ᠴᠢᠯᠥᠭᠡᠯᠡᠬᠦ᠌ ᠴᠡᠷᠢᠭ᠎ᠦᠨ ᠰᠣᠨᠢᠨ᠎ᠤ ᠬᠡᠪᠯᠡᠯ ᠡᠬᠢᠯᠡᠭ᠌ᠰᠡᠨ 70 ᠵᠢᠯ᠎ᠦᠨ ᠤᠢ᠎ᠶ᠋ᠢᠨ ᠲᠠᠱᠢᠷᠠᠮ᠎ᠢᠶᠠᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠤᠷᠢᠶ᠎ᠠ ᠵᠢᠨ ᠶᠡᠷᠦᠩᠬᠡᠢ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠲᠡᠷᠢᠭᠦᠯᠡᠭ᠌ᠴᠢ ᠰᠢ᠎ᠵᠢᠨ᠎ᠫᠢᠩ ᠪᠠᠶᠠᠷ᠎ᠤᠨ ᠵᠠᠬᠢᠳᠠᠯ ᠢᠯᠡᠭᠡᠵᠦ᠍᠂ ᠨᠠᠮ᠎ᠤᠨ ᠲᠥᠪ ᠬᠣᠷᠢᠢ᠎ᠠ ᠪᠣᠯᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠡᠮᠦᠨ᠎ᠡ᠎ᠡᠴᠡ ᠰᠣᠨᠢᠨ᠎ᠤ ᠬᠣᠷᠢᠢ᠎ᠠ᠎ᠶ᠋ᠢᠨ ᠪᠦᠬᠦ᠌ ᠨᠥᠬᠥᠳ᠎ᠲᠦ ᠬᠠᠯᠠᠭᠤᠨ ᠪᠠᠶᠠᠷ ᠬᠦᠷᠭᠡᠪᠡ᠃
ᠰᠢ᠎ᠵᠢᠨ᠎ᠫᠢᠩ ᠪᠠᠶᠠᠷ᠎ᠤᠨ ᠵᠠᠬᠢᠳᠠᠯ᠎ᠳᠠᠭᠠᠨ᠂ 70 ᠵᠢᠯ᠎ᠦᠨ ᠲᠤᠷᠰᠢ᠂ ᠴᠢᠯᠥᠭᠡᠯᠡᠬᠦ᠌ ᠴᠡᠷᠢᠭ᠎ᠦᠨ ᠰᠣᠨᠢᠨ ᠢᠮᠠᠭ᠍ᠲᠠ ᠨᠠᠮ᠎ᠤᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠨᠠᠮ᠎ᠤᠨ ᠲᠣᠭ᠎ᠢ ᠥᠨᠳᠥᠷ ᠮᠠᠨᠳᠤᠭᠤᠯᠵᠤ᠂ ᠨᠠᠮ᠎ᠤᠨ ᠣᠨᠣᠯ ᠪᠣᠯᠤᠨ ᠱᠤᠭᠤᠮ ᠴᠢᠭ᠌ᠯᠡᠯᠲᠡ ᠲᠥᠷᠥ᠎ᠶ᠋ᠢᠨ ᠪᠣᠳᠣᠯᠭ᠎ᠠ᠎ᠶ᠋ᠢ ᠢᠳᠡᠪᠬᠢᠲᠡᠶ ᠤᠬᠠᠭᠤᠯᠵᠤ᠂ ᠴᠡᠷᠢᠭ ᠠᠩᠭᠢ᠎ᠶ᠋ᠢᠨ ᠪᠥᠲᠥᠭᠡᠨ ᠪᠠᠢᠭᠤᠯᠤᠯᠲᠠ ᠥᠭᠡᠷᠡᠴᠢᠯᠡᠯᠲᠡ ᠪᠣᠯᠤᠨ ᠲᠡᠢᠨ᠎ᠳᠦ ᠪᠡᠯᠡᠳᠭᠡᠵᠦ᠍ ᠪᠠᠢᠯᠳᠤᠭᠠᠨ ᠬᠢᠬᠦ᠌ ᠦᠶ᠋ᠯᠡᠳᠦᠯᠭᠡ᠎ᠶ᠋ᠢ ᠠᠮᠢᠳᠤᠯᠢᠭ᠎ᠢᠶᠠᠷ ᠲᠤᠰᠭᠠᠵᠤ᠂ ᠮᠠᠨ᠎ᠤ ᠨᠠᠮ ᠮᠠᠨ᠎ᠤ ᠴᠡᠷᠢᠭ᠎ᠦᠨ ᠱᠢᠯᠢᠳᠡᠭ ᠤᠯᠠᠮᠵᠢᠯᠠᠯ᠎ᠢ ᠪᠠᠳᠠᠷᠠᠭᠤᠯᠬᠤ᠂ ᠦᠶ᠎ᠡ ᠦᠶ᠎ᠡ᠎ᠶ᠋ᠢᠨ ᠬᠤᠪᠢᠰᠭᠠᠯᠲᠤ ᠴᠡᠷᠢᠭ᠎ᠢ ᠬᠥᠮᠦᠵᠢᠭᠦᠯᠬᠦ᠌᠂ ᠠᠷᠠᠳ᠎ᠤᠨ ᠴᠡᠷᠢᠭ ᠠᠩᠭᠢ᠎ᠶ᠋ᠢᠨ ᠬᠥᠭ᠌ᠵᠢᠨ ᠪᠤᠵᠠᠭᠠᠢᠷᠠᠬᠤ᠎ᠳᠤ ᠬᠦᠴᠦᠨ ᠨᠡᠮᠡᠷᠢᠯᠡᠬᠦ᠌ ᠵᠡᠷᠭᠡ ᠲᠠᠯ᠎ᠠ᠎ᠪᠠᠷ ᠴᠢᠬᠤᠯᠠ ᠬᠤᠪᠢ ᠨᠡᠮᠡᠷᠢ ᠦᠵᠡᠭᠦᠯᠵᠠᠢ ᠭᠡᠵᠦ ᠵᠢᠭᠠᠵᠤ ᠭᠠᠷᠭᠠᠪᠠ᠃
ᠰᠢ᠎ᠵᠢᠨ᠎ᠫᠢᠩ᠂ ᠴᠢᠯᠥᠭᠡᠯᠡᠬᠦ᠌ ᠴᠡᠷᠢᠭ᠎ᠦᠨ ᠰᠣᠨᠢᠨ ᠨᠠᠮ᠎ᠤᠨ ᠬᠢ ᠪᠦᠭᠡᠳ ᠴᠡᠷᠢᠭᠠᠩᠭᠢ ᠵᠢᠨ ᠲᠥᠯᠥᠭᠡ ᠠᠵᠢᠯᠯᠠᠬᠤ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠵᠦ᠍᠂ ᠤᠯᠤᠰ ᠲᠦᠷᠦᠴᠢᠨ ᠰᠣᠨᠢᠨ ᠡᠷᠬᠢᠯᠡᠬᠦ᠌ ᠱᠠᠭᠠᠷᠳᠠᠯᠭ᠎ᠠ᠎ᠶ᠋ᠢ ᠨᠠᠢᠳᠠᠪᠤᠷᠢᠵᠢᠭᠤᠯᠵᠤ᠂ ᠵᠥᠪ ᠤᠯᠤᠰ ᠲᠦᠷᠦ᠍᠎ᠶ᠋ᠢᠨ ᠴᠢᠭ᠌ᠯᠡᠯ ᠪᠣᠯᠤᠨ ᠶᠠᠷᠢᠶ᠎ᠠ ᠬᠡᠯᠡᠯᠴᠡᠭᠡᠨ᠎ᠦ ᠤᠳᠤᠷᠢᠳᠤᠮᠵᠢ᠎ᠶ᠋ᠢ ᠡᠵᠡᠮᠳᠡᠵᠦ᠍᠂ ᠤᠳᠤ ᠦᠶ᠎ᠡ᠎ᠶ᠋ᠢᠨ ᠰᠣᠨᠢᠨ ᠮᠡᠳᠡᠭᠡᠨ᠎ᠦ ᠳᠠᠮᠵᠢᠭᠤᠯᠭ᠎ᠠ᠎ᠶ᠋ᠢᠨ ᠵᠢᠮ᠎ᠡ ᠶᠣᠰᠣ᠎ᠶ᠋ᠢ ᠡᠵᠡᠮᠳᠡᠵᠦ᠍᠂ ᠵᠢᠭ᠍ᠰᠠᠭᠠᠯ᠎ᠤᠨ ᠭᠠᠵᠠᠷ᠎ᠤᠨ ᠤᠬᠠᠮᠰᠠᠷ᠎ᠢᠶᠠᠨ ᠴᠢᠩᠭᠠᠳᠭᠠᠵᠤ᠂ ᠦᠨᠡᠨ᠎ᠢ ᠪᠠᠷᠢᠮᠲᠠᠯᠠᠨ ᠪᠣᠳᠠᠲᠠᠢ᠎ᠶ᠋ᠢ ᠡᠷᠬᠢᠮᠯᠡᠵᠤ᠂ ᠢᠳᠡᠪᠬᠢᠲᠡᠢ᠎ᠪᠡᠷ ᠲᠥᠪ ᠶᠣᠰᠣ᠎ᠶ᠋ᠢ ᠪᠠᠷᠢᠮᠲᠠᠯᠠᠨ ᠱᠢᠨ᠎ᠡ᠎ᠶ᠋ᠢ ᠡᠭᠦᠳᠴᠦ᠍᠂ ᠨᠡᠩ ᠪᠦᠲᠦᠮᠵᠢᠲᠡᠢ ᠤᠳᠤ ᠦᠶ᠎ᠡ᠎ᠶ᠋ᠢᠨ ᠴᠡᠷᠢᠭ᠎ᠦᠨ ᠶᠠᠪᠤᠳᠠᠯ᠎ᠤᠨ ᠳᠠᠮᠵᠢᠭᠤᠯᠭ᠎ᠠ᠎ᠶ᠋ᠢᠨ ᠱᠢᠰᠲ᠋ᠧᠮ᠎ᠢ ᠪᠠᠢᠭᠤᠯᠬᠤ᠎ᠶ᠋ᠢ ᠠᠬᠢᠭᠤᠯᠵᠤ᠂ ᠰᠤᠷᠳᠠᠯ ᠤᠬᠠᠭᠤᠯᠭ᠎ᠠ᠎ᠶ᠋ᠢᠨ ᠭᠣᠣᠯ ᠠᠷᠭ᠎ᠠ ᠵᠠᠮ᠂ ᠶᠠᠷᠢᠶ᠎ᠠ ᠬᠡᠯᠡᠯᠴᠡᠭᠡᠨ᠎ᠦ ᠭᠣᠣᠯ ᠤᠳᠤᠷᠢᠳᠤᠮᠵᠢ᠎ᠶ᠋ᠢᠨ ᠦᠢᠯᠡᠳᠦᠯ᠎ᠢ ᠨᠡᠩ ᠰᠠᠢᠲᠤᠷ ᠪᠠᠳᠠᠷᠠᠭᠤᠯᠵᠤ᠂ ᠳᠠᠷᠤᠭ᠎ᠠ ᠪᠠᠢᠯᠳᠤᠭ᠍ᠴᠢᠳ᠎ᠤᠨ ᠰᠡᠳᠭᠢᠯ᠎ᠳᠦ ᠨᠡᠩ ᠰᠠᠢ᠌ᠨ ᠰᠠᠭᠤᠭ᠍ᠳᠠᠵᠤ᠂ ᠴᠡᠷᠢᠭ᠎ᠢ ᠬᠦᠴᠦᠷᠬᠡᠭ᠌ᠵᠢᠭᠦᠯᠬᠦ᠌ ᠦᠯᠢᠬᠡᠷ᠎ᠢ ᠰᠠᠢᠲᠤᠷ ᠶᠠᠷᠢᠵᠤ᠂ ᠴᠡᠷᠢᠭ᠎ᠢ ᠪᠣᠯᠪᠠᠰᠤᠷᠠᠭᠤᠯᠤᠨ ᠲᠠᠢ᠌ᠨ᠎ᠳᠦ ᠪᠡᠯᠡᠳᠭᠡᠬᠦ᠌᠎ᠳᠦ ᠦᠢᠯᠡᠴᠢᠯᠡᠵᠦ᠍᠂ ᠤᠯᠤᠰ᠎ᠤᠨ ᠪᠠᠲᠤᠯᠠᠨ ᠬᠠᠮᠠᠭᠠᠯᠠᠯᠲᠠ ᠪᠣᠯᠤᠨ ᠴᠡᠷᠢᠭ ᠠᠩᠬᠢ᠎ᠶ᠋ᠢᠨ ᠣᠳᠣᠬᠢᠴᠢᠯᠠᠯᠲᠠ᠎ᠶ᠋ᠢ ᠴᠢᠨᠠᠷ ᠰᠠᠢᠲᠠᠢ ᠠᠬᠢᠭᠤᠯᠬᠤ᠎ᠳᠤ ᠬᠦᠴᠦᠷᠬᠡᠭ ᠶᠡᠬᠡ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ ᠭᠡᠵᠦ᠍ ᠴᠢᠬᠤᠯᠠᠴᠢᠯᠠᠪᠠ᠃
ᠴᠢᠯᠥᠭᠡᠯᠡᠬᠦ᠌ ᠴᠡᠷᠢᠭ᠎ᠦᠨ ᠰᠣᠨᠢᠨ᠎ᠤ ᠬᠡᠪᠯᠡᠯ ᠡᠬᠢᠯᠡᠭ᠌ᠰᠡᠨ 70 ᠵᠢᠯ᠎ᠦᠨ ᠤᠢ᠎ᠶ᠋ᠢ ᠪᠡᠯᠭᠡᠯᠡᠬᠦ᠌ ᠶᠡᠬᠡ ᠬᠤᠷᠠᠯ 2025 ᠤᠨ ᠤ᠋ 12 ᠰᠠᠷ᠎ᠠ ᠵᠢᠨ 31 ᠤ᠋ ᠡᠳᠦᠷ ᠪᠡᠭᠡᠵᠢᠩ᠎ᠳᠦ ᠶᠠᠪᠤᠭ᠍ᠳᠠᠪᠠ᠃ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ᠎ᠶᠢᠨ ᠳᠡᠳ᠋ ᠲᠡᠷᠢᠭᠦᠯᠡᠭ᠌ᠴᠢ ᠵᠠᠩ ᠱᠧᠩ ᠮᠢᠨ ᠬᠤᠷᠠᠯ ᠳᠡᠭᠡᠷ᠎ᠡ ᠰᠢ᠎ᠵᠢᠨ᠎ᠫᠢᠩ᠎ᠦᠨ ᠪᠠᠶᠠᠷ᠎ᠤᠨ ᠵᠠᠬᠢᠳᠠᠯ᠎ᠢ ᠤᠩᠱᠢᠨ ᠨᠡᠢᠲᠡᠯᠡᠪᠡ᠃ ᠲᠡᠷᠡ᠂ ᠲᠡᠷᠢᠭᠦᠯᠡᠭ᠌ᠴᠢ ᠰᠢ᠎ᠵᠢᠨ᠎ᠫᠢᠩ᠎ᠦᠨ ᠴᠢᠬᠤᠯᠠ ᠵᠢᠭᠠᠪᠤᠷᠢ᠎ᠶ᠋ᠢᠨ ᠵᠣᠷᠢᠭ ᠰᠠᠨᠠᠭ᠎ᠠ᠎ᠶ᠋ᠢ ᠨᠠᠷᠢᠨ ᠬᠢᠨᠠᠮᠠᠭᠠᠶ ᠰᠤᠷᠤᠯᠴᠠᠨ ᠲᠤᠭᠤᠱᠢᠯᠠᠭᠤᠯᠵᠤ᠂ 《ᠬᠣᠶᠠᠷ᠎ᠢ ᠲᠣᠭ᠍ᠲᠠᠭᠠᠭᠰᠠᠨ》 ᠤ᠋ ᠱᠢᠶ᠋ᠳᠪᠦᠷᠢᠯᠡᠭ᠌ᠴᠢ ᠴᠢᠨᠠᠷᠳᠠᠢ ᠠᠴᠢ ᠬᠣᠯᠪᠣᠭ᠍ᠳᠠᠯ᠎ᠢ ᠭᠦᠨᠵᠡᠭᠡᠶ ᠣᠢᠯᠠᠭᠠᠵᠤ᠂ 《ᠬᠣᠶᠠᠷ᠎ᠢ ᠬᠠᠮᠠᠭᠠᠯᠠᠬᠤ》 ᠶ᠋ᠢ ᠡᠷᠡᠰ ᠪᠡᠶᠡᠯᠡᠭᠦᠯᠵᠦ᠍᠂ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠡᠷᠢᠭᠦᠯᠡᠭ᠌ᠴᠢ ᠬᠠᠷᠢᠭᠤᠴᠠᠬᠤ ᠲᠦᠷᠢᠮ᠎ᠢ ᠲᠤᠭᠤᠱᠢᠯᠠᠭᠤᠯᠵᠤ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ᠎ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠭᠢᠯ᠎ᠢᠶᠡᠨ ᠨᠢᠭᠡᠳᠭᠡᠨ ᠰᠦᠭ ᠰᠦᠨᠡᠰᠦ᠎ᠪᠡᠨ ᠱᠤᠭᠤᠬᠤ᠎ᠶ᠋ᠢ ᠴᠥᠬᠥᠷᠡᠰᠢ ᠥᠬᠡᠶ ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ ᠪᠣᠯᠤᠨ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠲᠠᠭᠤᠨ᠎ᠢ ᠡᠷᠡᠰ ᠭᠤᠢᠪᠢᠰᠢ ᠥᠬᠡᠶ ᠳᠠᠮᠵᠢᠭᠤᠯᠵᠤ᠂ ᠴᠡᠷᠢᠭ᠎ᠢ ᠬᠦᠴᠦᠷᠬᠡᠭ᠌ᠵᠢᠭᠦᠯᠬᠦ᠌ ᠦᠶ᠋ᠯᠡᠰ᠎ᠢ ᠠᠬᠢᠭᠤᠯᠬᠤ᠎ᠳᠤ ᠬᠦᠴᠦᠲᠡᠶ ᠦᠵᠡᠯ ᠰᠠᠨᠠᠭ᠎ᠠ ᠶᠠᠷᠢᠶ᠎ᠠ ᠬᠡᠯᠡᠯᠴᠡᠭᠡᠨ᠎ᠦ ᠳᠡᠮᠵᠢᠯᠭᠡ ᠬᠠᠩᠭᠠᠬᠤ ᠬᠡᠷᠡᠭ᠌ᠲᠡᠶ ᠭᠡᠵᠦ᠍ ᠵᠢᠭᠠᠵᠤ ᠭᠠᠷᠭᠠᠪᠠ᠃
ᠴᠢᠯᠥᠭᠡᠯᠡᠬᠦ᠌ ᠴᠡᠷᠢᠭ᠎ᠦᠨ ᠰᠣᠨᠢᠨ ᠪᠣᠯ ᠲᠥᠪ᠎ᠦᠨ ᠴᠡᠷᠢᠭ᠎ᠦᠨ ᠶᠠᠪᠤᠳᠠᠯ᠎ᠤᠨ ᠬᠤᠷᠢᠶ᠎ᠠ ᠵᠢᠨ ᠪᠠᠢᠭᠤᠯᠭ᠎ᠠ᠎ᠶ᠋ᠢᠨ ᠰᠣᠨᠢᠨ ᠪᠠᠢᠵᠦ᠂ 1956 ᠣᠨ᠎ᠤ 1 ᠰᠠᠷ᠎ᠠ᠎ᠶ᠋ᠢᠨ 1 ᠤ᠋ ᠡᠳᠦᠷ ᠬᠡᠪᠯᠡᠯ ᠡᠬᠢᠯᠡᠵᠡᠶ᠃ 2018 ᠣᠨ᠎ᠤ 2 ᠰᠠᠷ᠎ᠠ᠎ᠳᠤ᠂ ᠴᠢᠯᠥᠭᠡᠯᠡᠬᠦ᠌ ᠴᠡᠷᠢᠭ᠎ᠦᠨ ᠰᠣᠨᠢᠨ᠎ᠤ ᠬᠣᠷᠢᠢ᠎ᠠ ᠪᠣᠯᠤᠨ ᠴᠡᠷᠢᠭ ᠠᠩᠬᠢ᠎ᠶ᠋ᠢᠨ ᠪᠤᠰᠤᠳ ᠭᠣᠣᠯ ᠪᠣᠯᠬᠤ ᠰᠣᠨᠢᠨ ᠮᠡᠳᠡᠭᠡᠨ᠎ᠦ ᠵᠠᠭᠤᠴᠢᠯᠠᠭᠤᠷ᠎ᠢ ᠨᠡᠢᠯᠡᠭᠦᠯᠦᠨ ᠴᠢᠯᠥᠭᠡᠯᠡᠬᠦ᠌ ᠴᠡᠷᠢᠭ᠎ᠦᠨ ᠰᠣᠨᠢᠨ ᠮᠡᠳᠡᠭᠡ ᠳᠠᠮᠵᠢᠭᠤᠯᠬᠤ ᠲᠥᠪ᠎ᠢ ᠪᠠᠢᠭᠤᠯᠵᠤ᠂ ᠤᠳᠤ ᠨᠢᠭᠡᠨᠲᠡ ᠰᠣᠨᠢᠨ᠂ ᠰᠡᠳᠬᠦᠯ ᠂ ᠷᠠᠳᠢᠣ᠋᠂ ᠲᠧᠯᠸᠢᠰ᠂ ᠰᠦᠯᠵᠢᠶ᠎ᠡ᠂ ᠨᠣᠮ ᠪᠢᠴᠢᠭ ᠵᠡᠷᠭᠡ ᠠᠴᠢᠶᠠᠯᠠᠪᠤᠷᠢ᠎ᠶ᠋ᠢ ᠲᠥᠪᠯᠡᠷᠡᠭᠦᠯᠦᠭ᠌ᠰᠡᠨ ᠪᠦᠷᠢᠨ ᠵᠠᠭᠤᠴᠢᠯᠠᠭᠤᠷ᠎ᠤᠨ ᠲᠠᠪᠴᠠᠩ ᠪᠣᠯᠤᠨ ᠬᠥᠭ᠌ᠵᠢᠵᠦ᠍᠂ 《ᠳᠤᠮᠳᠠᠳᠤ ᠤᠯᠤᠰ᠎ᠤᠨ ᠴᠡᠷᠢᠭ᠎ᠦᠨ ᠪᠦᠷᠢᠶ᠎ᠡ》 ᠵᠡᠷᠭᠡ 91 ᠱᠢᠨ᠎ᠡ ᠵᠠᠭᠤᠴᠢᠯᠠᠭᠤᠷ᠎ᠤᠨ ᠨᠡᠢᠲᠡᠯᠡᠬᠦ᠌ ᠲᠠᠪᠴᠠᠩ ᠲᠡᠶ ᠪᠤᠯᠵᠤ᠂ ᠬᠡᠷᠡᠭ᠌ᠯᠡᠭ᠌ᠴᠢ᠎ᠶ᠋ᠢᠨ ᠶᠡᠷᠦᠩᠬᠡᠢ ᠲᠣᠭ᠎ᠠ 3.6 ᠳ᠋ᠦᠩᠱᠢᠭᠤᠷ᠎ᠲᠤ ᠬᠦᠷᠴᠡᠢ᠃