ᠰᠢᠨᠬᠤᠸᠠ ᠬᠣᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 24᠎ᠤ ᠴᠠᠭᠢᠯᠭ᠋ᠠᠨ ᠮᠡᠳᠡᠭᠡ ᠨᠠᠮ᠎ᠤᠨ ᠲᠥᠪ ᠬᠣᠷᠢᠶ᠎ᠠ ᠵᠢᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠨᠠᠢ᠌ᠷᠠᠭᠤᠯᠤᠭᠰᠠᠨ 《ᠰᠢ ᠵᠢᠨ ᠫᠢᠩ 〈 ᠨᠢᠭᠡ ᠪᠦᠰᠡ ᠨᠢᠭᠡ ᠵᠠᠮ 〉᠎ᠤᠨ ᠲᠤᠬᠠᠢ ᠶᠠᠷᠢᠭᠰᠠᠨ᠎ᠨᠢ (2023 ᠣᠨ᠎ᠤ ᠬᠡᠪᠯᠡᠯ)》 ᠭᠡᠬᠦ ᠨᠣᠮ᠎ᠢ ᠣᠢ᠌ᠷ᠎ᠠ᠎ᠳᠤ ᠲᠥᠪ᠎ᠤᠨ ᠲᠤᠯᠭᠤᠷ ᠪᠢᠴᠢᠭ᠎ᠤᠨ ᠬᠡᠪᠯᠡᠯ᠎ᠤᠨ ᠬᠣᠷᠢᠶ᠎ᠠ᠎ᠠᠴᠠ ᠬᠡᠪᠯᠡᠭᠦᠯᠵᠦ ᠂ ᠪᠦᠭᠦ ᠤᠯᠤᠰ᠎ᠲᠤ ᠲᠠᠷᠬᠠᠭ᠋ᠠᠪᠠ ᠃
ᠡᠨᠡ ᠬᠦ᠌ ᠲᠤᠰᠬᠠᠢ ᠰᠡᠳᠦᠪᠲᠦ ᠵᠣᠬᠢᠶᠠᠯ᠎ᠤᠨ ᠲᠡᠭᠦᠪᠦᠷᠢ᠎ᠳᠤ ᠰᠢ ᠵᠢᠨ ᠫᠢᠩ ᠨᠥᠬᠥᠷ᠎ᠤᠨ 2013 ᠣᠨ᠎ᠤ 9 ᠰᠠᠷ᠎ᠠ᠎ᠠᠴᠠ 2023 ᠣᠨ᠎ᠤ 11 ᠰᠠᠷ᠎ᠠ ᠪᠤᠯᠲᠠᠯᠠᠭᠢ ᠬᠤᠭᠤᠴᠠᠭ᠋ᠠᠨ᠎ᠳᠠᠬᠢ 《ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠲᠤᠬᠠᠢ 78 ᠴᠢᠬᠤᠯᠠ ᠵᠣᠬᠢᠶᠠᠯ᠎ᠢ ᠣᠷᠣᠭᠤᠯᠵᠠᠢ ᠃
《 ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠲᠦᠭᠡᠨ ᠪᠠᠢ᠌ᠭᠤᠯᠬᠤ᠎ᠨᠢ ᠳᠤᠮᠳᠠᠳᠤ ᠤᠯᠤᠰ᠎ᠠᠴᠠ ᠢᠷᠡᠯᠲᠡ᠎ᠲᠠᠢ ᠂ ᠦᠷ᠎ᠡ ᠪᠦᠲᠦᠭᠡᠯ ᠪᠠ ᠠᠵᠠ ᠲᠣᠭᠢᠶᠠᠯ᠎ᠨᠢ ᠳᠡᠯᠡᠬᠡᠢ ᠳ᠋ᠠᠬᠢᠨ᠎ᠳᠤ ᠬᠠᠷᠢᠶᠠᠯᠠᠭᠳᠠᠨ᠎ᠠ ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠭ᠋ᠠᠰᠢ ᠂ᠰᠢ ᠵᠢᠨ ᠫᠢᠩ ᠨᠥᠬᠥᠷ 《ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠰᠠᠨᠠᠭ᠋ᠠᠴᠢᠯᠠᠭ᠎ᠠ ᠵᠢ ᠪᠦᠲᠦᠭᠡᠯᠴᠢ ᠴᠢᠨᠠᠷᠲᠠᠢ᠎ᠪᠠᠷ ᠳᠤᠷᠠᠳᠴᠤ ᠂ ᠡᠯ᠎ᠡ ᠤᠯᠤᠰ᠎ᠤᠨ ᠠᠷᠠᠳ ᠲᠦᠮᠡᠨ᠎ᠤ ᠡᠩᠬᠡ ᠲᠠᠢ᠌ᠪᠤᠩ ᠪᠣᠯᠣᠨ ᠬᠥᠭᠵᠢᠯᠲᠡ ᠵᠢ ᠬᠥᠭᠡᠭᠡᠴᠡᠯᠳᠦᠬᠦ ᠬᠠᠮᠲᠤ ᠵᠢᠨ ᠬᠦᠰᠡᠯ ᠵᠡᠭᠦᠳᠦ᠎ᠳᠤ ᠠᠩᠬᠠᠷᠤᠯ ᠵᠶ᠋ᠠᠨ ᠬᠠᠨᠳᠤᠭᠤᠯᠵᠤ ᠂ ᠳᠡᠯᠡᠬᠡᠢ ᠳ᠋ᠠᠬᠢᠨ᠎ᠳᠤ ᠳᠣᠷᠣᠨᠠᠳᠠᠬᠢᠨ᠎ᠤ ᠤᠶᠤᠨ ᠤᠬᠠᠭ᠋ᠠᠨ ᠵᠶ᠋ᠠᠷ ᠪᠢᠯᠬᠠᠭᠰᠠᠨ ᠬᠠᠮᠲᠤ᠎ᠪᠠᠷ ᠴᠡᠴᠡᠭᠯᠡᠨ ᠬᠥᠭᠵᠢᠬᠦ ᠨᠢᠭᠡᠨ ᠲᠥᠰᠥᠯ᠎ᠢ ᠬᠠᠩᠭ᠋ᠠᠵᠤ ᠂ ᠳᠡᠯᠡᠬᠡᠢ ᠨᠡᠢ᠌ᠭᠡᠮ ᠢᠯᠠᠩᠭᠤᠶ᠎ᠠ ᠬᠠᠮᠲᠤ᠎ᠪᠠᠷ ᠪᠦᠲᠦᠭᠡᠨ ᠪᠠᠢ᠌ᠭᠤᠯᠬᠤ ᠤᠯᠤᠰ᠎ᠤᠨ ᠢᠳᠡᠪᠬᠢᠲᠡᠢ ᠴᠤᠤᠷᠢᠶᠠᠲᠤᠯ᠎ᠢ ᠣᠯᠵᠠᠢ ᠃ 《ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠢ᠌ᠭᠤᠯᠬᠤ᠎ᠨᠢ ᠬᠠᠮᠲᠤ᠎ᠪᠠᠷ ᠵᠥᠪᠳᠡᠯᠴᠡᠬᠦ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠡᠳ᠋ᠯᠡᠬᠦ ᠵᠢ ᠪᠠᠷᠢᠮᠲᠠᠯᠠᠵᠤ ᠂ ᠠᠳᠠᠯᠢ ᠪᠤᠰᠤ ᠪᠣᠯᠪᠠᠰᠤᠨ ᠂ ᠰᠣᠶᠣᠯ ᠂ ᠨᠡᠢ᠌ᠭᠡᠮ᠎ᠤᠨ ᠪᠠᠢ᠌ᠭᠤᠯᠤᠯ ᠂ ᠬᠥᠭᠵᠢᠯᠲᠡ ᠵᠢᠨ ᠱᠠᠲᠤᠨ᠎ᠤ ᠵᠥᠷᠢᠶ᠎ᠡ ᠵᠢ ᠳᠠᠪᠠᠵᠤ ᠂ ᠡᠯ᠎ᠡ ᠤᠯᠤᠰ᠎ᠤᠨ ᠶᠠᠪᠤᠯᠴᠠᠭ᠋ᠠᠨ᠎ᠤ ᠰᠢᠨ᠎ᠡ ᠵᠠᠮ᠎ᠢ ᠨᠡᠭᠡᠭᠡᠵᠦ ᠂ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠰᠢᠨ᠎ᠡ ᠪᠦᠳᠦᠭᠦᠪᠴᠢ ᠲᠥᠰᠥᠪ᠎ᠢ ᠪᠠᠢ᠌ᠭᠤᠯᠵᠤ ᠂ ᠬᠥᠮᠥᠨ ᠲᠥᠷᠥᠯᠬᠢᠲᠡᠨ᠎ᠤ ᠬᠠᠮᠲᠤ ᠵᠢᠨ ᠬᠥᠭᠵᠢᠯᠲᠡ ᠵᠢᠨ ᠬᠠᠮᠤᠭ᠎ᠤᠨ ᠶᠡᠬᠡ ᠶᠡᠷᠦᠩᠬᠡᠢ ᠬᠤᠷᠢᠶᠠᠭᠴᠢ ᠲᠣᠭ᠎ᠠ ᠵᠢ ᠲᠥᠪᠯᠡᠷᠡᠭᠦᠯᠵᠦ ᠂ ᠥᠷᠭᠡᠨ ᠬᠦᠷᠢᠶᠡᠯᠡᠯ᠎ᠢ ᠣᠯᠣᠭᠰᠠᠨ ᠪᠦᠭᠦ ᠪᠥᠮᠪᠥᠷᠴᠡᠭ᠎ᠤᠨ ᠤᠯᠠᠨ ᠨᠡᠢ᠌ᠲᠡ ᠵᠢᠨ ᠦᠢ᠍ᠯᠡᠳᠬᠦᠨ ᠪᠠ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠠᠪᠴᠠᠩ ᠪᠣᠯᠵᠤ ᠂ ᠬᠠᠮᠲᠤ᠎ᠪᠠᠷ ᠪᠦᠲᠦᠭᠡᠨ ᠪᠠᠢ᠌ᠭᠤᠯᠬᠤ ᠤᠯᠤᠰ᠎ᠤᠨ ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠵᠢ ᠪᠡᠶᠡᠯᠡᠭᠦᠯᠵᠦ ᠂ ᠳᠡᠯᠡᠬᠡᠢ ᠵᠢᠨ ᠡᠯ᠎ᠡ ᠤᠯᠤᠰ᠎ᠤᠨ ᠬᠥᠭᠵᠢᠯᠲᠡ᠎ᠳᠤ ᠰᠢᠨ᠎ᠡ ᠠᠵᠠ ᠲᠣᠭᠢᠶᠠᠯ ᠬᠠᠩᠭ᠋ᠠᠭᠰᠠᠨ ᠵᠶ᠋ᠠᠷ ᠪᠠᠷᠠᠬᠤ ᠦᠭᠡᠢ ᠪᠠᠰᠠ ᠳᠤᠮᠳᠠᠳᠤ ᠤᠯᠤᠰ᠎ᠤᠨ ᠨᠡᠭᠡᠭᠡᠯᠲᠡᠲᠤ ᠬᠥᠭᠵᠢᠯᠲᠡ᠎ᠳᠤ ᠰᠢᠨ᠎ᠡ ᠣᠷᠣᠨ ᠵᠠᠢ ᠵᠢ ᠨᠡᠭᠡᠭᠡᠵᠦ ᠥᠭᠴᠡᠢ ᠃ 《ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠢ᠌ᠭᠤᠯᠬᠤ᠎ᠨᠢ ᠲᠡᠦᠬᠡ ᠵᠢᠨ ᠵᠥᠪ ᠲᠠᠯ᠎ᠠ᠎ᠳᠤ ᠵᠣᠭᠰᠣᠵᠤ ᠂ ᠴᠠᠭ ᠦᠶ᠎ᠡ ᠵᠢᠨ ᠲᠠᠪᠰᠢᠯᠳᠠ ᠵᠢᠨ ᠯᠣᠭᠢᠭ᠎ᠲᠠᠢ ᠨᠡᠢ᠌ᠴᠡᠵᠦ ᠂ ᠬᠥᠮᠥᠨ᠎ᠤ ᠶᠢᠷᠲᠢᠨᠴᠦ ᠵᠢᠨ ᠵᠥᠪ ᠵᠠᠮ ᠵᠶ᠋ᠠᠷ ᠵᠠᠮᠨᠠᠭᠰᠠᠨᠢ ᠪᠣᠳᠠᠲᠤ ᠶᠠᠪᠤᠳᠠᠯ ᠭᠡᠷᠡᠴᠢᠯᠡᠪᠡ ᠃ ᠰᠢ ᠵᠢᠨ ᠫᠢᠩ ᠨᠥᠬᠥᠷ 《ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠪᠦᠲᠦᠭᠡᠨ ᠪᠠᠢ᠌ᠭᠤᠯᠬᠤ ᠵᠢᠨ ᠵᠢᠯᠤᠭᠣᠳᠬᠤ ᠵᠠᠷᠴᠢᠮ ᠂ ᠪᠠᠶᠠᠯᠢᠭ ᠠᠭᠤᠯᠤᠭᠳᠠᠬᠤᠨ ᠂ ᠬᠠᠷᠠᠯᠲᠠ ᠠᠷᠭ᠎ᠠ ᠵᠠᠮ ᠵᠡᠷᠭᠡ ᠵᠢᠨ ᠲᠤᠬᠠᠢ ᠭᠦᠨᠵᠡᠭᠡᠢ ᠲᠣᠳᠣᠷᠬᠠᠢ᠌ᠯᠠᠨ ᠥᠭᠦᠯᠡᠭᠰᠡᠨ᠎ᠨᠢ 《ᠨᠢᠭᠡ ᠪᠦᠰᠡ ᠨᠢᠭᠡ ᠵᠠᠮ 》᠎ᠤᠨ ᠤᠯᠠᠨ ᠤᠯᠤᠰ᠎ᠤᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠬᠦ ᠂ 《 ᠨᠢᠭᠡ ᠪᠦᠰᠡ ᠨᠢᠭᠡ ᠵᠠᠮ 》᠎ᠢ ᠬᠠᠮᠲᠤ᠎ᠪᠠᠷ ᠴᠢᠨᠠᠷ ᠰᠠᠢ᠌ᠲᠠᠢ ᠪᠦᠲᠦᠭᠡᠨ ᠪᠠᠢ᠌ᠭᠤᠯᠬᠤ ᠵᠢ ᠯᠠᠪᠳᠠᠭᠤᠨ ᠪᠠᠲᠤᠲᠠᠢ ᠠᠬᠢᠭᠤᠯᠬᠤ ᠂ ᠳᠡᠯᠡᠬᠡᠢ ᠵᠢᠨ ᠡᠯ᠎ᠡ ᠤᠯᠤᠰ᠎ᠤᠨ ᠣᠳᠣᠬᠢᠴᠢᠯᠠᠯᠲᠠ ᠵᠢ ᠪᠡᠶᠡᠯᠡᠭᠦᠯᠬᠦ ᠵᠢ ᠠᠬᠢᠭᠤᠯᠬᠤ ᠂ ᠨᠡᠭᠡᠭᠡᠯᠲᠡᠲᠡᠢ ᠪᠠᠭᠲᠠᠭ᠋ᠠᠮᠵᠢᠲᠠᠢ ᠂ ᠬᠣᠯᠪᠣᠯᠳᠤᠨ ᠨᠡᠪᠲᠡᠷᠡᠯᠴᠡᠬᠦ ᠂ ᠬᠠᠮᠲᠤ᠎ᠪᠠᠷ ᠬᠥᠭᠵᠢᠬᠦ ᠳᠡᠯᠡᠬᠡᠢ ᠶᠢᠷᠲᠢᠨᠴᠦ ᠵᠢ ᠪᠦᠲᠦᠭᠡᠨ ᠪᠠᠢ᠌ᠭᠤᠯᠬᠤ ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠬᠤ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ ᠃