ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ 2025 ᠣᠨ᠎ᠤ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠶᠠᠪᠤᠭᠤᠯᠪᠠ
2025-12-08

12 ᠳ᠋ᠤᠭ᠋ᠠᠷ ᠰᠠᠷ᠎ᠠ ᠵᠢᠨ 4᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠶᠣᠰᠣᠯᠠᠯ ᠶᠠᠪᠤᠭᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠶᠦᠨ ᠴᠦᠨ ᠱᠧᠩ᠎ᠤᠨ ᠨᠠᠶ᠋ᠢᠳᠠᠯᠭ᠎ᠠ᠎ᠪᠠᠷ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠯᠢᠦ ᠵᠢᠶᠠᠨ ᠬᠤᠸᠠ ᠲᠠᠩᠭ᠋ᠠᠷᠢᠭᠯᠠᠬᠤ ᠶᠣᠰᠣᠯᠠᠯ᠎ᠢ ᠬᠢᠨᠠᠵᠤ᠂ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠨᠢᠶᠧ ᠬᠠᠢ ᠵᠢᠶᠦ᠋ᠨ ᠶᠣᠰᠣᠯᠠᠯ᠎ᠢ ᠡᠷᠭᠢᠯᠡᠵᠦ᠂ ᠲᠢᠩᠬᠢᠮ᠎ᠤᠨ ᠰᠢᠰᠲ᠋ᠧᠮ᠎ᠤᠨ ᠰᠢᠨ᠎ᠡ᠎ᠪᠠᠷ ᠲᠤᠰᠢᠶᠠᠯ ᠡᠭᠦᠷᠭᠡᠯᠡᠭᠰᠡᠨ᠂ ᠳᠡᠰ ᠳᠡᠪᠰᠢᠭᠰᠡᠨ ᠪᠠ ᠰᠢᠨ᠎ᠡ᠎ᠪᠠᠷ ᠡᠯᠰᠡᠨ ᠬᠡᠷᠡᠭᠯᠡᠭᠰᠡᠨ ᠺᠠᠳ᠋ᠷ ᠶᠤᠰᠤᠯᠠᠯ᠎ᠳᠤ ᠣᠷᠣᠯᠴᠠᠪᠠ᠃ ᠲᠢᠩᠬᠢᠮ ᠪᠠᠶ᠋ᠢᠭᠤᠯᠭ᠎ᠠ ᠵᠢᠨ ᠪᠥᠬᠦ ᠠᠵᠢᠯᠲᠠᠨ ᠪᠠ ᠡᠯ᠎ᠡ ᠰᠢᠭᠤᠳ ᠬᠠᠷᠢᠶ᠎ᠠ ᠨᠢᠭᠡᠴᠢ ᠵᠢᠨ ᠬᠠᠷᠢᠭᠤᠴᠠᠯᠭ᠋ᠠᠲᠠᠨ ᠭᠡᠷᠡᠴᠢᠯᠡᠪᠡ᠃

ᠦᠳᠡ ᠵᠢᠨ ᠡᠮᠦᠨᠡᠬᠢ 10 ᠴᠠᠭ᠎ᠲᠤ᠂ ᠲᠠᠩᠭ᠋ᠠᠷᠢᠭᠯᠠᠬᠤ ᠶᠣᠰᠣᠯᠠᠯ ᠵᠢᠩᠬᠢᠨᠢ᠎ᠪᠠᠷ ᠡᠬᠢᠯᠡᠵᠦ᠂ ᠪᠦᠭᠦᠳᠡᠭᠡᠷ ᠵᠶ᠋ᠠᠨ ᠲᠥᠪ ᠵᠣᠭᠰᠣᠵᠤ᠂ ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠰᠦᠯᠳᠡ ᠳᠠᠭᠤᠤ ᠵᠢ ᠬᠥᠭᠵᠢᠮᠳᠡᠨ ᠳᠠᠭᠤᠯᠠᠪᠠ᠃ ᠳᠠᠷᠠᠭ᠎ᠠ᠎ᠨᠢ ᠳᠠᠭ᠋ᠠᠭᠤᠯᠤᠨ ᠤᠩᠰᠢᠭᠴᠢ ᠲᠠᠩᠭ᠋ᠠᠷᠢᠭ᠎ᠤᠨ ᠦᠭᠡᠰ᠎ᠢ ᠳᠠᠭ᠋ᠠᠭᠤᠯᠤᠨ ᠤᠩᠰᠢᠵᠤ᠂ ᠲᠠᠩᠭ᠋ᠠᠷᠢᠭᠯᠠᠭᠴᠢ ᠤᠯᠤᠰ᠎ᠤᠨ ᠲᠤᠭ᠎ᠲᠤ ᠬᠠᠨᠳᠤᠵᠤ᠂ ᠪᠠᠷᠠᠭᠤᠨ ᠨᠢᠳᠤᠷᠭ᠎ᠠ᠎ᠪᠠᠨ ᠥᠨᠳᠥᠷ ᠡᠷᠭᠦᠵᠦ᠂ ᠲᠥᠪ ᠴᠢᠩᠭ᠎ᠠ᠎ᠪᠠᠷ ᠲᠠᠩᠭ᠋ᠠᠷᠢᠭᠯᠠᠪᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠪᠥᠬᠦ ᠺᠠᠳ᠋ᠷ ᠠᠵᠢᠯᠲᠠᠨ ᠲᠣᠰ ᠤᠳᠠᠭ᠋ᠠᠨ᠎ᠤ ᠲᠠᠩᠭ᠋ᠠᠷᠢᠭᠯᠠᠬᠤ ᠶᠣᠰᠣᠯᠠᠯ ᠵᠶ᠋ᠠᠷ ᠠᠵᠠ ᠲᠣᠬᠢᠶᠠᠯ ᠪᠣᠯᠭ᠋ᠠᠵᠤ᠂ ᠬᠠᠤᠯᠢ᠎ᠪᠠᠷ ᠵᠠᠰᠠᠬᠤ ᠤᠬᠠᠮᠰᠠᠷ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠤᠨ᠂ ᠦᠨᠳᠦᠰᠦᠨ ᠬᠠᠤᠯᠢ ᠵᠢᠨ ᠵᠣᠷᠢᠭ ᠰᠠᠨᠠᠭ᠎ᠠ ᠵᠢ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠢᠯᠡᠷᠡᠭᠦᠯᠬᠦ ᠬᠡᠷᠡᠭᠲᠡᠢ᠃ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠬᠤᠳᠠ ᠵᠢᠨ ᠴᠢᠨᠠᠷ ᠰᠠᠶ᠋ᠢᠲᠠᠢ ᠬᠥᠭᠵᠢᠯᠲᠡ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠨ ᠪᠠᠶ᠋ᠢᠭᠤᠯᠵᠤ᠂ ᠣᠷᠣᠨ ᠰᠠᠭᠤᠴᠠ ᠵᠢᠨ ᠪᠠᠲᠤᠯᠠᠭ᠎ᠠ ᠵᠢ ᠦᠷᠭᠦᠯᠵᠢᠯᠡᠨ ᠰᠠᠶ᠋ᠢᠲᠤᠷ ᠠᠳᠬᠤᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠦᠢ᠍ᠯᠡᠰ ᠪᠤᠰᠬᠠᠬᠤ ᠪᠠ ᠦᠵᠡᠰᠬᠦᠯᠡᠩᠲᠦ ᠰᠠᠶ᠋ᠢᠬᠠᠨ ᠬᠥᠳᠡᠭᠡ ᠲᠣᠰᠬᠤᠨ᠎ᠤ ᠪᠦᠳᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ ᠤᠯᠠᠨ᠎ᠤ ᠪᠠᠴᠢᠮᠳᠠᠵᠤ ᠬᠦᠴᠢᠷᠳᠡᠵᠦ ᠵᠣᠪᠠᠨᠢᠵᠤ ᠬᠦᠰᠡᠵᠦ ᠪᠠᠶ᠋ᠢᠭ᠎ᠠ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠷᠠᠳ᠎ᠤᠨ ᠠᠮᠢᠳᠤᠷᠠᠯ᠎ᠤᠨ ᠪᠤᠶᠠᠨ ᠵᠢᠷᠭ᠋ᠠᠯ᠎ᠢ ᠲᠠᠰᠤᠷᠠᠯᠲᠠ ᠦᠭᠡᠢ ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ᠎ᠳᠤ ᠨᠡᠩ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠬᠦ ᠪᠤᠯᠤᠨ᠎ᠠ᠃

ᠢᠷᠡᠯᠲᠡ᠄ ᠲᠢᠩᠬᠢᠮ᠎ᠤᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠭᠠᠵᠠᠷ