10 ᠳ᠋ᠤᠭ᠋ᠠᠷ ᠰᠠᠷ᠎ᠠ ᠵᠢᠨ 21᠎ᠤ ᠡᠳᠦᠷ᠂ ᠪᠥᠬᠦ ᠣᠷᠣᠨ᠎ᠤ ᠬᠤᠲᠠ ᠪᠠᠯᠭ᠋ᠠᠰᠤ ᠵᠢᠨ ᠬᠠᠭᠤᠴᠢᠨ ᠣᠷᠣᠨ ᠰᠠᠭᠤᠴᠠ ᠵᠢ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ᠂ ᠬᠠᠭᠤᠴᠢᠨ᠎ᠢ ᠨᠤᠷᠠᠭ᠋ᠠᠵᠤ ᠰᠢᠨ᠎ᠡ ᠵᠢ ᠪᠠᠶ᠋ᠢᠭᠤᠯᠬᠤ ᠠᠵᠢᠯ᠎ᠤᠨ ᠠᠬᠤᠢ ᠲᠠᠯᠠᠪᠠᠶ ᠵᠢᠨ ᠬᠤᠷᠠᠯ ᠪᠤᠭᠤᠲᠤ ᠬᠤᠲᠠ᠎ᠳᠤ ᠬᠤᠷᠠᠯᠳᠤᠪᠠ᠂ ᠬᠤᠷᠠᠯ᠎ᠤᠨ ᠭᠤᠤᠯ ᠡᠭᠦᠷᠭᠡ ᠪᠣᠯ ᠲᠥᠪ᠎ᠤᠨ ᠬᠤᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠵᠤ᠂ 《ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠤᠨ ᠬᠠᠮᠢᠶ᠎ᠠ ᠪᠥᠬᠦᠶ ᠠᠵᠢᠯ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠡᠶ᠋ᠢᠲᠡᠯᠢᠭ ᠲᠤᠷᠰᠢᠯᠭ᠎ᠠ᠎ᠪᠠᠨ ᠳ᠋ᠦᠩᠨᠡᠨ ᠰᠣᠯᠢᠯᠴᠠᠵᠤ᠂ ᠬᠤᠲᠠ ᠪᠠᠯᠭ᠋ᠠᠰᠤ ᠵᠢᠨ ᠬᠠᠭᠤᠴᠢᠨ ᠣᠷᠣᠨ ᠰᠠᠭᠤᠴᠠ ᠵᠢ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ᠂ ᠬᠠᠭᠤᠴᠢᠨ᠎ᠢ ᠨᠤᠷᠠᠭ᠋ᠠᠵᠤ ᠰᠢᠨ᠎ᠡ ᠵᠢ ᠪᠠᠶ᠋ᠢᠭᠤᠯᠬᠤ ᠠᠵᠢᠯ᠎ᠢ ᠳᠣᠭᠢᠷᠠᠭᠤᠯᠤᠨ ᠪᠠᠶ᠋ᠢᠷᠢᠯᠠᠭᠤᠯᠬᠤ ᠶᠠᠪᠤᠳᠠᠯ ᠪᠣᠯᠤᠨ᠎ᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠭᠤᠤᠯ ᠬᠠᠷᠢᠭᠤᠴᠠᠯᠭ᠋ᠠᠲᠠᠨ ᠨᠥᠬᠦᠳ᠂ ᠬᠤᠪᠢᠳᠠᠨ ᠬᠠᠮᠢᠶᠠᠷᠴᠤ ᠪᠥᠬᠦᠶ ᠬᠠᠷᠢᠭᠤᠴᠠᠯᠭ᠋ᠠᠲᠠᠨ ᠨᠥᠬᠦᠳ ᠵᠢᠴᠢ ᠬᠠᠮᠢᠶ᠎ᠠ ᠪᠥᠬᠦᠶ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠨᠥᠬᠦᠳ᠂ ᠡᠯ᠎ᠡ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ ᠵᠢᠨ ᠭᠤᠤᠯ ᠬᠠᠷᠢᠭᠤᠴᠠᠯᠭ᠋ᠠᠲᠠᠨ ᠨᠥᠬᠦᠳ ᠪᠣᠯᠤᠨ ᠬᠠᠮᠢᠶ᠎ᠠ ᠪᠥᠬᠦᠶ ᠲᠤᠬᠠᠶ᠋ᠢᠯᠠᠭᠰᠠᠨ ᠠᠵᠢᠯ᠎ᠤᠨ ᠰᠠᠯᠠᠭ᠎ᠠ ᠲᠠᠰᠤᠭ᠎ᠤᠨ ᠬᠠᠷᠢᠭᠤᠴᠠᠯᠭ᠋ᠠᠲᠠᠨ ᠨᠥᠬᠦᠳ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠥᠬᠦᠶ ᠰᠠᠯᠠᠭ᠎ᠠ ᠮᠥᠴᠢᠷ᠎ᠤᠨ ᠬᠤᠯᠪᠣᠭᠳᠠᠯ ᠪᠥᠬᠦᠶ ᠨᠥᠬᠦᠳ᠂ ᠥᠪᠡᠷᠲᠡᠭᠡᠨ ᠵᠠᠰᠠᠬᠤ ᠣᠷᠣᠨ᠎ᠤ ᠬᠠᠭᠤᠴᠢᠨ ᠰᠠᠭᠤᠭ᠋ᠠᠯᠢ ᠠᠷᠠᠳ᠎ᠤᠨ ᠲᠣᠭᠤᠷᠢᠭ᠎ᠤᠨ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ ᠲᠤᠷᠰᠢᠯᠲᠠ ᠵᠢᠨ ᠲᠥᠷᠥᠯ ᠵᠦᠢ᠍ᠯ᠎ᠤᠨ ᠪᠠᠶ᠋ᠢᠭ᠎ᠠ ᠭᠠᠵᠠᠷ᠎ᠤᠨ ᠬᠠᠮᠢᠶ᠎ᠠ ᠪᠥᠬᠦᠶ ᠬᠠᠷᠢᠭᠤᠴᠠᠯᠭ᠋ᠠᠲᠠᠨ ᠨᠥᠬᠦᠳ ᠤᠷᠢᠯᠭ᠎ᠠ᠎ᠪᠠᠷ ᠬᠤᠷᠠᠯ᠎ᠳᠤ ᠣᠷᠣᠯᠴᠠᠪᠠ᠃

ᠬᠤᠷᠠᠯ᠎ᠳᠤ ᠣᠷᠣᠯᠴᠠᠭᠰᠠᠨ ᠲᠥᠯᠥᠭᠡᠯᠡᠭᠴᠢᠳ ᠪᠤᠭᠤᠲᠤ ᠬᠤᠲᠠ ᠵᠢᠨ ᠬᠤᠲᠠ ᠪᠠᠯᠭ᠋ᠠᠰᠤᠨ᠎ᠤ ᠬᠠᠭᠤᠴᠢᠨ ᠣᠷᠣᠨ ᠰᠠᠭᠤᠴᠠ ᠵᠢᠨ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ᠂ ᠬᠠᠭᠤᠴᠢᠨ᠎ᠢ ᠨᠤᠷᠠᠭ᠋ᠠᠵᠤ ᠰᠢᠨ᠎ᠡ ᠵᠢ ᠪᠠᠢ᠌ᠭᠤᠯᠬᠤ ᠲᠥᠷᠥᠯ ᠵᠦᠢ᠍ᠯ᠎ᠤᠨ ᠲᠤᠬᠠᠶ ᠵᠢᠨ ᠭᠠᠵᠠᠷ᠎ᠲᠤᠨᠢ ᠲᠣᠭᠤᠷᠢᠨ ᠦᠵᠡᠪᠡ᠃ ᠪᠤᠭᠤᠲᠤ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠣᠪᠴᠢᠶ᠎ᠠ᠂ ᠳ᠋ᠦᠩ ᠾᠧ ᠲᠣᠭᠤᠷᠢᠭ᠎ᠤᠨ ᠠᠷᠠᠳ᠎ᠤᠨ ᠵᠠᠰᠠᠭ᠎ᠤᠨ ᠣᠷᠳᠣᠨ᠂ ᠣᠷᠳᠣᠰ ᠬᠤᠲᠠ ᠵᠢᠨ ᠬᠠᠩᠭᠢᠨ ᠬᠤᠰᠢᠭᠤᠨ᠎ᠤ ᠠᠷᠠᠳ᠎ᠤᠨ ᠵᠠᠰᠠᠭ᠎ᠤᠨ ᠣᠷᠳᠣᠨ᠂ ᠪᠤᠭᠤᠲᠤ ᠬᠤᠲᠠ ᠵᠢᠨ ᠳ᠋ᠦᠩ ᠾᠧ ᠲᠣᠭᠤᠷᠢᠭ᠎ᠤᠨ ᠨᠠᠨ ᠭᠧ ᠳ᠋ᠦᠩ ᠵᠡᠭᠡᠯᠢ ᠭᠤᠳᠤᠮᠵᠢ ᠵᠢᠨ ᠬᠠᠷᠢᠭᠤᠴᠠᠯᠭ᠋ᠠᠲᠠᠨ ᠰᠠᠨᠠᠯ ᠵᠶ᠋ᠠᠨ ᠰᠣᠯᠢᠯᠴᠠᠬᠤ ᠶᠠᠷᠢᠶ᠎ᠠ ᠲᠠᠯᠪᠢᠪᠠ᠃
ᠬᠤᠷᠠᠯ᠎ᠠᠴᠠ᠂ 《ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》᠎ᠳᠤ᠂ 《ᠬᠠᠭᠤᠴᠢᠨ ᠣᠷᠣᠨ ᠰᠠᠭᠤᠴᠠ ᠵᠢ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ᠂ ᠬᠠᠭᠤᠴᠢᠨ᠎ᠢ ᠨᠤᠷᠠᠭ᠋ᠠᠵᠤ ᠰᠢᠨ᠎ᠡ ᠵᠢ ᠪᠠᠶ᠋ᠢᠭᠤᠯᠬᠤ》 ᠵᠢ ᠳᠡᠮᠵᠢᠬᠦ ᠵᠢᠨ ᠬᠠᠮᠲᠤ ᠲᠡᠭᠦᠨ᠎ᠢ 《ᠰᠠᠶ᠋ᠢᠨ ᠭᠡᠷ ᠪᠠᠢ᠌ᠰᠢᠩ》᠎ᠤᠨ ᠪᠦᠳᠦᠭᠡᠨ ᠪᠠᠢ᠌ᠭᠤᠯᠤᠯᠳᠠ ᠪᠠ ᠪᠦᠷᠢᠨ ᠪᠦᠲᠦᠨ ᠨᠡᠶ᠋ᠢᠭᠡᠮ ᠲᠣᠭᠤᠷᠢᠭ᠎ᠤᠨ ᠪᠥᠲᠥᠭᠡᠨ ᠪᠠᠶ᠋ᠢᠭᠤᠯᠤᠯᠲᠠ ᠵᠢ ᠰᠢᠰᠲ᠋ᠧᠮ᠎ᠲᠠᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭ᠋ᠠᠵᠤ᠂ ᠡᠯ᠎ᠡ ᠭᠠᠵᠠᠷ᠎ᠤᠨ ᠬᠠᠭᠤᠴᠢᠨ ᠣᠷᠣᠨ ᠰᠠᠭᠤᠴᠠ ᠵᠢᠨ ᠥᠭᠡᠷᠡᠴᠢᠯᠡᠯᠲᠡ ᠵᠢ ᠰᠢᠰᠲ᠋ᠧᠮ᠎ᠲᠠᠢ ᠠᠬᠢᠭᠤᠯᠬᠤ᠂ ᠣᠯᠠᠨ ᠲᠦᠮᠡᠨ᠎ᠤ ᠰᠠᠶ᠋ᠢᠵᠢᠷᠠᠭᠤᠯᠬᠤ ᠴᠢᠨᠠᠷᠲᠠᠶ ᠣᠷᠣᠨ ᠰᠠᠭᠤᠴᠠ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠂ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠴᠢᠬᠤᠯᠠ ᠵᠢᠷᠤᠮᠯᠠᠯ ᠬᠠᠩᠭ᠋ᠠᠨ᠎ᠠ ᠭᠡᠵᠦ ᠲᠤᠳᠤᠷᠬᠠᠢ ᠲᠤᠷᠠᠳᠤᠨ ᠭᠠᠷᠭ᠋ᠠᠵᠠᠢ᠃ ᠠᠷᠠᠳ᠎ᠤᠨ ᠬᠤᠲᠠ ᠵᠢᠨ ᠣᠶ᠋ᠢᠯᠠᠭ᠋ᠠᠭᠳᠠᠬᠤᠨ᠎ᠢ ᠦᠢ᠍ᠯᠡᠳᠦᠯᠭᠡᠵᠢᠭᠦᠯᠵᠦ᠂ ᠬᠤᠲᠠ ᠪᠠᠯᠭ᠋ᠠᠰᠤᠨ᠎ᠤ ᠬᠠᠭᠤᠴᠢᠨ ᠣᠷᠣᠨ ᠰᠠᠭᠤᠴᠠ ᠵᠢ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ᠂ ᠬᠠᠭᠤᠴᠢᠨ᠎ᠢ ᠨᠤᠷᠠᠭ᠋ᠠᠵᠤ ᠰᠢᠨ᠎ᠡ ᠵᠢ ᠪᠠᠢ᠌ᠭᠤᠯᠬᠤ ᠰᠢᠨ᠎ᠡ ᠠᠷᠭ᠎ᠠ ᠵᠠᠮ᠎ᠢ ᠵᠣᠷᠢᠭᠲᠠᠶ᠎ᠪᠠᠷ ᠬᠠᠶ᠋ᠢᠨ ᠰᠦᠪᠡᠭᠴᠢᠯᠡᠵᠦ᠂ ᠣᠯᠠᠨ ᠲᠦᠮᠡᠨ᠎ᠤ 《ᠨᠤᠳᠤᠭ᠎ᠠᠴᠠ ᠨᠡᠭᠦᠬᠦ ᠦᠭᠡᠢ》 ᠱᠠᠭ᠋ᠠᠷᠳᠠᠯᠭ᠎ᠠ ᠵᠢ ᠬᠠᠩᠭ᠋ᠠᠵᠤ᠂ ᠣᠷᠣᠰᠢᠨ ᠰᠠᠭᠤᠬᠤ ᠶᠠᠰᠤ ᠴᠢᠨᠠᠷ᠎ᠢ ᠪᠦᠲᠦᠮᠵᠢᠲᠡᠶ ᠳᠡᠭᠡᠭᠰᠢᠯᠡᠭᠦᠯᠦᠨ᠂ ᠠᠮᠢᠳᠤᠷᠠᠯ᠎ᠤᠨ ᠣᠷᠴᠢᠨ ᠲᠣᠭᠤᠷᠢᠨ᠎ᠢ ᠦᠨᠡᠨᠬᠦ ᠰᠠᠶ᠋ᠢᠵᠢᠷᠠᠭᠤᠯᠵᠤ᠂ ᠬᠤᠲᠠ ᠵᠢᠨ ᠦᠯᠡᠳᠡᠭᠡᠯ ᠡᠬᠢ ᠪᠠᠶᠠᠯᠢᠭ᠎ᠢ ᠬᠥᠭᠵᠢᠭᠡᠨ᠂ ᠬᠠᠮᠢᠶ᠎ᠠ ᠪᠥᠬᠦᠶ ᠠᠵᠤ ᠦᠢ᠍ᠯᠡᠰ᠎ᠤᠨ ᠬᠥᠭᠵᠢᠯᠲᠡ ᠵᠢ ᠳᠠᠶ᠋ᠢᠴᠢᠯᠠᠵᠤ᠂ ᠬᠤᠲᠠ ᠵᠢᠨ ᠪᠦᠬᠦᠯᠢ ᠴᠣᠭᠴᠠ ᠵᠢᠨ ᠳᠦᠷᠰᠦ ᠪᠠᠶ᠋ᠢᠳᠠᠯ᠎ᠢ ᠰᠠᠶ᠋ᠢᠵᠢᠷᠠᠭᠤᠯᠤᠨ᠂ ᠬᠤᠲᠠ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃

ᠬᠤᠷᠠᠯ᠎ᠠᠴᠠ᠂ 《ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ》 ᠵᠢ ᠪᠠᠷᠢᠮᠲᠠᠯᠠᠵᠤ᠂ ᠤᠯᠠᠨ ᠲᠦᠮᠡᠨ᠎ᠤ ᠬᠦᠰᠡᠯ ᠱᠠᠭ᠋ᠠᠷᠳᠠᠯᠭ᠎ᠠ᠂ ᠲᠦᠭᠵᠢᠷᠡᠯ᠎ᠢ ᠦᠭᠡᠷᠡᠴᠢᠯᠡᠬᠦ ᠵᠢ ᠭᠦᠨᠵᠡᠭᠡᠢ ᠤᠢ᠌ᠯᠠᠭ᠋ᠠᠵᠤ ᠂ ᠠᠷᠭ᠎ᠠ ᠬᠡᠮᠵᠢᠶ᠎ᠡ ᠵᠢ ᠰᠢᠨᠡᠴᠢᠯᠡᠬᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠣᠳᠠᠲᠠᠢ ᠬᠢᠵᠦ᠂ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠰᠡᠷᠡᠵᠦ ᠮᠡᠳᠡᠵᠦ ᠪᠤᠯᠬᠤ ᠣᠷᠣᠨ ᠰᠠᠭᠤᠴᠠ ᠵᠢᠨ ᠣᠶ᠋ᠢᠯᠠᠭ᠋ᠠᠯᠲᠠ᠂ ᠬᠡᠮᠵᠢᠶᠡᠵᠢᠭᠦᠯᠵᠦ ᠪᠣᠯᠬᠤ ᠥᠭᠡᠷᠡᠴᠢᠯᠡᠯᠲᠡ ᠵᠢᠨ ᠭᠦᠢ᠍ᠴᠡᠳᠬᠡᠯ ᠲᠤᠭ᠎ᠠ᠂ ᠦᠨᠡᠯᠡᠵᠦ ᠪᠤᠯᠬᠤ ᠠᠷᠠᠳ᠎ᠤᠨ ᠠᠮᠢᠳᠤᠷᠠᠯ᠎ᠤᠨ ᠦᠷ᠎ᠡ ᠪᠦᠲᠦᠭᠡᠯ ᠪᠣᠯᠭ᠋ᠠᠨ ᠬᠤᠪᠢᠷᠠᠭᠤᠯᠬᠤ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠴᠣᠩᠬᠤᠪᠴᠢ ᠵᠢᠨ ᠬᠤᠭᠤᠴᠠᠭ᠎ᠠ ᠵᠢ ᠠᠳᠬᠤᠵᠤ᠂ ᠥᠭᠡᠷᠡᠴᠢᠯᠡᠨ ᠰᠢᠨᠡᠴᠢᠯᠡᠬᠦ ᠲᠤᠷᠰᠢᠯᠲᠠ ᠵᠢ ᠢᠳᠡᠪᠬᠢᠲᠡᠶ ᠥᠷᠨᠢᠭᠦᠯᠵᠦ᠂ ᠬᠠᠭᠤᠴᠢᠨ ᠣᠷᠣᠨ ᠰᠠᠭᠤᠴᠠ ᠵᠢᠨ ᠰᠠᠭᠤᠷᠢ ᠲᠤᠭ᠎ᠠ ᠵᠢ ᠦᠨᠡᠨᠬᠦ ᠲᠣᠳᠣᠷᠬᠠᠶ ᠣᠶ᠋ᠢᠯᠠᠭ᠋ᠠᠬᠤ ᠬᠡᠷᠡᠭᠲᠡᠶ᠃ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠵᠤ᠂ ᠬᠤᠲᠠ ᠪᠠᠯᠭ᠋ᠠᠰᠤᠨ᠎ᠤ ᠬᠠᠭᠤᠴᠢᠨ ᠣᠷᠣᠨ ᠰᠠᠭᠤᠴᠠ ᠵᠢ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ᠂ ᠬᠠᠭᠤᠴᠢᠨ᠎ᠢ ᠨᠤᠷᠠᠭ᠋ᠠᠵᠤ ᠰᠢᠨ᠎ᠡ ᠵᠢ ᠪᠠᠢ᠌ᠭᠤᠯᠬᠤ ᠵᠢ ᠬᠠᠷᠢᠯᠴᠠᠨ ᠵᠣᠬᠢᠴᠠᠭᠤᠯᠬᠤ ᠲᠥᠷᠥ ᠵᠢᠨ ᠪᠣᠳᠣᠯᠭ᠎ᠠ ᠲᠦᠷᠢᠮ᠎ᠢ ᠰᠢᠰᠲ᠋ᠧᠮ᠎ᠲᠠᠢ ᠡᠮᠬᠢᠯᠡᠨ ᠳᠢᠭᠯᠡᠵᠦ᠂ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠦᠴᠦᠯᠡᠵᠦ᠂ ᠨᠠᠷᠢᠯᠢᠭ ᠣᠨᠣᠴᠠᠲᠠᠶ ᠪᠦᠲᠦᠮᠵᠢᠲᠡᠶ ᠪᠠᠶ᠋ᠢᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠪᠡᠯᠡ ᠮᠥᠩᠭᠥ ᠴᠤᠭᠯᠠᠭᠤᠯᠬᠤ ᠵᠠᠭᠪᠤᠷ᠎ᠲᠤ ᠰᠢᠨ᠎ᠡ ᠵᠢ ᠡᠭᠦᠳᠴᠦ᠂ ᠲᠤᠷᠰᠢᠯᠲᠠ ᠵᠢᠨ ᠲᠥᠷᠥᠯ ᠵᠦᠢ᠍ᠯ᠎ᠤᠨ ᠲᠤᠷᠰᠢᠯᠭ᠎ᠠ᠎ᠪᠠᠷ ᠲᠣᠯᠢ ᠪᠣᠯᠭ᠋ᠠᠵᠤ᠂ 《ᠰᠠᠭᠤᠭ᠋ᠠᠯᠢ ᠠᠷᠠᠳ ᠪᠡᠶ᠎ᠡ᠎ᠪᠠᠨ ᠳᠠᠭ᠋ᠠᠭ᠋ᠠᠵᠤ ᠪᠡᠯᠡ ᠤᠷᠤᠭᠤᠯᠬᠤ᠂ ᠵᠠᠰᠠᠭ᠎ᠤᠨ ᠣᠷᠳᠣᠨ᠎ᠤ ᠲᠥᠷᠥ ᠵᠢᠨ ᠪᠣᠳᠣᠯᠭ᠎ᠠ ᠵᠢᠨ ᠨᠥᠬᠥᠪᠥᠷᠢ᠂ ᠨᠡᠶ᠋ᠢᠭᠡᠮ᠎ᠤᠨ ᠪᠡᠯᠡ ᠮᠥᠩᠭᠥ ᠣᠷᠣᠯᠴᠠᠭᠰᠠᠨ》 ᠣᠯᠠᠨ ᠡᠰᠢᠲᠦ ᠪᠡᠯᠡ ᠲᠤᠬᠢᠷᠠᠭᠤᠯᠭ᠎ᠠ ᠵᠢᠨ ᠵᠠᠭᠪᠤᠷ᠎ᠢ ᠳᠡᠯᠭᠡᠷᠡᠭᠦᠯᠵᠦ᠂ ᠪᠡᠯᠡ ᠲᠤᠬᠢᠷᠠᠭᠤᠯᠭ᠎ᠠ ᠵᠢᠨ ᠬᠦᠴᠢᠷ ᠠᠰᠠᠭᠤᠳᠠᠯ᠎ᠢ ᠢᠳᠡᠪᠬᠢᠲᠡᠶ ᠰᠢᠢ᠍ᠳᠪᠦᠷᠢᠯᠡᠬᠦ ᠬᠡᠷᠡᠭᠲᠡᠶ ᠭᠡᠵᠦ ᠱᠠᠭ᠋ᠠᠷᠳᠠᠪᠠ᠃

ᠬᠤᠷᠠᠯ᠎ᠠᠴᠠ᠂ ᠬᠤᠲᠠ ᠪᠠᠯᠭ᠋ᠠᠰᠤᠨ᠎ᠤ ᠬᠠᠭᠤᠴᠢᠨ ᠣᠷᠣᠨ ᠰᠠᠭᠤᠴᠠ ᠵᠢ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ᠂ ᠬᠠᠭᠤᠴᠢᠨ᠎ᠢ ᠨᠤᠷᠠᠭ᠋ᠠᠵᠤ ᠰᠢᠨ᠎ᠡ ᠵᠢ ᠪᠠᠢ᠌ᠭᠤᠯᠬᠤ ᠠᠵᠢᠯ᠎ᠨᠢ ᠣᠯᠠᠨ ᠰᠠᠯᠠᠭ᠎ᠠ ᠮᠥᠴᠢᠷ ᠣᠯᠠᠨ ᠭᠤᠭᠴᠤᠭ᠎ᠠ᠎ᠳᠤ ᠬᠤᠯᠪᠣᠭᠳᠠᠵᠤ᠂ ᠡᠯ᠎ᠡ ᠱᠠᠲᠤᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠰᠠᠯᠠᠭ᠎ᠠ ᠮᠥᠴᠢᠷ᠎ᠤᠳ 《ᠨᠢᠭᠡ ᠬᠥᠯᠭᠡ ᠰᠢᠲᠠᠷ᠎ᠠ》 ᠵᠢᠨ ᠰᠡᠳᠬᠢᠮᠵᠢ ᠵᠢ ᠪᠠᠷᠢᠮᠲᠠᠯᠠᠨ᠂ ᠲᠦᠷᠦᠭᠦᠯᠡᠬᠦ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠳᠡᠯᠴᠡᠬᠦ ᠲᠣᠭᠲᠠᠴᠠ ᠵᠢ ᠪᠠᠶ᠋ᠢᠭᠤᠯᠤᠨ᠂ ᠲᠣᠰ ᠱᠠᠲᠤᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ ᠵᠡᠷᠭᠡ ᠰᠠᠯᠠᠭ᠎ᠠ ᠮᠥᠴᠢᠷ᠎ᠯᠦᠭᠡ ᠵᠢᠨ ᠵᠣᠬᠢᠴᠠᠯᠳᠤᠨ ᠬᠠᠮᠵᠢᠯᠴᠠᠬᠤ᠎ᠪᠠᠨ ᠴᠢᠩᠭ᠋ᠠᠳᠬᠠᠵᠤ᠂ ᠬᠦᠷᠢᠶ᠎ᠡ ᠴᠠᠷᠠᠭ᠎ᠠ ᠠᠯᠤᠰᠯᠠᠭᠰᠠᠨ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ ᠵᠢ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠂ ᠲᠥᠷᠥᠯ ᠵᠦᠢ᠍ᠯ᠎ᠤᠨ ᠦᠷ᠎ᠡ ᠪᠦᠲᠦᠮᠵᠢ ᠤᠯᠬᠤ᠂ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ ᠵᠢ ᠪᠠᠲᠤᠯᠠᠬᠤ ᠬᠡᠷᠡᠭᠲᠡᠶ᠃ ᠤᠬᠠᠭᠤᠯᠭ᠎ᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠲᠥᠯᠥᠭᠡᠯᠡᠬᠦ ᠴᠢᠨᠠᠷᠲᠠᠶ ᠲᠥᠷᠥᠯ ᠵᠦᠢ᠍ᠯ᠎ᠢ ᠰᠢᠯᠢᠨ ᠰᠣᠩᠭᠤᠵᠤ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ᠲᠤᠷᠰᠢᠯᠭ᠎ᠠ ᠵᠢᠨ ᠵᠠᠭᠪᠤᠷ᠎ᠢ ᠪᠣᠯᠪᠠᠰᠤᠷᠠᠭᠤᠯᠵᠤ᠂ ᠣᠯᠠᠨ ᠡᠰᠢᠵᠢᠭᠰᠡᠨ᠂ ᠠᠬᠤᠶ ᠪᠠᠶ᠋ᠢᠳᠠᠯᠴᠢᠯᠠᠭᠰᠠᠨ ᠤᠬᠠᠭᠤᠯᠭ᠎ᠠ ᠵᠢ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃