ᠰᠢ᠎ᠵᠢᠨ᠎ᠫᠢᠩ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠳᠦᠷ᠎ᠦᠨ ᠰᠣᠨᠢᠨ᠎ᠤ ᠬᠡᠪᠯᠡᠯ ᠡᠬᠢᠯᠡᠭ᠌ᠰᠡᠨ 40 ᠵᠢᠯ᠎ᠦᠨ ᠤᠢ᠎ᠳᠤ ᠵᠠᠬᠢᠳᠠᠯ ᠢᠯᠡᠭᠡᠵᠦ᠍ ᠪᠠᠶᠠᠷ ᠬᠦᠷᠭᠡᠬᠦ᠌᠎ᠳᠡᠭᠡᠨ ᠴᠢᠬᠤᠯᠠᠴᠢᠯᠠᠭ᠍ᠰᠠᠨ ᠨᠢ — ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠯᠢᠭᠡᠷ᠎ᠢ ᠰᠠᠢᠲᠤᠷ ᠶᠠᠷᠢᠵᠤ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠳᠦᠭᠡᠨ ᠪᠠᠢᠭᠤᠯᠬᠤ᠎ᠳᠤ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ ᠬᠡᠷᠡᠭ᠌ᠲᠡᠢ
2026-01-04

ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠳᠦᠷ᠎ᠦᠨ ᠰᠣᠨᠢᠨ᠎ᠤ ᠬᠡᠪᠯᠡᠯ ᠡᠬᠢᠯᠡᠭ᠌ᠰᠡᠨ 40 ᠵᠢᠯ᠎ᠦᠨ ᠣᠶ᠎ᠶ᠋ᠢᠨ ᠲᠠᠱᠢᠷᠠᠮ᠎ᠢᠶᠠᠷ᠂ ᠳᠤᠮᠳᠠᠳᠤ ᠤᠯᠤᠰ ᠤ᠋ᠨ ᠡᠪ ᠬᠠᠮᠳᠤ ᠨᠠᠮ᠎ᠤᠨ ᠲᠥᠪ ᠬᠣᠷᠢᠶ᠎ᠠ ᠵᠢᠨ ᠶᠡᠷᠦᠩᠬᠡᠶ ᠱᠦᠵᠢ᠂ ᠤᠯᠤᠰ᠎ᠤᠨ ᠲᠡᠷᠢᠭᠦᠯᠡᠭ᠌ᠴᠢ᠂ ᠲᠥᠪ᠎ᠦᠨ ᠴᠡᠷᠢᠭ᠎ᠦᠨ ᠶᠠᠪᠤᠳᠠᠯ᠎ᠤᠨ ᠬᠣᠷᠢᠶ᠎ᠠ ᠵᠢᠨ ᠲᠡᠷᠢᠭᠦᠯᠡᠭ᠌ᠴᠢ ᠰᠢ᠎ᠵᠢᠨ᠎ᠫᠢᠩ ᠪᠠᠶᠠᠷ᠎ᠤᠨ ᠵᠠᠬᠢᠳᠠᠯ ᠢᠯᠡᠭᠡᠵᠦ᠍᠂ ᠰᠣᠨᠢᠨ᠎ᠤ ᠬᠣᠷᠢᠶ᠎ᠠ᠎ᠶ᠋ᠢᠨ ᠪᠥᠬᠥ᠌ ᠨᠥᠬᠥᠳ᠎ᠲᠦ ᠪᠠᠶᠠᠷ ᠬᠦᠷᠭᠡᠵᠦ᠍ ᠪᠠᠢᠬᠤ᠎ᠪᠠᠨ ᠢᠯᠡᠳᠭᠡᠪᠡ᠃

ᠰᠢ᠎ᠵᠢᠨ᠎ᠫᠢᠩ ᠪᠠᠶᠠᠷ᠎ᠤᠨ ᠵᠠᠬᠢᠳᠠᠯ᠎ᠳᠠᠭᠠᠨ᠂ 40 ᠵᠢᠯ᠎ᠦᠨ ᠲᠤᠷᠰᠢ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠡᠳᠦᠷ᠎ᠦᠨ ᠰᠣᠨᠢᠨ ᠨᠠᠮ ᠪᠣᠯᠤᠨ ᠤᠯᠤᠰ᠎ᠤᠨ ᠭᠤᠤᠯ ᠠᠵᠢᠯ᠎ᠤᠨ ᠲᠣᠭᠣᠷᠢᠨ᠎ᠳᠤ᠂ ᠨᠠᠮ᠎ᠤᠨ ᠱᠢᠨ᠎ᠡ᠎ᠶ᠋ᠢ ᠡᠭᠦᠳᠦᠭ᠌ᠰᠡᠨ ᠣᠨᠣᠯ᠎ᠢ ᠤᠬᠠᠭᠤᠯᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠲᠥᠷᠥ᠎ᠶ᠋ᠢᠨ ᠪᠣᠳᠣᠯᠭ᠎ᠠ᠎ᠶ᠋ᠢ ᠲᠠᠢᠯᠪᠤᠷᠢᠯᠠᠬᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠮᠵᠢᠯᠲᠠ ᠪᠦᠲᠦᠮᠵᠢ᠎ᠶ᠋ᠢ ᠮᠡᠳᠡᠭᠡᠯᠡᠬᠦ᠌᠂ ᠱᠢᠨᠵᠢᠯᠡᠬᠦ᠌ ᠤᠬᠠᠭᠠᠨ᠎ᠤ ᠮᠡᠳᠡᠯᠭᠡ᠎ᠶ᠋ᠢ ᠲᠦᠭᠡᠮᠡᠯᠵᠢᠭᠦᠯᠬᠦ᠌ ᠵᠡᠷᠭᠡ ᠲᠠᠯ᠎ᠠ᠎ᠪᠠᠷ ᠢᠳᠡᠪᠬᠢᠲᠡᠶ ᠦᠢᠯᠡᠳᠦᠯ ᠦᠵᠡᠭᠦᠯᠪᠡ ᠭᠡᠵᠤ ᠵᠢᠭᠠᠵᠤ ᠭᠠᠷᠭᠠᠵᠠᠢ᠃

ᠰᠢ᠎ᠵᠢᠨ᠎ᠫᠢᠩ᠂ ᠱᠢᠨ᠎ᠡ ᠭᠠᠷᠤᠭ᠎ᠠ ᠳᠡᠭᠡᠷ᠎ᠡ᠂ ᠲᠠ ᠎ᠨᠠᠷ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢ ᠭᠦᠨᠵᠡᠭᠡᠢ ᠰᠤᠷᠤᠯᠴᠠᠨ ᠲᠤᠭᠤᠱᠢᠯᠠᠭᠤᠯᠵᠤ᠂ ᠵᠥᠪ ᠤᠯᠤᠰ ᠲᠦᠷᠦ᠍᠎ᠶ᠋ᠢᠨ ᠴᠢᠭ᠌ᠯᠡᠯ᠎ᠢ ᠪᠠᠷᠢᠮᠲᠠᠯᠠᠨ᠂ ᠠᠴᠢᠶᠠᠯᠠᠪᠤᠷᠢ᠎ᠶ᠋ᠢᠨ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠱᠢᠨᠵᠢᠯᠡᠬᠦ᠌ ᠤᠬᠠᠭᠠᠨᠲᠠᠨ᠎ᠤ ᠵᠣᠷᠢᠭ ᠰᠠᠨᠠᠭ᠎ᠠ᠎ᠶ᠋ᠢ ᠪᠠᠳᠠᠷᠠᠭᠤᠯᠤᠨ᠂ ᠳᠤᠮᠳᠠᠳᠤ ᠤᠯᠤᠰ᠎ᠤᠨ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠱᠢᠨ᠎ᠡ᠎ᠶ᠋ᠢ ᠡᠭᠦᠳᠦᠭ᠌ᠰᠡᠨ ᠦᠯᠢᠭᠡᠷ᠎ᠢ ᠴᠢᠷᠮᠠᠢᠨ ᠰᠠᠢᠲᠤᠷ ᠶᠠᠷᠢᠵᠤ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠠᠵᠢᠯᠲᠠᠳ ᠤ᠋ᠨ ᠰᠡᠳᠭᠢᠯ᠎ᠦᠨ ᠳᠠᠭᠤᠨ᠎ᠢ ᠲᠤᠰᠭᠠᠨ᠂ ᠥᠨᠳᠥᠷ ᠲᠦᠪᠱᠢᠨ ᠪᠦᠬᠦᠢ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠬᠦᠴᠦᠷᠬᠡᠭ᠌ᠵᠢᠭᠦ ᠵᠢ ᠪᠡᠶᠡᠯᠡᠭᠦᠯᠬᠦ᠂ ᠱᠢᠨᠵᠢᠯᠡᠬᠦ᠌ ᠤᠬᠠᠭᠠᠨ ᠲᠧᠭ᠌ᠨᠢᠭ ᠮᠡᠷᠭᠡᠵᠢᠯ᠎ᠦᠨ ᠬᠦᠴᠦᠷᠬᠡᠭ ᠤᠯᠤᠰ᠎ᠢ ᠪᠦᠲᠦᠭᠡᠨ ᠪᠠᠢᠭᠤᠯᠬᠤ᠎ᠳᠦ ᠨᠡᠩ ᠤᠯᠠᠨ ᠤᠶᠤᠨ ᠤᠬᠠᠭᠠᠨ ᠪᠠ ᠬᠦᠴᠦᠨ ᠴᠢᠳᠠᠯ᠎ᠢ ᠨᠢᠭ᠍ᠲᠠᠷᠠᠭᠤᠯᠬᠤ᠎ᠶ᠋ᠢ ᠬᠦᠰᠡᠵᠦ᠍ ᠪᠠᠢᠨ᠎ᠠ ᠭᠡᠵᠦ᠍ ᠴᠢᠬᠤᠯᠠᠴᠢᠯᠠᠪᠠ᠃

ᠱᠢᠨᠵᠢᠯᠡᠬᠦ᠌ ᠤᠬᠠᠭᠠᠨ ᠲᠸᠭᠨᠢᠭ ᠮᠡᠷᠭᠡᠵᠢᠯ᠎ᠦᠨ ᠡᠳᠦᠷ᠎ᠦᠨ ᠰᠣᠨᠢᠨ 1986 ᠣᠨ᠎ᠤ 1 ᠰᠠᠷ᠎ᠠ᠎ᠶ᠋ᠢᠨ 1 ᠤ᠋ ᠡᠳᠦᠷ ᠬᠡᠪᠯᠡᠯ ᠡᠬᠢᠯᠡᠵᠦ᠍᠂ 40 ᠵᠢᠯ᠎ᠦᠨ ᠬᠥᠭ᠌ᠵᠢᠯᠲᠡ᠎ᠪᠡᠷ ᠳᠡᠮᠵᠢᠨ᠂ ᠰᠣᠨᠢᠨ᠂ ᠬᠤᠭᠤᠴᠠᠭᠠᠲᠤ ᠰᠡᠳᠬᠦᠯ᠂ ᠰᠦᠯᠵᠢᠶ᠎ᠡ᠂ ᠱᠢᠯᠵᠢᠶ᠎ᠡ ᠵᠡᠷᠭᠡ ᠳᠠᠮᠵᠢᠭᠤᠯᠭ᠎ᠠ᠎ᠶ᠋ᠢᠨ ᠲᠠᠪᠴᠠᠩ᠎ᠲᠠᠶ ᠶᠡᠷᠦᠩᠬᠡᠢᠯᠡᠭ᠌ᠰᠡᠨ ᠴᠢᠨᠠᠷᠲᠠᠶ ᠵᠠᠭᠤᠴᠢᠯᠠᠭᠤᠷ᠎ᠤᠨ ᠪᠠᠢᠭᠤᠯᠤᠮᠵᠢ ᠪᠣᠯᠤᠭ᠍ᠰᠠᠨ ᠪᠠᠢᠨ᠎ᠠ᠃

ᠢᠷᠡᠯᠲᠡ᠄ ᠦᠪᠦᠷ ᠮᠤᠩᠭᠤᠯ᠎ᠤᠨ ᠡᠳᠦᠷ᠎ᠤᠨ ᠰᠤᠨᠢᠨ