠷᠥᠯ ᠵᠦᠢ᠍ᠯ ᠢ ᠲᠥᠯᠥᠪᠵᠢᠭᠦᠯᠦᠨ ᠨᠠᠶ᠋ᠢᠳᠠᠪᠤᠷᠢᠵᠢᠭᠤᠯᠵᠤ᠂ ᠪᠥᠬᠦ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠶ᠃ ᠬᠤᠲᠠ ᠵᠢᠨ ᠰᠢᠨᠡᠴᠢᠯᠡᠯᠲᠡ᠂ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠨ᠎ᠤ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠳᠬᠡᠨ ᠪᠠᠶ᠋ᠢᠭᠤᠯᠬᠤ ᠵᠡᠷᠭᠡ ᠭᠤᠤᠯᠳᠠᠯᠭ᠎ᠠ᠎ᠲᠠᠢ ᠠᠵᠢᠯ᠎ᠢ ᠰᠠᠶ᠋ᠢᠲᠤᠷ ᠠᠳᠬᠤᠵᠤ᠂ 《ᠳᠥᠷᠪᠡᠨ ᠰᠠᠶ᠋ᠢᠨᠲᠠᠶ》 ᠪᠥᠲᠥᠭᠡᠨ ᠪᠠᠶ᠋ᠢᠭᠤᠯᠤᠯᠲᠠ ᠵᠢ ᠭᠦᠨᠵᠡᠭᠡᠶ᠋ᠢᠷᠡᠭᠦᠯᠦᠨ ᠪᠣᠳᠠᠲᠠᠶ᠋ᠢᠵᠢᠭᠤᠯᠬᠤ ᠵᠢ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠠᠵᠢᠯ᠎ᠢ ᠨᠠᠷᠢᠯᠢᠭ ᠨᠠᠶ᠋ᠢᠳᠠᠪᠤᠷᠢᠵᠢᠭᠤᠯᠵᠤ᠂ ᠠᠷᠠᠳ ᠣᠯᠠᠨ᠎ᠤ ᠵᠣᠯ ᠵᠢᠷᠭ᠋ᠠᠯᠲᠤ ᠲᠥᠷᠥᠭᠳᠡᠯ ᠪᠠ ᠬᠠᠨᠤᠮᠵᠢ ᠵᠢᠨ ᠬᠡᠮᠵᠢᠶ᠎ᠡ ᠵᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦᠨ᠎ᠠᠴᠠ᠎ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠭᠦᠨᠵᠡᠭᠡᠶ᠋ᠢᠷᠡᠭᠦᠯᠵᠦ᠂ ᠭᠤᠣᠯᠳᠠᠯᠭ᠎ᠠ᠎ᠲᠠᠢ ᠬᠦᠷᠢᠶᠡᠨ᠎ᠤ ᠪᠦᠬᠦ ᠬᠡᠯᠬᠢᠶᠡᠨ᠎ᠤ ᠠᠮᠤᠷ ᠲᠦᠪᠰᠢᠨ᠎ᠤ ᠴᠡᠭᠴᠡᠯᠡᠨ ᠵᠠᠰᠠᠯᠲᠠ ᠵᠢ ᠴᠢᠩᠭ᠋ᠠᠳᠬᠠᠵᠤ᠂ ᠠᠮᠤᠷ ᠲᠦᠪᠰᠢᠨ ᠬᠥᠭᠵᠢᠯᠲᠡ ᠵᠢᠨ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠢᠯᠠᠩᠭᠤᠶ᠎ᠠ ᠮᠠᠨ᠎ᠤ ᠣᠷᠣᠨ ᠨᠢᠭᠡᠨᠲᠡ 《ᠲᠤᠯᠤᠭ᠋ᠠᠨ ᠰᠠᠷ᠎ᠠ ᠵᠢᠨ ᠰᠡᠭᠦᠯᠴᠢ ᠨᠠᠢ᠍ᠮᠠᠨ ᠰᠠᠷ᠎ᠠ ᠵᠢᠨ ᠡᠬᠢᠨ》᠎ᠤ ᠦᠶᠡᠷ᠎ᠤᠨ ᠬᠤᠭᠤᠴᠠᠭ᠋ᠠᠨ᠎ᠳᠤ ᠤᠷᠤᠵᠠᠢ᠂ ᠪᠣᠷᠣᠭ᠋ᠠᠨ ᠤ ᠪᠠᠶ᠋ᠢᠳᠠᠯ ᠤᠨ ᠬᠤᠪᠢᠷᠠᠯᠲᠠ ᠵᠢ ᠨᠢᠭᠲᠠ ᠠᠩᠬᠠᠷᠴᠤ᠂ ᠪᠠᠴᠢᠮ ᠪᠠᠶ᠋ᠢᠳᠠᠯ᠎ᠢ ᠠᠷᠭ᠋ᠠᠴᠠᠬᠤ ᠲᠥᠰᠦᠯ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠶᠤᠯ ᠭᠠᠮᠰᠢᠭ᠎ᠠᠴᠠ ᠠᠪᠤᠷᠬᠠᠤ ᠪᠡᠯᠡᠳᠬᠡᠯ᠎ᠢ ᠰᠠᠶ᠋ᠢᠲᠤᠷ ᠬᠢᠵᠦ᠂ ᠬᠤᠲᠠ ᠵᠢᠨ ᠤᠰᠤ ᠭᠠᠳᠠᠭᠰᠢᠯᠠᠭᠤᠯᠬᠤ ᠤᠰᠤᠲᠤᠯ ᠢ ᠰᠡᠷᠭᠡᠶ᠋ᠢᠯᠡᠬᠦ ᠵᠢ ᠴᠢᠩᠭ᠋ᠠᠳᠬᠠᠵᠤ᠂ ᠪᠠᠶ᠋ᠢᠭᠤᠯᠵᠤ ᠪᠠᠶ᠋ᠢᠭ᠎ᠠ ᠪᠠᠷᠢᠯᠭ᠎ᠠ᠂ ᠨᠤᠷᠠᠬᠤ ᠠᠶᠤᠯᠲᠠᠶ ᠬᠠᠭᠤᠴᠢᠨ ᠬᠡᠷ ᠪᠠᠶ᠋ᠢᠰᠢᠩ᠂ ᠭᠠᠵᠠᠷ ᠳᠣᠤᠷᠠᠬᠢ ᠣᠷᠣᠨ ᠪᠦᠰᠡ᠂ ᠬᠤᠲᠠ ᠵᠢᠨ ᠠᠮᠠᠷᠬᠠᠨ ᠤᠰᠤᠲᠤᠬᠤ ᠣᠷᠣᠨ᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠶ ᠬᠡᠷ ᠪᠠᠶ᠋ᠢᠰᠢᠩ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳᠤ ᠲᠣᠭᠤᠷᠢᠨ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠠᠮᠤᠷ ᠲᠦᠪᠰᠢᠨ᠎ᠤ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠦᠶᠡᠷ᠎ᠤᠨ ᠬᠤᠭᠤᠴᠠᠭ᠎ᠠ ᠵᠢ ᠠᠮᠤᠷ ᠲᠦᠪᠰᠢᠨ ᠵᠶ᠋ᠠᠷ ᠥᠩᠭᠡᠷᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃ ᠡᠭᠦᠷᠢᠳᠡ ᠵᠤᠬᠰᠤᠰᠢ ᠦᠭᠡᠢ ᠬᠠᠳᠠᠨ ᠵᠣᠷᠢᠭ ᠪᠠ ᠡᠷᠡᠰ ᠭᠤᠶ᠋ᠢᠪᠢᠰᠢ ᠦᠭᠡᠢ᠎ᠪᠠᠷ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠠᠬᠢᠭᠤᠯᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠨᠠᠮ᠎ᠢ ᠬᠠᠮᠢᠶᠠᠷᠴᠤ ᠨᠠᠮ᠎ᠢ ᠵᠠᠰᠠᠬᠤ ᠬᠠᠷᠢᠭᠤᠴᠠᠯᠭ᠎ᠠ ᠵᠢᠨ ᠬᠡᠯᠬᠢᠶ᠎ᠡ ᠵᠢ ᠤᠯᠠᠮ ᠴᠢᠨᠠᠭᠰᠢᠳᠠ ᠪᠠᠬᠢᠵᠢᠭᠦᠯᠵᠦ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠠᠷ ᠠᠳᠬᠤᠬᠤ᠂ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠢᠷᠡᠯ᠎ᠢ ᠡᠰᠡᠷᠭᠦᠴᠡᠬᠦ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠴᠢᠷᠮᠠᠶ᠋ᠢᠨ ᠪᠤᠢ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠶᠡᠷᠦᠩᠬᠡᠶ ᠱᠦᠵᠢ ᠰᠢ ᠵᠢᠨ ᠫᠢᠩ᠎ᠤᠨ 《ᠲᠠᠪᠤ ᠵᠢ ᠤᠯᠠᠮ ᠨᠢᠭᠡ ᠠᠯᠬᠤᠮ ᠪᠣᠳᠠᠲᠠᠶ᠋ᠢᠵᠢᠭᠤᠯᠬᠤ》 ᠴᠢᠬᠤᠯᠠ ᠱᠠᠭ᠋ᠠᠷᠳᠠᠯᠭ᠎ᠠ᠎ᠲᠠᠢ ᠨᠠᠷᠢᠨ ᠬᠢᠨᠠᠮᠠᠭ᠋ᠠᠶ ᠬᠠᠷᠭᠤᠭᠤᠯᠵᠤ᠂ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠭᠦᠨᠵᠡᠭᠡᠶ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠰᠢᠮᠳᠠᠭᠤᠯᠤᠨ ᠵᠢᠯᠣᠭᠤᠳᠬᠤ ᠳᠤᠭᠤᠶ᠋ᠢᠯᠠᠩ᠎ᠤᠨ ᠵᠢᠯᠣᠭᠤᠳᠬᠤ ᠰᠠᠨᠠᠯ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠦᠷᠢᠵᠢᠭᠤᠯᠬᠤ ᠰᠤᠷᠤᠯᠴᠠᠯᠭ᠎ᠠ ᠬᠥᠮᠦᠵᠢᠯ᠎ᠤᠨ ᠠᠵᠢᠯ᠎ᠢ ᠦᠷᠭᠦᠯᠵᠢᠯᠡᠨ ᠴᠢᠩᠭ᠎ᠠ ᠠᠳᠬᠤᠵᠤ ᠨᠠᠷᠢᠨ ᠠᠳᠬᠤᠵᠤ᠂ ᠠᠰᠠᠭᠤᠳᠠᠯ᠎ᠢ ᠨᠠᠷᠢᠯᠢᠭ ᠣᠨᠣᠴᠠᠲᠠᠶ᠎ᠪᠠᠷ ᠪᠠᠶ᠋ᠢᠴᠠᠭ᠋ᠠᠨ ᠳᠡᠯᠭᠡᠵᠦ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨᠵᠡᠭᠡᠶ ᠠᠭᠤᠳᠠᠯᠵᠤ᠂ ᠴᠡᠭᠴᠡᠯᠡᠨ ᠰᠠᠶ᠋ᠢᠵᠢᠷᠠᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠠᠰᠠᠭᠤᠳᠠᠯ᠎ᠢ ᠡᠷᠡᠰ ᠲᠦᠢ᠍ᠯᠪᠤᠷᠢᠲᠠᠶ ᠥᠭᠡᠷᠡᠴᠢᠯᠡᠵᠦ᠂ ᠪᠣᠳᠠᠲᠠᠶ᠎ᠪᠠᠷ ᠵᠠᠰᠠᠬᠤ ᠬᠡᠷᠡᠭᠲᠡᠶ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ᠂ ᠲᠣᠭᠲᠠᠭ᠋ᠠᠯ᠎ᠠᠴᠠ ᠵᠥᠷᠢᠴᠡᠨ ᠪᠡᠯᠡᠭ ᠰᠡᠯᠲᠡ ᠬᠤᠳᠠᠯᠳᠤᠨ ᠠᠪᠬᠤ ᠵᠡᠷᠭᠡ ᠲᠥᠪ ᠪᠤᠰᠤ ᠰᠤᠷᠲᠠᠯ᠎ᠢ ᠴᠢᠩᠭ᠎ᠠ ᠬᠤᠷᠢᠭᠯᠠᠵᠤ᠂ ᠬᠡᠷᠡᠭ ᠵᠶ᠋ᠠᠷ ᠰᠡᠷᠡᠮᠵᠢᠯᠡᠭᠦᠯᠵᠦ᠂ ᠰᠦᠷᠳᠡᠭᠦᠯᠬᠦ ᠵᠢ ᠴᠢᠩᠭ᠋ᠠᠳᠬᠠᠵᠤ᠂ ᠴᠢᠩᠭ᠎ᠠ ᠬᠦᠭ ᠠᠶᠠᠰ᠎ᠢ ᠲᠤᠢ᠌ᠯᠪᠦᠷᠢᠳᠠᠢ ᠲᠤᠭᠤᠰᠢᠯᠠᠭᠤᠯᠬᠤ ᠬᠡᠷᠡᠭᠲᠡᠢ᠃ ᠰᠤᠷᠲᠠᠯ᠎ᠤᠨ ᠪᠠᠶ᠋ᠢᠭᠤᠯᠤᠯᠲᠠ ᠵᠢᠨ ᠪᠠᠶ᠋ᠢᠩᠭᠤᠵᠢᠭᠰᠠᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠡᠷᠬᠡ ᠵᠢᠨ ᠠᠵᠢᠯᠯᠠᠭ᠋ᠠᠨ᠎ᠤ ᠳᠤᠲᠠᠭᠳᠠᠯ᠎ᠢ ᠪᠦᠬᠦ ᠲᠠᠯ᠎ᠠ᠎ᠪᠠᠷ ᠡᠷᠢᠵᠦ᠂ ᠲᠦᠷᠢᠮ᠎ᠤᠨ ᠲᠤᠳᠠᠭᠳᠠᠯ᠎ᠢ ᠨᠥᠬᠦᠪᠥᠷᠢᠯᠡᠵᠦ᠂ ᠲᠦᠷᠢᠮ᠎ᠤᠨ ᠬᠡᠷᠡᠭᠵᠢᠭᠦᠯᠦᠯᠲᠡ ᠵᠢ ᠴᠢᠩᠳᠠᠯᠠᠵᠤ᠂ ᠲᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠵᠢ ᠳᠣᠲᠣᠭ᠋ᠠᠳᠤ ᠤᠬᠠᠮᠰᠠᠷ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠰᠤᠷᠤᠯᠴᠠᠯᠭ᠎ᠠ ᠬᠥᠮᠦᠵᠢᠯ᠎ᠤᠨ ᠰᠠᠶ᠋ᠢᠨ ᠵᠶ᠋ᠠᠷ ᠡᠬᠢᠯᠡᠵᠦ ᠰᠠᠶ᠋ᠢᠨ ᠵᠶ᠋ᠠᠷ ᠲᠡᠭᠦᠰᠬᠡᠬᠦ᠂ ᠴᠢᠳᠠᠮᠠᠭ᠋ᠠᠢ᠎ᠪᠠᠷ ᠬᠢᠵᠦ ᠴᠢᠳᠠᠮᠠᠭ᠋ᠠᠢ᠎ᠪᠠᠷ ᠪᠦᠲᠦᠭᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠭ᠎ᠤᠨ ᠪᠦᠷᠢᠯᠳᠦᠬᠦᠨ᠎ᠤ ᠬᠤᠪᠢᠳᠠᠨ ᠬᠠᠮᠢᠶᠠᠷᠴᠤ ᠪᠠᠶ᠋ᠢᠭ᠎ᠠ ᠬᠦᠷᠢᠶᠡᠨ᠎ᠤ ᠳᠡᠭᠡᠷ᠎ᠡ ᠬᠠᠭ᠋ᠠᠰ ᠵᠢᠯ᠎ᠤᠨ ᠭᠤᠣᠯᠳᠠᠯᠭ᠎ᠠ᠎ᠲᠠᠢ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠪᠠ᠃ ᠦᠷᠭᠦᠯᠵᠢᠯᠡᠨ ᠬᠥᠪᠴᠢ᠎ᠪᠠᠨ ᠴᠢᠩᠭ᠋ᠠᠯᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠥ ᠵᠢᠨ ᠬᠠᠷᠢᠭᠤᠴᠠᠯᠭ᠎ᠠ ᠵᠢ ᠴᠢᠩᠭ᠎ᠠ ᠪᠣᠳᠠᠲᠠᠶ᠋ᠢᠵᠢᠭᠤᠯᠵᠤ᠂ ᠨᠠᠮ᠎ᠤᠨ ᠪᠠᠶ᠋ᠢᠭᠤᠯᠤᠯᠲᠠ᠎ᠪᠠᠷ ᠣᠷᠣᠨ ᠰᠠᠭᠤᠴᠠ ᠵᠢᠨ ᠪᠠᠶ᠋ᠢᠭᠤᠯᠤᠯᠲᠠ ᠵᠢ ᠠᠬᠢᠭᠤᠯᠵᠤ᠂ ᠲᠠᠩᠰᠠ ᠲᠤᠰᠢᠶᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠬᠤᠷᠳᠤᠴᠠ᠎ᠪᠠᠨ ᠳᠡᠭᠡᠭᠰᠢᠯᠡᠭᠦᠯᠦᠨ ᠦᠷ᠎ᠡ ᠪᠦᠲᠦᠮᠵᠢ᠎ᠪᠠᠨ ᠨᠡᠮᠡᠭᠳᠡᠭᠦᠯᠵᠦ᠂ ᠪᠥᠬᠦ ᠵᠢᠯ᠎ᠤᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠶ᠃ ᠨᠢᠭᠡ᠎ᠳᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ ᠰᠠᠭᠤᠷᠢ ᠲᠤᠭ᠎ᠠ ᠵᠢ ᠲᠣᠳᠣᠷᠬᠠᠢ ᠣᠶ᠋ᠢᠯᠠᠭ᠋ᠠᠬᠤ ᠬᠡᠷᠡᠭᠲᠡᠢ᠃ ᠣᠨ᠎ᠤ ᠬᠠᠷᠠᠯᠲᠠ ᠡᠭᠦᠷᠭᠡ᠎ᠲᠠᠢ ᠬᠠᠷᠢᠴᠠᠭᠤᠯᠵᠤ᠂ ᠵᠦᠢ᠍ᠯ ᠳᠠᠷᠠᠭ᠋ᠠᠯᠠᠨ ᠵᠠᠳᠠᠯᠤᠨ ᠰᠢᠨᠵᠢᠯᠡᠵᠦ᠂ ᠶᠡᠷᠦᠩᠬᠡᠶ᠋ᠢᠯᠡᠨ ᠬᠢᠨᠠᠨ ᠵᠢᠯᠣᠭᠤᠳᠴᠤ ᠪᠠᠶ᠋ᠢᠴᠠᠭ᠋ᠠᠬᠤ ᠵᠢ ᠰᠠᠶ᠋ᠢᠲᠤᠷ ᠠᠰᠢᠭᠯᠠᠵᠤ᠂ ᠡᠯ᠎ᠡ ᠭᠠᠵᠠᠷ ᠤᠨ ᠠᠵᠢᠯ ᠤᠨ ᠠᠬᠢᠴᠠ ᠵᠢᠨ ᠰᠠᠭᠤᠷᠢ ᠲᠤᠭ᠎ᠠ ᠵᠢ ᠲᠣᠳᠣᠷᠬᠠᠢ ᠣᠶ᠋ᠢᠯᠠᠭ᠋ᠠᠵᠤ᠂ ᠳᠣᠲᠣᠷ᠎ᠠ᠎ᠪᠠᠨ ᠲᠤᠭ᠎ᠠ᠎ᠲᠠᠢ ᠪᠠᠶ᠋ᠢᠵᠤ᠂ ᠢᠯᠠᠩᠭᠤᠶ᠎ᠠ ᠬᠦᠴᠢᠷ ᠠᠰᠠᠭᠤᠳᠠᠯ ᠳᠤ ᠠᠵᠢᠯ ᠤᠨ ᠵᠢᠯᠤᠭᠤᠳᠤᠯᠭ᠎ᠠ᠎ᠪᠠᠨ ᠴᠢᠩᠭ᠋ᠠᠳᠬᠠᠵᠤ᠂ ᠰᠠᠨᠠᠭ᠋ᠠᠴᠢᠯᠠᠭ᠎ᠠ ᠠᠴᠠ ᠪᠠᠨ ᠵᠥᠷᠢᠴᠡᠯ ᠢ ᠬᠦᠨᠳᠡᠵᠦ᠂ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠢ᠃ ᠬᠤᠶᠠᠷ᠎ᠲᠤ᠂ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠨ ᠠᠬᠢᠴᠠ ᠵᠢ ᠶᠡᠬᠡᠪᠡᠷ ᠠᠳᠬᠤᠬᠤ ᠬᠡᠷᠡᠭᠲᠡᠶ᠃ ᠣᠳᠣᠬᠠᠨ᠎ᠳᠤ ᠶᠠᠭ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ 《ᠰᠢᠵᠢᠷ ᠠᠯᠲᠠᠨ ᠬᠤᠭᠤᠴᠠᠭ᠎ᠠ》 ᠪᠣᠯᠵᠣ ᠪᠠᠶ᠋ᠢᠨ᠎ᠠ᠂ ᠭᠤᠤᠯᠳᠠᠯᠭ᠎ᠠ᠎ᠲᠠᠢ ᠠᠵᠢᠯ᠎ᠤᠨ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠎ᠢ ᠰᠠᠶ᠋ᠢᠲᠤᠷ ᠲᠣᠭᠲᠠᠭ᠋ᠠᠵᠤ᠂ ᠬᠠᠷᠠᠯᠲᠠ ᠪᠠᠷ ᠬᠠᠷᠢᠭᠤᠴᠠᠯᠭ᠎ᠠ ᠵᠢ ᠰᠢᠬᠠᠮᠳᠠᠭᠤᠯᠵᠤ᠂ ᠴᠠᠭ ᠬᠤᠭᠤᠴᠠᠭ᠎ᠠ᠎ᠪᠠᠷ ᠠᠬᠢᠴᠠ ᠵᠢ ᠰᠢᠬᠠᠮᠳᠠᠭᠤᠯᠵᠤ᠂ ᠡᠯ᠎ᠡ ᠵᠦᠢ᠍ᠯ᠎ᠤᠨ ᠠᠵᠢᠯ᠎ᠤᠨ ᠡᠮᠬᠢ ᠵᠢᠷᠤᠮ᠎ᠲᠠᠢ ᠨᠠᠶ᠋ᠢᠳᠠᠪᠤᠷᠢᠵᠢᠭᠤᠯᠤᠭᠳᠠᠵᠤ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠶ᠃ ᠭᠤᠷᠪᠠ᠎ᠳᠤ᠂ ᠦᠷ᠎ᠡ ᠳ᠋ᠦᠩ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ ᠪᠣᠳᠠᠲᠤ ᠦᠷ᠎ᠡ ᠪᠦᠲᠦᠮᠵᠢ ᠵᠢ ᠡᠷᠬᠢᠮᠯᠡᠬᠦ ᠬᠡᠷᠡᠭᠲᠡᠢ᠃ ᠡᠭᠦᠷᠭᠡ ᠲᠣᠭᠲᠠᠭ᠋ᠠᠬᠤ᠂ ᠬᠠᠷᠢᠭᠤᠴᠠᠯᠭ᠎ᠠ ᠲᠣᠭᠲᠠᠭ᠋ᠠᠬᠤ᠂ ᠲᠣᠭᠲᠠᠮᠠᠯ ᠬᠤᠭᠤᠴᠠᠭ᠎ᠠ᠎ᠲᠠᠢ ᠪᠠᠷ ᠠᠬᠢᠭᠤᠯᠬᠤ ᠠᠵᠢᠯᠯᠠᠬᠤ ᠲᠣᠭᠲᠠᠴᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠤᠳᠤᠷᠢᠳᠬᠤ ᠪᠠᠭ᠎ᠤᠨ ᠪᠦᠷᠢᠯᠳᠦᠬᠦᠨ ᠪᠡᠶ᠎ᠡ᠎ᠪᠠᠷ ᠵᠶ᠋ᠠᠨ ᠬᠡᠪ ᠲᠦᠷᠢᠮ ᠪᠤᠯᠵᠤ᠂ ᠲᠦᠷᠦᠭᠦᠯᠡᠨ ᠦᠯᠢᠭᠡᠷ ᠳᠠᠭᠤᠷᠢᠶᠠᠯ ᠪᠤᠯᠵᠤ᠂ ᠲᠦᠷᠦᠭᠦᠯᠡᠨ ᠠᠬᠢᠴᠠ ᠵᠢ ᠠᠩᠬᠠᠷᠴᠤ᠂ ᠲᠤᠬᠢᠷᠠᠭᠤᠯᠭ᠎ᠠ ᠵᠢ ᠠᠳᠬᠤᠵᠤ᠂ ᠨᠢᠭᠡ ᠱᠠᠳᠤ᠎ᠨᠢ ᠨᠢᠭᠡ ᠱᠠᠳᠤ᠎ᠪᠠᠨ ᠠᠳᠬᠤᠵᠤ᠂ ᠱᠠᠳᠤ ᠱᠠᠳᠤ᠎ᠪᠠᠷ ᠨᠠᠶ᠋ᠢᠳᠠᠪᠤᠷᠢᠵᠢᠭᠤᠯᠤᠯᠲᠠ ᠵᠢ ᠪᠤᠳᠠᠳᠠᠢ᠌ᠵᠢᠭᠤᠯᠬᠤ ᠬᠡᠷᠡᠭᠳᠡᠢ᠃ ᠡᠯ᠎ᠡ ᠭᠠᠵᠠᠷ ᠲᠠᠰᠤᠭ᠂ ᠨᠢᠭᠡᠴᠢ᠎ᠨᠦᠭᠦᠳ ᠠᠵᠢᠯ ᠵᠶ᠋ᠠᠨ ᠪᠣᠳᠠᠲᠠᠶ᠎ᠪᠠᠷ ᠨᠠᠶ᠋ᠢᠳᠠᠪᠤᠷᠢᠵᠢᠭᠤᠯᠵᠤ᠂ ᠦᠷ᠎ᠡ ᠳ᠋ᠦᠩ᠂ ᠪᠣᠳᠠᠲᠤ ᠠᠮᠵᠢᠯᠲᠠ᠎ᠪᠠᠷ ᠵᠶ᠋ᠠᠨ ᠰᠢᠯᠭ᠋ᠠᠯᠲᠠ ᠵᠢᠨ ᠬᠠᠭᠤᠳᠠᠰᠤ ᠵᠢ ᠲᠤᠰᠢᠶᠠᠵᠤ᠂ ᠪᠥᠬᠦ ᠵᠢᠯ᠎ᠤᠨ ᠬᠠᠷᠠᠯᠲᠠ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃