ᠯᠢ ᠴᠢᠶᠠᠩ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠪᠤᠳᠤᠭ᠋ᠠᠷ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ
2023-12-26

      ᠰᠢᠨᠬᠤᠸᠠ ᠬᠣᠷᠢᠶᠠᠨ᠎ᠤ ᠪᠡᠭᠡᠵᠢᠩ᠎ᠤᠨ 12 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠴᠠᠬᠢᠯᠭ᠋ᠠᠨ ᠮᠡᠳᠡᠭᠡ   12 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠲᠥᠷᠥ ᠵᠢᠨ ᠶᠠᠪᠤᠳᠠᠯ᠎ᠤᠨ ᠬᠣᠷᠢᠶ᠎ᠠ 《ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ  ᠳᠡᠯᠡᠬᠡᠢ᠌ᠴᠢᠯᠡᠭᠰᠡᠨ  ᠲᠡᠷᠢᠭᠦᠨ᠎ᠤ ᠬᠤᠳᠠᠯᠳᠤᠭ᠋ᠠᠨ᠎ᠤ  ᠣᠷᠴᠢᠨ ᠨᠥᠬᠥᠴᠡᠯ᠎ᠢ ᠪᠦᠲᠦᠭᠡᠵᠦ ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠢ᠌ᠭᠡᠮ᠎ᠤᠨ ᠪᠦᠲᠦᠭᠡᠯᠴᠢ ᠬᠦᠴᠦᠨ᠎ᠢ ᠦᠷᠭᠦᠯᠵᠢᠯᠡᠨ ᠬᠥᠭᠵᠢᠭᠡᠶ᠎ᠡ》 ᠭᠡᠰᠡᠨ  ᠰᠡᠳᠦᠪ ᠵᠶ᠋ᠡᠷ ᠲᠠᠪᠤᠳᠤᠭ᠋ᠠᠷ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ  ᠬᠢᠪᠡ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ᠃ ᠬᠤᠸᠠᠳᠦ᠋ᠩ᠎ᠤᠨ ᠤᠯᠤᠰ ᠲᠦᠷᠦ ᠬᠠᠤᠯᠢ ᠴᠠᠭ᠋ᠠᠵᠠ ᠵᠢᠨ ᠶᠡᠬᠡ ᠰᠤᠷᠭ᠋ᠠᠭᠤᠯᠢ ᠵᠢᠨ ᠫᠷᠣᠹᠧᠰᠰᠣᠷ  ᠯᠥᠸᠧ ᠫᠧᠢ ᠰᠢᠨ ᠲᠠᠢ᠌ᠯᠤᠮᠵᠢ ᠬᠢᠵᠡᠢ ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠢ ᠰᠠᠢ᠌ᠳ ᠳ᠋ᠢᠩ ᠰᠢᠤᠸᠠᠢ ᠰᠢᠶᠠᠩ ᠂  ᠲᠦᠷᠦ ᠵᠢᠨ ᠶᠠᠪᠤᠳᠠᠯ᠎ᠤᠨ ᠭᠡᠰᠢᠭᠦᠨ ᠸᠠᠩ ᠰᠢᠶᠣᠣ ᠬᠣᠩ ᠂  ᠦ᠋ ᠵᠧᠩ ᠯᠦᠩ ᠰᠠᠨᠠᠯ ᠵᠶ᠋ᠠᠨ ᠰᠣᠯᠢᠯᠴᠠᠬᠤ ᠦᠭᠡ ᠬᠡᠯᠡᠪᠡ ᠃

   ᠯᠢ ᠴᠢᠶᠠᠩ ᠲᠠᠢ᠌ᠯᠤᠮᠵᠢ ᠪᠠ  ᠶᠠᠷᠢᠶ᠎ᠠ ᠵᠢ ᠰᠣᠨᠣᠰᠤᠭᠰᠠᠨ᠎ᠤ ᠳᠠᠷᠠᠭ᠎ᠠ᠂ ᠬᠤᠳᠠᠯᠳᠤᠭ᠋ᠠᠨ᠎ᠤ  ᠣᠷᠴᠢᠨ ᠨᠥᠬᠥᠴᠡᠯ᠎ᠢ ᠰᠢᠯᠢᠳᠡᠭᠵᠢᠭᠦᠯᠬᠦ ᠪᠣᠯ ᠵᠠᠬ᠎ᠠ ᠳᠡᠯᠭᠡᠭᠦᠷ᠎ᠤᠨ ᠠᠮᠢᠵᠢᠷᠠᠯ᠎ᠤᠨ  ᠬᠦᠴᠦᠨ᠎ᠢ ᠪᠣᠢ᠌ᠵᠢᠭᠤᠯᠤᠨ ᠬᠥᠭᠵᠢᠭᠡᠬᠦ᠂ ᠬᠥᠭᠵᠢᠯᠲᠡ ᠵᠢᠨ ᠳᠣᠲᠣᠭ᠋ᠠᠳᠤ ᠵᠢᠨ ᠬᠥᠳᠡᠯᠭᠡᠬᠦ ᠬᠦᠴᠦᠨ᠎ᠢ ᠨᠡᠮᠡᠭᠳᠡᠭᠦᠯᠬᠦ  ᠵᠠᠩᠭᠢᠯᠠᠭ᠎ᠠ ᠵᠢᠨ ᠠᠷᠭ᠎ᠠ  ᠮᠥᠨ᠃ ᠶᠡᠷᠦᠩᠬᠡᠢ ᠱᠦᠵᠢ ᠰᠢ ᠵᠢᠨ ᠫᠢᠩ᠎ᠤᠨ ᠬᠤᠳᠠᠯᠳᠤᠭ᠋ᠠᠨ᠎ᠤ  ᠣᠷᠴᠢᠨ ᠨᠥᠬᠥᠴᠡᠯ᠎ᠢ  ᠰᠢᠯᠢᠳᠡᠭᠵᠢᠭᠦᠯᠬᠦ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂  ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠂  ᠬᠡᠷᠡᠭᠴᠡᠭᠡ᠎ᠪᠠᠷ  ᠤᠳᠤᠷᠢᠳᠤᠮᠵᠢ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠭᠣᠣᠯᠳᠠᠯᠭ᠎ᠠ᠎ᠲᠠᠢ ᠬᠦᠷᠢᠶ᠎ᠡ ᠪᠣᠯᠣᠨ ᠵᠠᠩᠭᠢᠯᠠᠭ᠎ᠠ ᠵᠢᠨ ᠭᠣᠭᠴᠣᠭ᠎ᠠ ᠵᠢᠨ ᠥᠭᠡᠷᠡᠴᠢᠯᠡᠯᠲᠡ ᠵᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠢ᠌ᠴᠢᠯᠡᠭᠰᠡᠨ  ᠲᠡᠷᠢᠭᠦᠨ᠎ᠤ ᠬᠤᠳᠠᠯᠳᠤᠭ᠋ᠠᠨ᠎ᠤ  ᠣᠷᠴᠢᠨ ᠨᠥᠬᠥᠴᠡᠯ᠎ᠢ  ᠪᠠᠶ᠋ᠢᠭᠤᠯᠬᠤ ᠲᠠᠯ᠎ᠠ᠎ᠪᠠᠷ ᠦᠷᠭᠦᠯᠵᠢᠯᠡᠨ  ᠬᠦᠴᠦᠯᠡᠵᠦ᠂ ᠴᠥᠬᠥᠷᠡᠰᠢ ᠦᠭᠡᠢ  ᠴᠢᠷᠮᠠᠢ᠌ᠵᠤ ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠬᠦᠴᠦᠲᠡᠢ ᠲᠤᠰᠠᠯᠠᠬᠤ  ᠬᠡᠷᠡᠭᠲᠡᠢ  ᠭᠡᠵᠦ  ᠵᠢᠭ᠋ᠠᠨ ᠭᠠᠷᠭ᠋ᠠᠪᠠ ᠃


7d44c159d7f648e37cad37d37072690.jpg


  12 ᠳ᠋ᠤᠭ᠋ᠠᠷ ᠰᠠᠷ᠎ᠠ ᠵᠢᠨ 20᠎ᠤ ᠡᠳᠦᠷ᠎ᠤᠨ ᠦᠳᠡ ᠵᠢᠨ ᠡᠮᠦᠨ᠎ᠡ᠂ ᠲᠥᠷᠥ ᠵᠢᠨ ᠶᠠᠪᠤᠳᠠᠯ᠎ᠤᠨ ᠬᠣᠷᠢᠶ᠎ᠠ 《ᠵᠠᠬ᠎ᠠ ᠳᠡᠯᠭᠡᠭᠦᠷᠴᠢᠯᠡᠭᠰᠡᠨ ᠬᠠᠤᠯᠢᠵᠢᠭᠰᠠᠨ ᠳᠡᠯᠡᠬᠡᠢ᠌ᠴᠢᠯᠡᠭᠰᠡᠨ  ᠲᠡᠷᠢᠭᠦᠨ᠎ᠤ ᠬᠤᠳᠠᠯᠳᠤᠭ᠋ᠠᠨ᠎ᠤ  ᠣᠷᠴᠢᠨ ᠨᠥᠬᠥᠴᠡᠯ᠎ᠢ ᠪᠦᠲᠦᠭᠡᠵᠦ ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠪᠠ ᠨᠡᠢ᠌ᠭᠡᠮ᠎ᠤᠨ ᠪᠦᠲᠦᠭᠡᠯᠴᠢ ᠬᠦᠴᠦᠨ᠎ᠢ ᠦᠷᠭᠦᠯᠵᠢᠯᠡᠨ ᠬᠥᠭᠵᠢᠭᠡᠶ᠎ᠡ》 ᠭᠡᠰᠡᠨ  ᠰᠡᠳᠦᠪ ᠵᠶ᠋ᠡᠷ ᠲᠠᠪᠤᠳᠤᠭ᠋ᠠᠷ ᠤᠳᠠᠭ᠋ᠠᠨ᠎ᠤ ᠲᠤᠰᠬᠠᠢ ᠰᠡᠳᠦᠪᠲᠦ ᠰᠤᠷᠤᠯᠴᠠᠯᠭ᠎ᠠ ᠬᠢᠪᠡ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠶᠡᠷᠦᠩᠬᠡᠢ ᠰᠠᠢ᠌ᠳ ᠯᠢ ᠴᠢᠶᠠᠩ ᠲᠤᠰᠬᠠᠢ ᠰᠡᠳᠦᠪᠲᠦ ᠰᠤᠷᠤᠯᠴᠠᠯᠭ᠎ᠠ ᠵᠢ ᠡᠷᠬᠢᠯᠡᠪᠡ᠃

   ᠰᠢᠨᠬᠤᠸᠠ ᠬᠣᠷᠢᠶᠠᠨ ᠪ᠊ ᠰᠤᠷᠪᠤᠯᠵᠢᠯᠠᠭᠴᠢ  ᠫᠠᠩ ᠰᠢᠩ ᠯᠧᠢ ᠰᠡᠭᠦᠳᠡᠷᠯᠡᠪᠡ᠃

   ᠯᠢ ᠴᠢᠶᠠᠩ ᠵᠢᠭ᠋ᠠᠵᠤ ᠭᠠᠷᠭ᠋ᠠᠭᠰᠠᠨ᠎ᠨᠢ᠂ ᠣᠷᠳᠣ ᠬᠤᠭᠤᠴᠠᠭ᠋ᠠᠨ᠎ᠤ ᠴᠥᠬᠥᠷᠡᠰᠢ ᠦᠭᠡᠢ ᠴᠢᠷᠮᠠᠢ᠌ᠯᠭ᠎ᠠ᠎ᠪᠠᠷ ᠳᠡᠮᠵᠢᠨ᠂ ᠮᠠᠨ᠎ᠤ ᠤᠯᠤᠰ᠎ᠤᠨ  ᠬᠤᠳᠠᠯᠳᠤᠭ᠋ᠠᠨ᠎ᠤ ᠣᠷᠴᠢᠨ ᠨᠥᠬᠥᠴᠡᠯ ᠦᠷᠭᠦᠯᠵᠢᠯᠡᠨ ᠰᠠᠢ᠌ᠵᠢᠷᠠᠵᠤ᠂ ᠣᠯᠠᠨ ᠲᠦᠮᠡᠨ ᠪᠠ ᠠᠵᠤ ᠠᠬᠤᠢ᠌ᠯᠠᠯ᠎ᠤᠨ ᠬᠦᠷᠲᠡᠮᠵᠢ ᠵᠢᠨ  ᠲᠥᠷᠥᠭᠳᠡᠯ ᠲᠠᠰᠤᠷᠠᠯᠲᠠ ᠦᠭᠡᠢ ᠨᠡᠮᠡᠭᠳᠡᠪᠡ᠃ ᠡᠭᠦᠨ᠎ᠤ ᠵᠡᠷᠭᠡ᠎ᠪᠠᠷ᠂ ᠬᠤᠳᠠᠯᠳᠤᠭ᠋ᠠᠨ᠎ᠤ  ᠣᠷᠴᠢᠨ ᠨᠥᠬᠥᠴᠡᠯ᠎ᠳᠤ ᠬᠠᠮᠤᠭ᠎ᠤᠨ ᠰᠠᠢ᠌ᠨ ᠭᠡᠵᠦ ᠪᠠᠢ᠌ᠬᠤ ᠦᠭᠡᠢ ᠂ ᠬᠠᠷᠢᠨ ᠨᠠᠩ ᠰᠠᠢ᠌ᠨ ᠪᠠᠢ᠌ᠨ᠎ᠠ ᠭᠡᠳᠡᠭ᠎ᠢ  ᠣᠯᠵᠤ ᠬᠠᠷᠠᠬᠤ ᠬᠡᠷᠡᠭᠲᠡᠢ᠃ ᠳᠠᠷᠠᠭ᠎ᠠ᠎ᠪᠠᠷ ᠂ ᠡᠷᠬᠡ ᠲᠡᠭᠰᠢ ᠥᠷᠢᠰᠦᠯᠳᠦᠭᠡᠨ᠎ᠢ  ᠨᠡᠩ ᠰᠠᠢ᠌ᠲᠤᠷ ᠬᠠᠮᠠᠭ᠋ᠠᠯᠠᠬᠤ ᠵᠢᠨ ᠲᠣᠭᠣᠷᠢᠨ᠎ᠳᠤ ᠵᠠᠬ᠎ᠠ ᠳᠡᠯᠭᠡᠭᠦᠷᠴᠢᠯᠡᠬᠦ  ᠲᠦᠪᠰᠢᠨ᠎ᠢ ᠤᠯᠠᠮ  ᠳᠡᠭᠡᠭᠰᠢᠯᠡᠭᠦᠯᠵᠦ᠂ ᠡᠯ᠎ᠡ ᠲᠦᠷᠦᠯ᠎ᠤᠨ ᠥᠮᠴᠢᠯᠡᠯᠲᠦ  ᠠᠵᠤ ᠠᠬᠤᠢ᠌ᠯᠠᠯ᠎ᠤᠳ᠎ᠤᠨ ᠬᠥᠭᠵᠢᠨ ᠪᠤᠵᠠᠭ᠋ᠠᠢ᠌ᠷᠠᠬᠤ ᠵᠢ ᠨᠢᠭᠡ ᠯᠡ ᠠᠳᠠᠯᠢ᠎ᠪᠠᠷ ᠳᠡᠮᠵᠢᠵᠦ᠂ ᠪᠦᠬᠦ ᠤᠯᠤᠰ᠎ᠤᠨ ᠨᠢᠭᠡᠳᠦᠯᠲᠡᠢ ᠲᠣᠮᠣ ᠵᠠᠬ᠎ᠠ ᠳᠡᠯᠭᠡᠭᠦᠷ᠎ᠤᠨ ᠪᠠᠢ᠌ᠭᠤᠯᠤᠯᠲᠠ ᠵᠢ ᠲᠦᠷᠭᠡᠳᠬᠡᠵᠦ᠂ ᠨᠢᠭᠡᠳᠦᠯᠲᠡᠢ ᠵᠠᠬ᠎ᠠ ᠳᠡᠯᠭᠡᠭᠦᠷ ᠪᠣᠯᠣᠨ ᠡᠷᠬᠡ ᠲᠡᠭᠰᠢ ᠥᠷᠢᠰᠦᠯᠳᠦᠭᠡᠨ᠎ᠢ  ᠬᠠᠷᠰᠢᠯᠠᠵᠤ ᠪᠠᠢ᠌ᠭ᠎ᠠ ᠲᠣᠭᠲᠠᠭ᠋ᠠᠯ ᠬᠢᠳᠡᠯ᠎ᠢ ᠴᠡᠪᠡᠷᠯᠡᠨ ᠴᠤᠴᠠᠯᠬᠤ᠎ᠪᠠᠨ ᠡᠷᠴᠢᠮᠵᠢᠭᠦᠯᠵᠦ ᠂ ᠡᠯ᠎ᠡ ᠲᠦᠷᠦᠯ᠎ᠤᠨ ᠥᠮᠴᠢᠯᠡᠯᠲᠦ  ᠠᠵᠤ ᠠᠬᠤᠢ᠌ᠯᠠᠯ᠎ᠤᠳ᠎ᠤᠨ ᠡᠷᠬᠡ ᠲᠡᠭᠰᠢ᠎ᠪᠠᠷ ᠥᠷᠢᠰᠦᠯᠳᠦᠭᠡᠨ᠎ᠳᠤ ᠣᠷᠣᠯᠴᠠᠬᠤ ᠵᠢ ᠦᠨᠡᠨ ᠬᠦ᠌  ᠪᠠᠲᠤᠯᠠᠬᠤ ᠬᠡᠷᠡᠭᠲᠡᠢ ᠃ ᠡᠯ᠎ᠡ ᠲᠦᠷᠦᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠨᠡᠩ ᠰᠠᠢ᠌ᠲᠤᠷ ᠬᠠᠮᠠᠭ᠋ᠠᠯᠠᠬᠤ ᠵᠢᠨ ᠲᠣᠭᠣᠷᠢᠨ᠎ᠳᠤ ᠬᠠᠤᠯᠢ᠎ᠪᠠᠷ ᠵᠠᠰᠠᠬᠤ  ᠲᠦᠪᠰᠢᠨ᠎ᠢ ᠤᠯᠠᠮ  ᠳᠡᠭᠡᠭᠰᠢᠯᠡᠭᠦᠯᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠣᠭᠲᠠᠯᠴᠠᠭ᠎ᠠ ᠵᠢ  ᠦᠷᠭᠦᠯᠵᠢᠯᠡᠨ ᠪᠦᠷᠢᠨᠰᠢᠭᠦᠯᠵᠦ᠂ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠳᠠᠯᠠᠨ ᠵᠢᠷᠤᠮᠵᠢᠭᠤᠯᠵᠤ ᠂ ᠵᠠᠰᠠᠭ ᠵᠠᠬᠢᠷᠭ᠋ᠠᠨ᠎ᠤ ᠲᠣᠷᠭ᠋ᠠᠭᠤᠯᠢ ᠵᠢᠨ ᠴᠢᠯᠦᠭᠡᠲᠦ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠵᠤ᠂ ᠬᠢᠨᠠᠨ ᠬᠠᠮᠢᠶᠠᠷᠬᠤ ᠠᠷᠭ᠎ᠠ ᠬᠡᠯᠪᠡᠷᠢ᠎ᠳᠤ ᠰᠢᠨ᠎ᠡ ᠵᠢ ᠡᠭᠦᠳᠴᠦ᠂ ᠬᠢᠨᠠᠨ ᠬᠠᠮᠢᠶᠠᠷᠬᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠵᠦ᠂ ᠲᠣᠭᠲᠠᠭᠤᠨ᠂ ᠢᠯᠡ ᠂ ᠵᠢᠷᠤᠮᠵᠢᠭᠤᠨ ᠂ ᠵᠢᠱ᠌ᠢᠬᠦᠢ᠌ᠴᠡ  ᠬᠠᠤᠯᠢᠵᠢᠭᠰᠠᠨ  ᠣᠷᠴᠢᠨ ᠨᠥᠬᠥᠴᠡᠯ᠎ᠢ  ᠪᠤᠢ ᠪᠣᠯᠭ᠋ᠠᠬᠤ ᠬᠡᠷᠡᠭᠲᠡᠢ ᠃ ᠠᠷᠠᠯᠵᠢᠶ᠎ᠠ ᠪᠡᠯᠡ ᠣᠷᠣᠭᠤᠯᠤᠯᠲᠠ ᠵᠢᠨ ᠴᠢᠯᠦᠭᠡᠯᠡᠯᠲᠡ  ᠳᠥᠭᠥᠮᠴᠢᠯᠡᠯᠲᠡ ᠵᠢ ᠨᠡᠩ ᠰᠠᠢ᠌ᠲᠤᠷ ᠠᠬᠢᠭᠤᠯᠬᠤ ᠵᠢᠨ ᠲᠣᠭᠣᠷᠢᠨ᠎ᠳᠤ ᠳᠡᠯᠡᠬᠡᠢ᠌ᠴᠢᠯᠡᠬᠦ  ᠲᠦᠪᠰᠢᠨ᠎ᠢ ᠤᠯᠠᠮ  ᠳᠡᠭᠡᠭᠰᠢᠯᠡᠭᠦᠯᠵᠦ᠂ ᠥᠨᠳᠥᠷ ᠪᠠᠷᠢᠮᠵᠢᠶᠠᠲᠤ ᠤᠯᠠᠨ ᠤᠯᠤᠰ᠎ᠤᠨ ᠠᠵᠤ ᠠᠬᠤᠢ ᠠᠷᠠᠯᠵᠢᠶᠠᠨ᠎ᠤ ᠳᠦᠷᠢᠮ᠎ᠲᠠᠢ ᠵᠣᠯᠭ᠋ᠠᠭᠤᠯᠬᠤ ᠵᠢ ᠴᠢᠩᠭ᠋ᠠᠳᠬᠠᠵᠤ᠂ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ ᠵᠡᠷᠭᠡ ᠲᠠᠪᠴᠠᠩ᠎ᠤᠨ ᠳᠠᠷᠤᠯᠲᠠ ᠵᠢ ᠰᠢᠯᠭ᠋ᠠᠬᠤ ᠦᠢ᠍ᠯᠡᠳᠦᠯ᠎ᠢ ᠰᠠᠢ᠌ᠲᠤᠷ ᠪᠠᠳᠠᠷᠠᠭᠤᠯᠵᠤ᠂ ᠨᠡᠩ ᠤᠯᠠᠨ ᠬᠥᠲᠥᠯᠥᠨ ᠳᠠᠭ᠋ᠠᠭᠤᠯᠬᠤ ᠴᠢᠨᠠᠷᠲᠠᠢ᠂ ᠪᠡᠯᠭᠡ ᠲᠡᠮᠳᠡᠭ᠎ᠤᠨ ᠴᠢᠨᠠᠷᠲᠠᠢ ᠳᠦᠷᠢᠮ᠎ᠤᠨ ᠰᠢᠨ᠎ᠡ ᠵᠢ ᠡᠭᠦᠳᠦᠭᠰᠡᠨ ᠦᠷ᠎ᠡ ᠪᠦᠲᠦᠭᠡᠯ᠎ᠢ ᠪᠤᠢ ᠪᠣᠯᠭ᠋ᠠᠬᠤ ᠬᠡᠷᠡᠭᠲᠡᠢ ᠭᠡᠵᠡᠢ ᠃

   ᠯᠢ ᠴᠢᠶᠠᠩ ᠵᠢᠭ᠋ᠠᠵᠤ ᠭᠠᠷᠭ᠋ᠠᠭᠰᠠᠨ᠎ᠨᠢ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ  ᠲᠦᠪᠰᠢᠨ᠎ᠢ ᠳᠡᠭᠡᠭᠰᠢᠯᠡᠭᠦᠯᠬᠦ ᠪᠣᠯ ᠬᠤᠳᠠᠯᠳᠤᠭ᠋ᠠᠨ᠎ᠤ  ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢᠨ ᠴᠢᠬᠤᠯᠠ ᠠᠭᠤᠯᠭ᠎ᠠ ᠮᠥᠨ ᠪᠥᠭᠡᠳ  ᠵᠠᠰᠠᠭ᠎ᠤᠨ ᠣᠷᠳᠣᠨ᠎ᠤ ᠲᠣᠰ ᠪᠡᠶ᠎ᠡ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠡᠭᠦᠷᠭᠡ ᠴᠢᠳᠠᠪᠬᠢ᠎ᠪᠠᠨ  ᠦᠨᠡᠨ ᠬᠦ᠌ ᠬᠤᠪᠢᠷᠠᠭᠤᠯᠵᠤ ᠦᠢ᠍ᠯᠡᠳᠦᠯ ᠵᠶ᠋ᠠᠨ  ᠳᠡᠭᠡᠭᠰᠢᠯᠡᠭᠦᠯᠬᠦ ᠵᠢᠨ ᠪᠠᠢ᠌ᠪᠠᠰᠤ ᠵᠣᠬᠢᠬᠤ ᠠᠭᠤᠯᠭ᠎ᠠ ᠮᠥᠨ᠃  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠳᠠᠬᠢ  ᠤᠯᠠᠨ ᠲᠦᠮᠡᠨ ᠪᠠ ᠠᠵᠤ ᠠᠬᠤᠢ᠌ᠯᠠᠯ᠎ᠤᠳ᠎ᠤᠨ ᠲᠠᠰᠤᠷᠠᠯᠲᠠ ᠦᠭᠡᠢ ᠥᠨᠳᠥᠷᠵᠢᠭᠰᠡᠨ  ᠱᠠᠭ᠋ᠠᠷᠳᠠᠯᠭ᠎ᠠ᠎ᠳᠤ ᠵᠣᠬᠢᠴᠠᠭᠤᠯᠤᠨ᠂ 《  ᠥᠨᠳᠥᠷ ᠪᠦᠲᠦᠮᠵᠢᠲᠡᠢ᠎ᠪᠠᠷ ᠨᠢᠭᠡ ᠶᠠᠪᠤᠳᠠᠯ᠎ᠢ ᠪᠦᠲᠦᠭᠡᠬᠦ 》  ᠰᠠᠢ᠌ᠨ ᠠᠷᠭ᠎ᠠ ᠵᠢ ᠨᠡᠩ ᠣᠯᠠᠨ ᠭᠠᠷᠭ᠋ᠠᠵᠤ᠂ ᠤᠯᠠᠨ ᠲᠦᠮᠡᠨ ᠪᠠ ᠠᠵᠤ ᠠᠬᠤᠢ᠌ᠯᠠᠯ᠎ᠳᠤ ᠵᠢᠯ ᠪᠣᠯᠭ᠋ᠠᠨ ᠦᠨᠡᠨ ᠪᠣᠳᠠᠲᠠᠢ ᠬᠤᠪᠢᠷᠠᠯᠲᠠ ᠵᠢ ᠮᠡᠳᠡᠷᠡᠭᠦᠯᠬᠦ ᠬᠡᠷᠡᠭᠲᠡᠢ ᠃ ᠪᠥᠬᠥ ᠤᠯᠤᠰ᠎ᠤᠨ ᠨᠢᠭᠡ ᠴᠣᠭᠴᠠᠵᠢᠭᠤᠯᠤᠭᠰᠠᠨ  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠠᠪᠴᠠᠩ᠎ᠳᠤ ᠲᠦᠰᠢᠭᠯᠡᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠳᠦᠯ ᠵᠶ᠋ᠡᠨ ᠪᠠᠢ᠌ᠩᠭᠤ ᠳᠡᠭᠡᠭᠰᠢᠯᠡᠭᠦᠯᠬᠦ ᠵᠢ ᠠᠬᠢᠭᠤᠯᠵᠤ ᠂ ᠲᠣᠭᠲᠠᠴᠠ ᠵᠢ ᠤᠯᠠᠮ ᠲᠡᠭᠦᠯᠳᠡᠷᠵᠢᠭᠦᠯᠦᠨ᠂ ᠶᠠᠪᠤᠴᠠ ᠵᠢ ᠤᠯᠠᠮ  ᠰᠢᠯᠢᠳᠡᠭᠵᠢᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ᠎ᠠᠴᠠ ᠭᠠᠳᠠᠨᠠᠬᠢ  ᠦᠢ᠍ᠯᠡᠴᠢᠯᠡᠭᠡᠨ᠎ᠤ ᠠᠷᠭ᠎ᠠ ᠵᠢ  ᠪᠦᠷᠢᠨᠰᠢᠭᠦᠯᠵᠦ᠂ ᠲᠣᠮᠣ ᠳ᠋ᠠᠢ᠌ᠲ᠋ᠠ᠂ ᠬᠢᠮᠡᠯ ᠣᠶᠣᠨ  ᠵᠡᠷᠭᠡ ᠰᠢᠨ᠎ᠡ ᠮᠡᠷᠭᠡᠵᠢᠯ᠎ᠢ ᠭᠦᠢ᠍ᠴᠡᠳ ᠬᠡᠷᠡᠭᠯᠡᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠥᠮᠴᠢᠯᠡᠯᠲᠡ ᠵᠢᠨ  ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ  ᠭᠡᠵᠡᠢ᠃

 

ᠢᠷᠡᠯᠲᠡ᠄ ᠥᠪᠥᠷ ᠮᠣᠩᠭᠤᠯ᠎ᠤᠨ ᠵᠠᠰᠠᠭ᠎ᠤᠨ ᠣᠷᠳᠣᠨ