ᠨᠠᠮ᠎ᠤᠨ ᠲᠥᠪ ᠬᠣᠷᠢᠶ᠎ᠠ ᠮᠠᠤ ᠽᠧ ᠳ᠋ᠦᠩ ᠨᠥᠬᠥᠷ᠎ᠤᠨ ᠮᠡᠨᠳᠦᠯᠡᠭᠰᠡᠨ 130 ᠵᠢᠯ᠎ᠤᠨ ᠤᠢ ᠵᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ ᠰᠢ ᠵᠢᠨ ᠫᠢᠩ ᠴᠢᠬᠤᠯᠠ ᠶᠠᠷᠢᠶ᠎ᠠ ᠲᠠᠯᠪᠢᠵᠤ ᠮᠠᠤ ᠽᠧ ᠳ᠋ᠦᠩ ᠨᠥᠬᠥᠷ᠎ᠤᠨ ᠡᠭᠦᠳᠦᠨ ᠪᠦᠲᠦᠭᠡᠭᠰᠡᠨ ᠦᠢ᠍ᠯᠡᠰ᠎ᠢ ᠦᠷᠭᠦᠯᠵᠢᠯᠡᠨ ᠤᠷᠤᠭᠰᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ ᠯᠢ ᠴᠢᠶᠠᠩ ᠵᠤᠤ ᠯᠧ ᠵᠢᠢ ᠸᠠᠩ ᠬᠤ᠌ ᠨᠢᠩ ᠳ᠋ᠢᠩ ᠰᠢᠤᠸᠠᠢ ᠰᠢᠶᠠᠩ ᠯᠢ ᠰᠢ ᠬᠠᠨ ᠵᠧᠩ ᠬᠤᠷᠠᠯ᠎ᠳᠤ ᠣᠷᠣᠯᠴᠠᠵᠤ ᠼᠠᠢ ᠴᠢ ᠬᠤᠷᠠᠯ᠎ᠢ ᠡᠷᠭᠢᠯᠡᠪᠡ
2023-12-28

      ᠰᠢᠨᠬᠤᠸᠠ ᠬᠣᠷᠢᠶ᠎ᠠ ᠵᠢᠨ  ᠪᠡᠭᠡᠵᠢᠩ᠎ᠤᠨ 12 ᠰᠠᠷ᠎ᠠ ᠵᠢᠨ 26᠎ᠤ ᠴᠠᠭᠢᠯᠭ᠋ᠠᠨ ᠮᠡᠳᠡᠭᠡ    ᠨᠠᠮ᠎ᠤᠨ ᠲᠥᠪ ᠬᠣᠷᠢᠶ᠎ᠠ 26᠎ᠤ ᠦᠳᠡ ᠵᠢᠨ ᠡᠮᠦᠨ᠎ᠡ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠶᠠᠷᠢᠯᠴᠠᠬᠤ ᠬᠤᠷᠠᠯ ᠬᠤᠷᠠᠯᠳᠤᠭᠤᠯᠵᠤ ᠂  ᠮᠠᠤ ᠽᠧ ᠳ᠋ᠦᠩ ᠨᠥᠬᠥᠷ᠎ᠤᠨ ᠮᠡᠨᠳᠦᠯᠡᠭᠰᠡᠨ 130 ᠵᠢᠯ᠎ᠤᠨ ᠣᠶ ᠵᠢ ᠳᠤᠷᠠᠰᠬᠠᠪᠠ ᠃  ᠨᠠᠮ᠎ᠤᠨ ᠲᠥᠪ ᠬᠣᠷᠢᠶ᠎ᠠ ᠵᠢᠨ  ᠶᠡᠷᠦᠩᠬᠡᠢ ᠱᠦᠵᠢ ᠂  ᠤᠯᠤᠰ᠎ᠤᠨ ᠲᠡᠷᠢᠭᠦᠯᠡᠭᠴᠢ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ  ᠲᠡᠷᠢᠭᠦᠯᠡᠭᠴᠢ  ᠰᠢ ᠵᠢᠨ ᠫᠢᠩ  ᠴᠢᠬᠤᠯᠠ ᠶᠠᠷᠢᠶ᠎ᠠ ᠲᠠᠯᠪᠢᠪᠠ ᠃


bd51647cecd3d29df273834bd525866.jpg


      12 ᠰᠠᠷ᠎ᠠ ᠵᠢᠨ 26᠎ᠤ ᠡᠳᠦᠷ ᠂  ᠨᠠᠮ᠎ᠤᠨ ᠲᠥᠪ ᠬᠣᠷᠢᠶ᠎ᠠ ᠪᠡᠭᠡᠵᠢᠩ᠎ᠤᠨ ᠠᠷᠠᠳ᠎ᠤᠨ ᠶᠡᠬᠡ ᠬᠤᠷᠠᠯ᠎ᠤᠨ ᠲᠠᠩᠬᠢᠮ᠎ᠳᠤ ᠮᠠᠤ ᠽᠧ ᠳ᠋ᠦᠩ ᠨᠥᠬᠥᠷ᠎ᠤᠨ ᠮᠡᠨᠳᠦᠯᠡᠭᠰᠡᠨ 130 ᠵᠢᠯ᠎ᠤᠨ ᠣᠶ ᠵᠢ ᠳᠤᠷᠠᠰᠬᠠᠬᠤ ᠶᠠᠷᠢᠯᠴᠠᠬᠤ ᠬᠤᠷᠠᠯ ᠬᠤᠷᠠᠯᠳᠤᠭᠤᠯᠪᠠ ᠃ ᠰᠢ ᠵᠢᠨ ᠫᠢᠩ᠂  ᠯᠢ ᠴᠢᠶᠠᠩ ᠂  ᠵᠤᠤ ᠯᠧ ᠵᠢᠢ ᠂  ᠸᠠᠩ ᠬᠤ᠌ ᠨᠢᠩ ᠂  ᠼᠠᠢ ᠴᠢ ᠂  ᠳ᠋ᠢᠩ ᠰᠢᠤᠸᠠᠢ ᠰᠢᠶᠠᠩ ᠂  ᠯᠢ ᠰᠢ ᠂  ᠬᠠᠨ ᠵᠧᠩ ᠨᠠᠷ ᠶᠠᠷᠢᠯᠴᠠᠬᠤ ᠬᠤᠷᠠᠯ᠎ᠳᠤ ᠣᠷᠣᠯᠴᠠᠪᠠ ᠃  

       ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠯᠢ ᠰᠢᠤᠸᠠᠢ ᠷᠧᠨ ᠰᠡᠭᠦᠳᠡᠷᠯᠡᠪᠡ

       ᠲᠡᠷᠡ ᠂  ᠮᠠᠤ ᠽᠧ ᠳ᠋ᠦᠩ ᠨᠥᠬᠥᠷ ᠪᠣᠯ ᠠᠭᠤᠤ ᠶᠡᠬᠡ ᠮᠠᠷᠺᠰ᠎ᠤᠨ ᠦᠵᠡᠯᠲᠡᠨ ᠂  ᠦᠭᠡᠢ᠌ᠭᠦᠦ ᠠᠩᠭᠢ ᠵᠢᠨ ᠠᠭᠤᠤ ᠶᠡᠬᠡ ᠬᠤᠪᠢᠰᠬᠠᠯᠴᠢ ᠂  ᠪᠠᠢ᠌ᠯᠳᠤᠬᠤ ᠪᠣᠳᠣᠯᠭ᠋ᠠᠲᠠᠨ ᠂  ᠣᠨᠣᠯᠴᠢ ᠮᠥᠨ ᠂  ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠠᠭᠤᠤ ᠶᠡᠬᠡ ᠡᠭᠦᠳᠦᠨ ᠨᠡᠭᠡᠭᠡᠭᠴᠢ ᠂  ᠳᠤᠮᠳᠠᠳᠤ ᠤᠯᠤᠰ᠎ᠤᠨ ᠨᠡᠢ᠌ᠭᠡᠮ ᠵᠢᠷᠤᠮ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠠᠭᠤᠤ ᠶᠡᠬᠡ ᠰᠠᠭᠤᠷᠢᠯᠠᠭᠴᠢ ᠮᠥᠨ ᠂  ᠣᠷᠴᠢᠨ ᠦᠶ᠎ᠡ᠎ᠠᠴᠠ ᠨᠠᠭ᠋ᠠᠰᠢᠬᠢ ᠳᠤᠮᠳᠠᠳᠤ ᠤᠯᠤᠰ᠎ᠤᠨ ᠠᠭᠤᠤ ᠶᠡᠬᠡ ᠤᠯᠤᠰ ᠵᠶ᠋ᠡᠨ ᠬᠠᠢ᠌ᠷᠠᠯᠠᠭᠴᠢ ᠪᠠ ᠦᠨᠳᠦᠰᠦᠲᠡᠨ᠎ᠤ ᠪᠠᠭ᠋ᠠᠲᠤᠷ ᠮᠥᠨ ᠂  ᠨᠠᠮ᠎ᠤᠨ ᠨᠢᠭᠡᠳᠦᠭᠡᠷ ᠦᠶ᠎ᠡ ᠵᠢᠨ ᠲᠥᠪ ᠬᠣᠷᠢᠶ᠎ᠠ ᠵᠢᠨ  ᠤᠳᠤᠷᠢᠳᠬᠤ ᠬᠠᠮᠲᠤ ᠵᠢᠨ ᠭᠣᠣᠯᠯᠠᠭᠴᠢ ᠮᠥᠨ ᠂  ᠳᠤᠮᠳᠠᠳᠤ ᠤᠯᠤᠰ᠎ᠤᠨ ᠠᠷᠠᠳ ᠲᠦᠮᠡᠨ᠎ᠢ ᠤᠳᠤᠷᠢᠳᠤᠨ ᠥᠪᠡᠷ᠎ᠤᠨ ᠬᠤᠪᠢ ᠵᠠᠶᠠᠭ᠎ᠠ ᠪᠠ ᠤᠯᠤᠰ ᠣᠷᠣᠨ᠎ᠤ ᠳᠦᠷᠰᠦ ᠪᠠᠢ᠌ᠳᠠᠯ ᠵᠶ᠋ᠠᠨ ᠲᠤᠢ᠌ᠯᠪᠤᠷᠢᠲᠠᠢ ᠬᠤᠪᠢᠷᠠᠭᠤᠯᠤᠭᠰᠠᠨ ᠨᠢᠭᠡᠨ ᠦᠶ᠎ᠡ ᠵᠢᠨ ᠠᠭᠤᠤ ᠶᠡᠬᠡ ᠬᠥᠮᠥᠨ ᠮᠥᠨ ᠂  ᠳᠡᠯᠡᠬᠡᠢ ᠵᠢᠨ ᠳᠠᠷᠤᠯᠠᠭᠳᠠᠵᠤ ᠪᠠᠢ᠌ᠭᠰᠠᠨ ᠦᠨᠳᠦᠰᠦᠲᠡᠨ᠎ᠤ ᠴᠢᠯᠦᠭᠡᠯᠡᠯᠲᠡ ᠪᠠ ᠬᠥᠮᠥᠨ ᠲᠥᠷᠥᠯᠬᠢᠲᠡᠨ᠎ᠤ ᠲᠠᠪᠰᠢᠯᠳᠠ ᠵᠢᠨ ᠦᠢ᠍ᠯᠡᠰ᠎ᠲᠤ ᠴᠢᠬᠤᠯᠠ ᠬᠤᠪᠢ ᠨᠡᠮᠡᠷᠢ ᠦᠵᠡᠭᠦᠯᠦᠭᠰᠡᠨ ᠠᠭᠤᠤ ᠶᠡᠬᠡ ᠢᠨᠲ᠋ᠧᠷᠨᠠᠼᠢᠣᠨᠠᠯ᠎ᠤᠨ ᠦᠵᠡᠯᠲᠡᠨ ᠮᠥᠨ ᠃  ᠮᠠᠤ ᠽᠧ ᠳ᠋ᠦᠩ᠎ᠤᠨ ᠦᠵᠡᠯ ᠰᠠᠨᠠᠭ᠎ᠠ ᠪᠣᠯ ᠮᠠᠨ᠎ᠤ ᠨᠠᠮ᠎ᠤᠨ ᠡᠷᠬᠢᠮ ᠨᠠᠨᠳᠢᠨ ᠤᠶᠦᠠ ᠰᠠᠨᠠᠭ᠋ᠠᠨ᠎ᠤ ᠡᠳ᠋ ᠪᠠᠶᠠᠯᠢᠭ ᠮᠥᠨ ᠪᠣᠯᠬᠣᠷ ᠪᠢᠳᠡᠨ᠎ᠤ ᠤᠢ᠍ᠢ᠍ᠯᠠ ᠠᠵᠢᠯᠯᠠᠭ᠎ᠠ ᠵᠢ ᠤᠷᠳᠦ ᠬᠤᠭᠤᠴᠠᠭ᠎ᠠ᠎ᠪᠠᠷ ᠵᠢᠯᠤᠭᠣᠳᠬᠤ ᠪᠣᠯᠣᠨ᠎ᠠ ᠃  ᠮᠠᠤ ᠽᠧ ᠳ᠋ᠦᠩ ᠨᠥᠬᠥᠷ᠎ᠢ ᠳᠤᠷᠠᠰᠬᠠᠬᠤ ᠬᠠᠮᠤᠭ᠎ᠤᠨ ᠰᠠᠢ᠌ᠨ ᠠᠷᠭ᠎ᠠ ᠪᠣᠯ ᠳᠠᠷᠤᠢ ᠲᠡᠭᠦᠨ᠎ᠤ ᠡᠭᠦᠳᠦᠨ ᠪᠦᠲᠦᠭᠡᠭᠰᠡᠨ ᠦᠢ᠍ᠯᠡᠰ᠎ᠢ ᠦᠷᠭᠦᠯᠵᠢᠯᠡᠨ ᠤᠷᠤᠭᠰᠢ ᠠᠬᠢᠭᠤᠯᠬᠤ ᠶᠠᠪᠤᠳᠠᠯ ᠪᠣᠯᠣᠨ᠎ᠠ ᠭᠡᠵᠦ ᠴᠢᠬᠤᠯᠠᠴᠢᠯᠠᠪᠠ ᠃

       ᠨᠠᠮ᠎ᠤᠨ ᠲᠥᠪ ᠬᠣᠷᠢᠶ᠎ᠠ ᠵᠢᠨ  ᠤᠯᠤᠰ ᠲᠦᠷᠦ ᠵᠢᠨ ᠲᠣᠪᠴᠢᠶ᠎ᠠ ᠵᠢᠨ  ᠪᠠᠢ᠌ᠩᠭᠤ ᠵᠢᠨ ᠭᠡᠰᠢᠭᠦᠨ ᠯᠢ ᠴᠢᠶᠠᠩ ᠂  ᠵᠤᠤ ᠯᠧ ᠵᠢᠢ ᠂  ᠸᠠᠩ ᠬᠤ᠌ ᠨᠢᠩ ᠂  ᠳ᠋ᠢᠩ ᠰᠢᠤᠸᠠᠢ ᠰᠢᠶᠠᠩ ᠂  ᠯᠢ ᠰᠢ ᠂  ᠤᠯᠤᠰ᠎ᠤᠨ ᠳᠡᠳ᠋ ᠲᠡᠷᠢᠭᠦᠯᠡᠭᠴᠢ ᠬᠠᠨ ᠵᠧᠩ ᠶᠠᠷᠢᠯᠴᠠᠬᠤ ᠬᠤᠷᠠᠯ᠎ᠳᠤ ᠣᠷᠣᠯᠴᠠᠵᠤ ᠂  ᠨᠠᠮ᠎ᠤᠨ ᠲᠥᠪ ᠬᠣᠷᠢᠶ᠎ᠠ ᠵᠢᠨ  ᠤᠯᠤᠰ ᠲᠦᠷᠦ ᠵᠢᠨ ᠲᠣᠪᠴᠢᠶ᠎ᠠ ᠵᠢᠨ  ᠪᠠᠢ᠌ᠩᠭᠤ ᠵᠢᠨ ᠭᠡᠰᠢᠭᠦᠨ ᠼᠠᠢ ᠴᠢ ᠶᠠᠷᠢᠯᠴᠠᠬᠤ ᠬᠤᠷᠠᠯ᠎ᠢ ᠡᠷᠭᠢᠯᠡᠪᠡ ᠃

       ᠰᠢ ᠵᠢᠨ ᠫᠢᠩ  ᠶᠠᠷᠢᠶᠠᠨ᠎ᠳᠠᠭᠠᠨ ᠂  ᠮᠠᠤ ᠽᠧ ᠳ᠋ᠦᠩ ᠨᠥᠬᠥᠷ᠎ᠤᠨ ᠨᠢᠭᠡ ᠨᠠᠰᠤ ᠪᠣᠯ ᠤᠯᠤᠰ᠎ᠤᠨ ᠪᠠᠶᠠᠵᠢᠯ ᠬᠦᠴᠦᠷᠬᠡᠭᠵᠢᠯ ᠂  ᠦᠨᠳᠦᠰᠦᠲᠡᠨ᠎ᠤ ᠬᠥᠭᠵᠢᠯ ᠮᠠᠨᠳᠤᠯ ᠂  ᠠᠷᠠᠳ ᠲᠦᠮᠡᠨ᠎ᠤ ᠵᠣᠯ ᠵᠢᠷᠭ᠋ᠠᠯ᠎ᠤᠨ ᠲᠥᠯᠥᠭᠡ ᠴᠥᠬᠥᠷᠡᠰᠢ ᠦᠭᠡᠢ ᠲᠡᠮᠡᠴᠡᠭᠰᠡᠨ ᠨᠢᠭᠡ ᠨᠠᠰᠤ ᠮᠥᠨ ᠃  ᠲᠡᠷᠡ ᠠᠷᠠᠳ ᠲᠦᠮᠡᠨ᠎ᠢ ᠳᠠᠭ᠋ᠠᠭᠤᠯᠤᠨ ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠲᠡᠦᠬᠡᠨ ᠠᠬᠢᠴᠠ ᠵᠢ ᠨᠡᠭᠡᠭᠡᠵᠦ ᠂  ᠠᠭᠤᠤ ᠶᠡᠬᠡ ᠢᠷᠠᠭᠤ ᠠᠯᠳᠠᠷᠲᠠᠢ ᠵᠥᠪ ᠣᠨᠣᠪᠴᠢᠲᠠᠢ ᠳᠤᠮᠳᠠᠳᠤ ᠤᠯᠤᠰ᠎ᠤᠨ ᠡᠪ ᠬᠠᠮᠲᠤ ᠨᠠᠮ᠎ᠢ ᠳᠠᠪᠲᠠᠨ ᠪᠤᠯᠪᠠᠰᠤᠷᠠᠭᠤᠯᠵᠤ ᠂  ᠠᠷᠠᠳ ᠲᠦᠮᠡᠨ ᠡᠵᠡᠨ ᠰᠠᠭᠤᠵᠤ ᠡᠷᠬᠡ ᠮᠡᠳᠡᠭᠰᠡᠨ ᠰᠢᠨ᠎ᠡ ᠳᠤᠮᠳᠠᠳᠤ ᠤᠯᠤᠰ᠎ᠢ ᠪᠠᠢ᠌ᠭᠤᠯᠵᠤ ᠂  ᠲᠡᠷᠢᠭᠦᠨ᠎ᠤ ᠨᠡᠢ᠌ᠭᠡᠮ ᠵᠢᠷᠤᠮᠲᠤ ᠪᠠᠢ᠌ᠭᠤᠯᠤᠯ᠎ᠢ ᠡᠭᠦᠳᠦᠨ ᠪᠠᠢ᠌ᠭᠤᠯᠵᠤ ᠂  ᠬᠠᠨᠳᠤᠭᠰᠠᠨ ᠵᠦᠭ ᠳᠠᠢ᠌ᠰᠤᠨ ᠦᠭᠡᠢ ᠰᠢᠨ᠎ᠡ ᠮᠠᠶᠢᠭ᠎ᠤᠨ ᠠᠷᠠᠳ᠎ᠤᠨ ᠴᠡᠷᠢᠭ ᠠᠩᠭᠢ ᠵᠢ ᠴᠣᠭᠴᠠᠯᠠᠨ ᠪᠠᠢ᠌ᠭᠤᠯᠵᠤ ᠂  ᠳᠤᠮᠳᠠᠳᠤ ᠵᠢᠨ ᠦᠨᠳᠦᠰᠦᠲᠡᠨ ᠂  ᠳᠤᠮᠳᠠᠳᠤ ᠤᠯᠤᠰ᠎ᠤᠨ ᠠᠷᠠᠳ ᠲᠦᠮᠡᠨ᠎ᠳᠤ ᠪᠠᠯᠠᠷᠠᠰᠢ ᠦᠭᠡᠢ ᠲᠡᠦᠬᠡᠨ ᠭᠠᠪᠢᠶ᠎ᠠ ᠵᠢᠳᠬᠦᠯ ᠪᠠᠢ᠌ᠭᠤᠯᠵᠤ ᠂  ᠭᠡᠷᠡᠯ ᠰᠠᠴᠤᠷᠠᠩᠭᠤᠢ ᠥᠨᠢ ᠤᠳᠠᠭ᠋ᠠᠨ ᠲᠡᠦᠬᠡᠨ ᠬᠤᠪᠢ ᠨᠡᠮᠡᠷᠢ ᠦᠵᠡᠭᠦᠯᠪᠡ   ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ᠂  ᠮᠠᠤ ᠽᠧ ᠳ᠋ᠦᠩ ᠨᠥᠬᠥᠷ ᠥᠪᠡᠷ᠎ᠤᠨ ᠨᠢᠭᠡ ᠨᠠᠰᠤ᠎ᠪᠠᠨ ᠨᠠᠮ ᠪᠣᠯᠣᠨ ᠠᠷᠠᠳ ᠲᠦᠮᠡᠨ᠎ᠳᠡᠭᠡᠨ ᠵᠣᠷᠢᠭᠤᠯᠵᠤ ᠂  ᠬᠣᠵᠢᠮ᠎ᠤᠨ ᠬᠥᠮᠥᠰ᠎ᠢ ᠥᠨᠢᠳᠡ ᠵᠣᠷᠢᠭᠵᠢᠭᠤᠯᠬᠤ ᠡᠷᠬᠢᠮ ᠳᠡᠭᠡᠳᠦ ᠤᠶᠤᠨ ᠰᠠᠨᠠᠭ᠋ᠠᠨ᠎ᠤ ᠬᠡᠪ ᠨᠠᠮᠪᠠ ᠵᠢ ᠦᠯᠡᠳᠡᠭᠡᠭᠰᠡᠨ ᠶᠤᠮ ᠃  ᠮᠠᠤ ᠽᠧ ᠳ᠋ᠦᠩ ᠨᠥᠬᠥᠷ ᠨᠢᠭᠡᠨ ᠠᠭᠤᠤ ᠶᠡᠬᠡ ᠬᠤᠪᠢᠰᠬᠠᠯ᠎ᠤᠨ ᠤᠳᠤᠷᠢᠳᠤᠭᠴᠢ ᠵᠢᠨ ᠥᠨᠳᠥᠷ᠎ᠲᠤ ᠵᠣᠭᠰᠣᠨ ᠠᠯᠤᠰ᠎ᠢ ᠪᠠᠷᠠᠯᠠᠬᠤ ᠤᠯᠤᠰ ᠲᠦᠷᠦ ᠵᠢᠨ ᠠᠯᠤᠰ᠎ᠤᠨ ᠬᠠᠷᠠᠴᠠ ᠂  ᠡᠷᠡᠰ ᠭᠤᠢ᠌ᠪᠢᠰᠢ ᠦᠭᠡᠢ ᠬᠤᠪᠢᠰᠬᠠᠯᠲᠤ ᠢᠲᠡᠭᠡᠯ ᠪᠢᠰᠢᠷᠡᠯ ᠂  ᠵᠣᠷᠢᠭᠲᠠᠢ᠎ᠪᠠᠷ ᠵᠠᠮ ᠨᠡᠭᠡᠭᠡᠬᠦ ᠶᠡᠷᠦ ᠪᠤᠰᠤ ᠵᠢᠨ ᠰᠥᠰᠥ ᠵᠣᠷᠢᠭ ᠂  ᠮᠠᠰᠢ ᠪᠣᠯᠪᠠᠰᠤᠷᠠᠩᠭᠤᠢ ᠲᠡᠮᠡᠴᠡᠯ᠎ᠤᠨ ᠤᠷᠠᠯᠢᠭ ᠂  ᠰᠢᠯᠭ᠋ᠠᠷᠠᠭᠰᠠᠨ ᠬᠡᠲᠦᠢ᠌ᠳᠦᠭᠰᠡᠨ ᠤᠳᠤᠷᠢᠳᠬᠤ ᠠᠪᠢᠶᠠᠰ ᠴᠢᠳᠠᠪᠤᠷᠢ ᠂  ᠠᠷᠠᠳ ᠲᠦᠮᠡᠨ᠎ᠲᠠᠢ ᠰᠡᠳᠬᠢᠯ ᠵᠢᠷᠦᠬᠡ᠎ᠪᠠᠨ ᠬᠣᠯᠪᠣᠭᠰᠠᠨ ᠴᠢᠩ ᠦᠨᠡᠨᠴᠢ ᠰᠡᠳᠬᠢᠯᠭᠡ ᠂  ᠬᠠᠨᠠᠭ᠋ᠠᠷ ᠠᠭᠤᠳᠠᠮ ᠬᠡᠬᠦᠳᠡᠭ ᠴᠡᠭᠡᠵᠢ ᠂  ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ ᠰᠢᠯᠢᠳᠡᠭ ᠰᠤᠷᠲᠠᠯ᠎ᠢ ᠢᠯᠡᠷᠡᠭᠦᠯᠵᠦ ᠂  ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠬᠠᠢ᠌ᠷ᠎ᠠ ᠬᠦᠨᠳᠦᠳᠬᠡᠯ ᠪᠠ ᠬᠦᠨᠳᠦᠳᠬᠡᠯ ᠪᠢᠰᠢᠷᠡᠯ᠎ᠢ ᠣᠯᠣᠭᠰᠠᠨ ᠪᠠᠢ᠌ᠨ᠎ᠠ ᠂  ᠮᠠᠤ ᠽᠧ ᠳ᠋ᠦᠩ ᠨᠥᠬᠥᠷ᠎ᠤᠨ ᠡᠷᠬᠢᠮ ᠳᠡᠭᠡᠳᠦ ᠤᠶᠤᠨ ᠰᠠᠨᠠᠭ᠋ᠠᠨ᠎ᠤ ᠬᠡᠪ ᠨᠠᠮᠪᠠ ᠪᠣᠯ ᠪᠢᠳᠡᠨ᠎ᠤ ᠦᠷᠭᠦᠯᠵᠢᠯᠡᠨ ᠤᠷᠤᠭᠰᠢᠯᠠᠬᠤ ᠵᠢ  ᠤᠷᠮᠠᠰᠢᠭᠤᠯᠤᠨ ᠵᠣᠷᠢᠭᠵᠢᠭᠤᠯᠬᠤ ᠡᠭᠦᠷᠢᠳᠡ ᠵᠢᠨ  ᠬᠦᠴᠦᠷᠬᠡᠭ ᠶᠡᠬᠡ ᠬᠥᠳᠡᠯᠭᠡᠭᠴᠢ ᠬᠦᠴᠦᠨ ᠮᠥᠨ ᠭᠡᠵᠦ ᠴᠢᠬᠤᠯᠠᠴᠢᠯᠠᠪᠠ ᠃

       ᠰᠢ ᠵᠢᠨ ᠫᠢᠩ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠂  ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠪᠣᠯ ᠪᠦᠭᠦ ᠨᠠᠮ ᠪᠦᠭᠦ ᠤᠯᠤᠰ᠎ᠤᠨ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠤ ᠰᠢᠨ᠎ᠡ ᠴᠠᠭ ᠦᠶ᠎ᠡ ᠰᠢᠨ᠎ᠡ ᠠᠶᠠᠨ᠎ᠳᠠᠬᠢ ᠭᠣᠣᠯ ᠡᠭᠦᠷᠭᠡ ᠪᠣᠯᠣᠨ᠎ᠠ ᠃  ᠡᠨᠡ ᠪᠣᠯ ᠮᠠᠤ ᠽᠧ ᠳ᠋ᠦᠩ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠪᠡᠶᠡᠯᠡᠭᠦᠯᠦᠭᠡ ᠦᠭᠡᠢ ᠦᠢ᠍ᠯᠡᠰ ᠮᠥᠨ ᠂  ᠤᠳᠤ ᠦᠶ᠎ᠡ ᠵᠢᠨ ᠳᠤᠮᠳᠠᠳᠤ ᠤᠯᠤᠰ᠎ᠤᠨ ᠡᠪ ᠬᠠᠮᠲᠤᠴᠤᠳ᠎ᠤᠨ ᠲᠥᠪ ᠴᠢᠩᠭ᠎ᠠ ᠲᠡᠦᠬᠡᠲᠦ ᠬᠠᠷᠢᠭᠤᠴᠠᠯᠭ᠎ᠠ ᠮᠥᠨ ᠃  ᠰᠢᠨ᠎ᠡ ᠠᠶᠠᠨ᠎ᠳᠠᠭᠠᠨ ᠪᠢᠳᠡ ᠤᠭ ᠰᠠᠨᠠᠭ᠎ᠠ᠎ᠪᠠᠨ ᠦᠯᠦ ᠮᠠᠷᠲᠠᠵᠤ ᠂  ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ ᠂  ᠲᠡᠦᠬᠡ ᠵᠢᠨ ᠢᠲᠡᠭᠡᠯ ᠵᠶ᠋ᠡᠨ ᠪᠠᠲᠤᠳᠬᠠᠵᠤ ᠂  ᠲᠡᠦᠬᠡ ᠵᠢᠨ ᠰᠠᠨᠠᠭ᠋ᠠᠴᠢᠯᠠᠭ᠋ᠠᠲᠤ ᠡᠷᠬᠡ ᠵᠢ ᠡᠵᠡᠮᠳᠡᠵᠦ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠤᠭ᠎ᠠ ᠦᠢ᠍ᠯᠡᠰ᠎ᠢ ᠲᠠᠰᠤᠷᠠᠯᠲᠠ ᠦᠭᠡᠢ ᠤᠷᠤᠭᠰᠢ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠪᠦᠭᠦ ᠳᠤᠮᠳᠠᠳᠤ ᠤᠯᠤᠰ᠎ᠤᠨ ᠠᠷᠠᠳ ᠲᠦᠮᠡᠨ᠎ᠤ ᠦᠢ᠍ᠯᠡᠰ ᠮᠥᠨ ᠂  ᠡᠷᠬᠡᠪᠰᠢ ᠠᠷᠠᠳ ᠲᠦᠮᠡᠨ᠎ᠳᠤ ᠨᠢᠭᠲᠠ ᠲᠦᠰᠢᠭᠯᠡᠵᠦ ᠂  ᠠᠷᠠᠳ ᠲᠦᠮᠡᠨ᠎ᠤ ᠳᠤᠮᠳᠠ ᠬᠠᠳᠠᠭ᠋ᠠᠯᠠᠭᠳᠠᠵᠤ ᠪᠠᠢ᠌ᠭ᠎ᠠ ᠬᠢᠵᠠᠭ᠋ᠠᠯᠠᠰᠢ ᠦᠭᠡᠢ ᠤᠶᠤᠨ ᠤᠬᠠᠭ᠋ᠠᠨ ᠪᠣᠯᠣᠨ ᠬᠦᠴᠦᠨ ᠴᠢᠳᠠᠯ᠎ᠢ ᠨᠢᠭᠲᠠᠷᠠᠭᠤᠯᠵᠤ ᠂  ᠪᠦᠭᠦ ᠠᠷᠠᠳ ᠲᠦᠮᠡᠨ᠎ᠤ ᠲᠡᠦᠬᠡ ᠵᠢᠨ ᠰᠠᠨᠠᠭ᠋ᠠᠴᠢᠯᠠᠭ᠋ᠠᠲᠤ ᠵᠣᠷᠢᠭ ᠰᠠᠨᠠᠭ᠎ᠠ ᠵᠢ ᠭᠦᠢ᠍ᠴᠡᠳ ᠬᠥᠭᠵᠢᠭᠡᠬᠦ ᠬᠡᠷᠡᠭᠲᠡᠢ ᠃  ᠠᠷᠠᠳ ᠲᠦᠮᠡᠨ ᠪᠣᠯ ᠲᠡᠦᠬᠡ ᠵᠢ  ᠡᠭᠦᠳᠦᠨ ᠪᠦᠲᠦᠭᠡᠬᠦ ᠦᠨᠳᠦᠰᠦᠨ ᠬᠥᠳᠡᠯᠭᠡᠬᠦ ᠬᠦᠴᠦᠨ ᠮᠥᠨ ᠭᠡᠬᠦ ᠲᠡᠦᠬᠡ ᠵᠢᠨ ᠪᠣᠳᠠᠰᠴᠢ ᠦᠵᠡᠯ᠎ᠤᠨ ᠦᠨᠳᠦᠰᠦᠨ ᠦᠵᠡᠯᠲᠡ ᠵᠢ ᠪᠠᠷᠢᠮᠲᠠᠯᠠᠵᠤ ᠂  ᠠᠷᠠᠳ ᠲᠦᠮᠡᠨ᠎ᠤ ᠭᠣᠣᠯ ᠴᠣᠭᠴᠠ ᠵᠢᠨ ᠪᠠᠢ᠌ᠷᠢ ᠰᠠᠭᠤᠷᠢ ᠵᠢ ᠪᠠᠷᠢᠮᠲᠠᠯᠠᠵᠤ ᠂  ᠬᠠᠮᠤᠭ᠎ᠤᠨ ᠥᠷᠭᠡᠨ ᠤᠯᠠᠨ ᠠᠷᠠᠳ ᠲᠦᠮᠡᠨ᠎ᠤ ᠦᠨᠳᠦᠰᠦᠨ ᠠᠰᠢᠭ ᠲᠤᠰᠠ ᠵᠢ ᠰᠠᠢ᠌ᠲᠤᠷ ᠬᠠᠮᠠᠭ᠋ᠠᠯᠠᠬᠤ ᠂  ᠰᠠᠢ᠌ᠲᠤᠷ ᠪᠡᠶᠡᠯᠡᠭᠦᠯᠬᠦ ᠂  ᠰᠠᠢ᠌ᠲᠤᠷ ᠬᠥᠭᠵᠢᠭᠦᠯᠬᠦ᠎ᠪᠠᠷ ᠠᠯᠢᠪᠠ ᠠᠵᠢᠯ᠎ᠤᠨ ᠵᠣᠷᠢᠯᠲᠠ ᠪᠠ ᠲᠤᠰᠤᠯᠲᠠ ᠪᠤᠯᠭ᠋ᠠᠵᠤ ᠂  ᠣᠳᠣᠬᠢᠴᠢᠯᠠᠯᠲᠠ ᠵᠢᠨ ᠪᠦᠲᠦᠭᠡᠨ ᠪᠠᠢ᠌ᠭᠤᠯᠤᠯᠲᠠ ᠵᠢᠨ ᠦᠷ᠎ᠡ ᠪᠦᠲᠦᠭᠡᠯ᠎ᠢ ᠪᠦᠭᠦ ᠠᠷᠠᠳ ᠲᠦᠮᠡᠨ᠎ᠳᠤ ᠨᠡᠩ ᠤᠯᠠᠨ ᠨᠡᠩ ᠡᠷᠬᠡ ᠲᠡᠭᠰᠢ᠎ᠪᠠᠷ ᠬᠦᠷᠲᠡᠭᠡᠬᠦ ᠬᠡᠷᠡᠭᠲᠡᠢ ᠃  ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ ᠳᠦᠷᠢᠮ᠎ᠤᠨ ᠰᠢᠰᠲ᠋ᠧᠮ᠎ᠢ ᠪᠦᠷᠢᠨᠰᠢᠭᠦᠯᠵᠦ ᠂  ᠨᠡᠢ᠌ᠭᠡᠮ᠎ᠤᠨ ᠲᠥᠪ ᠭᠣᠣᠯᠴᠢ ᠰᠢᠳᠤᠷᠭᠤ ᠶᠣᠰᠣ ᠵᠢ ᠬᠠᠮᠠᠭ᠋ᠠᠯᠠᠬᠤ ᠳᠦᠷᠢᠮ ᠲᠣᠭᠲᠠᠴᠠ ᠵᠢ ᠲᠡᠭᠦᠯᠳᠡᠷᠵᠢᠭᠦᠯᠵᠦ ᠂  ᠠᠷᠠᠳ᠎ᠤᠨ ᠠᠮᠢᠳᠤᠷᠠᠯ᠎ᠢ ᠬᠦᠴᠦᠯᠡᠨ ᠪᠠᠲᠤᠯᠠᠨ ᠰᠠᠢ᠌ᠵᠢᠷᠠᠭᠤᠯᠵᠤ ᠂  ᠰᠢᠨ᠎ᠡ ᠴᠠᠭ ᠦᠶ᠎ᠡ ᠵᠢᠨ ᠤᠯᠠᠨ ᠲᠦᠮᠡᠨᠴᠢ ᠱᠤᠭᠤᠮ ᠵᠶ᠋ᠠᠷ ᠰᠠᠢ᠌ᠲᠤᠷ ᠵᠠᠮᠨᠠᠵᠤ ᠂  ᠠᠷᠠᠳ ᠤᠯᠠᠨ᠎ᠯᠤᠭ᠎ᠠ ᠵᠢᠨ ᠴᠢᠰᠤ ᠮᠢᠬᠠᠨ᠎ᠤ ᠬᠠᠷᠢᠴᠠᠭ᠎ᠠ ᠵᠢ ᠢᠮᠠᠭᠲᠠ ᠪᠠᠲᠤᠯᠠᠵᠤ ᠂  ᠢᠮᠠᠭᠲᠠ ᠠᠷᠠᠳ ᠲᠦᠮᠡᠨ᠎ᠤ ᠰᠢᠭᠦᠮᠵᠢᠯᠡᠯ ᠪᠠ ᠬᠢᠨᠠᠯᠲᠠ ᠵᠢ ᠬᠦᠯᠢᠶᠡᠵᠦ ᠂  ᠢᠮᠠᠭᠲᠠ ᠠᠷᠠᠳ ᠲᠦᠮᠡᠨ᠎ᠲᠠᠢ ᠠᠮᠢᠰᠬᠤᠭ᠎ᠠ ᠨᠢᠭᠡᠲᠡᠢ ᠂  ᠬᠤᠪᠢ ᠵᠠᠶᠠᠭ᠎ᠠ ᠨᠢᠭᠡᠲᠡᠢ ᠂  ᠰᠡᠳᠬᠢᠯ ᠵᠢᠷᠦᠬᠡᠨ᠎ᠤ ᠬᠤᠯᠪᠤᠭ᠎ᠠ᠎ᠲᠠᠢ ᠪᠠᠢ᠌ᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠬᠠᠮᠤᠭ᠎ᠤᠨ ᠨᠠᠢ᠌ᠳᠠᠪᠤᠷᠢᠲᠠᠢ ᠂  ᠬᠠᠮᠤᠭ᠎ᠤᠨ ᠭᠦᠨ ᠵᠤᠵᠠᠭ᠋ᠠᠨ ᠂  ᠬᠠᠮᠤᠭ᠎ᠤᠨ ᠤᠳᠠᠭ᠋ᠠᠨ ᠳᠠᠭ᠋ᠠᠭ᠋ᠠᠮᠠᠭ᠋ᠠᠢ ᠬᠦᠴᠦᠨ ᠴᠢᠳᠠᠯ᠎ᠤᠨ ᠡᠬᠢ ᠰᠤᠷᠪᠤᠯᠵᠢ᠎ᠲᠠᠢ ᠪᠤᠯᠭ᠋ᠠᠬᠤ ᠬᠡᠷᠡᠭᠲᠡᠢ ᠭᠡᠵᠦ ᠴᠢᠬᠤᠯᠠᠴᠢᠯᠠᠵᠠᠢ ᠃

       ᠰᠢ ᠵᠢᠨ ᠫᠢᠩ᠂  ᠮᠠᠷᠺᠰ᠎ᠤᠨ ᠦᠵᠡᠯ᠎ᠢ ᠡᠷᠡᠰ ᠭᠤᠢ᠌ᠪᠢᠰᠢ ᠦᠭᠡᠢ ᠪᠠᠷᠢᠮᠲᠠᠯᠠᠨ ᠂  ᠴᠠᠭ ᠦᠶ᠎ᠡ᠎ᠲᠠᠢ ᠵᠡᠷᠭᠡ᠎ᠪᠠᠷ  ᠤᠷᠤᠭᠰᠢᠯᠠᠨ ᠬᠥᠭᠵᠢᠭᠦᠯᠵᠦ ᠂  ᠦᠢ᠍ᠯᠡᠳᠦᠯᠭᠡ ᠵᠢᠨ ᠰᠠᠭᠤᠷᠢᠨ ᠳᠡᠭᠡᠷᠡᠬᠢ ᠤᠨᠤᠯ᠎ᠤᠨ ᠰᠢᠨ᠎ᠡ ᠡᠭᠦᠳᠦᠯᠲᠡ ᠵᠢ ᠶᠡᠬᠡ᠎ᠪᠠᠷ ᠠᠬᠢᠭᠤᠯᠵᠤ ᠂  ᠤᠬᠠᠮᠰᠠᠷ᠎ᠠᠴᠠ᠎ᠪᠠᠨ ᠳᠤᠮᠳᠠᠳᠤ ᠤᠯᠤᠰᠴᠢᠯᠠᠭᠰᠠᠨ ᠴᠠᠭ ᠦᠶᠡᠴᠢᠯᠡᠭᠰᠡᠨ ᠮᠠᠷᠺᠰ᠎ᠤᠨ ᠦᠵᠡᠯ ᠵᠶ᠋ᠡᠷ ᠰᠢᠨ᠎ᠡ ᠦᠢ᠍ᠯᠡᠳᠦᠯᠭᠡ ᠵᠢ ᠵᠢᠯᠣᠭᠣᠳᠤᠭᠤᠯᠬᠤ ᠪᠣᠯ ᠮᠠᠨ᠎ᠤ ᠨᠠᠮ᠎ᠤᠨ ᠲᠡᠦᠬᠡ ᠵᠢᠨ ᠰᠠᠨᠠᠭ᠋ᠠᠴᠢᠯᠠᠭ᠎ᠠ ᠵᠢ ᠡᠵᠡᠮᠳᠡᠵᠦ ᠂  ᠴᠠᠭ ᠦᠶ᠎ᠡ ᠵᠢᠨ ᠠᠯᠬᠤᠭ᠎ᠠ ᠵᠢ ᠲᠠᠭ᠋ᠠᠵᠤ ᠂  ᠠᠵᠢᠯ ᠦᠢ᠍ᠯᠡᠰ᠎ᠤᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠲᠠᠰᠤᠷᠠᠯᠳᠠ ᠦᠭᠡᠢ ᠡᠭᠦᠳᠬᠦ ᠠᠮᠵᠢᠯᠲᠠ᠎ᠲᠠᠢ ᠠᠷᠭ᠎ᠠ ᠵᠠᠮ ᠮᠥᠨ ᠃  ᠦᠢ᠍ᠯᠡᠳᠦᠯᠭᠡ ᠬᠡᠵᠢᠶᠡᠳᠡ ᠳᠠᠭᠤᠰᠤᠰᠢ ᠦᠭᠡᠢ ᠂  ᠤᠨᠤᠯ᠎ᠤᠨ ᠰᠢᠨ᠎ᠡ ᠡᠭᠦᠳᠦᠯᠲᠡ ᠬᠡᠵᠢᠶᠡᠳᠡ ᠳᠠᠭᠤᠰᠤᠰᠢ ᠦᠭᠡᠢ ᠂  ᠦᠨᠡᠨ ᠶᠣᠰᠣ ᠵᠢ ᠲᠠᠨᠢᠬᠤ ᠶᠠᠪᠤᠳᠠᠯ ᠬᠡᠵᠢᠶᠡᠳᠡ ᠳᠠᠭᠤᠰᠤᠰᠢ ᠦᠭᠡᠢ ᠶᠤᠮ ᠂  ᠮᠠᠷᠺᠰ᠎ᠤᠨ ᠦᠵᠡᠯ᠎ᠢ ᠳᠤᠮᠳᠠᠳᠤ ᠤᠯᠤᠰᠴᠢᠯᠠᠬᠤ ᠴᠠᠭ ᠦᠶᠡᠴᠢᠯᠡᠬᠦ ᠰᠢᠨ᠎ᠡ ᠠᠬᠤᠢ ᠪᠠᠢ᠌ᠳᠠᠯ᠎ᠢ ᠲᠠᠰᠤᠷᠠᠯᠲᠠ ᠦᠭᠡᠢ ᠨᠡᠭᠡᠭᠡᠬᠦ ᠬᠡᠷᠡᠭᠲᠡᠢ ᠃  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠨᠠᠮ᠎ᠤᠨ ᠤᠨᠤᠯ᠎ᠤᠨ ᠰᠢᠨ᠎ᠡ ᠡᠭᠦᠳᠦᠯᠲᠡ᠎ᠳᠤ ᠥᠷᠭᠡᠨ ᠠᠭᠤᠳᠠᠮ ᠠᠯᠤᠰ ᠢᠷᠡᠭᠡᠳᠦᠢ ᠵᠢ ᠨᠡᠭᠡᠭᠡᠨ ᠥᠭᠴᠦ ᠂  ᠨᠡᠩ ᠪᠡᠷᠬᠡ ᠬᠠᠲᠠᠭᠤᠵᠢᠯᠲᠠᠢ ᠰᠢᠨ᠎ᠡ ᠡᠭᠦᠷᠭᠡ ᠳᠤᠷᠠᠳᠴᠠᠢ ᠃  ᠮᠠᠷᠺᠰ᠎ᠤᠨ ᠦᠵᠡᠯ᠎ᠤᠨ ᠦᠨᠳᠦᠰᠦᠨ ᠤᠭ ᠶᠣᠰᠣ ᠵᠢ ᠳᠤᠮᠳᠠᠳᠤ ᠤᠯᠤᠰ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠬᠤ ᠂  ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠲᠠᠢ ᠤᠶᠠᠯᠳᠤᠭᠤᠯᠬᠤ ᠵᠢ ᠪᠠᠷᠢᠮᠲᠠᠯᠠᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠢ᠌ᠭᠤᠯᠤᠯᠲᠠ ᠵᠢᠨ ᠵᠢᠮ᠎ᠡ ᠶᠣᠰᠣ ᠵᠢ ᠭᠦᠨᠵᠡᠭᠡᠢ ᠬᠠᠢ᠌ᠨ ᠰᠦᠪᠡᠭᠴᠢᠯᠡᠵᠦ ᠂  ᠦᠢ᠍ᠯᠡᠳᠦᠯᠭᠡ᠎ᠳᠤ ᠲᠤᠯᠭ᠋ᠠᠷᠠᠭᠰᠠᠨ ᠴᠣ᠋ ᠰᠢᠨ᠎ᠡ ᠰᠡᠳᠦᠪ᠎ᠢ ᠲᠠᠰᠤᠷᠠᠯᠲᠠ ᠦᠭᠡᠢ ᠬᠠᠷᠢᠭᠤᠯᠵᠤ ᠂  ᠤᠨᠤᠯ᠎ᠤᠨ ᠰᠢᠨ᠎ᠡ ᠡᠭᠦᠳᠦᠯᠲᠡ᠎ᠪᠠᠷ ᠦᠢ᠍ᠯᠡᠳᠦᠯᠭᠡ ᠵᠢᠨ ᠰᠢᠨ᠎ᠡ ᠡᠭᠦᠳᠦᠯᠲᠡ ᠵᠢ ᠬᠥᠲᠥᠯᠥᠨ ᠳᠠᠭ᠋ᠠᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠵᠠᠢ ᠃

       ᠰᠢ ᠵᠢᠨ ᠫᠢᠩ᠂  ᠥᠭᠡᠷᠡᠴᠢᠯᠡᠯᠲᠡ ᠨᠡᠭᠡᠭᠡᠯᠲᠡ ᠪᠣᠯ ᠤᠳᠤ ᠦᠶ᠎ᠡ ᠵᠢᠨ ᠳᠤᠮᠳᠠᠳᠤ ᠤᠯᠤᠰ᠎ᠤᠨ ᠲᠣᠮᠣ ᠠᠯᠬᠤᠮ ᠵᠶ᠋ᠠᠷ ᠴᠠᠭ ᠦᠶ᠎ᠡ ᠵᠢ ᠬᠥᠭᠡᠭᠡᠵᠦ ᠭᠦᠢ᠍ᠴᠡᠬᠦ ᠴᠢᠬᠤᠯᠠ ᠡᠷᠳᠡᠨᠢ ᠪᠣᠯᠣᠨ᠎ᠠ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠢᠯᠠᠵᠤ ᠢᠯᠠᠭᠳᠠᠬᠤ ᠵᠢ ᠲᠣᠭᠲᠠᠭ᠋ᠠᠬᠤ ᠵᠠᠩᠭᠢᠯᠠᠭ᠎ᠠ ᠵᠢᠨ ᠠᠷᠭ᠎ᠠ ᠪᠣᠯᠣᠨ᠎ᠠ ᠃  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠠᠬᠢᠭᠤᠯᠬᠤ᠎ᠳᠤ ᠂  ᠡᠷᠬᠡᠪᠰᠢ ᠥᠭᠡᠷᠡᠴᠢᠯᠡᠯᠲᠡ ᠨᠡᠭᠡᠭᠡᠯᠲᠡ ᠵᠢ ᠴᠢᠨᠠᠭᠰᠢᠳᠠ ᠭᠦᠨᠵᠡᠭᠡᠢ᠌ᠷᠡᠭᠦᠯᠵᠦ ᠂  ᠨᠡᠢ᠌ᠭᠡᠮ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠠᠰᠤᠷᠠᠯᠲᠠ ᠦᠭᠡᠢ ᠴᠢᠯᠦᠭᠡᠯᠡᠨ ᠬᠥᠭᠵᠢᠭᠦᠯᠵᠦ ᠂  ᠨᠡᠢ᠌ᠭᠡᠮ᠎ᠤᠨ ᠠᠮᠢᠵᠢᠷᠠᠯ᠎ᠤᠨ ᠬᠦᠴᠦᠨ᠎ᠢ ᠴᠢᠯᠦᠭᠡᠯᠡᠨ ᠴᠢᠩᠭ᠋ᠠᠷᠠᠭᠤᠯᠬᠤ ᠬᠡᠷᠡᠭᠲᠡᠢ ᠃  ᠴᠠᠭ ᠦᠶ᠎ᠡ ᠵᠢᠨ ᠬᠥᠭᠵᠢᠯᠲᠡ ᠵᠢᠨ ᠰᠢᠨ᠎ᠡ ᠬᠠᠨᠳᠤᠰᠢ ᠂  ᠦᠢ᠍ᠯᠡᠳᠦᠯᠭᠡ ᠵᠢᠨ ᠬᠥᠭᠵᠢᠯᠲᠡ ᠵᠢᠨ ᠰᠢᠨ᠎ᠡ ᠱᠠᠭ᠋ᠠᠷᠳᠠᠯᠭ᠎ᠠ ᠂  ᠠᠷᠠᠳ ᠤᠯᠠᠨ᠎ᠤ ᠰᠢᠨ᠎ᠡ ᠬᠦᠰᠡᠯ ᠡᠷᠡᠮᠡᠯᠵᠡᠯ᠎ᠳᠤ ᠵᠣᠬᠢᠴᠠᠵᠤ ᠂  ᠥᠭᠡᠷᠡᠴᠢᠯᠡᠯᠲᠡ ᠵᠢ ᠡᠴᠦᠰ᠎ᠲᠤᠨᠢ ᠲᠤᠯᠲᠠᠯ᠎ᠠ ᠬᠢᠬᠦ ᠡᠷᠡᠰ ᠵᠣᠷᠢᠭ ᠵᠶ᠋ᠠᠷ ᠂  ᠦᠨᠡᠨ ᠬᠦ᠌ ᠬᠢᠵᠦ ᠂  ᠬᠠᠲᠠᠭᠤ᠎ᠲᠠᠢ ᠬᠠᠯᠳᠠᠵᠤ ᠂  ᠤᠨᠢᠨ ᠳᠡᠭᠡᠷ᠎ᠡ᠎ᠨᠢ ᠬᠦᠴᠦᠯᠡᠵᠦ ᠂  ᠬᠠᠮᠵᠢᠯᠴᠠᠨ ᠬᠦᠴᠦᠯᠡᠵᠦ ᠂  ᠦᠷᠭᠦᠯᠵᠢᠯᠡᠨ ᠬᠦᠴᠦᠯᠡᠵᠦ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠤᠷᠤᠭᠰᠢᠲᠠᠢ ᠠᠭᠢᠬᠤ ᠵᠢ ᠬᠢᠵᠠᠭ᠋ᠠᠷᠯᠠᠵᠤ ᠪᠠᠢ᠌ᠭ᠎ᠠ ᠠᠯᠢᠪᠠ ᠪᠠᠢ᠌ᠭᠤᠯᠤᠮᠵᠢ ᠲᠣᠭᠲᠠᠴᠠ ᠵᠢᠨ ᠬᠠᠷᠰᠢ ᠰᠠᠭ᠋ᠠᠳ᠎ᠢ ᠡᠷᠡᠰ ᠠᠷᠢᠯᠭ᠋ᠠᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠰᠢᠨ᠎ᠡ ᠬᠥᠳᠡᠯᠭᠡᠬᠦ ᠬᠦᠴᠦᠨ᠎ᠢ ᠪᠦᠭᠦ ᠲᠠᠯ᠎ᠠ᠎ᠪᠠᠷ  ᠲᠠᠰᠤᠷᠠᠯᠳᠠ ᠦᠭᠡᠢ ᠨᠡᠮᠡᠷᠢᠯᠡᠵᠦ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠬᠥᠭᠵᠢᠯᠲᠡ ᠵᠢᠨ ᠣᠷᠣᠨ ᠵᠠᠢ ᠵᠢ ᠲᠠᠰᠤᠷᠠᠯᠳᠠ ᠦᠭᠡᠢ ᠥᠷᠭᠡᠳᠬᠡᠬᠦ ᠬᠡᠷᠡᠭᠲᠡᠢ ᠭᠡᠵᠦ ᠴᠢᠬᠤᠯᠠᠴᠢᠯᠠᠵᠠᠢ ᠃

       ᠰᠢ ᠵᠢᠨ ᠫᠢᠩ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠭᠰᠠᠨ ᠨᠡᠢ᠌ᠭᠡᠮ ᠵᠢᠷᠤᠮᠲᠤ ᠣᠳᠣᠬᠢᠴᠢᠯᠠᠯᠲᠠ ᠮᠥᠨ ᠂  ᠭᠠᠭᠴᠠ ᠬᠦ᠌ ᠶᠡᠬᠡ ᠨᠠᠮ᠎ᠤᠨ ᠥᠪᠡᠷᠮᠢᠴᠡ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠰᠡᠷᠭᠡᠭ ᠪᠥᠭᠡᠳ ᠡᠷᠡᠰ ᠪᠠᠲᠤ ᠪᠠᠢ᠌ᠳᠠᠯ ᠵᠶ᠋ᠠᠨ ᠴᠠᠭ ᠢᠮᠠᠭᠲᠠ ᠪᠠᠲᠤᠯᠠᠵᠤ ᠂  ᠨᠠᠮ ᠵᠶ᠋ᠠᠨ ᠨᠡᠩ ᠪᠠᠲᠤ ᠴᠢᠩᠭ᠎ᠠ ᠬᠦᠴᠦᠨ᠎ᠲᠠᠢ ᠪᠣᠯᠭ᠋ᠠᠨ ᠪᠠᠢ᠌ᠭᠤᠯᠪᠠᠯ ᠰᠠᠶᠢ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠳᠠᠪᠠᠯᠭ᠋ᠠᠨ᠎ᠢ ᠰᠥᠷᠦᠨ ᠤᠷᠤᠭᠰᠢᠯᠠᠵᠤ ᠂  ᠯᠠᠪᠳᠠᠭᠤᠨ ᠵᠶ᠋ᠠᠷ ᠬᠤᠯᠠ ᠠᠶᠠᠯᠠᠵᠤ ᠴᠢᠳᠠᠨ᠎ᠠ ᠃  ᠰᠢᠨ᠎ᠡ ᠴᠠᠭ ᠦᠶ᠎ᠡ ᠵᠢᠨ ᠨᠠᠮ᠎ᠤᠨ ᠪᠠᠢ᠌ᠭᠤᠯᠤᠯᠲᠠ ᠵᠢᠨ ᠶᠡᠷᠦᠩᠬᠡᠢ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠵᠤ ᠂  ᠨᠠᠮ᠎ᠤᠨ ᠤᠯᠤᠰ ᠲᠦᠷᠦ ᠵᠢᠨ ᠪᠠᠢ᠌ᠭᠤᠯᠤᠯᠲᠠ᠎ᠪᠠᠷ ᠨᠠᠮ᠎ᠤᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠶᠡᠷᠦᠩᠬᠡᠢ᠌ᠯᠡᠨ ᠵᠢᠯᠣᠭᠣᠳᠤᠭᠤᠯᠵᠤ ᠂  ᠪᠦᠭᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲ᠋ᠧᠮ᠎ᠢ ᠪᠦᠷᠢᠨᠰᠢᠭᠦᠯᠵᠦ ᠂  ᠨᠠᠮ᠎ᠤᠨ ᠥᠪᠡᠷ᠎ᠢ᠎ᠪᠠᠨ ᠴᠡᠪᠡᠷᠰᠢᠭᠦᠯᠬᠦ ᠂  ᠥᠪᠡᠷ᠎ᠢ᠎ᠪᠠᠨ ᠲᠡᠭᠦᠯᠳᠡᠷᠵᠢᠭᠦᠯᠬᠦ ᠂  ᠥᠪᠡᠷ᠎ᠢ᠎ᠪᠠᠨ ᠰᠢᠨᠡᠴᠢᠯᠡᠬᠦ ᠂  ᠥᠪᠡᠷ᠎ᠢ᠎ᠪᠠᠨ ᠳᠡᠭᠡᠭᠰᠢᠯᠡᠭᠦᠯᠭᠦ ᠵᠢ ᠪᠦᠭᠦ ᠲᠠᠯ᠎ᠠ᠎ᠪᠠᠷ ᠠᠬᠢᠭᠤᠯᠵᠤ ᠂  ᠢᠯᠵᠠᠷᠠᠬᠤ᠎ᠠᠴᠠ ᠵᠢᠷᠦᠬᠡᠰᠢᠶᠡᠬᠦ ᠂  ᠢᠯᠵᠠᠷᠠᠵᠤ ᠪᠤᠯᠬᠤ ᠦᠭᠡᠢ ᠂  ᠢᠯᠵᠠᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠵᠢ ᠪᠠᠷᠢᠮᠲᠠᠯᠠᠵᠤ ᠂  ᠮᠠᠨ᠎ᠤ ᠨᠠᠮ ᠵᠶ᠋ᠠᠨ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠪᠠᠲᠤ ᠰᠠᠬᠢᠵᠤ ᠂  ᠴᠠᠭ ᠦᠶ᠎ᠡ ᠵᠢᠨ ᠡᠮᠦᠨ᠎ᠡ ᠡᠩᠨᠡᠭᠡᠨ᠎ᠳᠤ ᠤᠷᠤᠭᠰᠢᠯᠠᠭᠤᠯᠵᠤ ᠂  ᠢᠮᠠᠭᠲᠠ ᠥᠷᠨᠢᠭᠦᠨ ᠪᠠᠳᠠᠷᠠᠩᠭᠤᠢ ᠠᠮᠢᠵᠢᠷᠠᠯ᠎ᠤᠨ ᠬᠦᠴᠦᠨ᠎ᠲᠠᠢ ᠪᠠᠢ᠌ᠯᠭ᠋ᠠᠵᠤ ᠂  ᠮᠠᠨ᠎ᠤ ᠨᠠᠮ᠎ᠢ ᠡᠭᠦᠷᠢᠳᠡ ᠴᠢᠨᠠᠷ ᠬᠤᠪᠢᠷᠠᠬᠤ ᠦᠭᠡᠢ ᠂  ᠥᠩᠭᠡ ᠬᠤᠪᠢᠷᠠᠬᠤ ᠦᠭᠡᠢ ᠂  ᠰᠤᠷᠲᠠᠯ ᠬᠤᠪᠢᠷᠠᠬᠤ ᠦᠭᠡᠢ ᠪᠠᠢ᠌ᠯᠭ᠋ᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ ᠃

       ᠰᠢ ᠵᠢᠨ ᠫᠢᠩ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠨᠢ ᠪᠦᠭᠦ ᠳᠤᠮᠳᠠᠳᠤ ᠵᠢᠨ ᠬᠥᠪᠡᠭᠦᠳ ᠥᠬᠢᠳ᠎ᠤᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ ᠂  ᠬᠠᠮᠲᠤ᠎ᠪᠠᠷ  ᠠᠤᠭ᠎ᠠ ᠦᠢ᠍ᠯᠡᠰ᠎ᠢ ᠪᠦᠲᠦᠭᠡᠬᠦ ᠵᠢ ᠱᠠᠭ᠋ᠠᠷᠳᠠᠨ᠎ᠠ ᠃ 《ᠨᠢᠭᠡ ᠤᠯᠤᠰ᠎ᠲᠤ ᠬᠣᠶᠠᠷ ᠪᠠᠢ᠌ᠭᠤᠯᠤᠯ᠎ᠢ ᠬᠡᠷᠡᠭᠵᠢᠭᠦᠯᠬᠦ 》᠂ 《ᠰᠢᠶᠠᠩᠭ᠋ᠠᠨᠭ᠌ᠴᠤᠳ ᠰᠢᠶᠠᠩᠭ᠋ᠠᠩ ᠵᠢᠡᠨ ᠵᠠᠰᠠᠬᠤ 》᠂ 《ᠣᠣᠮᠧᠨᠨᠴᠤᠳ ᠣᠣᠮᠧᠨ ᠵᠢᠡᠨ ᠵᠠᠰᠠᠬᠤ 》᠂  ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠴᠢᠭᠯᠡᠯᠲᠡ ᠵᠢ ᠪᠦᠭᠦ ᠲᠠᠯ᠎ᠠ᠎ᠪᠠᠷ ᠵᠥᠪ ᠣᠨᠣᠪᠴᠢᠲᠠᠢ ᠂  ᠡᠷᠡᠰ ᠭᠤᠢ᠌ᠪᠢᠰᠢ ᠦᠭᠡᠢ ᠲᠤᠭᠤᠰᠢᠯᠠᠭᠤᠯᠵᠤ ᠂  ᠬᠠᠤᠯᠢ ᠶᠣᠰᠣᠭ᠋ᠠᠷ ᠰᠢᠶᠠᠩᠭ᠋ᠠᠩ ᠣᠣᠮᠧᠨ᠎ᠢ ᠵᠠᠰᠠᠬᠤ ᠵᠢ ᠪᠠᠷᠢᠮᠲᠠᠯᠠᠵᠤ ᠂ 《ᠨᠢᠭᠡ ᠤᠯᠤᠰ᠎ᠲᠤ ᠬᠣᠶᠠᠷ ᠪᠠᠢ᠌ᠭᠤᠯᠤᠯ᠎ᠢ ᠬᠡᠷᠡᠭᠵᠢᠭᠦᠯᠬᠦ 》  ᠪᠠᠢ᠌ᠭᠤᠯᠤᠯ᠎ᠤᠨ ᠰᠢᠰᠲ᠋ᠧᠮ᠎ᠢ ᠪᠠᠷᠢᠮᠲᠠᠯᠠᠨ ᠲᠡᠭᠦᠯᠳᠡᠷᠵᠢᠭᠦᠯᠵᠦ ᠂  ᠲᠥᠪ᠎ᠤᠨ ᠪᠦᠭᠦ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ ᠵᠢ ᠨᠠᠢ᠌ᠳᠠᠪᠤᠷᠢᠵᠢᠭᠤᠯᠵᠤ ᠂ 《ᠤᠯᠤᠰ ᠵᠢᠡᠨ ᠬᠠᠢ᠌ᠷᠠᠯᠠᠬᠤ ᠬᠥᠮᠥᠰ ᠵᠢᠡᠷ ᠰᠢᠶᠠᠩᠭ᠋ᠠᠩ᠎ᠢ ᠵᠠᠰᠠᠭᠤᠯᠬᠤ 》᠂ 《ᠤᠯᠤᠰ ᠵᠢᠡᠨ ᠬᠠᠢ᠌ᠷᠠᠯᠠᠬᠤ ᠬᠥᠮᠥᠰ ᠵᠢᠡᠷ ᠣᠣᠮᠧᠨ᠎ᠢ ᠵᠠᠰᠠᠭᠤᠯᠬᠤ 》  ᠵᠠᠷᠴᠢᠮ᠎ᠢ ᠨᠠᠢ᠌ᠳᠠᠪᠤᠷᠢᠵᠢᠭᠤᠯᠵᠤ ᠂  ᠲᠥᠪ᠎ᠤᠨ ᠪᠦᠭᠦ ᠲᠠᠯ᠎ᠠ᠎ᠪᠠᠷ ᠬᠠᠮᠢᠶᠠᠷᠤᠨ ᠵᠠᠰᠠᠬᠤ ᠡᠷᠬᠡ ᠪᠠ ᠵᠠᠰᠠᠭ ᠵᠠᠬᠢᠷᠭ᠋ᠠᠨ᠎ᠤ ᠣᠨᠴᠠᠭ᠋ᠠᠢ ᠣᠷᠣᠨ᠎ᠤ ᠳᠡᠭᠡᠳᠦ ᠬᠡᠮᠵᠢᠶ᠎ᠡ᠎ᠪᠠᠷ ᠥᠪᠡᠷᠲᠡᠭᠡᠨ ᠵᠠᠰᠠᠬᠤ ᠡᠷᠬᠡ ᠵᠢᠨ ᠨᠢᠭᠡᠳᠦᠯ᠎ᠢ ᠪᠠᠲᠤᠯᠠᠬᠤ ᠵᠢ ᠪᠠᠷᠢᠮᠲᠠᠯᠠᠬᠤ ᠬᠡᠷᠡᠭᠲᠡᠢ ᠃  ᠰᠢᠶᠠᠩᠭ᠋ᠠᠩ ᠂  ᠣᠣᠮᠧᠨ᠎ᠤ ᠠᠵᠤ ᠠᠬᠤᠢ᠎ᠪᠠᠨ ᠬᠥᠭᠵᠢᠭᠦᠯᠬᠦ ᠂  ᠠᠷᠠᠳ᠎ᠤᠨ ᠠᠮᠢᠳᠤᠷᠠᠯ᠎ᠢ ᠰᠠᠢ᠌ᠵᠢᠷᠠᠭᠤᠯᠬᠤ ᠵᠢ ᠳᠡᠮᠵᠢᠵᠦ ᠂  ᠠᠵᠤ ᠠᠬᠤᠢ ᠨᠡᠢ᠌ᠭᠡᠮ᠎ᠤᠨ ᠬᠥᠭᠵᠢᠯᠲᠡ ᠵᠢᠨ ᠳᠤᠮᠳᠠᠬᠢ ᠭᠦᠨ ᠳᠠᠪᠬᠤᠷᠭ᠎ᠠ ᠵᠢᠨ ᠵᠥᠷᠢᠴᠡᠯ ᠪᠠ ᠠᠰᠠᠭᠤᠳᠠᠯ᠎ᠢ ᠰᠢᠢ᠍ᠳᠪᠦᠷᠢᠯᠡᠵᠦ ᠂  ᠤᠯᠤᠰ ᠣᠷᠣᠨ᠎ᠤ ᠬᠥᠭᠵᠢᠯᠲᠡ ᠵᠢᠨ ᠶᠡᠬᠡ ᠲᠠᠯ᠎ᠠ᠎ᠳᠤ ᠨᠡᠩ ᠰᠠᠢ᠌ᠲᠤᠷ ᠠᠭᠤᠰᠤᠯᠴᠠᠭᠤᠯᠬᠤ ᠬᠡᠷᠡᠭᠲᠡᠢ ᠃  ᠡᠬᠡ ᠣᠷᠣᠨ᠎ᠤ ᠪᠦᠷᠢᠨ ᠨᠢᠭᠡᠳᠦᠯ᠎ᠢ ᠪᠡᠶᠡᠯᠡᠭᠦᠯᠬᠦ ᠪᠣᠯ ᠴᠠᠭ᠎ᠤᠨ ᠪᠠᠢ᠌ᠳᠠᠯ᠎ᠤᠨ ᠬᠠᠨᠳᠤᠰᠢ ᠂  ᠲᠥᠪ ᠶᠣᠰᠣᠨ᠎ᠤ ᠬᠠᠨᠳᠤᠰᠢ ᠂  ᠠᠷᠠᠳ᠎ᠤᠨ ᠰᠡᠳᠬᠢᠯ᠎ᠤᠨ ᠬᠠᠨᠳᠤᠰᠢ ᠮᠥᠨ ᠂  ᠡᠬᠡ ᠣᠷᠣᠨ ᠡᠷᠬᠡᠪᠰᠢ ᠨᠢᠭᠡᠳᠬᠦ ᠬᠡᠷᠡᠭᠲᠡᠢ ᠪᠥᠭᠡᠳ ᠵᠠᠢ᠌ᠯᠠᠰᠢ ᠦᠭᠡᠢ ᠨᠢᠭᠡᠳᠬᠦ ᠶᠤᠮ ᠃  ᠰᠢᠨ᠎ᠡ ᠴᠠᠭ ᠦᠶ᠎ᠡ ᠵᠢᠨ ᠨᠠᠮ᠎ᠤᠨ ᠲᠠᠢ᠌ᠸᠠᠨ᠎ᠤ ᠠᠰᠠᠭᠤᠳᠠᠯ᠎ᠢ ᠰᠢᠢ᠍ᠳᠪᠦᠷᠢᠯᠡᠬᠦ ᠶᠡᠷᠦᠩᠬᠡᠢ ᠠᠷᠭ᠎ᠠ ᠪᠣᠳᠣᠯᠭ᠎ᠠ ᠵᠢ ᠪᠠᠷᠢᠮᠲᠠᠯᠠᠨ ᠲᠤᠭᠤᠰᠢᠯᠠᠭᠤᠯᠵᠤ ᠂  ᠨᠢᠭᠡ ᠯᠡ ᠳᠤᠮᠳᠠᠳᠤ ᠤᠯᠤᠰ ᠪᠠᠢ᠌ᠬᠤ ᠵᠠᠷᠴᠢᠮ ᠪᠠ 《ᠶᠡᠷᠡᠨ ᠬᠣᠶᠠᠷ ᠣᠨ᠎ᠤ ᠬᠠᠮᠲᠤ ᠵᠢᠨ ᠲᠠᠨᠢᠯᠲᠠ 》 ᠵᠢ  ᠪᠠᠷᠢᠮᠲᠠᠯᠠᠨ ᠂  ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠡᠯ᠎ᠡ ᠬᠦᠷᠢᠶᠡᠨ᠎ᠤ ᠠᠭᠤᠰᠤᠯᠴᠠᠨ ᠬᠥᠭᠵᠢᠬᠦ ᠵᠢ ᠭᠦᠨᠵᠡᠭᠡᠢ᠌ᠷᠡᠭᠦᠯᠵᠦ ᠂  ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠬᠠᠷᠢᠴᠠᠭ᠎ᠠ ᠵᠢᠨ ᠨᠠᠢ᠌ᠷᠠᠮᠳᠠᠯ ᠵᠶ᠋ᠠᠷ ᠬᠥᠭᠵᠢᠬᠦ ᠵᠢ ᠠᠬᠢᠭᠤᠯᠤᠨ ᠂  ᠶᠠᠮᠠᠷᠪᠠ ᠬᠥᠮᠥᠨ᠎ᠤ ᠶᠠᠮᠠᠷᠪᠠ ᠠᠷᠭ᠎ᠠ ᠮᠠᠶᠢᠭ ᠵᠶ᠋ᠠᠷ ᠲᠠᠢ᠌ᠸᠠᠨ᠎ᠢ ᠳᠤᠮᠳᠠᠳᠤ ᠤᠯᠤᠰ᠎ᠠᠴᠠ ᠬᠠᠭ᠋ᠠᠴᠠᠭᠤᠯᠤᠨ ᠰᠠᠯᠭ᠋ᠠᠬᠤ ᠵᠢ ᠡᠷᠡᠰ ᠰᠡᠷᠭᠡᠢ᠌ᠯᠡᠬᠦ ᠬᠡᠷᠡᠭᠲᠡᠢ ᠭᠡᠵᠦ ᠴᠢᠬᠤᠯᠠᠴᠢᠯᠠᠪᠠ ᠃

       ᠰᠢ ᠵᠢᠨ ᠫᠢᠩ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠪᠣᠯ ᠡᠩᠬᠡ ᠲᠠᠢ᠌ᠪᠤᠩ ᠬᠥᠭᠵᠢᠯᠲᠡ ᠵᠢᠨ ᠵᠠᠮ ᠵᠶ᠋ᠠᠷ ᠵᠠᠮᠨᠠᠬᠤ ᠣᠳᠣᠬᠢᠴᠢᠯᠠᠯᠲᠠ ᠮᠥᠨ ᠂  ᠳᠤᠮᠳᠠᠳᠤ ᠤᠯᠤᠰ᠎ᠤᠨ ᠠᠷᠠᠳ ᠲᠦᠮᠡᠨ᠎ᠳᠤ ᠪᠤᠶᠠᠨ ᠦᠢ᠍ᠯᠡᠳᠬᠦ ᠪᠥᠭᠡᠳ ᠳᠡᠯᠡᠬᠡᠢ ᠵᠢᠨ ᠡᠯ᠎ᠡ ᠤᠯᠤᠰ᠎ᠤᠨ ᠣᠳᠣᠬᠢᠴᠢᠯᠠᠯᠲᠠ ᠵᠢ ᠠᠬᠢᠭᠤᠯᠤᠨ᠎ᠠ ᠃  ᠪᠢᠳᠡ ᠡᠷᠡᠰ ᠪᠠᠲᠤ᠎ᠪᠠᠷ ᠲᠡᠦᠬᠡ ᠵᠢᠨ ᠵᠥᠪ ᠲᠠᠯ᠎ᠠ᠎ᠳᠤ ᠵᠣᠭᠰᠣᠵᠤ ᠂  ᠬᠥᠮᠥᠨ ᠲᠥᠷᠥᠯᠬᠢᠲᠡᠨ᠎ᠤ ᠪᠣᠯᠪᠠᠰᠤᠨ᠎ᠤ ᠲᠠᠪᠰᠢᠯᠳᠠ ᠵᠢᠨ ᠲᠠᠯ᠎ᠠ᠎ᠳᠤ ᠵᠣᠭᠰᠣᠵᠤ ᠂  ᠡᠩᠬᠡ ᠲᠠᠢ᠌ᠪᠤᠩ ᠂  ᠬᠥᠭᠵᠢᠯᠲᠡ ᠂  ᠬᠠᠮᠲᠤᠷᠠᠯᠴᠠᠭ᠎ᠠ ᠂  ᠬᠠᠮᠲᠤ᠎ᠪᠠᠷ ᠠᠰᠢᠭ ᠭᠦᠷᠳᠡᠭᠦ ᠲᠤᠭ᠎ᠢ ᠥᠨᠳᠥᠷ ᠮᠠᠨᠳᠤᠭᠤᠯᠵᠤ ᠂  ᠪᠦᠭᠦ ᠬᠥᠮᠥᠨ ᠲᠥᠷᠥᠯᠬᠢᠲᠡᠨ᠎ᠤ ᠬᠠᠮᠲᠤ ᠵᠢᠨ ᠦᠷᠳᠡᠭ᠎ᠢ ᠪᠠᠳᠠᠷᠠᠭᠤᠯᠵᠤ ᠂  ᠪᠦᠭᠦ ᠪᠥᠮᠪᠥᠷᠴᠡᠭ᠎ᠤᠨ ᠬᠥᠭᠵᠢᠯᠲᠡ ᠵᠢᠨ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠠᠮᠤᠷ ᠲᠦᠪᠰᠢᠨ᠎ᠤ ᠰᠠᠨᠠᠭ᠋ᠠᠴᠢᠯᠠᠭ᠎ᠠ ᠂  ᠪᠦᠭᠦ ᠪᠥᠮᠪᠥᠷᠴᠡᠭ᠎ᠤᠨ ᠪᠣᠯᠪᠠᠰᠤᠨ᠎ᠤ ᠰᠠᠨᠠᠭ᠋ᠠᠴᠢᠯᠠᠭ᠎ᠠ ᠵᠢ ᠨᠠᠢ᠌ᠳᠠᠪᠤᠷᠢᠵᠢᠭᠤᠯᠬᠤ ᠵᠢ ᠠᠬᠢᠭᠤᠯᠵᠤ ᠂  ᠥᠨᠢ ᠤᠳᠠᠭ᠋ᠠᠨ ᠡᠩᠬᠡ ᠲᠠᠢ᠌ᠪᠤᠩ ᠂  ᠨᠡᠢ᠌ᠳᠡᠮ᠎ᠳᠡᠭᠡᠨ ᠠᠮᠤᠷ ᠲᠦᠪᠰᠢᠨ ᠂  ᠬᠠᠮᠲᠤ᠎ᠪᠠᠷ ᠴᠡᠴᠡᠭᠯᠡᠨ ᠬᠥᠭᠵᠢᠭᠰᠡᠨ ᠂  ᠨᠡᠭᠡᠭᠡᠯᠲᠡᠲᠡᠢ ᠪᠠᠭᠲᠠᠭ᠋ᠠᠮᠵᠢᠲᠠᠢ ᠂  ᠠᠷᠢᠭᠤᠨ ᠴᠡᠪᠡᠷ ᠦᠵᠡᠰᠬᠦᠯᠡᠩᠲᠦ ᠰᠠᠢ᠌ᠬᠠᠨ ᠳᠡᠯᠡᠬᠡᠢ ᠶᠢᠷᠲᠢᠨᠴᠦ ᠵᠢ ᠪᠠᠢ᠌ᠭᠤᠯᠬᠤ ᠵᠢ ᠠᠬᠢᠭᠤᠯᠤᠨ᠎ᠠ ᠃  ᠪᠢᠳᠡ ᠤᠯᠠᠨ ᠤᠯᠤᠰ᠎ᠤᠨ ᠬᠠᠷᠢᠯᠴᠠᠭ᠋ᠠᠨ᠎ᠤ ᠦᠨᠳᠦᠰᠦᠨ ᠪᠠᠷᠢᠮᠵᠢᠶ᠎ᠠ ᠵᠢ ᠡᠷᠡᠰ ᠬᠠᠮᠠᠭ᠋ᠠᠯᠠᠵᠤ ᠂  ᠠᠵᠤ ᠠᠬᠤᠢ ᠵᠢᠨ ᠳᠡᠯᠡᠬᠡᠢ᠌ᠵᠢᠯᠲᠡ ᠵᠢᠨ ᠵᠥᠪ ᠴᠢᠭᠯᠡᠯ᠎ᠢ ᠪᠠᠷᠢᠮᠲᠠᠯᠠᠵᠤ ᠂  ᠬᠠᠷᠢᠯᠴᠠᠨ ᠠᠰᠢᠭᠲᠠᠢ ᠬᠠᠮᠲᠤ᠎ᠪᠠᠷ ᠠᠰᠢᠭ ᠭᠦᠷᠳᠡᠭᠦ ᠨᠡᠭᠡᠭᠡᠯᠲᠡᠲᠤ ᠪᠠᠢ᠌ᠯᠳᠤᠬᠤ ᠪᠣᠳᠣᠯᠭ᠎ᠠ ᠵᠢ ᠡᠷᠡᠰ ᠬᠡᠷᠡᠭᠵᠢᠭᠦᠯᠵᠦ ᠂  ᠪᠦᠭᠦ ᠪᠥᠮᠪᠥᠷᠴᠡᠭ᠎ᠤᠨ ᠵᠠᠰᠠᠯᠲᠠ ᠵᠢᠨ ᠬᠤᠪᠢᠰᠤᠯᠲᠠ ᠵᠢᠨ ᠨᠡᠩ ᠲᠥᠪ ᠭᠣᠣᠯᠴᠢ ᠵᠦᠢ ᠵᠣᠬᠢᠰᠲᠠᠢ ᠴᠢᠭᠯᠡᠯ ᠵᠶ᠋ᠡᠷ ᠬᠥᠭᠵᠢᠬᠦ ᠵᠢ ᠠᠬᠢᠭᠤᠯᠤᠨ᠎ᠠ ᠃  ᠳᠤᠮᠳᠠᠳᠤ ᠤᠯᠤᠰ᠎ᠤᠨ ᠬᠥᠭᠵᠢᠯᠲᠡ ᠪᠣᠯ ᠳᠡᠯᠡᠬᠡᠢ ᠵᠢᠨ ᠡᠩᠬᠡ ᠲᠠᠢ᠌ᠪᠤᠩ᠎ᠤᠨ ᠬᠦᠴᠦᠨ᠎ᠤ ᠨᠡᠮᠡᠭᠳᠡᠯ ᠮᠥᠨ ᠂  ᠬᠥᠭᠵᠢᠭᠡᠳ ᠶᠠᠮᠠᠷ ᠬᠡᠮᠵᠢᠶᠡᠨ᠎ᠳᠤ ᠭᠦᠷᠦᠭᠰᠡᠨ ᠴᠦ᠍ ᠳᠤᠮᠳᠠᠳᠤ ᠤᠯᠤᠰ ᠬᠡᠵᠢᠶᠡᠳᠡ ᠡᠵᠡᠷᠬᠡᠭᠴᠢ ᠪᠤᠯᠬᠤ ᠦᠭᠡᠢ ᠂  ᠬᠡᠵᠢᠶᠡᠳᠡ ᠥᠷᠭᠡᠳᠬᠡᠯ ᠬᠢᠬᠦ ᠦᠭᠡᠢ ᠭᠡᠵᠦ ᠴᠢᠬᠤᠯᠠᠴᠢᠯᠠᠪᠠ ᠃

       ᠼᠠᠢ ᠴᠢ ᠬᠤᠷᠠᠯ᠎ᠢ ᠡᠷᠭᠢᠯᠡᠭᠦ᠎ᠳᠡᠭᠡᠨ ᠂  ᠶᠡᠷᠦᠩᠬᠡᠢ ᠱᠦᠵᠢ  ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠮᠠᠤ ᠽᠧ ᠳ᠋ᠦᠩ ᠨᠥᠬᠥᠷ᠎ᠤᠨ ᠳᠤᠮᠳᠠᠳᠤ ᠤᠯᠤᠰ᠎ᠤᠨ ᠬᠤᠪᠢᠰᠬᠠᠯ ᠂  ᠪᠦᠲᠦᠭᠡᠨ ᠪᠠᠢ᠌ᠭᠤᠯᠤᠯᠲᠠ ᠵᠢ ᠤᠳᠤᠷᠢᠳᠤᠭᠰᠠᠨ ᠠᠭᠤᠤ ᠶᠡᠬᠡ ᠦᠢ᠍ᠯᠡᠳᠦᠯᠭᠡ ᠵᠢ ᠭᠦᠨᠵᠡᠭᠡᠢ ᠡᠷᠭᠢᠴᠡᠭᠦᠯᠵᠦ ᠂  ᠮᠠᠤ ᠽᠧ ᠳ᠋ᠦᠩ ᠨᠥᠬᠥᠷ᠎ᠤᠨ ᠳᠤᠮᠳᠠᠳᠤ ᠵᠢᠨ ᠦᠨᠳᠦᠰᠦᠲᠡᠨ ᠂  ᠳᠤᠮᠳᠠᠳᠤ ᠤᠯᠤᠰ᠎ᠤᠨ ᠠᠷᠠᠳ ᠲᠦᠮᠡᠨ᠎ᠳᠤ ᠪᠠᠢ᠌ᠭᠤᠯᠤᠭᠰᠠᠨ ᠠᠭᠤᠤ ᠭᠠᠪᠢᠶ᠎ᠠ ᠠᠤᠭ᠎ᠠ ᠵᠢᠳᠬᠦᠯ᠎ᠢ ᠳᠡᠭᠡᠳᠦ ᠬᠡᠮᠵᠢᠶ᠎ᠡ᠎ᠪᠠᠷ ᠦᠨᠡᠯᠡᠵᠦ ᠂  ᠮᠠᠤ ᠽᠧ ᠳ᠋ᠦᠩ ᠨᠥᠬᠥᠷ᠎ᠤᠨ ᠡᠷᠬᠢᠮ ᠳᠡᠭᠡᠳᠦ ᠤᠶᠤᠨ ᠰᠠᠨᠠᠭ᠋ᠠᠨ᠎ᠤ ᠬᠡᠪ ᠨᠠᠮᠪᠠᠭ᠎ᠠ ᠪᠣᠯ ᠪᠢᠳᠡᠨ᠎ᠤ ᠦᠷᠭᠦᠯᠵᠢᠯᠡᠨ ᠤᠷᠤᠭᠰᠢᠯᠠᠬᠤ ᠵᠢ  ᠤᠷᠮᠠᠰᠢᠭᠤᠯᠤᠨ ᠵᠣᠷᠢᠭᠵᠢᠭᠤᠯᠬᠤ ᠬᠦᠴᠦᠷᠬᠡᠭ ᠶᠡᠬᠡ ᠬᠥᠳᠡᠯᠭᠡᠬᠦ ᠬᠦᠴᠦᠨ ᠮᠥᠨ ᠭᠡᠵᠦ ᠴᠢᠬᠤᠯᠠᠴᠢᠯᠠᠵᠤ ᠂  ᠪᠣᠳᠠᠲᠤ ᠠᠵᠢᠯᠯᠠᠭ᠎ᠠ᠎ᠪᠠᠷ ᠵᠶ᠋ᠠᠨ ᠮᠠᠤ ᠽᠧ ᠳ᠋ᠦᠩ ᠨᠥᠬᠥᠷ᠎ᠢ ᠳᠤᠷᠠᠰᠬᠠᠬᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠠᠤᠭ᠎ᠠ ᠦᠢ᠍ᠯᠡᠰ᠎ᠢ ᠠᠬᠢᠭᠤᠯᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ ᠃  ᠶᠡᠷᠦᠩᠬᠡᠢ ᠱᠦᠵᠢ  ᠰᠢ ᠵᠢᠨ ᠫᠢᠩ᠎ᠤᠨ ᠴᠢᠬᠤᠯᠠ ᠶᠠᠷᠢᠶ᠎ᠠ᠎ᠨᠢ ᠰᠣᠳᠣ ᠮᠡᠷᠭᠡᠨ ᠂  ᠨᠠᠷᠢᠨ ᠲᠣᠳᠣᠷᠬᠠᠢ ᠭᠦᠨ ᠭᠦᠨᠵᠡᠭᠡᠢ ᠪᠠᠢ᠌ᠵᠤ ᠂  ᠮᠠᠰᠢ ᠴᠢᠩᠭ᠎ᠠ ᠤᠯᠤᠰ ᠲᠥᠷᠥᠴᠢ ᠴᠢᠨᠠᠷ ᠂  ᠦᠵᠡᠯ ᠰᠠᠨᠠᠭ᠋ᠠᠴᠢ ᠴᠢᠨᠠᠷ ᠂  ᠵᠢᠯᠤᠭᠣᠳᠬᠤ ᠴᠢᠨᠠᠷ᠎ᠲᠠᠢ ᠪᠠᠢ᠌ᠵᠤ ᠂  ᠮᠠᠨ᠎ᠤ ᠨᠠᠮ᠎ᠤᠨ ᠮᠠᠤ ᠽᠧ ᠳ᠋ᠦᠩ ᠨᠥᠬᠥᠷ ᠵᠡᠷᠭᠡ ᠠᠬᠠᠮᠠᠳ ᠨᠢᠭᠡ ᠦᠶ᠎ᠡ ᠵᠢᠨ ᠬᠤᠪᠢᠰᠬᠠᠯᠴᠢᠳ᠎ᠤᠨ ᠡᠭᠦᠳᠦᠨ ᠪᠦᠲᠦᠭᠡᠭᠰᠡᠨ ᠦᠢ᠍ᠯᠡᠰ᠎ᠢ ᠦᠷᠭᠦᠯᠵᠢᠯᠡᠨ ᠤᠷᠤᠭᠰᠢ ᠠᠬᠢᠭᠤᠯᠵᠤ ᠂  ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠵᠠᠮ ᠵᠶ᠋ᠠᠷ ᠵᠠᠮᠨᠠᠬᠤ ᠵᠢ ᠪᠠᠷᠢᠮᠲᠠᠯᠠᠵᠤ ᠂  ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠯᠲᠠ ᠵᠢᠨ ᠰᠢᠨ᠎ᠡ ᠪᠠᠢ᠌ᠳᠠᠯ᠎ᠢ ᠪᠤᠶ ᠪᠤᠯᠭ᠋ᠠᠬᠤ᠎ᠳᠤ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ ᠃  ᠪᠢᠳᠡ ᠨᠠᠷᠢᠨ ᠬᠢᠨᠠᠮᠠᠭ᠋ᠠᠢ ᠰᠤᠷᠤᠯᠴᠠᠨ ᠣᠢ᠌ᠯᠠᠭ᠋ᠠᠵᠤ ᠂  ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂  ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠡᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠂  ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠭᠦ ᠲᠠᠯ᠎ᠠ᠎ᠪᠠᠷ ᠠᠬᠢᠭᠤᠯᠬᠤ ᠵᠢᠨ ᠲᠥᠯᠥᠭᠡ ᠪᠦᠯᠬᠦᠮᠳᠡᠨ ᠲᠡᠮᠡᠴᠡᠬᠦ ᠬᠡᠷᠡᠭᠲᠡᠢ ᠭᠡᠪᠡ ᠃

       ᠶᠠᠷᠢᠯᠴᠠᠬᠤ ᠬᠤᠷᠠᠯ ᠳᠡᠭᠡᠷ᠎ᠡ ᠂  ᠲᠥᠪ᠎ᠤᠨ ᠨᠠᠮ᠎ᠤᠨ ᠲᠡᠦᠬᠡ ᠪᠠ ᠲᠤᠯᠭᠤᠷ ᠪᠢᠴᠢᠭ᠎ᠤᠨ ᠰᠤᠳᠤᠯᠭ᠋ᠠᠨ᠎ᠤ ᠬᠦᠷᠢᠶᠡᠯᠡᠩ᠎ᠤᠨ ᠳᠠᠷᠤᠭ᠎ᠠ ᠴᠢᠦᠢ ᠴᠢᠩ ᠱᠠᠨ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠭᠡᠰᠢᠭᠦᠨ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠤᠯᠤᠰ ᠲᠦᠷᠦ ᠵᠢᠨ ᠠᠵᠢᠯ᠎ᠤᠨ ᠬᠡᠯᠲᠡᠰ᠎ᠤᠨ ᠡᠷᠭᠢᠯᠡᠭᠴᠢ ᠮᠢᠶᠣᠣ ᠬᠤᠸᠠ ᠂  ᠬᠤᠨᠠᠨ ᠮᠤᠵᠢ ᠵᠢᠨ ᠨᠠᠮ᠎ᠤᠨ ᠬᠣᠷᠢᠶ᠎ᠠ ᠵᠢᠨ ᠱᠦᠵᠢ ᠱᠧᠨ ᠰᠢᠶᠣᠣ ᠮᠢᠩ ᠤᠷᠢᠳ ᠬᠣᠵᠢᠳ ᠦᠭᠡ ᠬᠡᠯᠡᠪᠡ ᠃

       ᠪᠡᠭᠡᠵᠢᠩ᠎ᠳᠤ ᠪᠠᠢ᠌ᠭ᠎ᠠ ᠨᠠᠮ᠎ᠤᠨ ᠲᠥᠪ ᠬᠣᠷᠢᠶ᠎ᠠ ᠵᠢᠨ ᠤᠯᠤᠰ ᠲᠦᠷᠦ ᠵᠢᠨ ᠲᠣᠪᠴᠢᠶᠠᠨ᠎ᠤ ᠭᠡᠰᠢᠭᠦᠨ ᠂  ᠲᠥᠪ᠎ᠤᠨ ᠱᠦᠵᠢ ᠨᠠᠷ᠎ᠤᠨ ᠭᠠᠵᠠᠷ᠎ᠤᠨ ᠱᠦᠵᠢ ᠂  ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠂  ᠲᠦᠷᠦ ᠵᠢᠨ ᠶᠠᠪᠤᠳᠠᠯ᠎ᠤᠨ ᠬᠣᠷᠢᠶ᠎ᠠ ᠂  ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠵᠢᠨ ᠬᠣᠯᠪᠣᠭᠳᠠᠯ ᠪᠦᠬᠦᠢ ᠤᠳᠤᠷᠢᠳᠬᠤ ᠨᠥᠬᠥᠳ ᠶᠠᠷᠢᠯᠴᠠᠬᠤ ᠬᠤᠷᠠᠯ᠎ᠳᠤ ᠣᠷᠣᠯᠴᠠᠪᠠ ᠃

       ᠲᠥᠪ᠎ᠤᠨ ᠨᠠᠮ ᠵᠠᠰᠠᠭ ᠴᠡᠷᠢᠭ ᠤᠯᠠᠨ ᠲᠦᠮᠡᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠂  ᠪᠡᠭᠡᠵᠢᠩ ᠬᠤᠳᠠ ᠂  ᠬᠤᠨᠠᠨ ᠮᠤᠵᠢ ᠵᠢᠨ ᠨᠠᠮ᠎ᠤᠨ ᠬᠣᠷᠢᠶ᠎ᠠ ᠵᠢᠨ ᠬᠠᠷᠢᠭᠤᠴᠠᠯᠭ᠋ᠠᠲᠠᠨ ᠨᠥᠬᠥᠳ ᠂  ᠡᠯ᠎ᠡ ᠠᠷᠠᠳᠴᠢᠯᠠᠭᠰᠠᠨ ᠨᠠᠮ ᠪᠦᠯᠦᠭ᠎ᠤᠨ ᠲᠥᠪ ᠬᠣᠷᠢᠶ᠎ᠠ ᠂  ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠵᠢᠨ ᠬᠠᠷᠢᠭᠤᠴᠠᠯᠭ᠋ᠠᠲᠠᠨ ᠪᠣᠯᠣᠨ ᠨᠠᠮ ᠪᠦᠯᠦᠭ᠎ᠤᠨ ᠪᠤᠰᠤ ᠬᠥᠮᠥᠰ᠎ᠤᠨ ᠲᠥᠯᠥᠭᠡᠯᠡᠭᠴᠢ ᠂  ᠮᠠᠤ ᠽᠧ ᠳ᠋ᠦᠩ ᠨᠥᠬᠥᠷ᠎ᠤᠨ ᠲᠦᠷᠦᠯ ᠰᠠᠳᠤᠨ ᠂  ᠤᠤᠯ᠎ᠤᠨ ᠳᠡᠷᠭᠡᠳᠡᠬᠢ ᠠᠵᠢᠯᠲᠠᠨ ᠪᠣᠯᠣᠨ ᠨᠤᠲᠤᠭ᠎ᠤᠨ ᠬᠢᠨᠢ ᠲᠥᠯᠥᠭᠡᠯᠡᠭᠴᠢ ᠵᠢᠴᠢ 《ᠪᠦᠭᠦ ᠤᠯᠤᠰ᠎ᠤᠨ ᠮᠠᠤ ᠽᠧ ᠳ᠋ᠦᠩ ᠨᠥᠬᠥᠷ᠎ᠤᠨ ᠮᠡᠨᠳᠦᠯᠡᠭᠰᠡᠨ 130 ᠵᠢᠯ᠎ᠤᠨ ᠤᠢ ᠵᠢ ᠳᠤᠷᠠᠰᠬᠠᠬᠤ ᠡᠷᠳᠡᠮ ᠰᠢᠨᠵᠢᠯᠡᠭᠡᠨ᠎ᠤ ᠰᠤᠳᠤᠯᠤᠨ ᠶᠠᠷᠢᠯᠴᠠᠬᠤ ᠬᠤᠷᠠᠯ 》᠎ᠳᠤ  ᠣᠷᠣᠯᠴᠠᠬᠰᠠᠨ ᠲᠥᠯᠥᠭᠡᠯᠡᠭᠴᠢ ᠶᠠᠷᠢᠯᠴᠠᠬᠤ ᠬᠤᠷᠠᠯ᠎ᠳᠤ ᠣᠷᠣᠯᠴᠠᠪᠠ ᠃

       ᠶᠠᠷᠢᠯᠴᠠᠬᠤ ᠬᠤᠷᠠᠯ᠎ᠠᠴᠠ ᠡᠮᠦᠨ᠎ᠡ ᠂ ᠰᠢ ᠵᠢᠨ ᠫᠢᠩ᠂  ᠯᠢ ᠴᠢᠶᠠᠩ ᠂  ᠵᠤᠤ ᠯᠧ ᠵᠢᠢ ᠂  ᠸᠠᠩ ᠬᠤ᠌ ᠨᠢᠩ ᠂  ᠼᠠᠢ ᠴᠢ ᠂  ᠳ᠋ᠢᠩ ᠰᠢᠤᠸᠠᠢ ᠰᠢᠶᠠᠩ ᠂  ᠯᠢ ᠰᠢ ᠂  ᠬᠠᠨ ᠵᠧᠩ ᠵᠡᠷᠭᠡ ᠤᠳᠤᠷᠢᠳᠬᠤ ᠨᠥᠬᠥᠳ ᠮᠠᠤ ᠲᠡᠷᠢᠭᠦᠯᠡᠭᠴᠢ ᠵᠢᠨ ᠳᠤᠷᠠᠰᠬᠠᠯ᠎ᠤᠨ ᠲᠠᠩᠬᠢᠮ᠎ᠳᠤ ᠬᠦᠷᠴᠦ ᠢᠷᠡᠪᠡ ᠃  ᠬᠣᠢ᠌ᠲᠤ ᠶᠡᠬᠡ ᠲᠢᠩᠬᠢᠮ᠎ᠳᠤ ᠂  ᠨᠠᠮ᠎ᠤᠨ ᠲᠥᠪ ᠬᠣᠷᠢᠶ᠎ᠠ ᠂  ᠪᠦᠭᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠂  ᠲᠦᠷᠦ ᠵᠢᠨ ᠶᠠᠪᠤᠳᠠᠯ᠎ᠤᠨ ᠬᠣᠷᠢᠶ᠎ᠠ ᠂  ᠪᠦᠭᠦ ᠤᠯᠤᠰ᠎ᠤᠨ ᠤᠯᠤᠰ ᠲᠦᠷᠦ ᠵᠢᠨ ᠵᠥᠪᠯᠡᠯᠭᠡᠨ ᠂  ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ ᠂  ᠡᠯ᠎ᠡ ᠠᠷᠠᠳᠴᠢᠯᠠᠭᠰᠠᠨ ᠨᠠᠮ ᠪᠦᠯᠦᠭ ᠂  ᠪᠦᠭᠦ ᠤᠯᠤᠰ᠎ᠤᠨ ᠦᠢ᠍ᠯᠡᠳᠪᠦᠷᠢ ᠬᠤᠳᠠᠯᠳᠤᠭ᠋ᠠᠨ᠎ᠤ ᠬᠣᠯᠪᠤᠭ᠎ᠠ ᠪᠣᠯᠣᠨ ᠨᠠᠮ ᠪᠦᠯᠦᠭ᠎ᠤᠨ ᠪᠤᠰᠤ ᠤᠯᠤᠰ ᠵᠶ᠋ᠡᠨ ᠬᠠᠢ᠌ᠷᠠᠯᠠᠬᠤ ᠬᠥᠮᠥᠰ᠎ᠤᠨ ᠬᠦᠷᠭᠡᠭᠰᠡᠨ ᠰᠠᠬᠰᠤᠲᠤ ᠴᠡᠴᠡᠭ᠎ᠢ ᠮᠠᠤ ᠽᠧ ᠳ᠋ᠦᠩ ᠨᠥᠬᠥᠷ᠎ᠤᠨ ᠰᠠᠭᠤᠮᠠᠯ ᠭᠦᠷᠦᠭ᠎ᠤᠨ ᠡᠮᠦᠨ᠎ᠡ ᠲᠠᠯᠪᠢᠪᠠ ᠃ ᠰᠢ ᠵᠢᠨ ᠫᠢᠩ  ᠨᠠᠷ ᠮᠠᠤ ᠽᠧ ᠳ᠋ᠦᠩ ᠨᠥᠬᠥᠷ᠎ᠤᠨ ᠰᠠᠭᠤᠮᠠᠯ ᠭᠦᠷᠦᠭ᠎ᠲᠤ ᠭᠤᠷᠪᠠᠨᠲᠠ ᠶᠣᠰᠣᠯᠠᠵᠤ ᠂  ᠳᠠᠷᠠᠭ᠎ᠠ᠎ᠨᠢ ᠪᠠᠷᠠᠯᠠᠬᠤ ᠲᠢᠩᠬᠢᠮ᠎ᠳᠤ ᠬᠦᠷᠴᠦ ᠂  ᠮᠠᠤ ᠽᠧ ᠳ᠋ᠦᠩ ᠨᠥᠬᠥᠷ᠎ᠤᠨ ᠭᠡᠭᠡᠨ ᠳᠦᠷᠢ ᠵᠢ  ᠪᠠᠷᠠᠯᠠᠪᠠ ᠃

 

ᠢᠷᠡᠯᠲᠡ᠄