《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠢ ᠰᠢᠯᠭ᠋ᠠᠷᠠᠭᠤᠯᠬᠤ ᠠᠷᠭ᠎ᠠ》 (ᠥᠪᠥᠷ ᠪᠠᠶ᠋ᠢᠭᠤᠯᠤᠯᠲᠠ ᠴᠢᠨᠠᠷ [2024] 114 ᠳ᠋ᠤᠭᠡᠷ ᠲᠣᠭ᠋ᠠᠲᠤ)᠂ 《2023 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠢ ᠲᠠᠨᠢᠯᠴᠠᠭᠤᠯᠬᠤ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠮᠡᠳᠡᠭᠳᠡᠯ》 (ᠥᠪᠥᠷ ᠪᠠᠶ᠋ᠢᠭᠤᠯᠤᠯᠲᠠ ᠴᠢᠨᠠᠷ ᠵᠠᠬᠢᠳᠠᠯ [2024] 204 ᠳ᠋ᠤᠭᠡᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠠᠵᠤ ᠠᠬᠤᠶ᠋ᠢᠯᠠᠯ ᠭᠤᠶᠤᠴᠢᠯᠠᠨ ᠮᠡᠳᠡᠭᠦᠯᠬᠦ᠂ ᠠᠶ᠋ᠢᠮᠠᠭ ᠬᠤᠲᠠ ᠵᠢᠨ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠠᠩᠬᠠᠨ᠎ᠤ ᠬᠢᠨᠠᠯᠲᠠ ᠲᠠᠨᠢᠯᠴᠠᠭᠤᠯᠭ᠎ᠠ᠎ᠪᠠᠷ ᠳᠠᠮᠵᠢᠭᠤᠯᠤᠨ᠂ ᠨᠡᠶ᠋ᠢᠲᠡ 224 ᠵᠦᠢ᠍ᠯ᠎ᠤᠨ ᠢᠨᠵᠧᠨᠧᠷᠢᠩ᠎ᠤᠨ ᠲᠥᠷᠥᠯ ᠵᠦᠢ᠍ᠯ 2023 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠪᠠᠷᠢᠮᠵᠢᠶᠠᠵᠢᠭᠤᠯᠤᠭᠰᠠᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ᠎ᠢ ᠭᠤᠶᠤᠴᠢᠯᠠᠨ ᠮᠡᠳᠡᠭᠦᠯᠵᠦ ᠰᠢᠯᠭ᠋ᠠᠷᠠᠭᠤᠯᠪᠠ᠃
ᠪᠥᠬᠦ ᠣᠷᠣᠨ᠎ᠤ ᠠᠶᠦᠯᠭᠦᠢ ᠦᠢ᠍ᠯᠡᠳᠪᠦᠷᠢᠯᠡᠯ᠎ᠢ ᠬᠢᠨᠠᠨ ᠵᠢᠯᠣᠭᠤᠳᠴᠤ ᠪᠠᠶ᠋ᠢᠴᠠᠭ᠋ᠠᠬᠤ ᠲᠤᠬᠠᠶ ᠵᠢᠨ ᠲᠠᠯᠠᠪᠠᠶ ᠵᠢ ᠰᠤᠭᠤᠴᠢᠨ ᠪᠠᠶ᠋ᠢᠴᠠᠭ᠋ᠠᠭᠰᠠᠨ ᠪᠠᠶ᠋ᠢᠳᠠᠯ ᠪᠠ ᠬᠡᠯᠪᠡᠷᠢ ᠵᠢᠨ ᠬᠢᠨᠠᠨ ᠪᠠᠶ᠋ᠢᠴᠠᠭ᠋ᠠᠯᠲᠠ ᠵᠢᠨ ᠭᠤᠤᠯᠳᠠᠯᠭ᠎ᠠ᠎ᠲᠠᠢ ᠮᠡᠳᠡᠭᠦᠯᠦᠭᠰᠡᠨ ᠮᠠᠲ᠋ᠧᠷᠢᠶᠠᠯ᠎ᠤᠨ ᠪᠦᠷᠢᠨ ᠪᠦᠲᠦᠨ ᠴᠢᠨᠠᠷ ᠪᠠ ᠨᠥᠬᠦᠪᠥᠷᠢᠯᠡᠬᠦ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ᠎ᠪᠠᠷ ᠳᠡᠮᠵᠢᠨ᠂ ᠬᠢᠨᠠᠨ ᠲᠣᠭᠲᠠᠭ᠋ᠠᠬᠤ ᠲᠤᠰᠬᠠᠶ ᠮᠡᠷᠭᠡᠵᠢᠯᠲᠡᠨ᠎ᠤ ᠳᠤᠭᠤᠶ᠋ᠢᠯᠠᠩ᠎ᠤᠨ ᠮᠡᠷᠭᠡᠵᠢᠯ᠎ᠤᠨ ᠴᠢᠨᠠᠷᠲᠠᠶ ᠬᠢᠨᠠᠨ ᠪᠠᠶ᠋ᠢᠴᠠᠭ᠋ᠠᠯᠲᠠ᠎ᠪᠠᠷ ᠳᠡᠮᠵᠢᠨ᠂ ᠲᠣᠭᠲᠠᠬᠤ ᠴᠠᠬᠢᠯᠭ᠋ᠠᠨ ᠦᠢ᠍ᠯᠡᠳᠪᠦᠷᠢ᠎ᠠᠴᠠ ᠬᠥᠬᠡᠬᠤᠲᠠ ᠬᠤᠲᠠ᠎ᠳᠤ ᠢᠯᠴᠢ ᠬᠠᠩᠭ᠋ᠠᠬᠤ ᠬᠤᠭᠤᠯᠠᠶ ᠵᠢᠨ ᠲᠣᠤᠷ᠎ᠤᠨ ᠢᠨᠵᠧᠨᠧᠷᠢᠩ᠎ᠤᠨ ᠣᠨᠴᠠ ᠵᠥᠪᠰᠢᠶᠡᠷᠡᠯ᠎ᠤᠨ ᠡᠵᠡᠩᠨᠡᠯᠲᠡ ᠵᠢᠨ ᠲᠥᠷᠥᠯ ᠵᠦᠢ᠍ᠯ ᠵᠡᠷᠭᠡ 174 ᠵᠦᠢ᠍ᠯ᠎ᠢ 2023 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠪᠠᠷᠢᠮᠵᠢᠶᠠᠵᠢᠭᠤᠯᠤᠯᠲᠠ ᠵᠢᠨ ᠵᠢᠱ᠌ᠢᠶ᠎ᠡ ᠦᠵᠡᠭᠦᠯᠬᠦ ᠪᠠᠷᠢᠯᠭ᠎ᠠ ᠵᠢᠨ ᠭᠠᠵᠠᠷ ᠵᠶ᠋ᠡᠷ ᠠᠩᠬ᠎ᠠ ᠠᠯᠬᠤᠮ ᠲᠣᠭᠲᠠᠭ᠋ᠠᠵᠤ᠂ ᠣᠳᠣ ᠵᠠᠷᠯᠠᠨ ᠨᠡᠢ᠌ᠲᠡᠯᠡᠨ᠎ᠡ᠂ ᠵᠠᠷᠯᠠᠨ ᠨᠡᠢ᠌ᠲᠡᠯᠡᠬᠦ ᠡᠳᠦᠷ ᠬᠤᠭᠤᠴᠠᠭ᠎ᠠ᠎ᠨᠢ 2024 ᠣᠨ᠎ᠤ9 ᠳ᠋ᠦ᠍ᠭᠡᠷ ᠰᠠᠷ᠎ᠠ ᠵᠢᠨ12᠎ᠤ ᠡᠳᠦᠷ ᠪᠣᠯᠣᠨ᠎ᠠ᠃
ᠵᠠᠷᠯᠠᠨ ᠨᠡᠶ᠋ᠢᠲᠡᠯᠡᠬᠦ ᠬᠤᠭᠤᠴᠠᠭ᠋ᠠᠨ᠎ᠳᠤ᠂ ᠶᠠᠮᠠᠷᠪᠠ ᠨᠢᠭᠡᠴᠢ ᠪᠠ ᠬᠤᠪᠢ ᠬᠥᠮᠦᠨ ᠵᠠᠷᠯᠠᠨ ᠨᠡᠢ᠌ᠲᠡᠯᠡᠭᠰᠡᠨ ᠲᠥᠷᠥᠯ ᠵᠦᠢ᠍ᠯ᠎ᠳᠤ ᠣᠨᠳᠣᠤ ᠰᠠᠨᠠᠯ᠎ᠲᠠᠢ ᠪᠠᠶ᠋ᠢᠪᠠᠯ᠂ ᠴᠥᠮ ᠮᠠᠨ᠎ᠤ ᠲᠢᠩᠬᠢᠮ᠎ᠳᠤ ᠲᠤᠰᠬᠠᠵᠤ ᠪᠣᠯᠤᠨ᠎ᠠ᠂ ᠲᠤᠰᠬᠠᠭᠰᠠᠨ ᠪᠠᠶ᠋ᠢᠳᠠᠯ᠎ᠨᠢ ᠦᠨᠡᠨ᠎ᠠᠴᠠ ᠵᠥᠪ᠎ᠢ ᠡᠷᠢᠬᠦ ᠬᠡᠷᠡᠭᠲᠡᠶ᠃ ᠨᠢᠭᠡᠴᠢ ᠵᠢᠨ ᠨᠡᠷ᠎ᠡ᠎ᠪᠠᠷ ᠪᠠᠶ᠋ᠢᠳᠠᠯ᠎ᠢ ᠲᠤᠰᠬᠠᠭᠰᠠᠨ ᠪᠠᠶ᠋ᠢᠪᠠᠯ᠂ ᠨᠢᠭᠡᠴᠢ ᠵᠢᠨ ᠠᠯᠪᠠᠨ ᠲᠠᠮᠠᠭ᠎ᠠ ᠵᠢ ᠳᠠᠷᠤᠬᠤ ᠬᠡᠷᠡᠭᠲᠡᠢ; ᠬᠤᠪᠢ ᠬᠥᠮᠦᠨ᠎ᠤ ᠨᠡᠷ᠎ᠡ᠎ᠪᠠᠷ ᠪᠠᠶ᠋ᠢᠳᠠᠯ᠎ᠢ ᠲᠤᠰᠬᠠᠭᠰᠠᠨ ᠪᠠᠶ᠋ᠢᠪᠠᠯ᠂ ᠦᠨᠡᠨ ᠪᠣᠳᠠᠲᠠᠶ ᠣᠪᠣᠭ ᠨᠡᠷ᠎ᠡ ᠪᠠ ᠬᠠᠷᠢᠯᠴᠠᠬᠤ ᠤᠲᠠᠰᠤ᠎ᠪᠠᠨ ᠪᠢᠴᠢᠬᠦ ᠬᠡᠷᠡᠭᠲᠡᠶ᠃
ᠬᠠᠷᠢᠯᠴᠠᠬᠤ ᠤᠲᠠᠰᠤ᠄0471-6610269
ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠴᠢᠩᠭᠢᠰ ᠬᠠᠭ᠋ᠠᠨ ᠶᠡᠭᠡ ᠵᠡᠭᠡᠯᠢ ᠵᠢᠨ 15 ᠳ᠋ᠤᠭ᠋ᠠᠷ ᠨᠣᠮᠧᠷ᠎ᠤᠨ ᠪᠥᠲᠥᠭᠡᠨ ᠪᠠᠶ᠋ᠢᠭᠤᠯᠤᠯᠲᠠ ᠵᠢᠨ ᠲᠣᠮᠣ ᠠᠰᠠᠷ᠎ᠤᠨ 609 ᠲᠠᠰᠤᠭ
2024 ᠣᠨ᠎ᠤ9 ᠳ᠋ᠦ᠍ᠭᠡᠷ ᠰᠠᠷ᠎ᠠ ᠵᠢᠨ4᠎ᠤ ᠡᠳᠦᠷ