ᠰᠢᠨᠬᠤᠸᠠ ᠬᠣᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 20᠎ᠤ ᠴᠠᠭᠢᠯᠭ᠋ᠠᠨ ᠮᠡᠳᠡᠭᠡ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ 19᠎ᠠᠴᠠ 20᠎ᠤ ᠡᠳᠦᠷ ᠪᠤᠯᠲᠠᠯ᠎ᠠ ᠪᠡᠭᠡᠵᠢᠩ᠎ᠳᠤ ᠬᠤᠷᠠᠯᠳᠤᠪᠠ ᠃ ᠬᠤᠷᠠᠯ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠶᠡᠷᠦᠩᠬᠡᠢ ᠱᠦᠵᠢ ᠰᠢ ᠵᠢᠨ ᠫᠢᠩ᠎ᠤᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠣᠳᠣᠬᠠᠨ᠎ᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠳᠤ ᠲᠤᠯᠭ᠋ᠠᠷᠠᠵᠤ ᠪᠠᠢ᠌ᠭ᠎ᠠ ᠪᠠᠢ᠌ᠳᠠᠯ ᠪᠣᠯᠣᠨ ᠥᠷᠢᠰᠦᠯᠳᠦᠭᠡᠨ᠎ᠢ ᠵᠠᠳᠠᠯᠵᠤ ᠂ 2024 ᠣᠨ᠎ᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠢ ᠪᠠᠢ᠌ᠷᠢᠯᠠᠭᠤᠯᠪᠠ ᠃
ᠨᠠᠮ᠎ᠤᠨ ᠲᠥᠪ ᠬᠣᠷᠢᠶ᠎ᠠ ᠡᠨᠡ ᠤᠳᠠᠭ᠎ᠠ ᠵᠢᠨ ᠬᠤᠷᠠᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠪᠠ ᠃ ᠬᠤᠷᠠᠯ᠎ᠠᠴᠠ ᠡᠮᠦᠨ᠎ᠡ ᠂ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠪᠠᠢ᠌ᠩᠭᠤ ᠵᠢᠨ ᠬᠣᠷᠢᠶ᠎ᠠ ᠵᠢᠨ ᠬᠤᠷᠠᠯ᠎ᠠᠴᠠ ᠡᠨᠡ ᠤᠳᠠᠭ᠎ᠠ ᠵᠢᠨ ᠬᠤᠷᠠᠯ᠎ᠢ ᠰᠠᠢ᠌ᠲᠤᠷ ᠬᠤᠷᠠᠯᠳᠤᠭᠤᠯᠬᠤ ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠢ ᠰᠠᠢ᠌ᠲᠤᠷ ᠬᠢᠬᠦ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ ᠃
ᠨᠠᠮ᠎ᠤᠨ ᠲᠥᠪ ᠬᠣᠷᠢᠶ᠎ᠠ ᠵᠢᠨ ᠶᠡᠷᠦᠩᠬᠡᠢ ᠱᠦᠵᠢ ᠂ ᠤᠯᠤᠰ᠎ᠤᠨ ᠲᠡᠷᠢᠭᠦᠯᠡᠭᠴᠢ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭᠴᠢ ᠰᠢ ᠵᠢᠨ ᠫᠢᠩ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠳᠤ ᠴᠢᠬᠤᠯᠠ ᠵᠢᠭ᠋ᠠᠪᠤᠷᠢ ᠥᠭᠴᠡᠢ ᠃ ᠰᠢ ᠵᠢᠨ ᠫᠢᠩ᠂ 2023 ᠣᠨ᠎ᠳᠤ ᠂ ᠪᠢᠳᠡ ᠨᠡᠯᠢᠶᠡᠳ ᠬᠦᠨᠳᠦ ᠨᠣᠴᠢᠲᠠᠢ ᠪᠠᠢ᠌ᠭ᠋ᠠᠯᠢ ᠵᠢᠨ ᠭᠠᠮᠰᠢᠭ ᠵᠡᠷᠭᠡ ᠠᠯᠢ ᠣᠯᠠᠨ ᠠᠰᠢᠭ ᠦᠭᠡᠢ ᠨᠥᠯᠥᠭᠡ ᠵᠢ ᠢᠯᠡᠨ ᠳᠠᠪᠠᠵᠤ ᠂ ᠠᠮᠤ ᠪᠤᠳᠠᠭ᠋ᠠᠨ᠎ᠤ ᠤᠨᠠᠯᠲᠠ ᠳᠠᠬᠢᠨᠲᠠ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ ᠂ ᠲᠠᠷᠢᠶᠠᠴᠢᠳ᠎ᠤᠨ ᠣᠷᠣᠯᠭ᠎ᠠ ᠨᠡᠯᠢᠶᠡᠳ ᠲᠦᠷᠭᠡᠨ ᠨᠡᠮᠡᠭᠳᠡᠵᠦ ᠂ ᠬᠥᠳᠡᠭᠡ ᠲᠣᠰᠬᠣᠨ᠎ᠤ ᠨᠡᠢ᠌ᠭᠡᠮ ᠡᠶ᠎ᠡ ᠵᠣᠬᠢᠴᠠᠩᠭᠤᠢ ᠲᠣᠭᠲᠠᠭᠤᠨ ᠪᠠᠢ᠌ᠨ᠎ᠠ ᠃ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠡᠷᠬᠡᠪᠰᠢ ᠬᠥᠳᠡᠭᠡ ᠠᠵᠤ ᠠᠬᠤᠢ ᠵᠢᠨ ᠰᠠᠭᠤᠷᠢ ᠵᠢ ᠴᠥᠬᠥᠷᠡᠰᠢ ᠦᠭᠡᠢ ᠪᠡᠬᠢᠵᠢᠭᠦᠯᠵᠦ ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ ᠃ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠤᠯᠭ᠋ᠠᠵᠤ ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶ᠎ᠠ ᠵᠢᠨ ᠬᠣᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠬᠥᠳᠡᠭᠡ ᠠᠵᠤ ᠠᠬᠤᠢ ᠵᠢᠨ ᠬᠦᠴᠦᠷᠬᠡᠭ ᠤᠯᠤᠰ᠎ᠢ ᠪᠦᠲᠦᠭᠡᠨ ᠪᠠᠢ᠌ᠭᠤᠯᠬᠤ ᠬᠠᠷᠠᠯᠲᠠ ᠵᠢ ᠣᠨᠢᠯᠠᠵᠤ ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠪᠠᠷ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠤᠨ ᠶᠡᠷᠦᠩᠬᠡᠢ ᠭᠠᠷᠳᠠᠴᠠ ᠪᠤᠯᠭ᠋ᠠᠵᠤ ᠂ 《ᠮᠢᠩᠭ᠎ᠠ ᠲᠦᠮᠡ ᠵᠢᠨ ᠢᠨᠵᠧᠨᠧᠷᠢᠩ 》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠂ ᠭᠠᠵᠠᠷ ᠣᠷᠣᠨ᠎ᠤ ᠪᠠᠢ᠌ᠳᠠᠯᠳᠤᠨᠢ ᠲᠣᠬᠢᠷᠠᠭᠤᠯᠤᠨ ᠂ ᠲᠥᠷᠥᠯ ᠬᠤᠪᠢᠶᠠᠨ ᠠᠷᠭ᠎ᠠ ᠪᠣᠳᠣᠯᠭ᠎ᠠ ᠬᠡᠷᠡᠭᠵᠢᠭᠦᠯᠵᠦ ᠂ ᠠᠯᠬᠤᠮ ᠳᠠᠷᠠᠭ᠎ᠠ᠎ᠲᠠᠢ᠎ᠪᠠᠷ ᠤᠷᠤᠭᠰᠢᠯᠠᠨ ᠂ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠯ ᠴᠢᠷᠮᠠᠢ᠌ᠯᠭ᠎ᠠ ᠭᠠᠷᠭ᠋ᠠᠵᠤ ᠂ ᠬᠦᠴᠦᠨ ᠵᠶ᠋ᠡᠨ ᠲᠥᠪᠯᠡᠷᠡᠭᠦᠯᠦᠨ ᠣᠯᠠᠨ ᠲᠦᠮᠡᠨ᠎ᠳᠤ ᠮᠡᠳᠡᠭᠳᠡᠲᠡᠯᠡ ᠣᠯᠵᠤ ᠬᠠᠷᠠᠭᠳᠠᠬᠤ ᠨᠢᠭᠡ ᠪᠦᠯᠦᠭ ᠪᠣᠳᠠᠲᠤ ᠶᠠᠪᠤᠳᠠᠯ᠎ᠢ ᠰᠠᠢ᠌ᠲᠤᠷ ᠠᠳᠬᠤᠬᠤ ᠬᠡᠷᠡᠭᠲᠡᠢ ᠃ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠨᠠᠮ ᠵᠠᠰᠠᠭ ᠠᠳᠠᠯᠢ ᠬᠠᠷᠢᠭᠤᠴᠠᠯᠭ᠎ᠠ ᠡᠭᠦᠷᠭᠡᠯᠡᠬᠦ ᠵᠢ ᠪᠦᠭᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠲᠠᠷᠢᠮᠠᠯ᠎ᠤᠨ ᠲᠠᠯᠠᠪᠠᠢ ᠵᠢ ᠲᠣᠭᠲᠠᠭᠤᠨ ᠪᠠᠢ᠌ᠯᠭ᠋ᠠᠬᠤ ᠂ ᠮᠦ᠍ ᠨᠢᠭᠡᠴᠢ ᠵᠢᠨ ᠤᠨᠠᠯᠲᠠ ᠵᠢ ᠨᠡᠮᠡᠭᠳᠡᠭᠦᠯᠬᠦ ᠬᠣᠶᠠᠷ ᠲᠠᠯ᠎ᠠ᠎ᠪᠠᠷ ᠬᠦᠴᠦᠯᠡᠬᠦ ᠵᠢ ᠪᠠᠷᠢᠮᠲᠠᠯᠠᠬᠤ ᠬᠡᠷᠡᠭᠲᠡᠢ ᠃ ᠬᠠᠮ ᠬᠥᠳᠡᠭᠡ ᠠᠵᠤ ᠠᠬᠤᠢ ᠵᠢᠨ ᠦᠵᠡᠯᠲᠡ ᠂ ᠬᠠᠮ ᠢᠳᠡᠭᠡᠨ᠎ᠤ ᠦᠵᠡᠯᠲᠡ ᠵᠢ ᠪᠤᠢ ᠪᠤᠯᠭ᠋ᠠᠵᠥ ᠂ ᠲᠠᠷᠢᠶᠠᠯᠠᠩ ᠤᠢ ᠰᠢᠭᠤᠢ ᠮᠠᠯ ᠠᠵᠤ ᠠᠬᠤᠢ ᠵᠢᠭ᠋ᠠᠰᠤᠨ ᠠᠵᠤ ᠠᠬᠤᠢ ᠵᠢ ᠵᠡᠷᠭᠡ᠎ᠪᠠᠷ ᠬᠥᠭᠵᠢᠭᠦᠯᠵᠦ ᠂ ᠤᠯᠠᠨ ᠡᠰᠢᠵᠢᠭᠰᠡᠨ ᠢᠳᠡᠭᠡᠨ᠎ᠤ ᠬᠠᠩᠭ᠋ᠠᠯᠭ᠎ᠠ ᠵᠢᠨ ᠰᠢᠰᠲ᠋ᠧᠮ᠎ᠢ ᠪᠠᠢ᠌ᠭᠤᠯᠬᠤ ᠬᠡᠷᠡᠭᠲᠡᠢ ᠃ ᠲᠠᠷᠢᠶᠠᠨ ᠭᠠᠵᠠᠷ ᠭᠡᠬᠦ ᠡᠨᠡ ᠬᠦ᠌ ᠠᠮᠢᠨ ᠰᠤᠳᠠᠰᠤ ᠵᠢ ᠪᠠᠲᠤ ᠰᠠᠬᠢᠵᠤ ᠂ ᠲᠠᠷᠢᠶᠠᠨ ᠭᠠᠵᠠᠷ᠎ᠢ ᠳᠤᠷ᠎ᠠ᠎ᠪᠠᠷ ᠵᠶ᠋ᠠᠨ ᠡᠵᠡᠯᠡᠬᠦ ᠂ ᠲᠠᠷᠢᠶᠠᠨ ᠭᠠᠵᠠᠷ᠎ᠢ ᠡᠪᠳᠡᠬᠦ ᠬᠠᠤᠯᠢ᠎ᠠᠴᠠ ᠵᠥᠷᠢᠴᠡᠭᠰᠡᠨ ᠠᠵᠢᠯᠯᠠᠭ᠎ᠠ ᠵᠢ ᠡᠷᠡᠰ ᠴᠡᠭᠴᠡᠯᠡᠨ ᠵᠠᠰᠠᠵᠤ ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢ᠌ᠭᠤᠯᠤᠯᠲᠠ ᠵᠢᠨ ᠣᠷᠣᠭᠤᠯᠤᠯᠲᠠ ᠪᠠ ᠬᠠᠮᠢᠶᠠᠷᠤᠨ ᠬᠠᠮᠠᠭ᠋ᠠᠯᠠᠬᠤ ᠡᠷᠴᠢᠮ ᠵᠶ᠋ᠡᠨ ᠴᠢᠩᠭ᠋ᠠᠷᠠᠭᠤᠯᠵᠤ ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠪᠠᠲᠤᠯᠠᠭ᠎ᠠ᠎ᠲᠠᠢ ᠂ ᠶᠠᠰᠤ ᠴᠢᠨᠠᠷ ᠳᠡᠭᠡᠭᠰᠢᠯᠡᠯᠲᠡ᠎ᠲᠠᠢ ᠪᠠᠢ᠌ᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ ᠪᠣᠯᠣᠨ ᠥᠭᠡᠷᠡᠴᠢᠯᠡᠯᠲᠡ ᠵᠢᠨ ᠬᠣᠣᠰ ᠬᠥᠳᠡᠯᠭᠡᠭᠦᠷ᠎ᠢ ᠴᠢᠩᠭ᠋ᠠᠳᠬᠠᠵᠤ ᠂ ᠭᠣᠣᠯᠯᠠᠬᠤ ᠮᠡᠷᠭᠡᠵᠢᠯ᠎ᠤᠨ ᠪᠣᠭᠣᠮᠲᠠ ᠰᠢᠪᠲᠤᠯᠬᠤ ᠡᠷᠴᠢᠮ᠎ᠢ ᠴᠢᠩᠭ᠋ᠠᠷᠠᠭᠤᠯᠵᠤ ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠤᠨ ᠪᠠᠢ᠌ᠭᠤᠯᠤᠮᠵᠢ ᠲᠣᠭᠲᠠᠴᠠ ᠵᠢ ᠥᠭᠡᠷᠡᠴᠢᠯᠡᠨ ᠲᠡᠭᠦᠯᠳᠡᠷᠵᠢᠭᠦᠯᠵᠦ ᠂ ᠬᠥᠳᠡᠭᠡ ᠠᠵᠤ ᠠᠬᠤᠢ ᠵᠢᠨ ᠣᠳᠣᠬᠢᠴᠢᠯᠠᠯᠲᠠ᠎ᠳᠤ ᠬᠥᠳᠡᠯᠭᠡᠬᠦ ᠬᠦᠴᠦᠨ ᠪᠠ ᠠᠮᠢᠵᠢᠷᠠᠯ᠎ᠤᠨ ᠬᠦᠴᠦᠨ ᠨᠡᠮᠡᠷᠢᠯᠡᠬᠦ ᠬᠡᠷᠡᠭᠲᠡᠢ ᠃ ᠭᠠᠮᠰᠢᠭ᠎ᠤᠨ ᠳᠠᠷᠠᠭ᠋ᠠᠬᠢ ᠰᠡᠷᠭᠦᠭᠡᠨ ᠳᠠᠭᠢᠨ ᠪᠦᠲᠦᠭᠡᠨ ᠪᠠᠢ᠌ᠭᠤᠯᠬᠤ ᠠᠵᠢᠯ᠎ᠢ ᠰᠠᠢ᠌ᠲᠤᠷ ᠠᠳᠬᠤᠵᠤ ᠂ ᠬᠥᠳᠡᠭᠡ ᠠᠵᠤ ᠠᠬᠤᠢ ᠵᠢᠨ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠴᠢᠳᠠᠪᠤᠷᠢ ᠵᠢ ᠪᠦᠭᠦ ᠲᠠᠯ᠎ᠠ᠎ᠪᠠᠷ ᠳᠡᠭᠡᠭᠰᠢᠯᠡᠭᠦᠯᠭᠦ ᠬᠡᠷᠡᠭᠲᠡᠢ ᠃ ᠬᠡᠪᠴᠢᠶᠡᠵᠢᠯ᠎ᠤᠨ ᠴᠢᠨᠠᠷᠲᠠᠢ ᠳᠠᠭᠢᠨ ᠶᠠᠳᠠᠭᠤᠷᠠᠯ ᠡᠭᠦᠰᠬᠦ ᠦᠭᠡᠢ ᠪᠠᠢ᠌ᠬᠤ ᠵᠢ ᠪᠠᠲᠤᠯᠠᠵᠤ ᠂ ᠳᠠᠭᠢᠨ ᠶᠠᠳᠠᠭᠤᠷᠠᠬᠤ ᠵᠢ ᠰᠡᠷᠭᠡᠢ᠌ᠯᠡᠬᠦ ᠬᠢᠨᠠᠨ ᠬᠡᠮᠵᠢᠯᠲᠡ ᠵᠢ ᠰᠠᠢ᠌ᠲᠤᠷ ᠠᠳᠬᠤᠵᠤ ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠵᠤ ᠂ ᠳᠣᠲᠣᠭ᠋ᠠᠳᠤ ᠬᠥᠳᠡᠯᠭᠡᠬᠦ ᠬᠦᠴᠦᠨ᠎ᠢ ᠴᠢᠩᠭ᠋ᠠᠳᠬᠠᠵᠤ ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠤᠭᠰᠠᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠬᠦ ᠬᠡᠷᠡᠭᠲᠡᠢ ᠃ ᠬᠥᠳᠡᠭᠡ ᠲᠣᠰᠬᠣᠨ᠎ᠤ ᠠᠵᠤ ᠦᠢ᠍ᠯᠡᠰ᠎ᠤᠨ ᠬᠥᠭᠵᠢᠯᠲᠡ ᠵᠢᠨ ᠲᠦᠪᠰᠢᠨ ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠲᠦᠪᠰᠢᠨ ᠂ ᠬᠥᠳᠡᠭᠡ ᠲᠣᠰᠬᠣᠨ᠎ᠤ ᠵᠠᠰᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠠᠷᠭ᠎ᠠ ᠬᠡᠮᠵᠢᠶ᠎ᠡ ᠵᠢ ᠴᠢᠩᠭ᠋ᠠᠳᠬᠠᠵᠤ ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ᠎ᠳᠤ ᠲᠠᠰᠤᠷᠠᠯᠳᠠ ᠦᠭᠡᠢ ᠪᠣᠳᠠᠲᠤ ᠴᠢᠨᠠᠷᠲᠠᠢ ᠠᠬᠢᠵᠤ ᠱᠠᠲᠤᠴᠢ ᠴᠢᠨᠠᠷᠲᠠᠢ ᠦᠷ᠎ᠡ ᠪᠦᠲᠦᠭᠡᠯ ᠣᠯᠬᠤ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠰᠢ ᠵᠢᠨ ᠫᠢᠩ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠣᠨ ᠵᠠᠰᠠᠭ᠎ᠤᠨ ᠣᠷᠳᠣᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠤᠨ ᠲᠤᠬᠠᠢ ᠨᠠᠮ᠎ᠤᠨ ᠲᠥᠪ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠭᠤᠢ᠌ᠪᠢᠰᠢ ᠦᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠢ ᠤᠷᠢᠳ ᠵᠶ᠋ᠠᠷ ᠬᠥᠭᠵᠢᠭᠦᠯᠬᠦ ᠵᠢ ᠪᠠᠷᠢᠮᠲᠠᠯᠠᠵᠤ ᠂ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ ᠂ ᠬᠠᠷᠢᠭᠤᠴᠠᠯᠭ᠎ᠠ ᠵᠢ ᠮᠥᠷᠥᠨ᠎ᠳᠡᠭᠡᠨ ᠡᠭᠦᠷᠭᠡᠯᠡᠨ ᠂ ᠭᠠᠷ᠎ᠲᠠᠭᠠᠨ ᠠᠳᠬᠤᠵᠤ ᠂ ᠪᠣᠳᠠᠲᠠᠢ᠎ᠲᠠᠢ ᠤᠶᠠᠯᠳᠤᠭᠤᠯᠤᠨ ᠪᠦᠲᠦᠭᠡᠯᠴᠢ ᠴᠢᠨᠠᠷᠲᠠᠢ᠎ᠪᠠᠷ ᠠᠵᠢᠯ ᠵᠶ᠋ᠠᠨ ᠥᠷᠨᠢᠭᠦᠯᠵᠦ ᠂ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠦᠲᠦᠮᠵᠢᠲᠡᠶ ᠠᠬᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠲᠦᠷᠭᠡᠳᠬᠡᠬᠦ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢ ᠨᠠᠩ ᠰᠠᠢ᠌ᠲᠤᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢ ᠤᠯᠠᠮᠵᠢᠯᠠᠨ ᠰᠤᠷᠤᠯᠴᠠᠵᠦ ᠂ 《〈 ᠮᠢᠩᠭ᠋ᠠᠨ ᠲᠣᠰᠬᠣᠨ ᠵᠶ᠋ᠠᠷ ᠵᠢᠱ᠌ᠢᠶ᠎ᠡ ᠦᠵᠡᠭᠦᠯᠵᠦ ᠲᠦᠮᠡᠨ ᠲᠣᠰᠬᠣᠨ᠎ᠢ ᠴᠡᠭᠴᠡᠯᠡᠨ ᠵᠠᠰᠠᠬᠤ 〉 ᠢᠨᠵᠧᠨᠧᠷᠢᠩ᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠵᠦ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠬᠦᠴᠦᠲᠡᠢ ᠪᠦᠲᠦᠮᠵᠢᠲᠡᠢ ᠠᠬᠢᠭᠤᠯᠬᠤ ᠲᠤᠬᠠᠢ ᠨᠠᠮ᠎ᠤᠨ ᠲᠥᠪ ᠬᠣᠷᠢᠶ᠎ᠠ ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠰᠠᠨᠠᠯ ( ᠶᠠᠷᠢᠯᠴᠠᠬᠤ ᠨᠣᠣᠷᠠᠭ ) 》᠎ᠢ ᠶᠠᠷᠢᠯᠴᠠᠪᠠ ᠃ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶ᠎ᠠ ᠵᠢᠨ ᠭᠡᠰᠢᠭᠦᠨ ᠂ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠳᠡᠳ᠋ ᠶᠡᠷᠦᠩᠬᠡᠢ ᠰᠠᠢ᠌ᠳ ᠯᠢᠦ ᠭᠦᠸᠧ ᠵᠦᠩ ᠬᠤᠷᠠᠯ᠎ᠳᠤ ᠣᠷᠣᠯᠴᠠᠵᠤ ᠶᠠᠷᠢᠶ᠎ᠠ ᠲᠠᠯᠪᠢᠪᠠ ᠃
ᠬᠤᠷᠠᠯ᠎ᠠᠴᠠ ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ᠎ᠨᠢ ᠨᠠᠮ ᠪᠣᠯᠣᠨ ᠤᠯᠤᠰ᠎ᠤᠨ ᠠᠵᠢᠯ ᠦᠢ᠍ᠯᠡᠰ᠎ᠤᠨ ᠪᠦᠭᠦ ᠲᠠᠯ᠎ᠠ ᠵᠢᠨ ᠥᠨᠳᠥᠷᠴᠡ᠎ᠠᠴᠠ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠪᠠᠢ᠌ᠯᠳᠤᠬᠤ ᠪᠣᠳᠣᠯᠭ᠎ᠠ ᠵᠢᠨ ᠱᠠᠭ᠋ᠠᠷᠳᠠᠯᠭ᠎ᠠ ᠪᠣᠯᠣᠨ ᠭᠣᠣᠯ ᠰᠢᠪᠲᠤᠯᠤᠯᠲᠠ ᠵᠢᠨ ᠴᠢᠭᠯᠡᠯ᠎ᠢ ᠲᠣᠳᠣᠷᠬᠠᠢ᠌ᠯᠠᠵᠤ ᠂ ᠮᠠᠰᠢ ᠴᠢᠩᠭ᠎ᠠ ᠦᠵᠡᠯ ᠰᠠᠨᠠᠭ᠋ᠠᠨ᠎ᠤ ᠬᠥᠲᠥᠯᠥᠨ ᠳᠠᠭ᠋ᠠᠭᠤᠯᠬᠤ ᠴᠢᠨᠠᠷ ᠂ ᠪᠠᠢ᠌ᠯᠳᠤᠬᠤ ᠪᠣᠳᠣᠯᠭ᠎ᠠ ᠵᠢᠨ ᠵᠢᠯᠤᠭᠣᠳᠬᠤ ᠴᠢᠨᠠᠷ ᠪᠣᠯᠣᠨ ᠠᠬᠤᠢ᠌ᠴᠢ ᠬᠠᠨᠳᠤᠯᠭ᠋ᠠᠲᠤ ᠴᠢᠨᠠᠷᠲᠠᠢ ᠪᠠᠢ᠌ᠵᠤ ᠂ ᠰᠢᠨ᠎ᠡ ᠴᠠᠭ ᠦᠶ᠎ᠡ ᠰᠢᠨ᠎ᠡ ᠠᠶᠠᠨ᠎ᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠢ ᠰᠠᠢ᠌ᠲᠤᠷ ᠬᠢᠬᠦ ᠵᠢᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠪᠣᠯᠣᠨ᠎ᠠ ᠃ ᠡᠷᠬᠡᠪᠰᠢ ᠶᠡᠷᠦᠩᠬᠡᠢ ᠱᠦᠵᠢ ᠰᠢ ᠵᠢᠨ ᠫᠢᠩ᠎ᠤᠨ ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ᠎ᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ 《ᠬᠣᠶᠠᠷ᠎ᠢ ᠲᠣᠭᠲᠠᠭ᠋ᠠᠭᠰᠠᠨ 》᠎ᠢ ᠡᠷᠡᠰ ᠬᠦᠷᠢᠶᠡᠯᠡᠵᠦ ᠂ 《ᠬᠣᠶᠠᠷ᠎ᠢ ᠬᠠᠮᠠᠭ᠋ᠠᠯᠠᠬᠤ 》 ᠵᠢ ᠡᠷᠡᠰ ᠪᠡᠶᠡᠯᠡᠭᠦᠯᠬᠦ ᠤᠯᠤᠰ ᠲᠦᠷᠦ ᠵᠢᠨ ᠥᠨᠳᠥᠷᠴᠡ᠎ᠳᠤ ᠵᠣᠭᠰᠣᠵᠤ ᠂ ᠠᠭᠤᠯᠤᠭᠳᠠᠬᠤᠨ ᠴᠢᠬᠤᠯᠠ ᠠᠭᠤᠯᠭ᠎ᠠ ᠪᠠ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠪᠦᠷᠢᠨ ᠪᠦᠲᠦᠨ ᠵᠥᠪ ᠣᠨᠣᠪᠴᠢᠲᠠᠶ ᠪᠦᠭᠦ ᠲᠠᠯ᠎ᠠ᠎ᠪᠠᠷ ᠡᠵᠡᠮᠳᠡᠵᠦ ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠲᠡᠷᠡ ᠶᠣᠰᠣᠭ᠋ᠠᠷ᠎ᠨᠢ ᠰᠠᠢ᠌ᠲᠤᠷ ᠠᠳᠬᠤᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃
ᠬᠤᠷᠠᠯ᠎ᠠᠴᠠ ᠂ 《ᠮᠢᠩᠭ᠎ᠠ ᠲᠦᠮᠡ ᠵᠢᠨ ᠢᠨᠵᠧᠨᠧᠷᠢᠩ 》᠎ᠳᠤ ᠠᠭᠤᠯᠤᠭᠳᠠᠵᠤ ᠪᠠᠢ᠌ᠭ᠎ᠠ ᠬᠥᠭᠵᠢᠯᠲᠡ ᠵᠢᠨ ᠣᠢ᠌ᠯᠠᠭ᠋ᠠᠭᠳᠠᠬᠤᠨ ᠂ ᠠᠵᠢᠯᠯᠠᠬᠤ ᠠᠷᠭ᠎ᠠ ᠪᠣᠯᠣᠨ ᠠᠬᠢᠭᠤᠯᠬᠤ ᠲᠣᠭᠲᠠᠴᠠ ᠵᠢ ᠰᠤᠷᠤᠯᠴᠠᠨ ᠬᠡᠷᠡᠭᠯᠡᠵᠦ ᠂ ᠲᠠᠷᠢᠶᠠᠴᠢᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ ᠪᠣᠳᠠᠲᠠᠢ ᠠᠰᠠᠭᠤᠳᠠᠯ᠎ᠠᠴᠠ ᠡᠭᠦᠰᠴᠦ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠭᠠᠷᠳᠠᠬᠤ ᠴᠡᠭ᠎ᠢ ᠣᠨᠣᠪᠴᠢᠲᠠᠢ ᠡᠷᠢᠵᠦ ᠂ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠭᠦ ᠬᠡᠷᠡᠭᠲᠡᠢ ᠃ ᠠᠮᠤ ᠪᠤᠳᠠᠭ᠎ᠠ ᠪᠠ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠢ ᠰᠠᠢ᠌ᠲᠤᠷ ᠠᠳᠬᠤᠵᠤ ᠂ ᠠᠮᠤ ᠪᠤᠳᠠᠭ᠎ᠠ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠤᠨ ᠂ ᠠᠮᠤ ᠪᠤᠳᠠᠭ᠋ᠠᠨ᠎ᠤ ᠮᠦ᠍ ᠨᠢᠭᠡᠴᠢ ᠵᠢᠨ ᠤᠨᠠᠯᠲᠠ ᠵᠢ ᠶᠡᠬᠡ ᠬᠡᠪᠴᠢᠶ᠎ᠡ᠎ᠪᠠᠷ ᠳᠡᠭᠡᠭᠰᠢᠯᠡᠭᠦᠯᠭᠦ ᠵᠢ ᠠᠬᠢᠭᠤᠯᠵᠤ ᠂ ᠰᠢᠷ᠎ᠠ ᠪᠤᠷᠴᠠᠭ ᠲᠠᠷᠢᠬᠤ ᠲᠠᠯᠠᠪᠠᠢ ᠵᠢ ᠥᠷᠭᠡᠳᠬᠡᠭᠰᠡᠨ ᠦᠷ᠎ᠡ ᠪᠦᠲᠦᠭᠡᠯ᠎ᠢ ᠪᠡᠬᠢᠵᠢᠭᠦᠯᠵᠦ ᠂ ᠠᠮᠤ ᠪᠤᠳᠠᠭ᠋ᠠᠨ᠎ᠤ ᠦᠢ᠍ᠯᠡᠳᠪᠦᠷᠢᠯᠡᠯ ᠪᠣᠷᠤᠯᠠᠭᠤᠯᠭ᠎ᠠ ᠵᠢᠨ ᠣᠷᠣᠨ᠎ᠤ ᠮᠤᠵᠢ ᠵᠢᠨ ᠬᠣᠭᠣᠷᠣᠨᠳᠣᠭᠢ ᠬᠥᠨᠳᠡᠯᠡᠨ ᠴᠢᠭᠯᠡᠯ᠎ᠤᠨ ᠠᠰᠢᠭ ᠲᠤᠰᠠ ᠵᠢᠨ ᠨᠥᠬᠥᠪᠦᠷᠢ ᠵᠢᠨ ᠲᠣᠭᠲᠠᠴᠠ ᠵᠢ ᠰᠦᠪᠡᠭᠴᠢᠯᠡᠨ ᠪᠠᠢ᠌ᠭᠤᠯᠵᠤ ᠂ ᠲᠠᠷᠢᠶᠠᠯᠠᠩ᠎ᠤᠨ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ ᠠᠵᠢᠯ᠎ᠢ ᠰᠠᠢ᠌ᠲᠤᠷ ᠬᠢᠵᠦ ᠂ 2024 ᠣᠨ᠎ᠤ ᠠᠮᠤ ᠪᠤᠳᠠᠭ᠋ᠠᠨ᠎ᠤ ᠤᠨᠠᠯᠲᠠ ᠵᠢ 1.3 ᠲᠦᠮᠡᠨ ᠳ᠋ᠦᠩᠰᠢᠭᠤᠷ ᠵᠢᠩ᠎ᠠᠴᠠ ᠳᠡᠭᠡᠭᠰᠢ ᠪᠠᠢ᠌ᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠃ ᠲᠠᠷᠢᠶᠠᠨ ᠭᠠᠵᠠᠷ᠎ᠤᠨ ᠬᠠᠮᠠᠭ᠋ᠠᠯᠠᠯᠲᠠ ᠪᠠ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ ᠂ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠂ ᠶᠠᠰᠤ ᠴᠢᠨᠠᠷ ᠂ ᠠᠮᠢ ᠠᠬᠤᠢ 《ᠭᠤᠷᠪᠠ ᠵᠢ ᠨᠢᠭᠡ ᠴᠣᠭᠴᠠᠵᠢᠭᠤᠯᠤᠭᠰᠠᠨ 》 ᠬᠠᠮᠠᠭ᠋ᠠᠯᠠᠯᠲᠠ ᠵᠢᠨ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ ᠂ ᠵᠡᠭᠦᠨ ᠬᠣᠢ᠌ᠲᠤ ᠵᠢᠨ ᠬᠠᠷ᠎ᠠ ᠬᠥᠷᠥᠰᠥᠲᠦ ᠣᠷᠣᠨ ᠂ ᠲᠠᠯ᠎ᠠ ᠭᠠᠵᠠᠷ ᠂ ᠤᠰᠤᠨ ᠠᠰᠢᠭᠯᠠᠯᠲᠠ ᠵᠢᠨ ᠤᠰᠤᠯᠠᠬᠤ ᠨᠥᠬᠥᠴᠡᠯ᠎ᠲᠠᠢ ᠭᠠᠵᠠᠷ ᠣᠷᠣᠨ᠎ᠤ ᠲᠠᠷᠢᠶᠠᠨ ᠭᠠᠵᠠᠷ᠎ᠢ ᠡᠩ ᠲᠡᠷᠢᠭᠦᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠣᠯᠭ᠋ᠠᠨ ᠪᠦᠲᠦᠭᠡᠨ ᠪᠠᠢ᠌ᠭᠤᠯᠵᠤ ᠂ ᠪᠡᠯᠡ ᠣᠷᠣᠭᠤᠯᠤᠯᠲᠠ ᠵᠢᠨ ᠨᠥᠬᠥᠪᠦᠷᠢ ᠵᠢᠨ ᠲᠦᠪᠰᠢᠨ᠎ᠢ ᠵᠣᠬᠢᠰᠲᠠᠢ ᠳᠡᠭᠡᠭᠰᠢᠯᠡᠭᠦᠯᠭᠦ ᠬᠡᠷᠡᠭᠲᠡᠢ ᠃ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠤᠨ ᠪᠠᠢ᠌ᠭᠤᠯᠤᠯᠲᠠ ᠵᠢ ᠲᠡᠮᠵᠢᠵᠤ ᠂ ᠦᠷ᠎ᠡ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯᠯᠠᠭ᠎ᠠ ᠵᠢ ᠲᠦᠷᠭᠡᠳᠬᠡᠨ ᠠᠬᠢᠭᠤᠯᠬᠤ ᠬᠡᠷᠡᠭᠲᠡᠢ ᠃ ᠲᠠᠭᠢᠨ ᠶᠠᠳᠠᠭᠤᠷᠠᠬᠤ ᠵᠢ ᠰᠡᠷᠭᠡᠢ᠌ᠯᠡᠨ ᠬᠣᠷᠢᠭᠯᠠᠬᠤ ᠬᠢᠨᠠᠨ ᠬᠡᠮᠵᠢᠵᠦ ᠬᠠᠪᠰᠤᠷᠤᠨ ᠲᠡᠳᠬᠦᠬᠦ ᠲᠣᠭᠲᠠᠴᠠ ᠵᠢ ᠰᠠᠢ᠌ᠲᠤᠷ ᠨᠠᠢ᠌ᠳᠠᠪᠤᠷᠢᠵᠢᠭᠤᠯᠵᠤ ᠂ ᠠᠵᠤ ᠦᠢ᠍ᠯᠡᠰ ᠪᠠ ᠠᠵᠢᠯ ᠣᠯᠭᠣᠯᠲᠠ ᠵᠢᠨ ᠬᠠᠪᠰᠤᠷᠤᠨ ᠲᠡᠳᠬᠦᠬᠦ ᠪᠣᠳᠠᠲᠤ ᠦᠷ᠎ᠡ ᠪᠦᠲᠦᠮᠵᠢ ᠵᠢ ᠳᠡᠭᠡᠭᠰᠢᠯᠡᠭᠦᠯᠦᠨ ᠂ ᠬᠥᠳᠡᠭᠡ ᠲᠣᠰᠬᠣᠨ᠎ᠤ ᠣᠷᠣᠯᠭ᠎ᠠ ᠪᠠᠭ᠋ᠠᠲᠠᠢ ᠬᠥᠮᠥᠨ ᠠᠮᠠ ᠪᠠ ᠬᠥᠭᠵᠢᠭᠡᠳᠦᠢ ᠭᠠᠵᠠᠷ ᠣᠷᠣᠨ᠎ᠤ ᠪᠠᠢ᠌ᠩᠭᠤ ᠵᠢᠨ ᠴᠢᠨᠠᠷᠲᠠᠢ ᠬᠠᠪᠰᠤᠷᠤᠨ ᠲᠡᠳᠬᠦᠬᠦ ᠲᠣᠭᠲᠠᠴᠠ ᠵᠢ ᠪᠠᠢ᠌ᠭᠤᠯᠬᠤ ᠵᠢ ᠠᠬᠢᠭᠤᠯᠬᠤ ᠬᠡᠷᠡᠭᠲᠡᠢ ᠃ ᠠᠵᠤ ᠦᠢ᠍ᠯᠡᠰ ᠵᠶ᠋ᠡᠷ ᠲᠠᠷᠢᠶᠠᠯᠠᠩ᠎ᠢ ᠬᠥᠭᠵᠢᠭᠦᠯᠬᠦ ᠂ ᠶᠠᠰᠤ ᠴᠢᠨᠠᠷ ᠵᠶ᠋ᠠᠷ ᠲᠠᠷᠢᠶᠠᠯᠠᠩ᠎ᠢ ᠬᠥᠭᠵᠢᠭᠦᠯᠬᠦ ᠂ ᠪᠣᠬᠢᠷᠳᠤᠯ ᠦᠭᠡᠢ᠎ᠪᠠᠷ ᠲᠠᠷᠢᠶᠠᠯᠠᠩ᠎ᠢ ᠬᠥᠭᠵᠢᠭᠦᠯᠬᠦ ᠵᠢ ᠪᠠᠷᠢᠮᠲᠠᠯᠠᠵᠤ ᠂ ᠬᠥᠳᠡᠭᠡ ᠲᠣᠰᠬᠣᠨ᠎ᠤ ᠠᠵᠤ ᠦᠢ᠍ᠯᠡᠰ᠎ᠢ ᠨᠠᠷᠢᠯᠢᠭ ᠣᠨᠣᠴᠠᠲᠠᠢ᠎ᠪᠠᠷ ᠪᠣᠳᠠᠲᠠᠢ ᠵᠢ ᠡᠷᠬᠢᠮᠯᠡᠨ ᠪᠣᠢ᠌ᠵᠢᠭᠤᠯᠵᠤ ᠂ ᠲᠠᠷᠢᠶᠠᠴᠢᠳ᠎ᠲᠠᠢ ᠬᠣᠯᠪᠤᠭ᠋ᠠᠯᠠᠨ ᠲᠠᠷᠢᠶᠠᠴᠢᠳ᠎ᠢ ᠳᠠᠢ᠌ᠴᠢᠯᠠᠬᠤ ᠲᠣᠭᠲᠠᠴᠠ ᠵᠢ ᠲᠡᠭᠦᠯᠳᠡᠷᠵᠢᠭᠦᠯᠵᠦ ᠂ ᠲᠠᠷᠢᠶᠠᠴᠢᠳ᠎ᠤᠨ ᠣᠷᠣᠯᠭ᠎ᠠ ᠵᠢ ᠨᠡᠮᠡᠭᠳᠡᠭᠦᠯᠬᠦ ᠵᠢ ᠠᠬᠢᠭᠤᠯᠬᠤ ᠠᠵᠢᠯᠯᠠᠭ᠎ᠠ ᠵᠢ ᠬᠡᠷᠡᠭᠵᠢᠭᠦᠯᠬᠦ ᠬᠡᠷᠡᠭᠲᠡᠢ ᠃ ᠬᠥᠳᠡᠭᠡ ᠲᠣᠰᠬᠣᠨ᠎ᠤ ᠬᠥᠮᠥᠨ ᠠᠮᠠ ᠵᠢᠨ ᠬᠤᠪᠢᠷᠠᠯᠲᠠ ᠵᠢᠨ ᠬᠠᠨᠳᠤᠰᠢ᠎ᠳᠤ ᠵᠣᠬᠢᠴᠠᠭᠤᠯᠤᠨ ᠂ ᠠᠢ᠌ᠯ ᠲᠣᠰᠬᠣᠨ᠎ᠤ ᠪᠠᠢ᠌ᠷᠢᠰᠢᠯ ᠂ ᠠᠵᠤ ᠦᠢ᠍ᠯᠡᠰ᠎ᠤᠨ ᠪᠦᠲᠦᠴᠡ ᠂ ᠤᠯᠠᠨ ᠨᠡᠢ᠌ᠲᠡ ᠵᠢᠨ ᠦᠢ᠍ᠯᠡᠴᠢᠯᠡᠭᠡᠨ᠎ᠤ ᠲᠣᠬᠢᠷᠠᠭᠤᠯᠤᠯᠲᠠ ᠵᠢ ᠰᠢᠯᠢᠳᠡᠭᠵᠢᠭᠦᠯᠵᠦ ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠯᠠᠪᠳᠠᠭᠤᠨ ᠪᠥᠭᠡᠳ ᠡᠮᠬᠢ ᠵᠢᠷᠤᠮ᠎ᠲᠠᠢ ᠠᠬᠢᠭᠤᠯᠵᠤ ᠂ ᠬᠥᠳᠡᠭᠡ ᠲᠣᠰᠬᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠵᠤ ᠳᠡᠭᠡᠭᠰᠢᠯᠡᠭᠦᠯᠭᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ ᠂ ᠬᠥᠳᠡᠭᠡ ᠲᠣᠰᠬᠣᠨ᠎ᠤ ᠰᠠᠭᠤᠷᠢ ᠲᠥᠬᠦᠭᠡᠷᠦᠮᠵᠢ ᠵᠢᠨ ᠳᠤᠲᠠᠭᠤᠳᠠᠯ᠎ᠢ ᠨᠥᠬᠥᠪᠦᠷᠢᠯᠡᠬᠦ ᠵᠢ ᠠᠬᠢᠭᠤᠯᠬᠤ ᠬᠡᠷᠡᠭᠲᠡᠢ ᠃ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠪᠠ ᠬᠥᠳᠡᠭᠡ ᠲᠣᠰᠬᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠨᠢᠭᠡᠳᠦᠯᠲᠡᠢ ᠲᠥᠯᠥᠪᠵᠢᠭᠦᠯᠵᠦ ᠂ ᠰᠢᠶᠠᠨ᠎ᠤ ᠬᠣᠲᠠ ᠵᠢᠨ ᠶᠡᠷᠦᠩᠬᠡᠢ᠌ᠯᠡᠭᠰᠡᠨ ᠳᠠᠭ᠋ᠠᠭ᠋ᠠᠬᠤ ᠴᠢᠳᠠᠪᠤᠷᠢ ᠪᠠ ᠵᠠᠰᠠᠬᠤ ᠴᠢᠳᠠᠪᠤᠷᠢ ᠵᠢ ᠳᠡᠭᠡᠭᠰᠢᠯᠡᠭᠦᠯᠦᠨ ᠂ ᠰᠢᠶᠠᠨ᠎ᠤ ᠬᠡᠪᠴᠢᠶᠡᠨ᠎ᠤ ᠬᠣᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠠᠬᠢᠭᠤᠯᠬᠤ ᠬᠡᠷᠡᠭᠲᠡᠢ ᠃ ᠬᠥᠳᠡᠭᠡ ᠲᠣᠰᠬᠣᠨ᠎ᠤ ᠵᠠᠰᠠᠯᠲᠠ ᠵᠢᠨ ᠰᠢᠰᠲᠸᠮ᠎ᠢ ᠲᠡᠭᠦᠯᠳᠡᠷᠵᠢᠭᠦᠯᠵᠦ ᠂ ᠨᠠᠮ᠎ᠤᠨ ᠪᠠᠢ᠌ᠭᠤᠯᠤᠯᠲᠠ ᠵᠢ ᠠᠳᠬᠤᠵᠤ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠵᠢ ᠠᠬᠢᠭᠤᠯᠵᠤ ᠂ ᠰᠢᠨ᠎ᠡ ᠴᠠᠭ ᠦᠶ᠎ᠡ ᠵᠢᠨ 《ᠹᠸᠨᠭ᠌ᠴᠢᠶᠤᠤ ᠵᠢᠨ ᠲᠤᠷᠰᠢᠯᠭ᠎ᠠ 》 ᠵᠢ ᠪᠠᠷᠢᠮᠲᠠᠯᠠᠨ ᠬᠥᠭᠵᠢᠭᠦᠯᠵᠦ ᠂ ᠠᠮᠤᠭᠤᠯᠠᠩᠲᠤ ᠬᠥᠳᠡᠭᠡ ᠲᠣᠰᠬᠣᠨ᠎ᠢ ᠪᠦᠲᠦᠭᠡᠨ ᠪᠠᠢ᠌ᠭᠤᠯᠬᠤ ᠬᠡᠷᠡᠭᠲᠡᠢ ᠃ ᠬᠥᠳᠡᠭᠡ ᠲᠣᠰᠬᠣᠨ᠎ᠤ ᠤᠶᠤᠨ᠎ᠤ ᠪᠣᠯᠪᠠᠰᠤᠨ᠎ᠤ ᠪᠠᠢ᠌ᠭᠤᠯᠤᠯᠲᠠ ᠵᠢ ᠶᠡᠬᠡ᠎ᠪᠠᠷ ᠴᠢᠩᠭ᠋ᠠᠳᠬᠠᠵᠤ ᠂ ᠬᠥᠳᠡᠭᠡ ᠲᠣᠰᠬᠣᠨ᠎ᠤ ᠪᠣᠯᠬᠢ ᠳᠠᠳᠬᠠᠯ᠎ᠢ ᠲᠡᠪᠴᠢᠵᠦ ᠰᠢᠨ᠎ᠡ ᠰᠤᠷᠲᠠᠯ᠎ᠢ ᠳᠡᠯᠭᠡᠷᠡᠭᠦᠯᠬᠦ ᠵᠢ ᠦᠷᠭᠦᠯᠵᠢᠯᠡᠨ ᠠᠬᠢᠭᠤᠯᠬᠤ ᠬᠡᠷᠡᠭᠲᠡᠢ ᠃ ᠬᠥᠳᠡᠭᠡ ᠲᠣᠰᠬᠣᠨ᠎ᠤ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠴᠢᠩᠭ᠋ᠠᠳᠬᠠᠵᠤ ᠂ ᠬᠣᠷᠢᠭ᠎ᠠ ᠱᠤᠭᠤᠮ᠎ᠢ ᠪᠠᠲᠤ ᠰᠠᠬᠢᠭᠰᠠᠨ ᠤᠷᠢᠲᠠᠯ ᠳᠣᠣᠷ᠎ᠠ ᠂ ᠡᠯ᠎ᠡ ᠭᠠᠵᠠᠷ᠎ᠤᠨ᠎ᠬᠢᠨ᠎ᠤ ᠦᠢ᠍ᠯᠡᠳᠦᠯᠭᠡ ᠵᠢᠨ ᠰᠦᠪᠡᠭᠴᠢᠯᠡᠯᠲᠡ ᠪᠠ ᠳᠦᠷᠢᠮ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠃
ᠬᠤᠷᠠᠯ᠎ᠠᠴᠠ ᠂ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠳᠠᠬᠢ ᠨᠠᠮ᠎ᠤᠨ ᠪᠦᠭᠦ ᠲᠠᠯ᠎ᠠ ᠵᠢᠨ ᠤᠳᠤᠷᠢᠳᠤᠯᠭ᠎ᠠ ᠵᠢ ᠴᠢᠩᠭ᠋ᠠᠳᠬᠠᠵᠤ ᠂ ᠲᠠᠪᠤᠨ ᠱᠠᠲᠤᠨ᠎ᠤ ᠱᠦᠵᠢ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠳᠬᠤᠬᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ ᠂ ᠬᠥᠳᠡᠭᠡ ᠠᠵᠤ ᠠᠬᠤᠢ ᠬᠥᠳᠡᠭᠡ ᠲᠣᠰᠬᠣᠨ᠎ᠢ ᠤᠷᠢᠳ ᠵᠢᠡᠷ ᠬᠥᠭᠵᠢᠭᠦᠯᠬᠦ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ ᠂ ᠲᠦᠷᠦ ᠵᠢᠨ ᠪᠣᠳᠣᠯᠭ᠎ᠠ ᠵᠢᠨ ᠳᠡᠮᠵᠢᠯᠭᠡ ᠪᠠ ᠴᠢᠬᠤᠯᠠ ᠡᠯᠧᠮᠧᠨ᠋ᠲ᠎ᠤᠨ ᠪᠠᠲᠤᠯᠠᠭ᠎ᠠ ᠵᠢ ᠴᠢᠩᠭ᠋ᠠᠳᠬᠠᠬᠤ ᠬᠡᠷᠡᠭᠲᠡᠢ ᠃ ᠠᠵᠢᠯᠯᠠᠬᠤ ᠠᠷᠭ᠎ᠠ ᠮᠠᠶᠢᠭ ᠵᠶ᠋ᠠᠨ ᠬᠠᠯᠠᠨ ᠰᠠᠢ᠌ᠵᠢᠷᠠᠭᠤᠯᠵᠤ ᠂ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠨ ᠂ ᠪᠠᠢ᠌ᠴᠠᠭ᠋ᠠᠨ ᠰᠤᠳᠤᠯᠤᠯᠲᠠ ᠵᠢ ᠶᠡᠬᠡ᠎ᠪᠠᠷ ᠥᠷᠨᠢᠭᠦᠯᠵᠦ ᠂ ᠪᠠᠢ᠌ᠭ᠋ᠠᠯᠢ ᠵᠢᠨ ᠵᠢᠮ᠎ᠡ ᠶᠣᠰᠣ ᠂ ᠠᠵᠤ ᠠᠬᠤᠢ ᠵᠢᠨ ᠵᠢᠮ᠎ᠡ ᠶᠣᠰᠣ ᠂ ᠨᠡᠢ᠌ᠭᠡᠮ᠎ᠤᠨ ᠬᠥᠭᠵᠢᠯᠲᠡ ᠵᠢᠨ ᠵᠢᠮ᠎ᠡ ᠶᠣᠰᠣᠨ᠎ᠳᠤ ᠨᠡᠢ᠌ᠴᠡᠭᠦᠯᠦᠨ ᠂ ᠠᠵᠢᠯ᠎ᠤᠨ ᠴᠠᠭ ᠬᠡᠮᠵᠢᠶ᠎ᠡ ᠪᠦᠲᠦᠮᠵᠢ ᠵᠢ ᠰᠠᠢ᠌ᠲᠤᠷ ᠡᠵᠡᠮᠳᠡᠬᠦ ᠬᠡᠷᠡᠭᠲᠡᠢ ᠃ ᠡᠯ᠎ᠡ ᠲᠠᠯ᠎ᠠ ᠵᠢᠨ ᠬᠦᠴᠦᠨ᠎ᠢ ᠥᠷᠭᠡᠨ ᠵᠶ᠋ᠡᠷ ᠲᠥᠪᠯᠡᠷᠡᠭᠦᠯᠵᠦ ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠨᠠᠮ᠎ᠤᠨ ᠲᠥᠪ ᠬᠣᠷᠢᠶ᠎ᠠ ᠵᠢᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ 》᠎ᠤ ᠠᠵᠢᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ ᠭᠡᠵᠦ ᠴᠢᠬᠤᠯᠠᠴᠢᠯᠠᠪᠠ ᠃
ᠲᠦᠷᠦ ᠵᠢᠨ ᠶᠠᠪᠤᠳᠠᠯ᠎ᠤᠨ ᠭᠡᠰᠢᠭᠦᠨ ᠪᠥᠭᠡᠳ ᠲᠦᠷᠦ ᠵᠢᠨ ᠶᠠᠪᠤᠳᠠᠯ᠎ᠤᠨ ᠬᠣᠷᠢᠶ᠎ᠠ ᠵᠢᠨ ᠨᠠᠷᠢᠨ ᠪᠢᠴᠢᠭ᠎ᠤᠨ ᠳᠠᠷᠤᠭ᠎ᠠ ᠦ᠋ ᠵᠧᠩ ᠯᠦᠩ ᠠᠩᠬᠠᠳᠤᠭ᠋ᠠᠷ ᠪᠦᠭᠦᠳᠡ ᠬᠤᠷᠠᠯ᠎ᠢ ᠡᠷᠭᠢᠯᠡᠵᠠᠢ ᠃
ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ ᠂ ᠡᠯ᠎ᠡ ᠮᠤᠵᠢ ᠂ ᠥᠪᠡᠷᠲᠡᠭᠡᠨ ᠵᠠᠰᠠᠬᠤ ᠣᠷᠣᠨ ᠂ ᠰᠢᠭᠤᠳ ᠬᠠᠷᠢᠶ᠎ᠠ ᠬᠣᠲᠠ ᠪᠣᠯᠣᠨ ᠲᠥᠯᠥᠪᠯᠡᠭᠡ᠎ᠳᠤ ᠲᠤᠰᠠᠭ᠋ᠠᠷ ᠵᠢᠭᠰᠠᠭ᠋ᠠᠭᠰᠠᠨ ᠬᠤᠳᠠ ᠂ ᠰᠢᠨᠵᠢᠶᠠᠩ᠎ᠤᠨ ᠦᠢ᠍ᠯᠡᠳᠪᠦᠷᠢᠯᠡᠯ ᠪᠦᠲᠦᠭᠡᠨ ᠪᠠᠢ᠌ᠭᠤᠯᠤᠯᠲᠠ ᠵᠢᠨ ᠪᠢᠩᠲ᠋ᠤᠸᠠᠨ᠎ᠤ ᠬᠠᠷᠢᠭᠤᠴᠠᠯᠭ᠋ᠠᠲᠠᠨ ᠂ ᠲᠥᠪ᠎ᠤᠨ ᠪᠠ ᠲᠦᠷᠦ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ ᠂ ᠬᠣᠯᠪᠣᠭᠳᠠᠯ ᠪᠦᠬᠦᠢ ᠠᠷᠠᠳ᠎ᠤᠨ ᠪᠦᠯᠭᠦᠮ ᠂ ᠬᠣᠯᠪᠣᠭᠳᠠᠯ ᠪᠦᠬᠦᠢ ᠮᠥᠩᠭᠥᠨ ᠭᠦᠢ᠍ᠯᠭᠡᠭᠡᠨ᠎ᠤ ᠪᠠᠢ᠌ᠭᠤᠯᠤᠮᠵᠢ ᠪᠣᠯᠣᠨ ᠠᠵᠤ ᠠᠬᠤᠢ᠌ᠯᠠᠯ ᠂ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠪᠠᠢ᠌ᠭᠤᠯᠭ᠎ᠠ ᠵᠢᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠵᠠᠢ ᠃