ᠤᠯᠣᠰ᠎ᠤᠨ ᠲᠡᠷᠢᠭᠦᠯᠡᠭ᠌ᠴᠢ ᠰᠢ᠎ᠵᠢᠨ᠎ᠫᠢᠩ 2026 ᠤᠨ᠎ᠤ ᠱᠢᠨ᠎ᠡ ᠵᠢᠯ᠎ᠦᠨ ᠪᠠᠶᠠᠷ᠎ᠤᠨ ᠦᠭᠡ ᠨᠡᠢᠲᠡᠯᠡᠬᠦ᠌ ᠪᠡᠷ ᠪᠤ
2025-12-30

ᠤᠯᠣᠰ᠎ᠤᠨ ᠲᠡᠷᠢᠭᠦᠯᠡᠭ᠌ᠴᠢ ᠰᠢ᠎ᠵᠢᠨ᠎ᠫᠢᠩ 31 ᠎ᠤ ᠡᠳᠦᠷ᠎ᠦᠨ ᠣᠷᠣᠢ᠎ᠶ᠋ᠢᠨ 7 ᠴᠠᠭ᠎ᠲᠤ ᠲᠥᠪ᠎ᠦᠨ ᠷᠠᠳᠢᠣ᠋ ᠲᠧᠯᠸᠢᠰ᠎ᠤᠨ ᠶᠡᠷᠦᠩᠬᠡᠢ ᠬᠣᠷᠢᠶ᠎ᠠ ᠪᠠ ᠢᠨᠲ᠋ᠧᠷ ᠰᠦᠯᠵᠢᠶ᠎ᠡ᠎ᠪᠡᠷ ᠳᠠᠮᠵᠢᠭᠣᠯᠤᠨ᠂ 2026 ᠤᠨ᠎ᠤ ᠱᠢᠨ᠎ᠡ ᠵᠢᠯ᠎ᠦᠨ ᠪᠠᠶᠠᠷ᠎ᠤᠨ ᠦᠭᠡ ᠨᠡᠢᠲᠡᠯᠡᠨ᠎ᠡ᠃ ᠲᠥᠪ᠎ᠦᠨ ᠷᠠᠳᠢᠣ᠋ ᠲᠧᠯᠸᠢᠰ ᠶᠡᠷᠦᠩᠬᠡᠢ ᠬᠤᠷᠢᠶᠠᠨ᠎ᠳᠦ ᠬᠠᠷᠢᠶᠠᠯᠠᠭ᠍ᠳᠠᠬᠤ ᠲᠥᠪ᠎ᠦᠨ ᠲᠧᠯᠸᠢᠰ ᠬᠣᠷᠢᠶ᠎ᠠ᠎ᠶᠢᠨ ᠶᠡᠷᠦᠩᠬᠡᠢᠯᠡᠭ᠌ᠰᠡᠨ ᠰᠤᠪᠠᠭ᠂ ᠰᠣᠨᠢᠨ ᠮᠡᠳᠡᠭᠡᠨ᠎ᠦ ᠰᠣᠪᠠᠭ᠂ ᠭᠢᠲᠠᠳ ᠬᠡᠯᠡᠨ᠎ᠦ ᠣᠯᠠᠨ ᠣᠯᠣᠰ᠎ᠤᠨ ᠰᠣᠪᠠᠭ᠂ 4K ᠰᠣᠪᠠᠭ᠂ ᠳᠣᠮᠳᠠᠳᠤ ᠣᠯᠣᠰ᠎ᠤᠨ ᠣᠯᠠᠨ ᠣᠯᠣᠰ᠎ᠤᠨ ᠲᠧᠯᠸᠢᠰ ᠬᠣᠷᠢᠶ᠎ᠠ᠎ᠶᠢᠨ ᠭᠠᠳᠠᠭᠠᠳᠤ ᠬᠡᠯᠡᠨ᠎ᠦ ᠰᠣᠪᠠᠭ᠎ᠤᠳ᠂ ᠲᠦᠪ᠎ᠦᠨ ᠠᠷᠠᠳ᠎ᠤᠨ ᠷᠠᠳᠢᠣ᠋ ᠨᠡᠪᠲᠡᠷᠡᠭᠦᠯᠭᠡ᠎ᠶ᠋ᠢᠨ ᠬᠣᠷᠢᠶ᠎ᠠ᠂ ᠳᠣᠮᠳᠠᠳᠤ ᠣᠯᠣᠰ᠎ᠤᠨ ᠣᠯᠠᠨ ᠣᠯᠣᠰ᠎ᠤᠨ ᠷᠠᠳᠢᠣ᠋ ᠨᠡᠪᠲᠡᠷᠡᠭᠦᠯᠭᠡ᠎ᠶ᠋ᠢᠨ ᠬᠣᠷᠢᠶ᠎ᠠ ᠵᠢᠴᠢ ᠠᠷᠠᠳ᠎ᠤᠨ ᠰᠦᠯᠵᠢᠶ᠎ᠡ᠂ ᠱᠢᠨᠬᠤᠸᠠ ᠰᠦᠯᠵᠢᠶ᠎ᠡ᠂ ᠲᠦᠪ ᠲᠧᠯᠸᠢᠰ᠎ᠦᠨ ᠰᠣᠨᠢᠨ ᠮᠡᠳᠡᠭᠡᠨ᠎ᠦ ᠬᠡᠷᠡᠭ᠌ᠯᠡᠭ᠌ᠴᠢ᠎ᠶ᠋ᠢᠨ ᠦᠵᠦᠭᠦᠷ ᠵᠡᠷᠭᠡ ᠲᠦᠪ ᠬᠣᠷᠢᠶ᠎ᠠ᠎ᠶᠢᠨ ᠭᠣᠣᠯ ᠪᠣᠯᠬᠤ ᠰᠣᠨᠢᠨ ᠮᠡᠳᠡᠭᠡᠨ᠎ᠦ ᠵᠠᠭᠤᠴᠢᠯᠠᠭᠣᠷ᠎ᠲᠤ ᠬᠠᠷᠢᠶᠠᠯᠠᠭ᠍ᠳᠠᠬᠤ ᠰᠦᠯᠵᠢᠶ᠎ᠡ ᠪᠠ ᠱᠢᠨ᠎ᠡ ᠵᠠᠭᠣᠴᠢᠯᠠᠭᠣᠷ᠎ᠤᠨ ᠳᠠᠪᠴᠠᠩ᠎ᠢᠶᠠᠷ ᠴᠠᠭ ᠳᠤᠬᠠᠢ᠎ᠳᠤ ᠨᠢ ᠨᠡᠪᠲᠡᠷᠡᠭᠦᠯᠬᠦ᠌ ᠪᠤᠯᠤᠨ᠎ᠠ᠃

ᠰᠢᠨᠬᠤᠸᠠ ᠬᠣᠷᠢᠶ᠎ᠠ᠎ᠶᠢᠨ ᠪᠡᠭᠡᠵᠢᠩ᠎ᠦᠨ 12 ᠳ᠋ᠤᠭᠠᠷ ᠰᠠᠷ᠎ᠠ᠎ᠶᠢᠨ 30 ᠎ᠦ ᠡᠳᠦᠷ᠎ᠦᠨ ᠴᠠᠬᠢᠯᠭᠠᠨ ᠮᠡᠳᠡᠭᠡ

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ