ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠶᠣᠰᠣᠯᠠᠯ ᠶᠠᠪᠤᠭᠤᠯᠪᠠ ᠰᠢ ᠵᠢᠨ ᠫᠢᠩ ᠵᠠᠷᠯᠢᠭ᠎ᠤᠨ ᠪᠢᠴᠢᠭ ᠭᠠᠷᠳᠠᠭᠤᠯᠤᠭᠰᠠᠨ ᠪᠥᠭᠡᠳ ᠴᠣᠯᠠ᠎ᠳᠤ ᠳᠡᠪᠰᠢᠭᠰᠡᠨ ᠣᠹᠢᠼᠧᠷ᠎ᠲᠤ ᠪᠠᠶᠠᠷ ᠬᠦᠷᠭᠡᠵᠡᠢ
2023-12-26

     ᠰᠢᠨᠬᠤᠸᠠ ᠬᠣᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 25᠎ᠤ ᠴᠠᠬᠢᠯᠭ᠋ᠠᠨ ᠮᠡᠳᠡᠭᠡ   ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠶᠣᠰᠣᠯᠠᠯ 25᠎ᠤ ᠡᠳᠦᠷ ᠪᠡᠭᠡᠵᠢᠩ᠎ᠤᠨ ᠪᠠ ᠢ ᠶᠡᠬᠡ ᠠᠰᠠᠷ᠎ᠲᠤ ᠶᠠᠪᠤᠭᠳᠠᠪᠠ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠣᠯᠠ᠎ᠳᠤ ᠳᠡᠪᠰᠢᠭᠦᠯᠬᠦ ᠶᠣᠰᠣᠯᠠᠯ᠎ᠳᠤ ᠣᠷᠣᠯᠴᠠᠵᠠᠢ᠃


dd6ce31e01833915038824452162e53.jpg


    12 ᠰᠠᠷ᠎ᠠ ᠵᠢᠨ 25᠎ᠤ ᠡᠳᠦᠷ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠶᠣᠰᠣᠯᠠᠯ ᠪᠡᠭᠡᠵᠢᠩ᠎ᠤᠨ ᠪᠠ ᠢ ᠶᠡᠬᠡ ᠠᠰᠠᠷ᠎ᠲᠤ ᠶᠠᠪᠤᠭᠳᠠᠪᠠ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ ᠴᠣᠯᠠ᠎ᠳᠤ ᠳᠡᠪᠰᠢᠭᠦᠯᠬᠦ ᠶᠣᠰᠣᠯᠠᠯ᠎ᠳᠤ ᠣᠷᠣᠯᠴᠠᠵᠠᠢ᠃ ᠵᠢᠷᠤᠭ ᠪᠣᠯ᠂ ᠰᠢ ᠵᠢᠨ ᠫᠢᠩ ᠵᠡᠷᠭᠡ ᠤᠳᠤᠷᠢᠳᠬᠤ ᠨᠥᠬᠥᠳ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ ᠣᠹᠢᠼᠧᠷ᠎ᠲᠠᠢ ᠬᠠᠮᠲᠤ ᠵᠢᠨ ᠭᠡᠷᠡᠯ ᠵᠢᠷᠤᠭ ᠲᠠᠲᠠᠭᠤᠯᠵᠤ ᠪᠠᠢ᠌ᠭ᠎ᠠ᠎ᠨᠢ᠃   ᠰᠢᠨᠬᠤᠸᠠ ᠬᠣᠷᠢᠶ᠎ᠠ ᠵᠢᠨ ᠰᠤᠷᠪᠤᠯᠵᠢᠯᠠᠭᠴᠢ ᠯᠢ ᠭᠠᠩ ᠰᠡᠭᠦᠳᠡᠷᠯᠡᠪᠡ᠃

     ᠦᠳᠡ ᠵᠢᠨ ᠡᠮᠦᠨᠡᠬᠢ 11 ᠴᠠᠭ᠎ᠤᠨ ᠦᠶ᠎ᠡ᠎ᠪᠠᠷ᠂ ᠴᠣᠯᠠ᠎ᠳᠤ ᠳᠡᠪᠰᠢᠭᠦᠯᠬᠦ ᠶᠣᠰᠣᠯᠠᠯ ᠰᠦᠷ ᠵᠢᠪᠬᠤᠯᠠᠩᠲᠤ ᠤᠯᠤᠰ᠎ᠤᠨ ᠰᠦᠯᠳᠡ ᠳᠠᠭᠤᠤ ᠵᠢᠨ ᠳᠤᠮᠳᠠ ᠡᠬᠢᠯᠡᠪᠡ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠳᠡᠳ᠋ ᠲᠡᠷᠢᠭᠦᠯᠡᠭᠴᠢ ᠵᠠᠩ ᠶᠢᠦ ᠰᠢᠶᠠ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ᠎ᠤᠨ ᠭᠠᠷ᠎ᠤᠨ ᠦᠰᠦᠭ ᠵᠢᠷᠤᠭᠰᠠᠨ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠦᠯᠬᠦ ᠵᠠᠷᠯᠢᠭ᠎ᠢ ᠤᠩᠰᠢᠨ ᠨᠡᠢ᠌ᠲᠡᠯᠡᠪᠡ᠃ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠳᠡᠳ᠋ ᠲᠡᠷᠢᠭᠦᠯᠡᠭᠴᠢ ᠾᠧ ᠸᠧᠢ ᠳ᠋ᠦᠩ ᠴᠣᠯᠠ᠎ᠳᠤ ᠳᠡᠪᠰᠢᠭᠦᠯᠬᠦ ᠶᠣᠰᠣᠯᠠᠯ᠎ᠢ ᠡᠷᠬᠢᠯᠡᠪᠡ᠃

     ᠡᠨᠡ ᠤᠳᠠᠭ᠎ᠠ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ ᠣᠹᠢᠼᠧᠷ ᠪᠣᠯ᠄ ᠡᠮᠦᠨᠡᠳᠦ ᠬᠡᠰᠡᠭ᠎ᠤᠨ ᠪᠠᠢ᠌ᠯᠳᠤᠭ᠋ᠠᠨ᠎ᠤ ᠲᠣᠭᠣᠷᠢᠭ᠎ᠤᠨ ᠺᠣᠮᠢᠰᠰᠠᠷ ᠸᠠᠩ ᠸᠧᠨ ᠴᠢᠤᠸᠠᠨ᠂ ᠳᠠᠯᠠᠢ ᠵᠢᠨ ᠴᠡᠷᠢᠭ᠎ᠤᠨ ᠰᠧᠯᠢᠩ ᠬᠤ᠌ ᠵᠥᠩ ᠮᠢᠩ ᠪᠣᠯᠣᠨ᠎ᠠ᠃

     ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ 2 ᠣᠹᠢᠼᠧᠷ ᠴᠣᠭ ᠵᠣᠯᠢ ᠪᠠᠳᠠᠷᠠᠩᠭᠤᠢ᠎ᠪᠠᠷ ᠲᠡᠷᠢᠭᠦᠯᠡᠭᠴᠢ ᠵᠢᠨ ᠲᠠᠢ᠌ᠰᠠᠨ᠎ᠤ ᠡᠮᠦᠨ᠎ᠡ᠎ᠤᠨ ᠬᠥᠷᠪᠡ᠃ ᠰᠢ ᠵᠢᠨ ᠫᠢᠩ ᠲᠡᠳᠡᠨ᠎ᠳᠤ ᠵᠠᠷᠯᠢᠭ᠎ᠤᠨ ᠪᠢᠴᠢᠭ ᠭᠠᠷᠳᠠᠭᠤᠯᠵᠤ᠂ ᠪᠠᠶᠠᠷ ᠬᠦᠷᠭᠡᠵᠦ ᠪᠠᠢ᠌ᠬᠤ᠎ᠪᠠᠨ ᠢᠯᠡᠳᠬᠡᠪᠡ᠃ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ ᠵᠢᠨ ᠮᠥᠷᠥᠨ᠎ᠤ ᠲᠡᠮᠳᠡᠭ᠎ᠢ ᠵᠡᠭᠦᠭᠰᠡᠨ 2 ᠣᠹᠢᠼᠧᠷ ᠰᠢ ᠵᠢᠨ ᠫᠢᠩ᠎ᠳᠤ ᠶᠣᠰᠣᠯᠠᠵᠤ᠂ ᠶᠣᠰᠣᠯᠠᠯ᠎ᠳᠤ ᠣᠷᠣᠯᠴᠠᠭᠰᠠᠨ ᠪᠥᠬᠥ ᠨᠥᠬᠥᠳ᠎ᠲᠤ ᠶᠣᠰᠣᠯᠠᠭᠰᠠᠨ᠎ᠳᠤ ᠲᠠᠯᠠᠪᠠᠢ ᠳᠠᠶᠠᠭ᠋ᠠᠷ ᠨᠢᠵᠢᠭᠢᠨᠡᠲᠡᠯ᠎ᠡ ᠠᠯᠠᠭ᠎ᠠ ᠲᠠᠰᠢᠵᠠᠭ᠋ᠠᠪᠠ᠃

     ᠴᠣᠯᠠ᠎ᠳᠤ ᠳᠡᠪᠰᠢᠭᠦᠯᠬᠦ ᠶᠣᠰᠣᠯᠠᠯ ᠬᠠᠩᠭᠢᠨᠠᠮ᠎ᠠ ᠬᠦᠴᠦᠲᠡᠢ ᠴᠡᠷᠢᠭ᠎ᠤᠨ ᠳᠠᠭᠤᠤ ᠵᠢᠨ ᠳᠤᠮᠳᠠ ᠲᠡᠭᠦᠰᠪᠡ᠃ ᠳᠠᠷᠠᠭ᠎ᠠ᠎ᠨᠢ᠂ ᠰᠢ ᠵᠢᠨ ᠫᠢᠩ ᠵᠡᠷᠭᠡ ᠤᠳᠤᠷᠢᠳᠬᠤ ᠨᠥᠬᠥᠳ ᠬᠤᠷᠠᠩᠳᠠ ᠭᠧᠨᠧᠷᠠᠯ᠎ᠤᠨ ᠴᠡᠷᠢᠭ᠎ᠤᠨ ᠴᠣᠯᠠ᠎ᠳᠤ ᠳᠡᠪᠰᠢᠭᠰᠡᠨ ᠣᠹᠢᠼᠧᠷ᠎ᠲᠠᠢ ᠬᠠᠮᠲᠤ ᠵᠢᠨ ᠭᠡᠷᠡᠯ ᠵᠢᠷᠤᠭ ᠲᠠᠲᠠᠭᠤᠯᠪᠠ᠃

     ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠭᠡᠰᠢᠭᠦᠨ ᠯᠢᠦ ᠵᠧᠨ ᠯᠢ᠂ ᠮᠢᠶᠣᠤ ᠬᠤᠸᠠ᠂ ᠵᠠᠩ ᠱᠧᠩ ᠮᠢᠨ᠂ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠭ᠎ᠠ ᠵᠢᠨ ᠡᠯ᠎ᠡ ᠰᠠᠯᠠᠭ᠎ᠠ ᠮᠥᠴᠢᠷ᠂ ᠪᠡᠭᠡᠵᠢᠩ᠎ᠳᠤ ᠰᠠᠭᠤᠭ᠎ᠠ ᠴᠡᠷᠢᠭ ᠠᠩᠭᠢ ᠵᠢᠨ ᠬᠣᠯᠪᠣᠭᠳᠠᠯ ᠪᠦᠬᠦᠢ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠨᠥᠬᠥᠳ ᠴᠣᠯᠠ᠎ᠳᠤ ᠳᠡᠪᠰᠢᠭᠦᠯᠬᠦ ᠶᠣᠰᠣᠯᠠᠯ᠎ᠳᠤ ᠣᠷᠣᠯᠴᠠᠵᠠᠢ᠃

 

ᠢᠷᠡᠯᠲᠡ᠄ ᠥᠪᠥᠷ ᠮᠣᠩᠭᠤᠯ᠎ᠤᠨ ᠡᠳᠦᠷ᠎ᠤᠨ ᠰᠣᠨᠢᠨ