( ᠰᠢᠨᠬᠤᠸᠠ ᠬᠣᠷᠢᠶ᠎ᠠ ᠵᠢᠨ ᠪᠡᠭᠡᠵᠢᠩ᠎ᠤᠨ 12 ᠰᠠᠷ᠎ᠠ ᠵᠢᠨ 31᠎ᠤ ᠴᠠᠭᠢᠯᠭ᠋ᠠᠨ ᠮᠡᠳᠡᠭᠡ ) ᠰᠢᠨ᠎ᠡ ᠣᠨ᠎ᠤ ᠪᠣᠱ᠌ᠣᠭ᠋ᠠᠨ ᠳᠡᠭᠡᠷ᠎ᠡ ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠪᠠ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠢ᠌ᠲᠡᠯᠡᠪᠡ ᠃ ᠪᠦᠭᠦ ᠠᠭᠤᠯᠭ᠎ᠠ᠎ᠨᠢ ᠳᠣᠣᠷᠠᠬᠢ ᠮᠡᠲᠦ ᠄
ᠲᠠ ᠪᠦᠭᠦᠨ ᠰᠠᠢ᠌ᠨ ᠪᠠᠢ᠌ᠨ᠎ᠠ ᠦᠦ ! ᠡᠪᠦᠯ᠎ᠤᠨ ᠲᠤᠢ᠌ᠯ ᠪᠣᠯᠬᠤᠶ᠎ᠠ ᠠᠷᠭ᠎ᠠ ᠬᠡᠢ ᠢᠯᠡᠷᠡᠵᠦ ᠂ ᠣᠨ ᠵᠢᠯ ᠰᠢᠨᠡᠳᠬᠦ ᠪᠣᠯᠣᠯ᠎ᠠ ᠃ ᠡᠨᠡ ᠬᠦ᠌ ᠬᠠᠭᠤᠴᠢᠨ ᠣᠨ ᠵᠢᠠᠨ ᠦᠳᠡᠵᠦ ᠰᠢᠨ᠎ᠡ ᠣᠨ ᠵᠢᠠᠨ ᠤᠭᠲᠤᠵᠤ ᠪᠠᠢ᠌ᠭ᠎ᠠ ᠰᠠᠢ᠌ᠨ ᠰᠠᠢ᠌ᠬᠠᠨ ᠴᠠᠭ ᠮᠥᠴᠡ᠎ᠳᠤ ᠂ ᠪᠢ ᠪᠡᠭᠡᠵᠢᠩ᠎ᠠᠴᠠ ᠲᠠ ᠪᠦᠭᠦᠨ᠎ᠳᠤ ᠰᠢᠨ᠎ᠡ ᠣᠨ᠎ᠤ ᠬᠦᠰᠡᠯ ᠵᠥᠩᠨᠡᠯ ᠳᠡᠪᠰᠢᠭᠦᠯᠵᠦ ᠪᠠᠢ᠌ᠨ᠎ᠠ !
2023 ᠣᠨ᠎ᠳᠤ ᠂ ᠪᠢᠳᠡ ᠦᠷᠭᠦᠯᠵᠢᠯᠡᠨ ᠲᠡᠮᠡᠴᠡᠵᠦ ᠂ ᠡᠷᠡᠮᠡᠬᠡᠢ᠌ᠯᠡᠨ ᠤᠷᠤᠭᠰᠢᠯᠠᠵᠤ ᠂ ᠰᠠᠯᠬᠢ ᠪᠣᠷᠣᠭ᠋ᠠᠨ᠎ᠤ ᠳᠠᠪᠲᠠᠯᠲᠠ ᠵᠢ ᠥᠩᠭᠡᠷᠡᠭᠡᠵᠦ ᠂ ᠦᠵᠡᠰᠬᠦᠯᠡᠩᠲᠦ ᠰᠠᠢ᠌ᠬᠠᠨ ᠦᠵᠡᠮᠵᠢ ᠵᠢ ᠣᠯᠵᠤ ᠬᠠᠷᠠᠵᠤ ᠂ ᠯᠤᠲᠤ ᠶᠡᠬᠡ ᠣᠯᠣᠯᠲᠠ᠎ᠲᠠᠢ ᠪᠣᠯᠵᠠᠢ ᠃ ᠤᠯᠠᠨ ᠵᠶ᠋ᠠᠷ ᠵᠶ᠋ᠠᠨ ᠨᠢᠭᠡ ᠵᠢᠯ᠎ᠢ ᠭᠢᠯᠪᠠᠷ ᠪᠤᠰᠤ᠎ᠪᠠᠷ ᠥᠩᠭᠡᠷᠡᠭᠦᠯᠦᠭᠰᠡᠨ ᠪᠥᠭᠡᠳ ᠢᠷᠡᠭᠡᠳᠦᠢ᠎ᠳᠡᠭᠡᠨ ᠢᠲᠡᠭᠡᠯ ᠲᠡᠭᠦᠯᠳᠡᠷ ᠪᠣᠯᠵᠠᠢ ᠃

ᠰᠢᠨ᠎ᠡ ᠣᠨ᠎ᠤ ᠪᠣᠱ᠌ᠣᠭ᠋ᠠᠨ ᠳᠡᠭᠡᠷ᠎ᠡ ᠂ ᠤᠯᠤᠰ᠎ᠤᠨ ᠲᠡᠷᠢᠭᠦᠯᠡᠭᠴᠢ ᠰᠢ ᠵᠢᠨ ᠫᠢᠩ ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠪᠠ ᠢᠨᠲ᠋ᠧᠷ ᠰᠦᠯᠵᠢᠶ᠎ᠡ᠎ᠪᠠᠷ ᠳᠠᠮᠵᠢᠭᠤᠯᠤᠨ 2024 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠨᠡᠢ᠌ᠲᠡᠯᠡᠪᠡ ᠃
ᠰᠢᠨᠬᠤᠸᠠ ᠬᠣᠷᠢᠶ᠎ᠠ ᠵᠢᠨ ᠰᠤᠷᠪᠤᠯᠵᠢᠯᠠᠬ᠍ᠴᠢ ᠵᠢᠦᠢ ᠫᠧᠩ ᠰᠡᠭᠦᠳᠡᠷᠯᠡᠪᠡ
ᠡᠨᠡ ᠨᠢᠭᠡ ᠵᠢᠯ ᠪᠢᠳᠡᠨ᠎ᠤ ᠠᠯᠬᠤᠭ᠎ᠠ ᠯᠠᠪᠳᠠᠭᠤᠨ ᠪᠠᠲᠤᠲᠠᠢ ᠃ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠠᠵᠢᠯ ᠲᠣᠭᠲᠠᠭᠤᠨ ᠵᠶ᠋ᠠᠷ ᠰᠢᠯᠵᠢᠵᠦ ᠂ ᠮᠠᠨ᠎ᠤ ᠤᠯᠤᠰ᠎ᠤᠨ ᠠᠵᠤ ᠠᠬᠤᠢ ᠦᠷᠭᠦᠯᠵᠢᠯᠡᠨ ᠰᠠᠢ᠌ᠵᠢᠷᠠᠵᠤ ᠂ ᠴᠢᠨᠠᠷ ᠰᠠᠢ᠌ᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ ᠃ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ ᠨᠡᠩ ᠪᠦᠷᠢᠨᠰᠢᠵᠦ ᠂ ᠨᠢᠭᠡ ᠪᠦᠯᠦᠭ ᠳᠡᠭᠡᠳᠦ ᠳᠡᠰᠵᠢᠭᠰᠡᠨ ᠂ ᠣᠶᠤᠨᠴᠢᠯᠠᠭᠰᠠᠨ ᠂ ᠪᠣᠬᠢᠷᠳᠤᠯ ᠦᠭᠡᠢ ᠰᠢᠨ᠎ᠡ ᠭᠡᠯᠪᠡᠷᠢ ᠵᠢᠨ ᠲᠤᠯᠭ᠋ᠠᠭᠤᠷᠢ ᠠᠵᠤ ᠦᠢ᠍ᠯᠡᠰ ᠲᠦᠷᠭᠡᠨ ᠬᠥᠭᠵᠢᠪᠡ ᠃ ᠠᠮᠤ ᠪᠤᠳᠠᠭ᠋ᠠᠨ᠎ᠤ ᠦᠢ᠍ᠯᠡᠳᠪᠦᠷᠢᠯᠡᠯ 《ᠬᠣᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠵᠤ 》 ᠂ ᠬᠥᠬᠡᠮᠳᠦᠭ ᠨᠣᠭᠣᠭ᠋ᠠᠨ ᠠᠭᠤᠯᠠ ᠤᠰᠤᠨ᠎ᠤ ᠴᠢᠨᠠᠷ ᠨᠠᠩ ᠭᠦᠢ᠍ᠴᠡᠳ ᠪᠣᠯᠵᠤ ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠰᠢᠨ᠎ᠡ ᠳᠦᠷᠰᠦ ᠪᠠᠢ᠌ᠳᠠᠯ ᠢᠯᠡᠷᠡᠪᠡ ᠃ ᠵᠡᠭᠦᠨ ᠬᠣᠢ᠌ᠲᠤ ᠣᠷᠣᠨ᠎ᠢ ᠪᠦᠭᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠢᠨ᠎ᠡ ᠬᠠᠭᠤᠳᠠᠰᠤ ᠵᠢ ᠪᠢᠴᠢᠭᠯᠡᠵᠦ ᠂ ᠰᠢᠶᠦ᠋ᠩ ᠠᠨ ᠰᠢᠨ᠎ᠡ ᠲᠣᠭᠣᠷᠢᠭ ᠬᠥᠭᠵᠢᠨ ᠪᠣᠢ᠌ᠵᠢᠵᠤ ᠂ ᠬᠥᠬᠡᠮᠥ᠋ᠷᠡᠨ᠎ᠤ ᠠᠵᠤ ᠠᠬᠤᠢ ᠵᠢᠨ ᠪᠦᠰᠡ ᠠᠮᠢᠵᠢᠷᠠᠯ᠎ᠤᠨ ᠬᠦᠴᠦᠨ ᠵᠶ᠋ᠡᠷ ᠪᠢᠯᠬᠠᠵᠤ ᠂ ᠭᠤᠸᠠᠩᠳᠦ᠋ᠩ ᠰᠢᠶᠠᠩᠭ᠋ᠠᠩ ᠣᠣᠮᠧᠨ᠎ᠤ ᠶᠡᠬᠡ ᠪᠤᠯᠤᠩ᠎ᠤᠨ ᠣᠷᠣᠨ ᠤᠷᠤᠰᠬᠠᠯ᠎ᠤᠨ ᠡᠮᠦᠨ᠎ᠡ ᠡᠷᠡᠯᠬᠡᠭᠯᠡᠨ ᠵᠣᠭᠰᠣᠪᠠ ᠃ ᠳᠤᠮᠳᠠᠳᠤ ᠤᠯᠤᠰ᠎ᠤᠨ ᠠᠵᠤ ᠠᠬᠤᠢ ᠰᠠᠯᠬᠢ ᠳᠠᠪᠠᠯᠭ᠋ᠠᠨ᠎ᠤ ᠳᠤᠮᠳᠠ ᠪᠡᠶ᠎ᠡ ᠮᠠᠬᠠᠪᠤᠳ ᠵᠶ᠋ᠠᠨ ᠴᠢᠭᠢᠷᠠᠭᠵᠢᠭᠤᠯᠵᠤ ᠂ ᠶᠠᠰᠤ ᠰᠢᠷᠪᠦᠰᠦ᠎ᠪᠠᠨ ᠴᠢᠩᠭ᠋ᠠᠷᠠᠭᠤᠯᠪᠠ ᠃
ᠡᠨᠡ ᠨᠢᠭᠡ ᠵᠢᠯ ᠪᠢᠳᠡᠨ᠎ᠤ ᠠᠯᠬᠤᠭ᠎ᠠ ᠡᠷᠴᠢᠮ ᠬᠦᠴᠦᠲᠡᠢ ᠃ ᠤᠳᠠᠭ᠋ᠠᠨ ᠳᠠᠭ᠋ᠠᠭ᠋ᠠᠮᠠᠭ᠋ᠠᠢ᠎ᠪᠠᠷ ᠵᠢᠳᠬᠦᠯ ᠴᠢᠷᠮᠠᠢ᠌ᠯᠭ᠎ᠠ ᠭᠠᠷᠭ᠋ᠠᠬᠤ᠎ᠪᠠᠷ ᠳᠠᠮᠵᠢᠨ ᠂ ᠳᠤᠮᠳᠠᠳᠤ ᠤᠯᠤᠰ᠎ᠤᠨ ᠰᠢᠨ᠎ᠡ ᠵᠢ ᠡᠭᠦᠳᠬᠦ ᠬᠥᠳᠡᠯᠭᠡᠬᠦ ᠬᠦᠴᠦᠨ ᠂ ᠬᠥᠭᠵᠢᠯᠲᠡ ᠵᠢᠨ ᠠᠮᠢᠵᠢᠷᠠᠯ᠎ᠤᠨ ᠬᠦᠴᠦᠨ ᠣᠷᠭᠢᠯ᠎ᠤᠨ ᠪᠠᠳᠠᠷᠠᠪᠠ ᠃ C919 ᠲᠣᠮᠣ ᠨᠢᠰᠬᠡᠯ ᠬᠤᠳᠠᠯᠳᠤᠭ᠋ᠠᠨ᠎ᠤ ᠨᠢᠰᠦᠯᠲᠡ ᠵᠢ ᠪᠡᠶᠡᠯᠡᠭᠦᠯᠵᠦ ᠂ ᠤᠯᠤᠰ᠎ᠲᠠᠭᠠᠨ ᠦᠢ᠍ᠯᠡᠳᠪᠦᠷᠢᠯᠡᠭᠰᠡᠨ ᠲᠣᠮᠣ ᠭᠡᠯᠪᠡᠷᠢ ᠵᠢᠨ ᠰᠢᠤᠳᠠᠨ᠎ᠤ ᠬᠥᠯᠭᠡ ᠣᠩᠭᠣᠴᠠ ᠲᠤᠷᠰᠢᠨ ᠠᠶᠠᠯᠠᠬᠤ ᠵᠢ ᠪᠡᠶᠡᠯᠡᠭᠦᠯᠵᠦ ᠂ ᠬᠤᠪᠢᠯᠭ᠋ᠠᠨ ᠣᠩᠭᠣᠴᠠ ᠰᠠᠨᠰᠠᠷ᠎ᠲᠤ ᠪᠤᠤᠬᠢᠶ᠎ᠠ ᠳᠠᠮᠵᠢᠭᠤᠯᠵᠤ ᠂ 《ᠲᠡᠮᠡᠴᠡᠭᠴᠢ 》 ᠨᠡᠷᠡᠮᠵᠢᠲᠦ ᠲᠤᠢ᠌ᠯ᠎ᠤᠨ ᠭᠦᠨ ᠱᠤᠮᠪᠠᠯᠲᠠ ᠬᠢᠪᠡ ᠃ ᠤᠯᠤᠰ᠎ᠤᠨ ᠪᠠᠷᠠᠭ᠎ᠠ ᠤᠷᠤᠰᠬᠠᠯ ᠲᠡᠮᠳᠡᠭᠲᠦ ᠪᠣᠯᠵᠤ ᠥᠷᠭᠡᠨ ᠵᠶ᠋ᠡᠷ ᠬᠦᠷᠢᠶᠡᠯᠡᠭᠳᠡᠵᠦ ᠂ ᠤᠯᠤᠰ᠎ᠲᠠᠭᠠᠨ ᠦᠢ᠍ᠯᠡᠳᠪᠦᠷᠢᠯᠡᠭᠰᠡᠨ ᠰᠢᠨ᠎ᠡ ᠭᠠᠷ ᠤᠲᠠᠰᠤ ᠣᠯᠳᠠᠬᠤᠶ᠎ᠠ ᠪᠡᠷᠬᠡ ᠪᠣᠯᠵᠤ ᠂ ᠰᠢᠨ᠎ᠡ ᠡᠨᠧᠷᠭᠢ ᠵᠢᠨ ᠮᠠᠰᠢᠨ ᠲᠡᠷᠭᠡ ᠂ ᠯᠢᠲ᠋ᠢ ᠳ᠋ᠢᠶᠠᠨ ᡂᠢ ᠂ ᠭᠡᠷᠡᠯᠴᠢ ᠴᠡᠨᠡᠭ᠎ᠤᠨ ᠦᠢ᠍ᠯᠡᠳᠬᠦᠨ᠎ᠨᠢ ᠳᠤᠮᠳᠠᠳᠤ ᠤᠯᠤᠰ᠎ᠤᠨ ᠦᠢ᠍ᠯᠡᠳᠬᠡᠯ᠎ᠳᠤ ᠰᠢᠨ᠎ᠡ ᠭᠡᠷᠡᠯ ᠭᠢᠯᠪᠠᠭ᠎ᠠ ᠨᠡᠮᠡᠷᠢᠯᠡᠪᠡ ᠃ ᠳᠤᠮᠳᠠᠳᠤ ᠤᠯᠤᠰ ᠬᠦᠴᠦᠷᠬᠡᠭᠵᠢᠬᠦ᠎ᠪᠠᠷ ᠬᠦᠴᠦᠯᠡᠨ ᠴᠢᠷᠮᠠᠢ᠌ᠬᠤ ᠵᠣᠷᠢᠭ ᠰᠠᠨᠠᠭ᠎ᠠ᠎ᠪᠠᠷ ᠬᠦᠴᠦᠯᠡᠨ ᠮᠠᠴᠤᠵᠤ ᠂ ᠭᠠᠵᠠᠷ ᠪᠣᠯᠭ᠋ᠠᠨ᠎ᠳᠤ ᠴᠥᠮ ᠡᠳᠦᠷ᠎ᠠᠴᠠ ᠡᠳᠦᠷ ᠰᠢᠨᠡᠳᠦᠨ ᠬᠤᠪᠢᠷᠠᠵᠤ ᠪᠠᠢ᠌ᠭ᠎ᠠ ᠡᠭᠦᠳᠦᠯᠲᠡ ᠪᠤᠢ ᠪᠣᠯᠪᠠ ᠃
ᠡᠨᠡ ᠨᠢᠭᠡ ᠵᠢᠯ ᠪᠢᠳᠡᠨ᠎ᠤ ᠠᠯᠬᠤᠭ᠎ᠠ ᠴᠤᠬ ᠵᠢᠪᠬᠤᠭ᠎ᠠ᠎ᠲᠠᠢ ᠃ ᠴᠧᠩᠳᠦ᠋ ᠵᠢᠨ ᠣᠶᠤᠲᠠᠳ᠎ᠤᠨ ᠲᠠᠮᠢᠷ᠎ᠤᠨ ᠴᠤᠭᠯᠠᠭ᠋ᠠᠨ ᠂ ᠬᠠᠩᠵᠧᠦ ᠵᠢᠨ ᠠᠽᠢᠶ᠎ᠠ ᠲᠢᠪ᠎ᠤᠨ ᠲᠠᠮᠢᠷ᠎ᠤᠨ ᠴᠤᠭᠯᠠᠭ᠋ᠠᠨ ᠭᠣᠢ᠌ᠳᠠ ᠰᠠᠢ᠌ᠬᠠᠨ ᠶᠠᠪᠤᠭᠳᠠᠵᠤ ᠂ ᠲᠠᠮᠢᠷᠴᠢᠳ ᠵᠣᠷᠢᠭᠲᠠᠢ᠎ᠪᠠᠷ ᠰᠢᠯᠢᠳᠡᠭ ᠪᠦᠲᠦᠮᠵᠢ ᠵᠢ ᠡᠭᠦᠳᠪᠡ ᠃ ᠠᠮᠠᠷᠠᠯᠲᠠ ᠵᠢᠨ ᠡᠳᠦᠷ᠎ᠤᠨ ᠵᠢᠭᠤᠯᠴᠢᠯᠠᠬᠰᠠᠳ ᠣᠯᠠᠰᠢᠷᠠᠵᠤ ᠂ ᠺᠢᠨᠣ᠋ ᠵᠢᠨ ᠵᠠᠬ᠎ᠠ ᠳᠡᠯᠭᠡᠭᠦᠷ ᠬᠥᠭᠵᠢᠶᠡᠨ᠎ᠲᠠᠢ ᠪᠣᠯᠵᠤ ᠂ 《ᠲᠣᠰᠬᠣᠨ᠎ᠤ ᠬᠥᠯ ᠪᠥᠮᠪᠥᠭᠡ ᠵᠢᠨ ᠤᠷᠤᠯᠳᠤᠭ᠋ᠠᠨ 》 ᠂ 《ᠲᠣᠰᠬᠣᠨ᠎ᠤ ᠦᠳᠡᠰᠢᠯᠡᠭᠡ 》 ᠵᠢᠨ ᠠᠮᠢᠵᠢᠷᠠᠯ᠎ᠤᠨ ᠬᠦᠴᠦᠨ ᠪᠢᠯᠬᠠᠵᠤ ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ᠎ᠨᠢ ᠠᠭ᠋ᠠᠵᠢᠮ ᠵᠶ᠋ᠠᠷ ᠬᠡᠪ ᠰᠤᠷᠲᠠᠯ ᠪᠣᠯᠵᠤ ᠂ ᠬᠠᠯᠠᠭᠤᠨ ᠳᠤᠯᠠᠭ᠋ᠠᠨ ᠠᠮᠢᠳᠤᠷᠠᠯ᠎ᠤᠨ ᠠᠭᠤᠷ ᠠᠮᠢᠰᠬᠤᠯ ᠂ ᠰᠡᠷᠭᠦᠭᠰᠡᠨ ᠶᠠᠭ᠋ᠠᠷᠠᠯᠲᠠᠢ ᠪᠠᠢ᠌ᠳᠠᠯ᠎ᠨᠢ ᠬᠥᠮᠥᠰ᠎ᠤᠨ ᠰᠠᠢ᠌ᠨ ᠰᠠᠢ᠌ᠬᠠᠨ ᠵᠣᠯ ᠵᠢᠷᠭ᠋ᠠᠯ᠎ᠤᠨ ᠲᠤᠬᠠᠢ ᠬᠥᠭᠡᠭᠡᠴᠡᠯᠳᠦᠯ᠎ᠢ ᠲᠠᠢ᠌ᠯᠪᠤᠷᠢᠯᠠᠵᠤ ᠂ ᠪᠠᠰᠠ ᠠᠮᠢᠵᠢᠷᠠᠯ᠎ᠤᠨ ᠬᠦᠴᠦᠨ ᠵᠶ᠋ᠡᠷ ᠪᠢᠯᠬᠠᠮ᠎ᠠ ᠂ ᠭᠦᠷ ᠬᠥᠭᠵᠢᠶᠡᠨ᠎ᠲᠠᠢ ᠳᠤᠮᠳᠠᠳᠤ ᠤᠯᠤᠰ᠎ᠢ ᠢᠯᠡᠷᠡᠭᠦᠯᠪᠡ ᠃
ᠡᠨᠡ ᠨᠢᠭᠡ ᠵᠢᠯ ᠪᠢᠳᠡᠨ᠎ᠤ ᠠᠯᠬᠤᠭ᠎ᠠ ᠢᠲᠡᠭᠡᠯ ᠲᠡᠭᠦᠯᠳᠡᠷ ᠃ ᠳᠤᠮᠳᠠᠳᠤ ᠤᠯᠤᠰ ᠪᠣᠯ ᠨᠢᠭᠡᠨ ᠠᠭᠤᠤ ᠶᠡᠬᠡ ᠤᠯᠤᠰ ᠮᠥᠨ ᠂ ᠠᠭᠤᠤ ᠶᠡᠬᠡ ᠪᠣᠯᠪᠠᠰᠤᠨ᠎ᠢ ᠤᠯᠠᠮᠵᠢᠯᠠᠨ ᠵᠠᠯᠭ᠋ᠠᠮᠵᠢᠯᠠᠵᠤ ᠪᠠᠢ᠌ᠳᠠᠭ ᠃ ᠡᠨᠡ ᠬᠦ᠌ ᠥᠷᠭᠡᠨ ᠠᠭᠤᠳᠠᠮ ᠨᠤᠲᠤᠭ ᠳᠡᠪᠢᠰᠬᠡᠷ ᠳᠡᠭᠡᠷ᠎ᠡ ᠂ ᠡᠯᠡᠰᠦᠨ ᠴᠦᠯ᠎ᠤᠨ ᠵᠤᠷᠪᠤᠰ ᠤᠲᠤᠭ᠎ᠠ ᠂ ᠵᠢᠶᠠᠩᠨᠠᠨ᠎ᠤ ᠰᠢᠪᠡᠷᠡᠭᠡ ᠪᠣᠷᠣᠭ᠋ᠠᠨ᠎ᠨᠢ ᠬᠥᠮᠥᠰ᠎ᠤᠨ ᠰᠡᠳᠬᠢᠯ᠎ᠢ ᠮᠢᠩᠭ᠋ᠠᠨ ᠮᠢᠩᠭ᠋ᠠᠨ ᠣᠨ ᠬᠣᠯᠪᠣᠵᠤ ᠂ ᠰᠡᠳᠬᠢᠯ ᠵᠢᠷᠦᠬᠡ ᠵᠢ ᠳᠣᠬᠳᠣᠯᠤᠭᠤᠯᠤᠨᠠ ; ᠬᠠᠲᠤᠨ ᠭᠣᠣᠯ᠎ᠤᠨ ᠶᠢᠰᠦᠨ ᠲᠣᠬᠣᠢ ᠂ ᠬᠥᠬᠡᠮᠥ᠋ᠷᠡᠨ᠎ᠤ ᠲᠦᠷᠭᠡᠨ ᠤᠷᠤᠰᠬᠠᠯ᠎ᠨᠢ ᠬᠥᠮᠥᠰ᠎ᠤᠨ ᠰᠡᠳᠬᠢᠯ᠎ᠢ ᠳᠣᠭᠳᠣᠯᠤᠭᠤᠯᠵᠤ ᠂ ᠣᠮᠣᠭ ᠵᠣᠷᠢᠭ᠎ᠢ ᠬᠥᠪᠴᠢᠯᠡᠨ᠎ᠡ ᠃ ᠯᠢᠶᠠᠩ ᠵᠦ᠍ ᠂ ᠡᠯ ᠯᠢ ᠲᠧᠦ ᠵᠢᠨ ᠪᠣᠯᠪᠠᠰᠤᠨ᠎ᠤ ᠦᠦᠷ᠎ᠤᠨ ᠲᠤᠶᠠᠭ᠎ᠠ ᠂ ᠶᠢᠨ᠎ᠤ ᠪᠠᠭᠤᠷᠢ ᠵᠢᠨ ᠶᠠᠰᠤᠨ ᠪᠢᠴᠢᠭ᠎ᠤᠨ ᠤᠯᠠᠮᠵᠢᠯᠠᠯ ᠂ ᠰᠠᠨ ᠰᠢᠩ ᠳ᠋ᠦᠢ ᠵᠢᠨ ᠰᠣᠶᠣᠯ᠎ᠤᠨ ᠦᠨᠡᠲᠦ ᠡᠷᠳᠡᠨᠢ ᠂ ᠤᠯᠤᠰ᠎ᠤᠨ ᠬᠡᠪᠯᠡᠯ᠎ᠤᠨ ᠣᠷᠳᠣᠨ᠎ᠤ ᠰᠣᠶᠣᠯ᠎ᠤᠨ ᠤᠯᠠᠮᠵᠢᠯᠠᠯ ᠦᠷᠭᠦᠯᠵᠢᠯᠡᠨ᠎ᠡ ᠁ ᠥᠷᠭᠡᠨ ᠠᠭᠤᠳᠠᠮ ᠳᠤᠮᠳᠠᠳᠤ ᠤᠯᠤᠰ᠎ᠤᠨ ᠲᠡᠦᠬᠡ ᠬᠡᠴᠢᠨᠡᠭᠡᠨ ᠥᠨᠢ ᠤᠳᠠᠭ᠋ᠠᠨ ᠂ ᠪᠣᠯᠪᠠᠰᠤᠨ ᠬᠡᠴᠢᠨᠡᠭᠡᠨ ᠦᠯᠡᠮᠵᠢ ᠪᠠᠶᠠᠯᠢᠭ ᠪᠠᠢ᠌ᠳᠠᠭ ᠪᠤᠢ ᠂ ᠡᠨᠡ ᠪᠣᠯ ᠮᠠᠨ᠎ᠤ ᠢᠲᠡᠭᠡᠯ᠎ᠤᠨ ᠰᠠᠭᠤᠷᠢ ᠂ ᠬᠦᠴᠦᠨ ᠴᠢᠳᠠᠯ᠎ᠤᠨ ᠡᠬᠢ ᠰᠤᠷᠪᠤᠯᠵᠢ ᠮᠥᠨ ᠃
ᠳᠤᠮᠳᠠᠳᠤ ᠤᠯᠤᠰ ᠥᠪᠡᠷ᠎ᠢ᠎ᠪᠠᠨ ᠬᠥᠭᠵᠢᠭᠦᠯᠬᠦ ᠪᠥᠭᠡᠳ ᠪᠠᠰᠠ ᠳᠡᠯᠡᠬᠡᠢ ᠳ᠋ᠠᠬᠢᠨ᠎ᠢ ᠢᠳᠡᠪᠬᠢᠲᠡᠢ᠎ᠪᠠᠷ ᠬᠦᠷᠢᠶᠡᠯᠡᠵᠦ ᠂ ᠲᠣᠮᠣ ᠤᠯᠤᠰ᠎ᠤᠨ ᠬᠠᠷᠢᠭᠤᠴᠠᠯᠭ᠎ᠠ ᠵᠢ ᠡᠭᠦᠷᠭᠡᠯᠡᠵᠦ ᠪᠠᠢ᠌ᠳᠠᠭ ᠃ ᠪᠢᠳᠡ ᠳᠤᠮᠳᠠᠳᠤ ᠤᠯᠤᠰ — ᠳᠤᠮᠳᠠᠳᠤ ᠠᠽᠢᠶ᠎ᠠ ᠵᠢᠨ ᠲᠦᠷᠦᠭᠦᠴᠦᠳ᠎ᠤᠨ ᠬᠤᠷᠠᠯ ᠂ ᠭᠤᠷᠪᠠᠳᠤᠭ᠋ᠠᠷ ᠬᠤᠭᠤᠴᠠᠭ᠋ᠠᠨ᠎ᠤ 《ᠨᠢᠭᠡ ᠪᠦᠰᠡ ᠨᠢᠭᠡ ᠵᠠᠮ 》 ᠤᠨ ᠤᠯᠠᠨ ᠤᠯᠤᠰ᠎ᠤᠨ ᠬᠠᠮᠲᠤᠷᠠᠯᠴᠠᠭ᠋ᠠᠨ᠎ᠤ ᠲᠦᠷᠦᠭᠦᠴᠦᠳ᠎ᠤᠨ ᠶᠠᠷᠢᠶᠠᠨ᠎ᠤ ᠲᠠᠪᠴᠠᠩ᠎ᠢ ᠠᠮᠵᠢᠯᠲᠠ᠎ᠲᠠᠢ ᠡᠷᠭᠢᠯᠡᠵᠦ ᠂ ᠠᠯᠢ ᠤᠯᠠᠨ ᠡᠵᠡᠨ ᠲᠠᠯᠠᠪᠤᠷ᠎ᠤᠨ ᠭᠠᠳᠠᠭ᠋ᠠᠳᠤ ᠬᠠᠷᠢᠯᠴᠠᠭ᠎ᠠ᠎ᠳᠤ ᠲᠠᠪᠤᠨ ᠲᠢᠪ᠎ᠤᠨ ᠨᠠᠢ᠌ᠵᠠ ᠨᠠᠷ᠎ᠢ ᠤᠭᠲᠤᠨ ᠠᠪᠴᠢᠷᠠᠪᠠ ᠃ ᠪᠢ ᠪᠠᠰᠠ ᠵᠠᠷᠢᠮ ᠤᠯᠤᠰ᠎ᠲᠤ ᠠᠢ᠌ᠯᠴᠢᠯᠠᠵᠤ ᠂ ᠵᠠᠷᠢᠮ ᠤᠯᠠᠨ ᠤᠯᠤᠰ᠎ᠤᠨ ᠬᠤᠷᠠᠯ᠎ᠳᠤ ᠣᠷᠣᠯᠴᠠᠵᠤ ᠂ ᠴᠥᠭᠡᠨ ᠪᠤᠰᠤ ᠬᠠᠭᠤᠴᠢᠨ ᠨᠠᠢ᠌ᠵᠠ ᠂ ᠰᠢᠨ᠎ᠡ ᠬᠠᠨᠢᠲᠠᠨᠲᠠᠢᠪᠠᠨ ᠠᠭᠤᠯᠵᠠᠵᠤ ᠂ ᠳᠤᠮᠳᠠᠳᠤ ᠤᠯᠤᠰ᠎ᠤᠨ ᠵᠣᠷᠢᠯᠲᠠ᠎ᠪᠠᠨ ᠬᠤᠪᠢᠶᠠᠯᠴᠠᠵᠤ ᠂ ᠬᠠᠮᠲᠤ ᠵᠢᠨ ᠲᠠᠨᠢᠯᠲᠠ᠎ᠪᠠᠨ ᠭᠦᠨᠵᠡᠭᠡᠢ᠌ᠷᠡᠭᠦᠯᠪᠡ ᠃ ᠳᠡᠯᠡᠬᠡᠢ ᠵᠢᠨ ᠶᠠᠪᠤᠳᠠᠯ ᠤᠯᠠᠷᠢᠨ ᠬᠤᠪᠢᠰᠤᠭᠰᠠᠨ ᠴᠤ᠌ ᠡᠩᠬᠡ ᠲᠠᠢ᠌ᠪᠤᠩ ᠬᠥᠭᠵᠢᠯᠲᠡ ᠢᠮᠠᠭᠲᠠ ᠭᠣᠣᠯ ᠭᠦᠭ ᠠᠶᠠᠰ ᠪᠠᠢ᠌ᠵᠤ ᠂ ᠬᠠᠮᠲᠤᠷᠠᠯᠴᠠᠭ᠎ᠠ ᠬᠢᠵᠦ ᠬᠠᠮᠲᠤ᠎ᠪᠠᠷ ᠠᠰᠢᠭ ᠭᠦᠷᠳᠡᠭᠦ ᠪᠣᠯ ᠢᠮᠠᠭᠲᠠ ᠬᠠᠲᠠᠭᠤ ᠶᠣᠰᠣ ᠪᠣᠯᠣᠨ᠎ᠠ ᠃
ᠤᠷᠤᠭᠰᠢᠯᠠᠯᠲᠠ ᠵᠢᠨ ᠵᠠᠮ᠎ᠳᠤ ᠂ ᠰᠠᠯᠬᠢ ᠪᠣᠷᠣᠭ᠋ᠠᠨ᠎ᠲᠠᠢ ᠪᠠᠢ᠌ᠬᠤ ᠪᠣᠯ ᠬᠡᠪ᠎ᠤᠨ ᠪᠠᠢ᠌ᠳᠠᠯ ᠪᠣᠯᠣᠨ᠎ᠠ ᠃ ᠵᠠᠷᠢᠮ ᠠᠵᠤ ᠠᠬᠤᠢ᠌ᠯᠠᠯ ᠡᠵᠡᠩᠨᠡᠯᠲᠡ ᠵᠢᠨ ᠳᠠᠷᠤᠯᠲᠠ᠎ᠳᠤ ᠲᠤᠯᠭ᠋ᠠᠷᠠᠵᠤ ᠂ ᠵᠠᠷᠢᠮ ᠤᠯᠠᠨ ᠲᠦᠮᠡᠨ᠎ᠤ ᠠᠵᠢᠯ ᠣᠯᠭᠣᠯᠲᠠ ᠂ ᠠᠮᠢᠳᠤᠷᠠᠯ ᠬᠦᠴᠢᠷᠳᠡᠯ᠎ᠳᠤ ᠲᠤᠯᠭ᠋ᠠᠷᠠᠵᠤ ᠂ ᠵᠠᠷᠢᠮ ᠭᠠᠵᠠᠷ ᠣᠷᠣᠨ᠎ᠳᠤ ᠦᠶᠡᠷ ᠤᠰᠤᠲᠤᠯ ᠂ ᠲᠠᠢ᠌ᠹᠧᠩ ᠰᠠᠯᠬᠢ ᠂ ᠭᠠᠵᠠᠷ ᠬᠥᠳᠡᠯᠦᠯᠲᠡ ᠵᠡᠷᠭᠡ ᠪᠠᠢ᠌ᠭ᠋ᠠᠯᠢ ᠵᠢᠨ ᠭᠠᠮᠰᠢᠭ ᠭᠠᠷᠴᠤ ᠪᠠᠢ᠌ᠨ᠎ᠠ ᠂ ᠡᠳᠡᠭᠡᠷ᠎ᠲᠤ ᠪᠢ ᠴᠥᠮ ᠰᠠᠨᠠᠭ᠋ᠠᠰᠢᠷᠠᠭᠰᠠᠭ᠋ᠠᠷ ᠶᠤᠮ ᠃ ᠤᠯᠠᠨ ᠵᠶ᠋ᠠᠷ ᠵᠶ᠋ᠠᠨ ᠰᠠᠯᠬᠢ ᠪᠣᠷᠣᠭ᠋ᠠᠨ᠎ᠠᠴᠠ ᠠᠶᠤᠬᠤ ᠦᠭᠡᠢ ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠤ ᠂ ᠥᠷᠢᠰᠦᠯᠳᠦᠭᠡᠨ᠎ᠳᠤ ᠰᠢᠭᠤᠳ ᠬᠠᠨᠳᠤᠵᠤ ᠂ ᠬᠦᠴᠢᠷ᠎ᠢ ᠲᠤᠭᠤᠯᠤᠨ ᠪᠡᠷᠬᠡ ᠵᠢ ᠳᠠᠪᠠᠭᠰᠠᠨ᠎ᠳᠤ ᠪᠢ ᠶᠡᠬᠡᠳᠡ ᠰᠡᠳᠬᠢᠯ ᠬᠥᠳᠡᠯᠵᠦ ᠪᠠᠢ᠌ᠨ᠎ᠠ ᠃ ᠰᠢᠷᠭ᠋ᠠᠭᠤ ᠬᠥᠳᠡᠯᠮᠦᠷᠢᠯᠡᠵᠦ ᠪᠠᠢ᠌ᠭ᠎ᠠ ᠲᠠᠷᠢᠶᠠᠴᠢᠨ ᠂ ᠰᠢᠷᠭ᠋ᠠᠭᠤ ᠬᠠᠲᠠᠭᠤᠵᠢᠯᠲᠠᠢ ᠠᠵᠢᠯᠯᠠᠵᠤ ᠪᠠᠢ᠌ᠭ᠎ᠠ ᠠᠵᠢᠯᠴᠢᠨ ᠂ ᠵᠣᠷᠢᠭᠲᠠᠢ᠎ᠪᠠᠷ ᠠᠵᠢᠯᠯᠠᠵᠤ ᠵᠣᠷᠢᠭᠲᠠᠢ᠎ᠪᠠᠷ ᠲᠡᠮᠡᠴᠡᠵᠦ ᠪᠠᠢ᠌ᠭ᠎ᠠ ᠦᠢ᠍ᠯᠡᠰ ᠪᠣᠰᠬᠠᠭᠴᠢ ᠂ ᠤᠯᠤᠰ ᠭᠡᠷ ᠵᠶ᠋ᠡᠨ ᠬᠠᠮᠠᠭ᠋ᠠᠯᠠᠵᠤ ᠪᠠᠢ᠌ᠭ᠎ᠠ ᠬᠡᠦᠬᠡᠳ ᠳᠡᠭᠦᠦ ᠨᠠᠷ ᠴᠡᠷᠢᠭ ᠂ ᠡᠯ᠎ᠡ ᠠᠵᠢᠯ ᠲᠦᠷᠦᠯ᠎ᠤᠨ ᠬᠥᠮᠥᠰ ᠴᠥᠮ ᠬᠦᠴᠦ ᠬᠥᠯᠥᠰᠦ᠎ᠪᠠᠨ ᠤᠷᠤᠰᠬᠠᠵᠤ ᠂ ᠡᠭᠡᠯ ᠵᠢᠷ᠎ᠤᠨ ᠬᠥᠮᠥᠨ ᠨᠢᠭᠡ ᠪᠦᠷᠢ ᠴᠥᠮ ᠶᠡᠷᠦ ᠪᠤᠰᠤ ᠵᠢᠨ ᠬᠤᠪᠢ ᠨᠡᠮᠡᠷᠢ ᠦᠵᠡᠭᠦᠯᠵᠡᠢ ! ᠠᠷᠠᠳ ᠲᠦᠮᠡᠨ ᠪᠣᠯ ᠥᠨᠢ ᠡᠭᠦᠷᠢᠳᠡ ᠪᠢᠳᠡᠨ᠎ᠤ ᠠᠯᠢᠪᠠ ᠬᠦᠴᠢᠷ ᠪᠡᠷᠬᠡᠰᠢᠶᠡᠯ ᠥᠷᠢᠰᠦᠯᠳᠦᠭᠡᠨ᠎ᠢ ᠢᠯᠠᠨ ᠳᠠᠪᠠᠬᠤ ᠵᠢᠨ ᠬᠠᠮᠤᠭ᠎ᠤᠨ ᠶᠡᠬᠡ ᠥᠮᠥᠭ ᠲᠦᠰᠢᠭ ᠮᠥᠨ ᠃
ᠢᠷᠡᠬᠦ ᠣᠨ ᠪᠣᠯ ᠰᠢᠨ᠎ᠡ ᠳᠤᠮᠳᠠᠳᠤ ᠤᠯᠤᠰ ᠪᠠᠢ᠌ᠭᠤᠯᠤᠭᠳᠠᠭᠰᠠᠨ 75 ᠵᠢᠯ᠎ᠤᠨ ᠤᠢ ᠪᠣᠯᠣᠨ᠎ᠠ ᠃ ᠪᠢᠳᠡ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠡᠷᠡᠰ ᠭᠤᠢ᠌ᠪᠢᠰᠢ ᠦᠭᠡᠢ᠎ᠪᠠᠷ ᠠᠬᠢᠭᠤᠯᠵᠤ ᠂ ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠪᠦᠷᠢᠨ ᠪᠦᠲᠦᠨ ᠂ ᠵᠥᠪ ᠣᠨᠣᠪᠴᠢᠲᠠᠢ ᠂ ᠪᠦᠭᠦ ᠲᠠᠯ᠎ᠠ᠎ᠪᠠᠷ ᠲᠤᠭᠤᠰᠢᠯᠠᠭᠤᠯᠵᠤ ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠢ ᠲᠦᠷᠭᠡᠳᠬᠡᠨ ᠪᠠᠢ᠌ᠭᠤᠯᠵᠤ ᠂ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠵᠤ ᠂ ᠬᠥᠭᠵᠢᠯᠲᠡ ᠪᠣᠯᠣᠨ ᠠᠮᠤᠷ ᠲᠦᠪᠰᠢᠨ᠎ᠢ ᠰᠠᠢ᠌ᠲᠤᠷ ᠨᠢᠭᠡᠳᠦᠯᠲᠡᠢ ᠲᠥᠯᠥᠪᠵᠢᠭᠦᠯᠬᠦ ᠬᠡᠷᠡᠭᠲᠡᠢ ᠃ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠵᠢ ᠪᠠᠷᠢᠮᠲᠠᠯᠠᠵᠤ ᠂ ᠤᠷᠤᠭᠰᠢᠯᠠᠯᠲᠠ᠎ᠪᠠᠷ ᠲᠣᠭᠲᠠᠭᠤᠨ᠎ᠢ ᠠᠬᠢᠭᠤᠯᠵᠤ ᠂ ᠤᠷᠢᠳ ᠵᠢᠡᠷ ᠪᠠᠢ᠌ᠭᠤᠯᠵᠤ ᠳᠠᠷᠠᠭ᠎ᠠ᠎ᠨᠢ ᠰᠢᠪᠲᠤᠯᠵᠤ ᠂ ᠠᠵᠤ ᠠᠬᠤᠢ ᠵᠢᠨ ᠰᠡᠷᠭᠦᠨ ᠰᠠᠢ᠌ᠵᠢᠷᠠᠬᠤ ᠬᠠᠨᠳᠤᠰᠢ ᠵᠢ ᠪᠡᠬᠢᠵᠢᠭᠦᠯᠦᠨ ᠴᠢᠩᠭ᠋ᠠᠳᠬᠠᠵᠤ ᠂ ᠠᠵᠤ ᠠᠬᠤᠢ ᠵᠢᠨ ᠲᠣᠭᠲᠠᠭᠤᠨ ᠵᠶ᠋ᠠᠷ ᠬᠤᠯᠠ ᠠᠶᠠᠯᠠᠬᠤ ᠵᠢ ᠪᠡᠶᠡᠯᠡᠭᠦᠯᠬᠦ ᠬᠡᠷᠡᠭᠲᠡᠢ ᠃ ᠥᠭᠡᠷᠡᠴᠢᠯᠡᠯᠲᠡ ᠨᠡᠭᠡᠭᠡᠯᠲᠡ ᠵᠢ ᠪᠦᠭᠦ ᠲᠠᠯ᠎ᠠ᠎ᠪᠠᠷ ᠭᠦᠨᠵᠡᠭᠡᠢ᠌ᠷᠡᠭᠦᠯᠵᠦ ᠂ ᠬᠥᠭᠵᠢᠯᠲᠡ ᠵᠢᠨ ᠢᠲᠡᠭᠡᠯ ᠵᠣᠷᠢᠭ᠎ᠢ ᠤᠯᠠᠮ ᠴᠢᠨᠠᠭᠰᠢᠳᠠ ᠬᠥᠪᠴᠢᠯᠡᠵᠦ ᠂ ᠠᠵᠤ ᠠᠬᠤᠢ ᠵᠢᠨ ᠠᠮᠢᠵᠢᠷᠠᠯ᠎ᠤᠨ ᠬᠦᠴᠦᠨ᠎ᠢ ᠨᠡᠮᠡᠭᠳᠡᠭᠦᠯᠵᠦ ᠂ ᠨᠡᠩ ᠶᠡᠬᠡ ᠡᠷᠴᠢᠮ ᠵᠶ᠋ᠡᠷ ᠰᠤᠷᠭ᠋ᠠᠨ ᠬᠥᠮᠦᠵᠢᠯ᠎ᠢ ᠡᠷᠭᠢᠯᠡᠵᠦ ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠢ ᠬᠥᠭᠵᠢᠭᠦᠯᠵᠦ ᠂ ᠴᠢᠳᠠᠪᠤᠷᠢᠲᠠᠨ᠎ᠢ ᠬᠥᠮᠥᠵᠢᠭᠦᠯᠬᠦ ᠬᠡᠷᠡᠭᠲᠡᠢ ᠃ ᠰᠢᠶᠠᠩᠭ᠋ᠠᠩ ᠂ ᠣᠣᠮᠧᠨ᠎ᠤ ᠲᠤᠰ ᠪᠡᠶ᠎ᠡ ᠵᠢᠨ ᠳᠠᠪᠠᠭᠤᠯᠢᠭ ᠵᠶ᠋ᠠᠨ ᠪᠠᠳᠠᠷᠠᠭᠤᠯᠬᠤ ᠵᠢ ᠦᠷᠭᠦᠯᠵᠢᠯᠡᠨ ᠲᠡᠮᠵᠢᠵᠤ ᠂ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠨᠡᠩ ᠰᠠᠢ᠌ᠲᠤᠷ ᠠᠭᠤᠰᠤᠯᠴᠠᠬᠤ ᠳᠤᠮᠳᠠ ᠤᠷᠳᠤ ᠬᠤᠭᠤᠴᠠᠭ᠎ᠠ᠎ᠪᠠᠷ ᠴᠡᠴᠡᠭᠯᠡᠨ ᠬᠥᠭᠵᠢᠵᠦ ᠲᠣᠭᠲᠠᠭᠤᠨ ᠪᠠᠢ᠌ᠬᠤ ᠵᠢ ᠪᠠᠲᠤᠯᠠᠬᠤ ᠬᠡᠷᠡᠭᠲᠡᠢ ᠃ ᠡᠬᠡ ᠤᠯᠤᠰ ᠵᠢᠡᠨ ᠨᠢᠭᠡᠳᠬᠡᠬᠦ ᠪᠣᠯ ᠲᠡᠦᠬᠡ ᠵᠢᠨ ᠵᠠᠢ᠌ᠯᠠᠰᠢ ᠦᠭᠡᠢ ᠶᠠᠪᠤᠳᠠᠯ ᠮᠥᠨ ᠂ ᠲᠠᠢ᠌ᠸᠠᠨ ᠬᠣᠭᠣᠯᠠᠢ ᠵᠢᠨ ᠬᠣᠶᠠᠷ ᠭᠦᠪᠡᠭᠡ ᠵᠢᠨ ᠠᠬ᠎ᠠ ᠳᠡᠭᠦᠦ ᠨᠠᠷ ᠭᠠᠷ ᠬᠣᠯᠪᠣᠯᠴᠠᠨ ᠰᠡᠳᠬᠢᠯ ᠵᠶ᠋ᠡᠨ ᠨᠢᠭᠡᠳᠬᠡᠵᠦ ᠂ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠶᠡᠬᠡ ᠢᠷᠠᠭᠤ ᠠᠯᠳᠠᠷ᠎ᠢ ᠬᠠᠮᠲᠤ᠎ᠪᠠᠷ ᠡᠳ᠋ᠯᠡᠬᠦ ᠬᠡᠷᠡᠭᠲᠡᠢ ᠃
ᠮᠠᠨ᠎ᠤ ᠬᠠᠷᠠᠯᠲᠠ ᠪᠣᠯ ᠮᠠᠰᠢ ᠠᠤᠭ᠎ᠠ ᠶᠡᠬᠡ ᠪᠥᠭᠡᠳ ᠮᠠᠰᠢ ᠪᠣᠷᠣᠭᠵᠢᠭᠤᠨ ᠶᠤᠮ ᠂ ᠡᠴᠦᠰ᠎ᠤᠨ ᠡᠴᠦᠰ᠎ᠲᠡᠭᠡᠨ ᠠᠷᠠᠳ ᠲᠦᠮᠡᠨ᠎ᠳᠤ ᠨᠡᠩ ᠰᠠᠢ᠌ᠨ ᠰᠠᠢ᠌ᠬᠠᠨ ᠠᠮᠢᠳᠤᠷᠠᠯ᠎ᠢ ᠡᠳ᠋ᠯᠡᠭᠦᠯᠭᠦ ᠶᠠᠪᠤᠳᠠᠯ ᠪᠣᠯᠣᠨ᠎ᠠ ᠃ ᠬᠡᠦᠬᠡᠳ᠎ᠢ ᠠᠰᠠᠷᠠᠨ ᠲᠡᠵᠢᠭᠡᠵᠦ ᠰᠤᠷᠭ᠋ᠠᠨ ᠬᠥᠮᠥᠵᠢᠭᠦᠯᠬᠦ ᠂ ᠵᠠᠯᠠᠭᠤᠴᠤᠳ᠎ᠤᠨ ᠠᠵᠢᠯ ᠣᠯᠵᠤ ᠴᠢᠳᠠᠪᠤᠷᠢᠲᠠᠨ ᠪᠤᠯᠬᠤ ᠂ ᠨᠠᠰᠤᠲᠠᠢ᠌ᠴᠤᠳ᠎ᠤᠨ ᠡᠪᠡᠳᠴᠢᠨ ᠦᠵᠡᠭᠦᠯᠵᠦ ᠨᠠᠰᠤᠵᠢᠯ᠎ᠤᠨ ᠠᠰᠠᠷᠠᠮᠵᠢ ᠭᠦᠷᠳᠡᠭᠦ ᠪᠣᠯ ᠭᠡᠷ᠎ᠤᠨ ᠶᠠᠪᠤᠳᠠᠯ ᠪᠤᠯᠬᠤ ᠪᠥᠭᠡᠳ ᠪᠠᠰᠠ ᠴᠤ᠌ ᠲᠦᠷᠦ ᠵᠢᠨ ᠶᠠᠪᠤᠳᠠᠯ ᠮᠥᠨ ᠂ ᠤᠯᠠᠨ ᠵᠶ᠋ᠠᠷ ᠵᠶ᠋ᠠᠨ ᠬᠠᠮᠲᠤ᠎ᠪᠠᠷ ᠴᠢᠷᠮᠠᠢ᠌ᠵᠤ ᠪᠠᠢ᠌ᠭ᠋ᠠᠳ ᠡᠳᠡᠭᠡᠷ ᠶᠠᠪᠤᠳᠠᠯ᠎ᠢ ᠰᠠᠢ᠌ᠲᠤᠷ ᠬᠢᠬᠦ ᠬᠡᠷᠡᠭᠲᠡᠢ ᠃ ᠣᠳᠣᠬᠠᠨ᠎ᠳᠤ ᠂ ᠨᠡᠢ᠌ᠭᠡᠮ᠎ᠤᠨ ᠠᠢ᠌ᠵᠠᠮ ᠮᠠᠰᠢ ᠲᠦᠷᠭᠡᠨ ᠂ ᠤᠯᠠᠨ ᠵᠶ᠋ᠠᠷ ᠵᠶ᠋ᠠᠨ ᠪᠦᠷ ᠶᠠᠭ᠋ᠠᠷᠠᠯᠳᠤᠵᠤ ᠂ ᠠᠵᠢᠯ ᠠᠮᠢᠳᠤᠷᠠᠯ᠎ᠤᠨ ᠳᠠᠷᠤᠭ᠋ᠠᠰᠤ ᠪᠦᠷ ᠮᠠᠰᠢ ᠶᠡᠬᠡ ᠪᠠᠢ᠌ᠨ᠎ᠠ ᠃ ᠪᠢᠳᠡ ᠬᠠᠯᠠᠭᠤᠨ ᠳᠤᠯᠠᠭ᠋ᠠᠨ ᠡᠶ᠎ᠡ ᠵᠣᠬᠢᠴᠠᠩᠭᠤᠢ ᠨᠡᠢ᠌ᠭᠡᠮ᠎ᠤᠨ ᠠᠭᠤᠷ ᠠᠮᠢᠰᠬᠤᠯ᠎ᠢ ᠪᠤᠢ ᠪᠤᠯᠭ᠋ᠠᠵᠤ ᠂ ᠪᠠᠭᠲᠠᠭ᠋ᠠᠮᠵᠢᠲᠠᠢ ᠬᠥᠭᠵᠢᠶᠡᠨ᠎ᠲᠠᠢ ᠰᠢᠨ᠎ᠡ ᠵᠢ ᠡᠭᠦᠳᠬᠦ ᠣᠷᠣᠨ ᠵᠠᠢ ᠵᠢ ᠥᠷᠭᠡᠳᠬᠡᠵᠦ ᠂ ᠳᠥᠭᠦᠮ ᠳᠥᠲᠡ ᠲᠠᠭ᠋ᠠᠯᠠᠮᠵᠢᠲᠠᠢ ᠠᠮᠢᠳᠤᠷᠠᠯ᠎ᠤᠨ ᠨᠥᠬᠥᠴᠡᠯ᠎ᠢ ᠡᠭᠦᠳᠴᠦ ᠂ ᠤᠯᠠᠨ᠎ᠢ ᠪᠠᠶᠠᠰᠤᠩᠭᠤᠢ ᠤᠷᠮ᠎ᠠ ᠰᠡᠳᠬᠢᠯᠭᠡ᠎ᠲᠠᠢ ᠪᠠᠢ᠌ᠯᠭ᠋ᠠᠵᠤ ᠂ ᠬᠥᠮᠥᠨ᠎ᠤ ᠠᠮᠢᠳᠤᠷᠠᠯ᠎ᠤᠨ ᠭᠡᠷᠡᠯ ᠭᠢᠯᠪᠠᠭ᠎ᠠ᠎ᠪᠠᠨ ᠰᠠᠴᠤᠷᠠᠭᠤᠯᠵᠤ ᠂ ᠬᠦᠰᠡᠯ ᠵᠡᠭᠦᠳᠦ᠎ᠪᠠᠨ ᠲᠡᠷᠭᠡᠯᠰᠢᠭᠦᠯᠬᠦ ᠬᠡᠷᠡᠭᠲᠡᠢ ᠃
ᠣᠳᠣᠬᠠᠨ᠎ᠳᠤ ᠂ ᠳᠡᠯᠡᠬᠡᠢ ᠳᠡᠭᠡᠷᠡᠬᠢ ᠵᠠᠷᠢᠮ ᠭᠠᠵᠠᠷ ᠣᠷᠣᠨ ᠪᠠᠰᠠ ᠲᠠᠢ᠌ᠨ᠎ᠤ ᠭᠠᠯ ᠳᠠᠷᠢ ᠵᠢᠨ ᠤᠲᠤᠭ᠎ᠠ ᠵᠢᠨ ᠳᠤᠮᠳᠠ ᠣᠷᠣᠰᠢᠵᠤ ᠪᠠᠢ᠌ᠨ᠎ᠠ ᠃ ᠡᠩᠬᠡ ᠲᠠᠢ᠌ᠪᠤᠩ᠎ᠤᠨ ᠡᠷᠬᠢᠮ ᠨᠠᠨᠳᠢᠨ᠎ᠢ ᠳᠤᠮᠳᠠᠳᠤ ᠤᠯᠤᠰ᠎ᠤᠨ ᠠᠷᠠᠳ ᠲᠦᠮᠡᠨ ᠭᠦᠨ ᠣᠢ᠌ᠯᠠᠭ᠋ᠠᠵᠤ ᠪᠠᠢ᠌ᠨ᠎ᠠ ᠂ ᠪᠢᠳᠡ ᠳᠤᠷᠠᠲᠠᠶ᠎ᠠ ᠳᠡᠯᠡᠬᠡᠢ ᠨᠡᠢ᠌ᠭᠡᠮ᠎ᠯᠦᠭᠡ ᠬᠠᠮᠲᠤ᠎ᠪᠠᠷ ᠬᠥᠮᠥᠨ ᠲᠥᠷᠥᠯᠬᠢᠲᠡᠨ᠎ᠤ ᠢᠷᠡᠭᠡᠳᠦᠢ ᠵᠢ ᠪᠣᠳᠣᠯᠬᠢᠯᠠᠵᠤ ᠂ ᠠᠷᠠᠳ ᠲᠦᠮᠡᠨ᠎ᠤ ᠪᠤᠶᠠᠨ ᠵᠢᠷᠭ᠋ᠠᠯ᠎ᠢ ᠰᠠᠨᠠᠭ᠋ᠠᠯᠵᠠᠵᠤ ᠂ ᠬᠥᠮᠥᠨ ᠲᠥᠷᠥᠯᠬᠢᠲᠡᠨ᠎ᠤ ᠬᠤᠪᠢ ᠵᠠᠶᠠᠭ᠋ᠠᠨ᠎ᠤ ᠬᠠᠮᠲᠤ ᠵᠢᠨ ᠴᠣᠭᠴᠠ ᠵᠢ ᠪᠠᠢ᠌ᠭᠤᠯᠬᠤ ᠵᠢ ᠠᠬᠢᠭᠤᠯᠵᠤ ᠂ ᠨᠡᠩ ᠰᠠᠢ᠌ᠨ ᠰᠠᠢ᠌ᠬᠠᠨ ᠳᠡᠯᠡᠬᠡᠢ ᠶᠢᠷᠲᠢᠨᠴᠦ ᠵᠢ ᠪᠠᠢ᠌ᠭᠤᠯᠤᠨ᠎ᠠ ᠃
ᠡᠨᠡ ᠬᠦ᠌ ᠴᠠᠭ ᠮᠥᠴᠡ᠎ᠳᠤ ᠂ ᠰᠥᠨᠢ ᠵᠢᠨ ᠥᠩᠭᠡ ᠰᠣᠯᠣᠩᠭ᠋ᠠᠷᠠᠨ ᠂ ᠲᠦᠭ ᠲᠦᠮᠡᠨ ᠠᠢ᠌ᠯ ᠡᠷᠦᠭᠡ ᠵᠢᠨ ᠳ᠋ᠧᠩ᠎ᠤᠨ ᠭᠡᠷᠡᠯ ᠳᠤᠸᠠᠯᠠᠵᠤ ᠪᠠᠢ᠌ᠨ᠎ᠠ ᠃ ᠪᠢᠳᠡ ᠬᠠᠮᠲᠤ᠎ᠪᠠᠷ ᠡᠬᠡ ᠤᠯᠤᠰ᠎ᠤᠨ ᠵᠢᠡᠨ ᠬᠥᠭᠵᠢᠨ ᠪᠠᠳᠠᠷᠠᠵᠤ ᠂ ᠳᠡᠯᠡᠬᠡᠢ ᠳ᠋ᠠᠬᠢᠨ᠎ᠤ ᠡᠩᠬᠡ ᠲᠠᠢ᠌ᠪᠤᠩ ᠠᠮᠤᠷ ᠠᠮᠤᠭᠤᠯᠠᠩ ᠪᠠᠢ᠌ᠬᠤ ᠵᠢ ᠬᠦᠰᠡᠨ ᠵᠥᠩᠨᠡᠶ᠎ᠡ ! ᠲᠠ ᠪᠦᠭᠦᠨ᠎ᠤ ᠠᠵᠠ ᠵᠢᠷᠭ᠋ᠠᠯ᠎ᠲᠠᠢ ᠂ ᠠᠮᠤᠷ ᠠᠮᠤᠭᠤᠯᠠᠩ ᠪᠠᠢ᠌ᠬᠤ ᠵᠢ ᠬᠦᠰᠡᠨ ᠵᠥᠩᠨᠡᠶ᠎ᠡ !
ᠤᠯᠠᠨ᠎ᠳᠤ ᠪᠠᠶᠠᠷᠯᠠᠯ᠎ᠠ !