ᠰᠢᠨᠬᠤᠸᠠ ᠬᠣᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 19᠎ᠤ ᠴᠠᠬᠢᠯᠭ᠋ᠠᠨ ᠮᠡᠳᠡᠭᠡ ᠪᠡᠭᠡᠵᠢᠩ᠎ᠤᠨ ᠴᠠᠭ᠎ᠤᠨ 12 ᠰᠠᠷ᠎ᠠ ᠵᠢᠨ 18᠎ᠤ ᠡᠳᠦᠷ᠎ᠤᠨ 23 ᠴᠠᠭ 59 ᠮᠢᠨᠦ᠋ᠲ᠎ᠲᠤ᠂ ᠭᠠᠨᠰᠤ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠥᠳᠡᠯᠵᠦ ᠂ ᠬᠥᠳᠡᠯᠦᠯᠲᠡ ᠵᠢᠨ ᠭᠣᠯᠣᠮᠲᠠ ᠵᠢᠨ ᠭᠦᠨ᠎ᠤ ᠬᠡᠮᠵᠢᠶ᠎ᠡ ᠨᠢ 10 ᠺᠢᠯᠣᠮᠧᠲᠷ ᠪᠠᠢ᠌ᠨ᠎ᠠ᠃ ᠣᠳᠣᠬᠠᠨ ᠪᠤᠯᠲᠠᠯ᠎ᠡ᠂ ᠭᠠᠵᠠᠷ ᠬᠦᠳᠡᠯᠦᠭᠰᠡᠨ᠎ᠠᠴᠠ ᠪᠣᠯᠵᠤ ᠭᠠᠨᠰᠤ᠎ᠳᠤ 100 ᠬᠦᠮᠦᠨ ᠡᠨᠳᠡᠵᠦ᠂ ᠬᠥᠬᠡᠨᠠᠭᠤᠷ᠎ᠲᠤ11 ᠬᠦᠮᠦᠨ ᠡᠨᠳᠡᠵᠦ᠂ ᠤᠰᠤ ᠂ ᠴᠠᠭᠢᠯᠭ᠋ᠠᠨ ᠂ ᠵᠠᠮ ᠬᠠᠷᠢᠯᠴᠠᠭ᠎ᠠ᠂ ᠴᠢᠮᠡᠭᠡ ᠬᠣᠯᠪᠤᠭ᠎ᠠ ᠵᠡᠷᠭᠡ ᠬᠡᠰᠡᠭ ᠰᠠᠭᠤᠷᠢ ᠲᠥᠬᠦᠭᠡᠷᠦᠮᠵᠢ ᠡᠪᠳᠡᠭᠳᠡᠭᠰᠡᠨ ᠪᠠᠢ᠌ᠨ᠎ᠠ᠃
ᠭᠠᠵᠠᠷ ᠬᠥᠳᠡᠯᠦᠭᠰᠡᠨ᠎ᠤ ᠳᠠᠷᠠᠭ᠎ᠠ᠂ ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠨ ᠴᠢᠬᠤᠯᠠ ᠵᠢᠭ᠋ᠠᠪᠤᠷᠢ ᠥᠭᠴᠦ᠂ ᠭᠠᠨᠰᠤ ᠮᠤᠵᠢ ᠵᠢᠨ ᠯᠢᠨᠰᠢᠶᠠ ᠵᠸᠦ ᠵᠢᠨ ᠵᠢᠢ ᠱ᠌ᠢ ᠱᠠᠨ ᠰᠢᠶᠠᠨ᠎ᠳᠤ 6.2 ᠳᠡᠰ᠎ᠤᠨ ᠭᠠᠵᠠᠷ ᠬᠦᠳᠡᠯᠵᠦ ᠣᠯᠠᠨ ᠬᠦᠮᠦᠨ ᠡᠨᠳᠡᠵᠦ ᠰᠢᠷᠠᠭᠳᠤᠭᠰᠠᠨ ᠬᠦᠨᠳᠦ ᠶᠡᠬᠡ ᠡᠨᠳᠡᠯ ᠭᠠᠷᠪᠠ᠂ ᠡᠷᠢᠵᠦ ᠠᠪᠤᠷᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠬᠢᠵᠦ᠂ ᠬᠦᠮᠦᠨ᠎ᠤ ᠦᠬᠦᠯ ᠰᠢᠷᠠᠭᠳᠤᠯᠢ ᠠᠯᠢ ᠴᠢᠳᠠᠬᠤ᠎ᠪᠠᠷ ᠪᠠᠭ᠋ᠠᠰᠬᠠᠬᠤ ᠬᠡᠷᠡᠭᠲᠡᠢ᠃ ᠭᠠᠮᠰᠢᠭᠳᠠᠭᠰᠠᠨ ᠣᠷᠣᠨ ᠳᠠᠯᠠᠢ ᠵᠢᠨ ᠲᠦᠪᠰᠢᠨ᠎ᠠᠴᠠ ᠦᠨᠳᠦᠷ ᠡᠷᠭᠦᠭᠳᠡᠭᠰᠡᠨ ᠣᠷᠣᠨ ᠪᠦᠰᠡ᠎ᠳᠤ ᠪᠠᠢ᠌ᠷᠢᠯᠠᠵᠤ᠂ ᠴᠠᠭ ᠠᠭᠤᠷ ᠬᠠᠬᠢᠷ ᠬᠦᠢ᠍ᠲᠡᠨ᠂ ᠭᠠᠵᠠᠷ ᠬᠦᠳᠡᠯᠦᠭᠰᠡᠨ ᠪᠠᠢ᠌ᠳᠠᠯ ᠪᠣᠯᠣᠨ ᠴᠠᠭ ᠠᠭᠤᠷ᠎ᠤᠨ ᠬᠤᠪᠢᠷᠠᠯᠲᠠ ᠵᠢ ᠨᠢᠭᠲᠠ ᠬᠢᠨᠡᠨ ᠬᠡᠮᠵᠢᠵᠦ᠂ ᠳᠠᠭ᠋ᠠᠯᠳᠤᠵᠤ ᠡᠭᠦᠰᠴᠦ ᠮᠡᠳᠡᠬᠦ ᠭᠠᠮᠰᠢᠭ᠎ᠢ ᠰᠡᠷᠭᠡᠢ᠌ᠯᠡᠬᠦ ᠬᠡᠷᠡᠭᠲᠡᠢ᠃ ᠠᠶᠤᠯ᠎ᠠᠴᠠ ᠠᠪᠤᠷᠠᠨ ᠲᠤᠰᠠᠯᠠᠬᠤ ᠡᠳ᠋ ᠪᠤᠳᠠᠰ᠎ᠢ ᠦᠦᠳᠡᠷ ᠲᠦᠷᠭᠡᠨ ᠵᠣᠬᠢᠶᠠᠨ ᠪᠠᠢ᠌ᠭᠤᠯᠵᠤ ᠰᠢᠯᠵᠢᠭᠦᠯᠦᠨ ᠥᠭᠴᠦ᠂ ᠡᠪᠳᠡᠭᠳᠡᠭᠰᠡᠨ ᠴᠠᠬᠢᠯᠭ᠋ᠠᠨ ᠬᠦᠴᠦ᠂ ᠴᠢᠮᠡᠭᠡ ᠬᠣᠯᠪᠤᠭ᠎ᠠ᠂ ᠵᠠᠮ ᠬᠠᠷᠢᠯᠴᠠᠭ᠎ᠠ᠂ ᠳᠤᠯᠠᠭ᠋ᠠᠯᠠᠭ᠎ᠠ ᠬᠠᠩᠭ᠋ᠠᠬᠤ ᠵᠡᠷᠭᠡ ᠰᠠᠭᠤᠷᠢ ᠳᠦᠬᠦᠭᠡᠷᠦᠮᠵᠢ ᠵᠢ ᠱᠠᠯᠠᠪᠳᠠᠭᠤᠯᠤᠨ ᠵᠠᠰᠠᠵᠤ᠂ ᠭᠠᠮᠰᠢᠭᠳᠠᠭᠰᠠᠨ ᠣᠯᠠᠨ ᠲᠦᠮᠡᠨ᠎ᠢ ᠳᠣᠬᠢᠲᠠᠢ ᠲᠥᠪᠬᠢᠨᠡᠭᠦᠯᠵᠦ᠂ ᠣᠯᠠᠨ ᠲᠦᠮᠡᠨ᠎ᠤ ᠦᠨᠳᠦᠰᠦᠨ ᠠᠮᠢᠳᠤᠷᠠᠯ᠎ᠢ ᠪᠠᠲᠤᠯᠠᠬᠤ ᠵᠢᠨ ᠬᠠᠮᠲᠤ ᠡᠨᠳᠡᠭᠰᠡᠳ᠎ᠤᠨ ᠭᠡᠷ ᠪᠦᠯᠢ ᠵᠢᠨ᠎ᠬᠢᠨ᠎ᠢ ᠳᠣᠬᠤᠨᠢᠭᠤᠯᠬᠤ ᠵᠡᠷᠭᠡ ᠠᠵᠢᠯ᠎ᠢ ᠰᠠᠢ᠌ᠲᠤᠷ ᠬᠢᠬᠦ ᠬᠡᠷᠡᠭᠲᠡᠢ᠃ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠠᠵᠢᠯᠯᠠᠬᠤ ᠳᠤᠭᠤᠢ᠌ᠯᠠᠩ ᠲᠣᠮᠢᠯᠠᠨ ᠭᠠᠮᠰᠢᠭᠳᠠᠭᠰᠠᠨ ᠣᠷᠣᠨ᠎ᠳᠤ ᠣᠴᠢᠭᠤᠯᠵᠤ ᠭᠠᠵᠠᠷ ᠬᠦᠳᠡᠯᠦᠯᠲᠡ᠎ᠲᠠᠢ ᠲᠡᠮᠡᠴᠡᠵᠦ ᠭᠠᠮᠰᠢᠭ᠎ᠠᠴᠠ ᠠᠪᠤᠷᠠᠬᠤ ᠠᠵᠢᠯ᠎ᠢ ᠵᠢᠯᠤᠭᠤᠳᠴᠤ᠂ ᠴᠢᠯᠦᠭᠡᠯᠡᠬᠦ ᠴᠡᠷᠢᠭ᠂ ᠵᠡᠪᠰᠡᠭᠲᠦ ᠴᠠᠭᠳᠠᠭ᠎ᠠ ᠵᠢᠨ ᠴᠡᠷᠢᠭ ᠠᠩᠭᠢ ᠵᠢᠨ᠎ᠬᠢᠨ ᠣᠷᠣᠨ ᠨᠤᠲᠤᠭ᠎ᠲᠠᠢ ᠢᠳᠡᠪᠬᠢᠲᠡᠢ ᠬᠠᠮᠵᠢᠯᠴᠠᠨ ᠠᠶᠤᠯ ᠭᠠᠮᠰᠢᠭ᠎ᠠᠴᠠ ᠠᠪᠤᠷᠠᠬᠤ ᠠᠵᠢᠯ᠎ᠢ ᠥᠷᠨᠢᠭᠦᠯᠵᠦ᠂ ᠬᠠᠮᠤᠭ ᠴᠢᠳᠠᠯ ᠵᠶ᠋ᠠᠷ ᠵᠶ᠋ᠠᠨ ᠠᠷᠠᠳ ᠣᠯᠠᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠨᠠᠮ᠎ᠤᠨ ᠲᠥᠪ ᠬᠣᠷᠢᠶ᠎ᠠ ᠵᠢᠨ ᠤᠯᠤᠰ ᠲᠥᠷᠥ ᠵᠢᠨ ᠲᠣᠪᠴᠢᠶ᠎ᠠ ᠵᠢᠨ ᠪᠠᠢ᠌ᠩᠭᠤ ᠵᠢᠨ ᠭᠡᠰᠢᠭᠦᠨ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠶᠡᠷᠦᠩᠬᠡᠢ ᠰᠠᠢ᠌ᠳ ᠯᠢ ᠴᠢᠶᠠᠩ ᠴᠣᠬᠣᠯᠠᠪᠤᠷᠢ ᠥᠭᠴᠦ᠂ ᠠᠶᠤᠯ᠎ᠠᠴᠠ ᠠᠪᠤᠷᠠᠵᠤ ᠠᠪᠤᠷᠠᠨ ᠲᠤᠰᠠᠯᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠵᠣᠬᠢᠶᠠᠨ ᠪᠠᠢ᠌ᠭᠤᠯᠵᠤ᠂ ᠳᠠᠷᠤᠭᠳᠠᠭᠰᠠᠨ ᠬᠦᠮᠦᠰ᠎ᠢ ᠡᠷᠢᠵᠦ ᠠᠪᠤᠷᠠᠬᠤ ᠵᠢᠨ ᠬᠠᠮᠲᠤ ᠰᠢᠷᠠᠭᠳᠤᠭᠰᠠᠳᠢ ᠠᠪᠤᠷᠠᠨ ᠵᠠᠰᠠᠵᠤ᠂ ᠬᠠᠮᠤᠭ ᠴᠢᠳᠠᠯ ᠵᠶ᠋ᠠᠷ ᠵᠶ᠋ᠠᠨ ᠦᠬᠦᠯ ᠰᠢᠷᠠᠭᠳᠤᠯᠢ ᠪᠠᠭ᠋ᠠᠰᠬᠠᠬᠤ ᠬᠡᠷᠡᠭᠲᠡᠢ᠃ ᠥᠨᠥ ᠶᠠᠭ ᠡᠪᠦᠯ᠎ᠤᠨ ᠤᠯᠠᠷᠢᠯ ᠪᠣᠯᠬᠣᠷ ᠭᠠᠮᠰᠢᠭ᠎ᠤᠨ ᠪᠠᠢ᠌ᠳᠠᠯ᠎ᠢ ᠱᠠᠯᠠᠪᠳᠠᠨ ᠬᠢᠨᠠᠨ ᠬᠠᠷᠭᠤᠭᠤᠯᠵᠤ᠂ ᠡᠪᠳᠡᠭᠳᠡᠭᠰᠡᠨ ᠰᠠᠭᠤᠷᠢ ᠲᠦᠭᠦᠭᠡᠷᠦᠮᠵᠢ ᠵᠢ ᠠᠯᠢ ᠲᠦᠷᠭᠡᠨ ᠵᠶ᠋ᠡᠷ ᠱᠠᠯᠠᠪᠳᠠᠭᠤᠯᠤᠨ ᠵᠠᠰᠠᠵᠤ᠂ ᠭᠠᠮᠰᠢᠭᠳᠠᠭᠰᠠᠨ ᠣᠯᠠᠨ ᠲᠦᠮᠡᠨ᠎ᠢ ᠰᠢᠯᠵᠢᠭᠦᠯᠦᠨ ᠲᠥᠪᠬᠢᠨᠡᠭᠦᠯᠬᠦ ᠠᠵᠢᠯ᠎ᠢ ᠳᠣᠬᠢᠲᠠᠢ ᠰᠠᠢ᠌ᠲᠤᠷ ᠬᠢᠵᠦ᠂ ᠮᠡᠳᠡᠭᠡ ᠵᠠᠩᠭᠢ ᠵᠢ ᠴᠠᠭ ᠲᠤᠬᠠᠢᠳᠤᠨᠢ ᠨᠡᠢ᠌ᠲᠡᠯᠡᠵᠦ᠂ ᠭᠠᠮᠰᠢᠭᠳᠠᠭᠰᠠᠨ ᠣᠷᠣᠨ᠎ᠤ ᠨᠡᠢ᠌ᠭᠡᠮ᠎ᠤᠨ ᠳᠣᠭᠲᠠᠭᠤᠨᠢ ᠬᠠᠮᠠᠭ᠋ᠠᠯᠠᠬᠤ ᠬᠡᠷᠡᠭᠲᠡᠢ᠃ ᠭᠠᠵᠠᠷ ᠬᠦᠳᠡᠯᠦᠯᠲᠡ ᠵᠢᠨ ᠪᠠᠢ᠌ᠳᠠᠯ᠎ᠢ ᠬᠢᠨᠡᠨ ᠬᠡᠮᠵᠢᠬᠦ᠎ᠪᠠᠨ ᠴᠢᠩᠭ᠋ᠠᠳᠬᠠᠵᠤ᠂ ᠡᠯ᠎ᠡ ᠵᠦᠢ᠍ᠯ᠎ᠤᠨ ᠳᠠᠭ᠋ᠠᠯᠳᠤᠵᠤ ᠡᠭᠦᠰᠴᠦ ᠮᠡᠳᠡᠬᠦ ᠭᠠᠮᠰᠢᠭ᠎ᠢ ᠰᠡᠷᠭᠡᠢ᠌ᠯᠡᠵᠦ᠂ ᠣᠯᠠᠨ ᠲᠦᠮᠡᠨ᠎ᠤ ᠠᠮᠢ ᠨᠠᠰᠤ ᠪᠠ ᠡᠳ᠋ ᠬᠦᠷᠦᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠰᠢ ᠵᠢᠨ ᠫᠢᠩ᠎ᠤᠨ ᠵᠢᠭ᠋ᠠᠪᠤᠷᠢ ᠪᠠ ᠯᠢ ᠴᠢᠶᠠᠩ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠲᠥᠷᠥ ᠵᠢᠨ ᠶᠠᠪᠤᠳᠠᠯ᠎ᠤᠨ ᠬᠣᠷᠢᠶ᠎ᠠ ᠨᠢᠭᠡᠨᠲᠡ ᠠᠵᠢᠯᠯᠠᠬᠤ ᠳᠤᠭᠤᠢ᠌ᠯᠠᠩ ᠲᠣᠮᠢᠯᠠᠨ ᠭᠠᠮᠰᠢᠭᠳᠠᠭᠰᠠᠨ ᠣᠷᠣᠨ᠎ᠳᠤ ᠣᠴᠢᠭᠤᠯᠵᠤ ᠠᠪᠤᠷᠠᠨ ᠲᠤᠰᠠᠯᠠᠵᠤ ᠰᠢᠢ᠍ᠳᠪᠦᠷᠢᠯᠡᠬᠦ ᠵᠡᠷᠭᠡ ᠠᠵᠢᠯ᠎ᠢ ᠵᠢᠯᠤᠭᠤᠳᠴᠤ ᠪᠠᠢ᠌ᠨ᠎ᠠ᠃ ᠭᠠᠨᠰᠤ᠂ ᠬᠥᠬᠡᠨᠠᠭᠤᠷ ᠨᠢᠭᠡᠨᠲᠠ ᠬᠦᠴᠦᠨ ᠵᠶ᠋ᠡᠨ ᠵᠣᠬᠢᠶᠠᠨ ᠪᠠᠢ᠌ᠭᠤᠯᠵᠤ ᠠᠶᠤᠯ᠎ᠠᠴᠠ ᠠᠪᠤᠷᠠᠨ ᠲᠤᠰᠠᠯᠠᠬᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ ᠪᠠᠢ᠌ᠨ᠎ᠠ᠃ ᠣᠳᠣᠬᠠᠨ᠎ᠳᠤ ᠭᠠᠵᠠᠷ ᠬᠦᠳᠡᠯᠦᠯᠲᠡ᠎ᠲᠠᠢ ᠲᠡᠮᠡᠴᠡᠵᠤ ᠭᠠᠮᠰᠢᠭ᠎ᠠᠴᠠ ᠠᠪᠤᠷᠠᠬᠤ ᠡᠯ᠎ᠡ ᠵᠦᠢ᠍ᠯ᠎ᠤᠨ ᠠᠵᠢᠯ ᠶᠠᠭ ᠪᠠᠴᠢᠮ ᠶᠠᠭ᠋ᠠᠷᠠᠯᠲᠠᠢ ᠡᠮᠬᠢ ᠲᠢᠭᠯᠢᠮ᠎ᠲᠠᠢ ᠶᠠᠪᠤᠭᠳᠠᠵᠤ ᠪᠠᠢ᠌ᠨ᠎ᠠ᠃