ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2024-11-15

    11  ᠳ᠋ᠤᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃


W020241114338760453383.png


     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠬᠤᠪᠧᠢ᠎ᠳᠤ ᠠᠵᠢᠯ ᠪᠠᠢ᠌ᠴᠠᠭ᠋ᠠᠬᠤ᠎ᠳᠠᠭᠠᠨ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠨᠡᠢ᠌ᠭᠡᠮ᠎ᠤᠨ ᠠᠵᠢᠯ᠂ ᠠᠷᠠᠳ᠎ᠤᠨ ᠶᠠᠪᠤᠳᠠᠯ᠎ᠤᠨ ᠠᠵᠢᠯ᠎ᠳᠤ ᠦᠭᠭᠦᠭᠰᠡᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠣᠷᠣᠨ ᠰᠠᠭᠤᠴᠠ ᠪᠠ  ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠬᠦᠴᠦᠯᠡᠬᠦ ᠴᠡᠭ᠎ᠢ ᠣᠨᠣᠪᠴᠢᠲᠠᠢ ᠡᠷᠢᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠬᠤᠲᠠ ᠬᠥᠳᠡᠭᠡ ᠵᠢᠨ ᠠᠭᠤᠰᠤᠯᠴᠠᠨ ᠬᠥᠭᠵᠢᠬᠦ ᠵᠢ ᠭᠦᠨᠵᠡᠭᠡᠢ᠌ᠷᠡᠭᠦᠯᠵᠦ᠂ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠪᠠ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ ᠡᠯ᠎ᠡ ᠵᠦᠢ᠍ᠯ᠎ᠤᠨ ᠡᠭᠦᠷᠭᠡ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠬᠤᠲᠠ ᠬᠥᠳᠡᠭᠡ ᠵᠢᠨ ᠰᠠᠭᠤᠷᠢ ᠲᠥᠬᠦᠭᠡᠷᠦᠮᠵᠢ ᠪᠠ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠪᠠᠢ᠌ᠷᠢᠰᠢᠭᠤᠯᠤᠯᠲᠠ ᠵᠢ ᠨᠢᠭᠡᠳᠦᠯᠲᠡᠢ ᠲᠥᠯᠥᠪᠵᠢᠭᠦᠯᠵᠦ᠂ ᠰᠠᠭᠤᠷᠢ ᠴᠢᠨᠠᠷᠲᠠᠢ᠂ ᠲᠦᠭᠡᠮᠡᠯ ᠠᠰᠢᠭ ᠬᠦᠷᠲᠡᠭᠡᠬᠦ ᠴᠢᠨᠠᠷᠲᠠᠢ᠂ ᠦᠨᠳᠦᠰᠦᠨ  ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢ ᠪᠦᠬᠦ ᠬᠦᠴᠦᠨ ᠵᠶ᠋ᠡᠷ ᠰᠠᠢ᠌ᠲᠤᠷ ᠠᠳᠬᠤᠬᠤ ᠬᠡᠷᠡᠭᠲᠡᠢ᠃ ᠬᠤᠳᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠬᠡᠷᠡᠭᠵᠢᠭᠦᠯᠬᠦ ᠵᠢ ᠡᠮᠬᠢ ᠵᠢᠷᠤᠮ᠎ᠲᠠᠢ ᠠᠬᠢᠭᠤᠯᠵᠤ᠂ ᠬᠤᠳᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ ᠠᠬᠢᠭᠤᠯᠵᠤ᠂ ᠬᠤᠳᠠ ᠵᠢᠨ ᠪᠦᠲᠦᠭᠡᠨ ᠪᠠᠢ᠌ᠭᠤᠯᠤᠯᠲᠠ ᠵᠢᠨ ᠲᠤᠳᠠᠭᠳᠠᠯ᠎ᠢ ᠨᠥᠬᠥᠪᠦᠷᠢᠯᠡᠵᠦ᠂ ᠬᠤᠳᠠ ᠵᠢᠨ ᠴᠢᠳᠠᠮᠵᠢ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠬᠡᠷᠡᠭᠲᠡᠢ᠃ ᠤᠯᠠᠨ ᠲᠦᠮᠡᠨ᠎ᠤ ᠪᠠᠴᠢᠮ ᠬᠦᠴᠢᠷ ᠵᠣᠪᠠᠭᠤᠷᠢ᠎ᠲᠠᠢ ᠪᠠᠢ᠌ᠬᠤ ᠠᠰᠠᠭᠤᠳᠠᠯ᠎ᠤᠨ ᠲᠣᠭᠣᠷᠢᠨ᠎ᠳᠤ ᠦᠷᠭᠦᠯᠵᠢᠯᠡᠨ ᠬᠦᠴᠦᠯᠡᠵᠦ᠂ 《ᠨᠢᠭᠡ ᠨᠠᠰᠤᠲᠠᠨ ᠨᠢᠭᠡ ᠨᠢᠯᠬᠠᠰ》᠂ ᠣᠷᠣᠨ ᠰᠠᠭᠤᠴᠠ ᠵᠢᠨ ᠪᠠᠳᠤᠯᠠᠭ᠎ᠠ᠂ ᠲᠡᠷᠭᠡᠨ ᠵᠤᠭᠰᠤᠭ᠋ᠠᠯ ᠶᠠᠪᠤᠵᠤ ᠰᠠᠭᠤᠬᠤ᠂ ᠠᠳᠠᠯ ᠠᠬᠤᠢ ᠵᠢᠨ ᠬᠠᠮᠢᠶᠠᠷᠤᠯᠲᠠ ᠵᠡᠷᠭᠡ ᠠᠵᠢᠯ᠎ᠢ ᠰᠠᠢ᠌ᠲᠤᠷ ᠠᠳᠬᠤᠬᠤ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠬᠣᠷᠢᠭ᠎ᠠ ᠱᠤᠭᠤᠮ᠎ᠢ  ᠴᠢᠩᠭ᠎ᠠ ᠪᠠᠲᠤᠯᠠᠵᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠦᠷᠭᠦᠯᠵᠢᠯᠡᠨ ᠭᠦᠨᠵᠡᠭᠡᠢ ᠥᠷᠨᠢᠭᠦᠯᠵᠦ᠂ ᠡᠯ᠎ᠡ ᠭᠠᠵᠠᠷ᠎ᠤᠨ᠎ᠬᠢᠨ᠎ᠢ ᠰᠢᠮᠳᠠᠭᠤᠯᠤᠨ ᠵᠢᠯᠤᠭᠣᠳᠴᠤ ᠪᠠᠢ᠌ᠭ᠋ᠠᠳ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ  ᠭᠤᠶᠤᠴᠢᠯᠠᠬᠤ᠂ ᠬᠢᠨᠠᠨ ᠬᠠᠷᠭᠤᠭᠤᠯᠬᠤ᠂ ᠬᠤᠪᠢᠶᠠᠷᠢᠯᠠᠬᠤ᠂ ᠡᠵᠡᠩᠨᠡᠬᠦ᠂ ᠬᠡᠷᠡᠭᠯᠡᠬᠦ᠂ ᠪᠤᠴᠠᠭ᠋ᠠᠵᠤ ᠭᠠᠷᠭ᠋ᠠᠬᠤ ᠵᠡᠷᠭᠡ ᠬᠠᠮᠢᠶᠠᠷᠤᠯᠲᠠ ᠵᠢᠨ ᠳᠦᠷᠢᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠵᠢᠨ ᠡᠬᠢ ᠪᠠᠶᠠᠯᠢᠭ᠎ᠢ ᠥᠨᠳᠥᠷ ᠪᠦᠲᠦᠮᠵᠢᠲᠡᠢ ᠠᠰᠢᠭᠯᠠᠬᠤ ᠵᠢ ᠪᠠᠲᠤᠯᠠᠬᠤ ᠬᠡᠷᠡᠭᠲᠡᠢ᠃ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ 《ᠬᠦᠯᠢᠶᠡᠰᠦ》 ᠵᠢ ᠦᠷᠭᠦᠯᠵᠢᠯᠡᠨ ᠰᠤᠯᠠᠯᠠᠵᠤ᠂ ᠴᠢᠬᠤᠯᠠ ᠪᠤᠰᠤ ᠭᠡᠷᠡᠴᠢᠯᠡᠬᠦ ᠤᠴᠢᠷ ᠶᠠᠪᠤᠳᠠᠯ᠎ᠢ ᠢᠯᠭ᠋ᠠᠷᠠᠭᠤᠯᠤᠨ ᠳᠢᠭᠯᠡᠵᠦ ᠬᠦᠴᠦᠨ ᠦᠭᠡᠢ ᠪᠣᠯᠭ᠋ᠠᠬᠤ ᠵᠢ ᠲᠦᠷᠭᠡᠳᠬᠡᠵᠦ᠂ ᠬᠠᠤᠯᠢ᠎ᠪᠠᠷ ᠲᠣᠭᠲᠠᠭ᠋ᠠᠭᠰᠠᠨ ᠦᠨᠳᠦᠰᠦ ᠪᠠᠷᠢᠮᠲᠠ ᠵᠢ ᠣᠨᠣᠪᠴᠢᠲᠠᠢ ᠡᠷᠢᠵᠦ᠂ ᠦᠨᠳᠦᠰᠦᠨ ᠱᠠᠲᠤᠨ᠎ᠤ᠎ᠬᠢᠨ ᠶᠠᠮᠠᠷ ᠠᠵᠢᠯ ᠬᠢᠪᠡᠯ ᠵᠣᠬᠢᠬᠤ᠂ ᠶᠠᠮᠠᠷ ᠶᠠᠪᠤᠳᠠᠯ᠎ᠢ ᠪᠦᠲᠦᠭᠡᠵᠦ ᠳᠡᠶ᠋ᠢᠯᠬᠦ᠂ ᠶᠠᠮᠠᠷ ᠬᠠᠷᠢᠭᠤᠴᠠᠯᠭ᠎ᠠ ᠡᠭᠦᠷᠭᠡᠯᠡᠪᠡᠯ ᠵᠣᠬᠢᠬᠤ ᠵᠢ ᠲᠣᠳᠣᠷᠬᠠᠢ᠌ᠯᠠᠵᠤ᠂ ᠦᠨᠳᠦᠰᠦᠨ ᠱᠠᠲᠤᠨ᠎ᠤ ᠵᠠᠰᠠᠯᠲᠠ ᠵᠢᠨ ᠳᠤᠮᠳᠠᠬᠢ ᠲᠤᠰᠢᠶᠠᠯ ᠬᠠᠷᠢᠭᠤᠴᠠᠯᠭ᠎ᠠ ᠵᠢᠨ ᠵᠠᠭ᠋ᠠᠭ ᠬᠢᠵᠠᠭ᠋ᠠᠷ ᠲᠣᠳᠣᠷᠬᠠᠢ ᠦᠭᠡᠢ᠂ ᠡᠷᠬᠡ ᠬᠠᠷᠢᠭᠤᠴᠠᠯᠭ᠎ᠠ ᠨᠢᠭᠡᠳᠦᠯ ᠦᠭᠡᠢ᠂ ᠬᠠᠷᠢᠭᠤᠴᠠᠯᠭ᠎ᠠ ᠴᠢᠳᠠᠪᠤᠷᠢ ᠵᠣᠬᠢᠴᠠᠯᠳᠤᠬᠤ ᠦᠭᠡᠢ ᠵᠡᠷᠭᠡ ᠠᠰᠠᠭᠤᠳᠠᠯ᠎ᠢ ᠭᠣᠣᠯᠳᠠᠯᠭ᠎ᠠ᠎ᠲᠠᠢ ᠰᠢᠢ᠍ᠳᠪᠦᠷᠢᠯᠡᠵᠦ᠂ ᠦᠨᠳᠦᠰᠦᠨ ᠱᠠᠲᠤᠨ᠎ᠳᠤ ᠬᠠᠷᠢᠭᠤᠴᠠᠯᠭ᠎ᠠ᠎ᠪᠠᠨ ᠱᠠᠲᠤ ᠱᠠᠲᠤ᠎ᠪᠠᠷ ᠰᠢᠯᠵᠢᠭᠦᠯᠬᠦ ᠵᠢ ᠰᠡᠷᠭᠡᠢ᠌ᠯᠡᠵᠦ᠂ ᠪᠠᠢ᠌ᠳᠠᠯ᠎ᠢ ᠲᠣᠳᠣᠷᠬᠠᠢ ᠣᠢ᠌ᠯᠠᠭ᠋ᠠᠬᠤ᠂ ᠠᠰᠠᠭᠤᠳᠠᠯ᠎ᠢ ᠣᠨᠣᠪᠴᠢᠲᠠᠢ ᠡᠷᠢᠬᠦ᠂ ᠠᠷᠭ᠎ᠠ ᠬᠡᠮᠵᠢᠶ᠎ᠡ ᠬᠦᠴᠦᠲᠡᠢ ᠪᠥᠭᠡᠳ ᠪᠦᠲᠦᠮᠵᠢᠲᠡᠢ ᠪᠠᠢ᠌ᠬᠤ ᠵᠢ ᠪᠠᠲᠤᠯᠠᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠪᠠ ᠴᠢᠳᠠᠪᠤᠷᠢ ᠣᠯᠭᠣᠬᠤ ᠵᠢ ᠦᠨᠡᠨᠬᠦ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ ᠂  ᠶᠡᠷᠦᠩᠬᠡᠢ ᠱᠦᠵᠢ ᠰᠢ ᠵᠢᠨ ᠫᠢᠩ᠎ᠤᠨ ᠲᠣᠭᠣᠷᠢᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠥᠭᠦᠯᠡᠯᠲᠡ ᠪᠣᠯᠣᠨ ᠲᠥᠪ᠎ᠤᠨ ᠤᠯᠤᠰ ᠲᠦᠷᠦ ᠵᠢᠨ ᠲᠣᠪᠴᠢᠶ᠎ᠠ ᠵᠢᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠂ ᠲᠦᠪ ᠴᠢᠩᠭ᠎ᠠ ᠭᠣᠣᠯ ᠬᠦᠭ ᠠᠶᠠᠰ᠎ᠢ ᠭᠤᠢ᠌ᠪᠢᠰᠢ ᠦᠭᠡᠢ ᠪᠠᠷᠢᠮᠲᠠᠯᠠᠵᠤ ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ ᠠᠬᠢᠭᠤᠯᠵᠤ ᠂ ᠭᠣᠣᠯᠳᠠᠯᠭ᠎ᠠ᠎ᠲᠠᠢ ᠬᠥᠮᠥᠨ ᠂ ᠭᠣᠣᠯᠳᠠᠯᠭ᠎ᠠ᠎ᠲᠠᠢ ᠶᠠᠪᠤᠳᠠᠯ ᠂ ᠭᠣᠣᠯᠳᠠᠯᠭ᠎ᠠ᠎ᠲᠠᠢ ᠠᠵᠢᠯ᠎ᠤᠨ ᠪᠠᠢ᠌ᠷᠢ ᠪᠣᠯᠣᠨ ᠭᠣᠣᠯᠳᠠᠯᠭ᠎ᠠ᠎ᠲᠠᠢ ᠠᠰᠠᠭᠤᠳᠠᠯ᠎ᠢ ᠰᠠᠢ᠌ᠲᠤᠷ ᠠᠩᠬᠠᠷᠴᠤ ᠂ ᠲᠣᠭᠲᠠᠴᠠ ᠵᠢ ᠪᠠᠶ᠋ᠢᠭᠤᠯᠬᠤ ᠂ ᠬᠦᠴᠦ᠎ᠪᠠᠨ ᠬᠠᠮᠲᠤᠳᠬᠠᠬᠤ ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠤ ᠂ ᠬᠥᠭᠵᠢᠯᠲᠡ ᠵᠢᠨ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠪᠡᠬᠢᠵᠢᠭᠦᠯᠬᠦ ᠬᠡᠷᠡᠭᠲᠡᠢ ᠃ ᠲᠣᠭᠣᠷᠢᠨ ᠪᠠᠢ᠌ᠴᠠᠭ᠋ᠠᠭᠰᠠᠨ ᠦᠭᠡᠢ᠎ᠪᠠᠷ ᠤᠷᠢᠳᠠᠪᠠᠷ ᠬᠠᠯᠠᠨ ᠰᠠᠢ᠌ᠵᠢᠷᠠᠭᠤᠯᠬᠤ ᠵᠢ ᠬᠥᠳᠡᠯᠦᠩᠭᠦᠢ᠎ᠪᠠᠷ ᠪᠠᠢ᠌ᠴᠠᠭ᠋ᠠᠵᠤ᠂ ᠲᠣᠭᠣᠷᠢᠨ ᠪᠠᠢ᠌ᠴᠠᠭ᠋ᠠᠵᠤ ᠰᠢᠮᠳᠠᠭᠤᠯᠤᠨ ᠪᠠᠢ᠌ᠴᠠᠭ᠋ᠠᠬᠤ ᠭᠣᠣᠯᠳᠠᠯᠭ᠎ᠠ᠎ᠲᠠᠢ ᠬᠠᠷᠢᠴᠠᠭᠤᠯᠤᠨ᠂ ᠲᠣᠭᠣᠷᠢᠨ ᠪᠠᠢ᠌ᠴᠠᠭ᠋ᠠᠵᠤ ᠰᠢᠮᠳᠠᠭᠤᠯᠤᠨ ᠪᠠᠢ᠌ᠴᠠᠭ᠋ᠠᠬᠤ᠎ᠳᠤ ᠢᠯᠡᠷᠡᠭᠦᠯᠦᠭᠰᠡᠨ ᠠᠰᠠᠭᠤᠳᠠᠯ᠎ᠢ ᠪᠦᠬᠦ ᠲᠠᠯ᠎ᠠ᠎ᠪᠠᠷ ᠳᠠᠬᠢᠨ  ᠪᠡᠶ᠎ᠡ ᠵᠢᠨ ᠪᠠᠢ᠌ᠴᠠᠭ᠋ᠠᠯᠲᠠ ᠬᠢᠵᠦ᠂ ᠠᠯᠳᠠᠭᠳᠠᠯ᠎ᠢ ᠪᠠᠢ᠌ᠴᠠᠭ᠋ᠠᠵᠤ ᠳᠤᠲᠠᠭᠤ ᠵᠢ ᠨᠥᠬᠥᠪᠦᠷᠢᠯᠡᠵᠦ᠂ ᠲᠡᠭ ᠪᠣᠯᠭ᠋ᠠᠬᠤ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ᠂ ᠭᠣᠣᠯ ᠴᠣᠭᠴᠠ ᠵᠢᠨ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭ᠋ᠠᠳᠠᠨ᠎ᠢ ᠪᠣᠳᠠᠲᠠᠢ᠌ᠵᠢᠭᠤᠯᠵᠤ᠂ ᠡᠷᠬᠡ ᠵᠢᠨ ᠠᠵᠢᠯᠯᠠᠭ᠋ᠠᠨ᠎ᠳᠠᠬᠢ ᠬᠢᠨᠠᠯᠲᠠ ᠬᠢᠵᠠᠭ᠋ᠠᠷᠯᠠᠯ᠎ᠢ ᠴᠢᠩᠭ᠋ᠠᠳᠬᠠᠵᠤ᠂ ᠬᠦᠰᠡᠯᠡᠩ ᠢᠲᠡᠭᠡᠯ ᠪᠢᠰᠢᠷᠡᠯ ᠪᠠ ᠰᠡᠷᠡᠮᠵᠢᠯᠡᠭᠦᠯᠬᠦ ᠬᠥᠮᠦᠵᠢᠯ᠎ᠢ ᠬᠡᠪ᠎ᠤᠨ ᠪᠠᠢ᠌ᠳᠠᠯ ᠵᠶ᠋ᠠᠷ ᠥᠷᠨᠢᠭᠦᠯᠵᠦ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠴᠡᠪᠡᠷᠰᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃


W020241114338760630950.png

     ᠬᠤᠷᠠᠯ᠎ᠠᠴᠠ ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠪᠣᠯᠣᠨ ᠶᠡᠷᠦᠩᠬᠡᠢ ᠱᠦᠵᠢ ᠰᠢ ᠵᠢᠨ ᠫᠢᠩ᠎ᠤᠨ ᠲᠥᠪ ᠎ᠤᠨ ᠤᠯᠤᠰ ᠲᠦᠷᠤ ᠵᠢᠨ ᠲᠣᠪᠴᠢᠶᠠᠨ᠎ᠤ ᠠᠷᠪᠠᠨ ᠳᠣᠯᠣᠳᠤᠭ᠋ᠠᠷ ᠤᠳᠠᠭ᠋ᠠᠨ ᠎ᠤ ᠬᠠᠮᠲᠤ ᠵᠢᠨ ᠰᠤᠷᠤᠯᠴᠠᠯᠭ᠎ᠠ ᠎ᠳᠤ ᠲᠠᠯᠪᠢᠭᠰᠠᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠰᠣᠶᠣᠯ᠎ᠤᠨ ᠢᠲᠡᠭᠡᠯ ᠵᠢᠨᠨ ᠪᠠᠲᠤᠳᠬᠠᠵᠤ ᠂ ᠰᠣᠶᠣᠯ᠎ᠤᠨ ᠰᠠᠨᠠᠭ᠋ᠠᠴᠢᠯᠠᠭ᠋ᠠᠲᠤ ᠴᠢᠨᠠᠷ ᠵᠢᠨᠨ ᠴᠢᠩᠭ᠋ᠠᠳᠬᠠᠵᠤ᠂ ᠰᠢ ᠵᠢᠨ ᠫᠢᠩ᠎ᠤᠨ ᠰᠣᠶᠣᠯ᠎ᠤᠨ ᠦᠵᠡᠯ ᠰᠠᠨᠠᠭ᠎ᠠ ᠵᠢᠨ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠤ ᠦᠨᠳᠦᠰᠦ ᠬᠠᠳᠬᠤᠵᠤ ᠂ ᠴᠡᠴᠡᠭᠯᠡᠨ ᠵᠢᠮᠢᠰᠯᠡᠬᠦ ᠵᠢ ᠠᠬᠢᠭᠤᠯᠬᠤ ᠬᠡᠷᠡᠭᠲᠡᠢ ᠃ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠠᠬᠢ ᠲᠡᠦᠬᠡ ᠰᠣᠶᠣᠯ᠎ᠢ ᠬᠠᠮᠠᠭ᠋ᠠᠯᠠᠵᠤ ᠤᠯᠠᠮᠵᠢᠯᠠᠨ ᠵᠠᠯᠭ᠋ᠠᠮᠵᠢᠯᠠᠬᠤ ᠵᠢ ᠴᠢᠩᠭ᠋ᠠᠳᠬᠠᠵᠤ ᠂ ᠬᠠᠮᠠᠭ᠋ᠠᠯᠠᠬᠤ ᠵᠢ ᠲᠡᠷᠢᠭᠦᠨ᠎ᠳᠤ ᠲᠠᠯᠪᠢᠬᠤ ᠵᠢ ᠪᠠᠷᠢᠮᠲᠠᠯᠠᠵᠤ ᠂ ᠠᠮᠢᠳᠤᠯᠢᠭ ᠵᠶ᠋ᠠᠷ ᠠᠰᠢᠭᠯᠠᠬᠤ ᠵᠢ ᠴᠢᠬᠤᠯᠠᠴᠢᠯᠠᠵᠤ ᠂ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠴᠢᠩᠭ᠋ᠠᠳᠬᠠᠬᠤ ᠬᠡᠷᠡᠭᠲᠡᠢ ᠃ ᠲᠡᠦᠬᠡ ᠰᠣᠶᠣᠯ᠎ᠤᠨ ᠨᠠᠷᠠᠲᠤ ᠬᠣᠲᠠ᠂ ᠲᠡᠦᠬᠡ ᠰᠣᠶᠣᠯ᠎ᠤᠨ ᠵᠡᠭᠡᠯᠢ ᠲᠣᠭᠣᠷᠢᠭ ᠪᠠ ᠲᠡᠦᠬᠡ ᠵᠢᠨ ᠪᠠᠷᠢᠯᠭ᠎ᠠ ᠵᠢᠨ ᠬᠠᠮᠠᠭ᠋ᠠᠯᠠᠯᠲᠠ ᠵᠢᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠵᠤ᠂ ᠨᠡᠢ᠌ᠳᠡᠮ ᠪᠠᠢ᠌ᠴᠠᠭ᠋ᠠᠬᠤ᠂ ᠮᠠᠭ᠋ᠠᠳᠯᠠᠨ ᠲᠣᠭᠲᠠᠭ᠋ᠠᠬᠤ᠂ ᠨᠡᠢ᠌ᠲᠡᠯᠡᠬᠦ᠂ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠵᠤ ᠬᠡᠷᠡᠭᠵᠢᠭᠦᠯᠬᠦ᠂ ᠰᠡᠯᠪᠢᠨ ᠵᠠᠰᠠᠬᠤ ᠲᠥᠰᠥᠯ᠎ᠢ ᠨᠠᠢ᠌ᠷᠠᠭᠤᠯᠤᠨ ᠵᠣᠬᠢᠶᠠᠵᠤ ᠨᠤᠲᠠᠯᠠᠬᠤ᠂ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ᠂ ᠤᠷᠢᠳᠴᠢᠯᠠᠨ ᠰᠡᠷᠡᠮᠵᠢᠯᠡᠭᠦᠯᠵᠦ ᠪᠤᠴᠠᠭ᠋ᠠᠨ ᠭᠠᠷᠭ᠋ᠠᠬᠤ ᠵᠡᠷᠭᠡ ᠪᠥᠬᠥ ᠶᠠᠪᠤᠴᠠ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠲᠡᠦᠬᠡ ᠵᠢᠨ ᠳᠤᠷᠠᠰᠬᠠᠯᠲᠤ ᠵᠦᠢ᠍ᠯᠡᠰ᠎ᠢ ᠬᠠᠮᠠᠭ᠋ᠠᠯᠠᠬᠤ ᠴᠢᠳᠠᠪᠤᠷᠢ ᠵᠢᠨ ᠬᠢᠷᠢ ᠲᠦᠪᠰᠢᠨ᠎ᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠰᠣᠶᠣᠯ᠎ᠤᠨ ᠳᠦᠷᠢ ᠲᠥᠷᠬᠦ ᠵᠢ ᠱᠤᠭᠤᠬᠤ ᠵᠢ ᠪᠠᠷᠢᠮᠲᠠᠯᠠᠵᠤ ᠂ ᠬᠤᠳᠠ ᠪᠣᠯᠣᠨ ᠪᠠᠷᠢᠯᠭ᠎ᠠ ᠵᠢᠨ ᠳᠦᠷᠰᠦ ᠪᠠᠢ᠌ᠳᠠᠯ᠎ᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠵᠤ ᠂ ᠲᠡᠦᠬᠡ ᠰᠣᠶᠣᠯ ᠂ ᠭᠠᠵᠠᠷ ᠣᠷᠣᠨ᠎ᠤ ᠰᠣᠶᠣᠯ ᠂ ᠦᠨᠳᠦᠰᠦᠲᠡᠨ᠎ᠤ ᠰᠣᠶᠣᠯ ᠂ ᠬᠤᠪᠢᠰᠬᠠᠯ᠎ᠤᠨ ᠰᠣᠶᠣᠯ ᠂ ᠭᠠᠵᠠᠷ ᠣᠷᠣᠨ᠎ᠤ ᠲᠡᠮᠳᠡᠭᠲᠦ ᠰᠣᠶᠣᠯ᠎ᠢ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠎ᠳᠤ ᠠᠭᠤᠰᠤᠯᠴᠠᠭᠤᠯᠵᠤ ᠂ ᠠᠷᠠᠳ ᠤᠯᠠᠨ᠎ᠤ ᠤᠶᠤᠨ ᠰᠣᠶᠣᠯ᠎ᠤᠨ ᠠᠮᠢᠳᠤᠷᠠᠯ᠎ᠤᠨ ᠰᠢᠨ᠎ᠡ ᠬᠦᠰᠡᠯ ᠡᠷᠡᠮᠡᠯᠵᠡᠯ᠎ᠢ ᠬᠠᠩᠭ᠋ᠠᠬᠤ ᠬᠡᠷᠡᠭᠲᠡᠢ ᠃ ᠭᠠᠳᠠᠭ᠋ᠠᠳᠤ᠎ᠳᠤ ᠤᠬᠠᠭᠤᠯᠤᠨ ᠲᠤᠭᠤᠰᠢᠯᠠᠭᠤᠯᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠯᠢᠭᠡᠷ᠎ᠢ ᠰᠠᠢ᠌ᠲᠤᠷ ᠶᠠᠷᠢᠵᠤ ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠳᠠᠭᠤᠨ᠎ᠢ ᠳᠠᠮᠵᠢᠭᠤᠯᠵᠤ ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠦᠷᠦᠯ ᠲᠡᠮᠳᠡᠭ᠎ᠢ ᠤᠬᠠᠭᠤᠯᠵᠤ ᠂ ᠶᠠᠷᠢᠶ᠎ᠠ ᠬᠡᠯᠡᠯᠴᠡᠭᠡᠨ᠎ᠤ ᠤᠯᠠᠮᠵᠢᠯᠠᠬᠤ ᠬᠦᠴᠦᠨ᠂ ᠬᠥᠲᠥᠯᠥᠨ ᠵᠢᠯᠤᠭᠣᠳᠬᠤ ᠬᠦᠴᠦᠨ᠂ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃

     ᠬᠤᠷᠠᠯ᠎ᠠᠴᠠ ᠂  ᠶᠡᠷᠦᠩᠬᠡᠢ ᠱᠦᠵᠢ ᠰᠢ ᠵᠢᠨ ᠫᠢᠩ᠎ᠤᠨ ᠮᠤᠵᠢ ᠶᠠᠮᠤᠨ᠎ᠤ ᠳᠡᠰ᠎ᠤᠨ ᠭᠣᠣᠯ ᠤᠳᠤᠷᠢᠳᠬᠤ ᠺᠠᠳ᠋ᠷᠴᠤᠳ᠎ᠤᠨ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠲᠤᠰᠬᠠᠢ ᠰᠡᠳᠦᠪᠲᠦ ᠰᠤᠳᠤᠯᠤᠨ ᠶᠠᠷᠢᠯᠴᠠᠬᠤ ᠠᠩᠭᠢ ᠵᠢᠨ ᠰᠤᠷᠤᠯᠭ᠎ᠠ ᠡᠬᠢᠯᠡᠬᠦ ᠶᠣᠰᠣᠯᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠵᠢᠨ ᠵᠢᠯᠤᠭᠣᠳᠬᠤ ᠦᠵᠡᠯ ᠰᠠᠨᠠᠭ᠎ᠠ ᠂ ᠶᠡᠷᠦᠩᠬᠡᠢ ᠬᠠᠷᠠᠯᠲᠠ ᠂ ᠴᠢᠬᠤᠯᠠ ᠶᠡᠬᠡ ᠵᠠᠷᠴᠢᠮ ᠂ ᠰᠢᠨᠵᠢᠯᠡᠬᠦ ᠤᠬᠠᠭ᠋ᠠᠨᠴᠢ ᠠᠷᠭ᠎ᠠ ᠵᠢ ᠭᠦᠨᠵᠡᠭᠡᠢ ᠡᠵᠡᠮᠳᠡᠵᠦ ᠂ ᠲᠥᠪ ᠭᠣᠣᠯᠴᠢ ᠰᠢᠨ᠎ᠡ ᠵᠢ ᠡᠭᠦᠳᠬᠦ ᠵᠢ ᠪᠠᠷᠢᠮᠲᠠᠯᠠᠵᠤ ᠂ ᠥᠭᠡᠷᠡᠴᠢᠯᠡᠯᠲᠡ ᠵᠢᠨ ᠴᠢᠭᠯᠡᠯ᠎ᠢ ᠣᠨᠣᠪᠴᠢᠲᠠᠢ ᠡᠵᠡᠮᠳᠡᠵᠦ ᠂ ᠥᠭᠡᠷᠡᠴᠢᠯᠡᠯᠲᠡ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ ᠂ ᠥᠭᠡᠷᠡᠴᠢᠯᠡᠯᠲᠡ ᠵᠢᠨ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠵᠤ ᠂ ᠥᠭᠡᠷᠡᠴᠢᠯᠡᠯᠲᠡ ᠵᠢᠨ ᠰᠢᠰᠲ᠋ᠧᠮᠲᠦ ᠴᠢᠨᠠᠷ ᠂ ᠪᠦᠬᠦᠯᠢ ᠴᠣᠭᠴᠠᠲᠤ ᠴᠢᠨᠠᠷ ᠂ ᠬᠠᠮᠵᠢᠯᠴᠠᠬᠤ ᠴᠢᠨᠠᠷ᠎ᠢ ᠴᠢᠩᠭ᠋ᠠᠳᠬᠠᠵᠤ ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠬᠡᠷᠡᠭᠲᠡᠢ ᠃ ᠨᠢᠭᠡᠳᠦᠯᠲᠡᠢ ᠲᠥᠯᠥᠪᠵᠢᠭᠦᠯᠦᠨ ᠰᠦᠪᠡᠭᠴᠢᠯᠡᠬᠦ ᠪᠠ ᠤᠨᠢᠨ ᠳᠡᠭᠡᠷ᠎ᠡ᠎ᠨᠢ ᠨᠠᠢ᠌ᠳᠠᠪᠤᠷᠢᠵᠢᠭᠤᠯᠬᠤ ᠵᠢ ᠤᠶᠠᠯᠳᠤᠭᠤᠯᠬᠤ᠂ ᠥᠭᠡᠷᠡᠴᠢᠯᠡᠯᠲᠡ᠎ᠪᠠᠷ ᠬᠦᠴᠦᠯᠡᠬᠦ ᠲᠦᠷᠦ ᠵᠢᠨ ᠪᠣᠳᠣᠯᠭ᠎ᠠ᠎ᠪᠠᠷ ᠬᠦᠴᠦᠯᠡᠬᠦ ᠵᠢ ᠤᠶᠠᠯᠳᠤᠭᠤᠯᠬᠤ᠂ ᠴᠡᠭ ᠵᠶ᠋ᠡᠷ ᠰᠦᠪᠡᠭᠴᠢᠯᠡᠬᠦ ᠪᠠ ᠪᠦᠬᠦ ᠲᠠᠯ᠎ᠠ᠎ᠪᠠᠷ ᠳᠡᠯᠭᠡᠷᠡᠭᠦᠯᠬᠦ ᠵᠢ ᠤᠶᠠᠯᠳᠤᠭᠤᠯᠬᠤ ᠵᠢ ᠪᠠᠷᠢᠮᠲᠠᠯᠠᠬᠤ ᠬᠡᠷᠡᠭᠲᠡᠢ ᠃ ᠴᠠᠭ᠎ᠤᠨ ᠬᠦᠰᠦᠨᠦᠭᠲᠦ ᠪᠠ ᠵᠠᠮ ᠱᠤᠭᠤᠮ᠎ᠤᠨ ᠵᠢᠷᠤᠭ᠎ᠢ ᠲᠣᠳᠣᠷᠬᠠᠢ ᠲᠣᠭᠲᠠᠭ᠋ᠠᠵᠤ᠂ 7 ᠵᠦᠢ᠍ᠯ᠎ᠤᠨ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠨᠠᠢ᠌ᠳᠠᠪᠤᠷᠢᠵᠢᠭᠤᠯᠤᠨ ᠪᠤᠳᠠᠳᠠᠢ᠌ᠵᠢᠭᠤᠯᠬᠤ ᠵᠢ ᠲᠦᠷᠭᠡᠳᠬᠡᠨ ᠠᠬᠢᠭᠤᠯᠵᠤ᠂ ᠰᠢᠪᠲᠤᠯᠤᠯᠲᠠ ᠵᠢᠨ ᠴᠢᠨᠠᠷ ᠵᠶ᠋ᠠᠷ ᠴᠢᠩᠭ᠎ᠠ᠂ ᠳᠠᠢ᠌ᠴᠢᠯᠠᠬᠤ ᠬᠦᠴᠦᠨ ᠵᠶ᠋ᠡᠷ ᠶᠡᠬᠡ ᠥᠭᠡᠷᠡᠴᠢᠯᠡᠯᠲᠡ ᠵᠢᠨ ᠬᠢᠯᠠᠰ ᠴᠡᠭ᠎ᠢ ᠠᠯᠢ ᠲᠦᠷᠭᠡᠨ ᠵᠶ᠋ᠡᠷ ᠪᠣᠶ ᠪᠣᠯᠭ᠋ᠠᠵᠤ᠂ ᠡᠨᠡ ᠵᠢᠯ᠎ᠤᠨ ᠡᠴᠦᠰ᠎ᠠᠴᠠ ᠡᠮᠦᠨ᠎ᠡ ᠦᠨᠡᠨ ᠪᠣᠳᠠᠲᠠᠢ ᠠᠬᠢᠴᠠ᠎ᠲᠠᠢ ᠪᠤᠯᠭ᠋ᠠᠵᠦ᠂ 2025 ᠣᠨ᠎ᠤ ᠡᠴᠦᠰ᠎ᠠᠴᠠ ᠡᠮᠦᠨ᠎ᠡ ᠦᠷ᠎ᠡ ᠪᠦᠲᠦᠭᠡᠯ ᠣᠯᠬᠤ ᠵᠢ ᠦᠨᠡᠨ ᠬᠦ᠌ ᠪᠠᠲᠤᠯᠠᠨ᠎ᠠ᠃ ᠥᠭᠡᠷᠡᠴᠢᠯᠡᠯᠲᠡ ᠵᠢᠨ 《  ᠵᠣᠭᠰᠣᠴᠠ 》 ᠎ᠳᠤ ᠯᠠᠪᠳᠠᠭᠤᠨ ᠵᠣᠭᠰᠣᠵᠤ᠂ ᠠᠷᠠᠳ ᠤᠯᠠᠨ᠎ᠤ ᠰᠡᠳᠬᠢᠯ᠎ᠤᠨ ᠬᠦᠴᠢᠷᠳᠡᠯ᠂ ᠠᠮᠢᠳᠤᠷᠠᠯ᠎ᠤᠨ ᠪᠠᠴᠢᠮ᠂ ᠬᠥᠭᠵᠢᠯᠲᠡ ᠵᠢᠨ ᠵᠣᠪᠠᠨᠢᠯ᠂ 2025 ᠣᠨ᠎ᠤ ᠠᠵᠢᠯ᠎ᠤᠨ ᠲᠥᠯᠥᠪᠯᠡᠭᠡ ᠪᠠ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠲᠠᠢ ᠤᠶᠠᠯᠳᠤᠭᠤᠯᠵᠤ᠂ ᠲᠥᠯᠥᠪᠯᠡᠭᠡ᠎ᠲᠠᠢ ᠠᠯᠬᠤᠮ ᠳᠠᠷᠠᠭ᠎ᠠ᠎ᠲᠠᠢ᠎ᠪᠠᠷ ᠨᠢᠭᠡ ᠪᠦᠯᠦᠭ 《ᠰᠡᠷᠡᠵᠦ ᠮᠡᠳᠡᠵᠦ ᠳᠡᠶ᠋ᠢᠯᠬᠦ᠂ ᠲᠤᠯᠠᠭ᠋ᠠᠴᠠ᠎ᠲᠠᠢ᠂ ᠲᠦᠷᠭᠡᠨ ᠦᠷ᠎ᠡ ᠪᠦᠲᠦᠮᠵᠢ ᠣᠯᠬᠤ》 ᠪᠢᠴᠢᠯ  ᠥᠭᠡᠷᠡᠴᠢᠯᠡᠯᠲᠡ ᠵᠢ ᠲᠥᠯᠥᠪᠵᠢᠭᠦᠯᠵᠦ᠂ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ  ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ᠂  ᠶᠡᠷᠦᠩᠬᠡᠢ ᠱᠦᠵᠢ ᠰᠢ ᠵᠢᠨ ᠫᠢᠩ᠎ᠤᠨ  ᠶᠡᠷᠦᠩᠬᠡᠢ ᠴᠣᠭᠴᠠ ᠵᠢᠨ ᠤᠯᠤᠰ᠎ᠤᠨ ᠠᠮᠤᠷ ᠲᠦᠪᠰᠢᠨ᠎ᠤ ᠦᠵᠡᠯᠲᠡ ᠵᠢᠨ ᠲᠤᠬᠠᠢ  ᠴᠢᠬᠤᠯᠠ ᠥᠭᠦᠯᠡᠯᠲᠡ ᠵᠢᠴᠢ ᠶᠡᠷᠦᠩᠬᠡᠢ ᠱᠦᠵᠢ ᠵᠢᠨ ᠭᠤᠸᠠᠩᠳᠦ᠋ᠩ᠎ᠤᠨ ᠵᠦᠬᠠᠢ ᠬᠣᠲᠠ ᠵᠢᠨ ᠲᠡᠷᠭᠡ ᠵᠢᠯᠣᠭᠣᠳᠤᠨ ᠶᠠᠪᠠᠭ᠋ᠠᠨ ᠬᠥᠮᠥᠨ᠎ᠢ ᠳᠠᠭ᠋ᠠᠷᠢᠭᠰᠠᠨ ᠬᠡᠷᠡᠭ᠎ᠤᠨ ᠲᠤᠬᠠᠢ ᠦᠭᠭᠦᠭᠰᠡᠨ  ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠦ᠂ 《ᠡᠬᠡ ᠤᠯᠤᠰ᠎ᠤᠨ ᠤᠮᠠᠷᠠᠲᠤ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠲᠤ ᠴᠣᠭᠴᠠᠯᠠᠬᠤ》 ᠴᠢᠬᠤᠯᠠ ᠶᠡᠬᠡ ᠱᠠᠭ᠋ᠠᠷᠳᠠᠯᠭ᠎ᠠ ᠵᠢ ᠪᠠᠲᠤ ᠡᠵᠡᠮᠳᠡᠵᠦ᠂ 《ᠶᠡᠬᠡ ᠠᠮᠤᠷ ᠲᠦᠪᠰᠢᠨ》᠎ᠤ ᠣᠨᠣᠯᠵᠢᠬᠤᠨ᠎ᠢ ᠪᠠᠲᠤ ᠪᠡᠬᠢ ᠪᠣᠶ ᠪᠣᠯᠭ᠋ᠠᠵᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠤᠯᠤᠰ᠎ᠤᠨ ᠠᠮᠤᠷ ᠲᠦᠪᠰᠢᠨ᠎ᠢ ᠬᠠᠮᠠᠭ᠋ᠠᠯᠠᠬᠤ ᠡᠯ᠎ᠡ ᠵᠦᠢ᠍ᠯ᠎ᠤᠨ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠨ᠎ᠠ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠤᠯᠤᠰ ᠲᠦᠷᠦ ᠵᠢᠨ ᠪᠠᠢ᠌ᠭᠤᠯᠭ᠎ᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ ᠂ 《  ᠤᠯᠤᠰ ᠲᠦᠷᠦ ᠵᠢᠨ ᠤᠬᠠᠮᠰᠠᠷ ᠬᠥᠮᠦᠵᠢᠯ᠎ᠤᠨ ᠣᠨ 》᠎ᠤ ᠠᠵᠢᠯᠯᠠᠭ᠎ᠠ ᠵᠢ ᠨᠠᠢ᠌ᠳᠠᠪᠤᠷᠢᠵᠢᠭᠤᠯᠵᠤ ᠂ ᠤᠯᠤᠰ᠎ᠤᠨ ᠠᠮᠤᠷ ᠲᠦᠪᠰᠢᠨ᠎ᠤ ᠤᠬᠠᠭᠤᠯᠭ᠎ᠠ ᠬᠥᠮᠦᠵᠢᠯ᠎ᠢ ᠰᠠᠢ᠌ᠲᠤᠷ ᠠᠳᠬᠤᠬᠤ ᠬᠡᠷᠡᠭᠲᠡᠢ ᠃ ᠲᠦᠷᠦ ᠵᠢᠨ ᠪᠣᠳᠣᠯᠭ᠎ᠠ ᠵᠢᠨ ᠲᠣᠭᠲᠠᠴᠠ ᠵᠢ ᠦᠷᠭᠦᠯᠵᠢᠯᠡᠨ ᠰᠢᠯᠢᠳᠡᠭᠵᠢᠭᠦᠯᠵᠦ ᠂ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠵᠢ ᠴᠢᠩᠭ᠋ᠠᠳᠬᠠᠵᠤ ᠂ ᠭᠡᠷ ᠪᠠᠢ᠌ᠰᠢᠩ ᠭᠠᠵᠠᠷ  ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠬᠤ ᠵᠢ ᠵᠣᠭᠰᠣᠭ᠋ᠠᠵᠤ ᠲᠠᠬᠢᠨ ᠲᠣᠭᠲᠠᠪᠤᠷᠢᠵᠢᠭᠤᠯᠬᠤ ᠵᠢ ᠠᠬᠢᠭᠤᠯᠤᠨ᠎ᠠ᠃ ᠰᠢᠨ᠎ᠡ ᠴᠠᠭ ᠦᠶ᠎ᠡ ᠵᠢᠨ 《  ᠹᠥ᠋ᠩᠴᠢᠶᠤᠤ ᠵᠢᠨ ᠲᠤᠷᠰᠢᠯᠭ᠎ᠠ 》  ᠵᠢ ᠪᠠᠷᠢᠮᠲᠠᠯᠠᠨ ᠬᠥᠭᠵᠢᠭᠦᠯᠵᠦ ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠢ ᠪᠣᠳᠠᠲᠠᠢ ᠠᠳᠬᠤᠵᠤ ᠂ ᠵᠠᠬᠢᠳᠠᠯ ᠰᠣᠷᠪᠤᠯᠵᠢᠯᠠᠭ᠎ᠠ ᠵᠢᠨ ᠠᠵᠢᠯ᠎ᠤᠨ ᠬᠠᠤᠯᠢᠵᠢᠯ᠎ᠢ ᠪᠦᠬᠦ ᠲᠠᠯ᠎ᠠ᠎ᠪᠠᠷ ᠠᠬᠢᠭᠤᠯᠵᠤ ᠂ ᠤᠯᠠᠨ ᠲᠦᠮᠡᠨ᠎ᠳᠤ ᠨᠡᠩ ᠣᠨᠣᠪᠴᠢᠲᠠᠢ ᠳᠥᠭᠥᠮ ᠳᠥᠲᠡ ᠦᠢ᠍ᠯᠡᠴᠢᠯᠡᠭᠡ ᠬᠠᠩᠭ᠋ᠠᠵᠤ ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨᠬᠦ ᠰᠠᠢ᠌ᠲᠤᠷ ᠬᠠᠮᠠᠭ᠋ᠠᠯᠠᠬᠤ ᠬᠡᠷᠡᠭᠲᠡᠢ ᠃ ᠠᠶᠤᠯᠭᠦᠢ ᠦᠢ᠍ᠯᠡᠳᠪᠦᠷᠢᠯᠡᠯ᠎ᠤᠨ ᠦᠨᠳᠦᠰᠦ᠎ᠠᠴᠠ᠎ᠨᠢ ᠵᠠᠰᠠᠬᠤ ᠪᠣᠭᠣᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠦᠷᠭᠦᠯᠵᠢᠯᠡᠨ ᠭᠦᠨᠵᠡᠭᠡᠢ ᠥᠷᠨᠢᠭᠦᠯᠵᠦ ᠂ ᠠᠵᠢᠯ ᠲᠦᠷᠦᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠵᠤ ᠂ ᠪᠠᠷᠢᠯᠭ᠎ᠠ ᠵᠢᠨ ᠠᠵᠢᠯ ᠂ ᠬᠤᠳᠠ ᠬᠥᠳᠡᠭᠡ ᠵᠢᠨ ᠭᠡᠷ ᠪᠠᠢ᠌ᠰᠢᠩ ᠂ ᠬᠤᠳᠠ ᠪᠠᠯᠭ᠋ᠠᠰᠤᠨ᠎ᠤ ᠰᠢᠲᠠᠮᠠᠬᠠᠢ ᠬᠡᠢ ᠂ ᠬᠤᠳᠠ ᠵᠢᠨ ᠶᠠᠪᠤᠳᠠᠯ᠎ᠤᠨ ᠠᠵᠢᠯᠯᠠᠭ᠎ᠠ ᠂ ᠬᠤᠳᠠ ᠵᠢᠨ ᠬᠠᠮᠢᠶᠠᠷᠤᠯᠲᠠ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠵᠢᠨ ᠭᠡᠮ ᠰᠣᠭᠣᠭ᠎ᠢ ᠪᠦᠬᠦ ᠬᠦᠴᠦᠨ ᠵᠶ᠋ᠡᠷ ᠵᠶ᠋ᠡᠨ ᠪᠠᠢ᠌ᠴᠠᠭ᠋ᠠᠨ ᠴᠡᠭᠴᠡᠯᠡᠵᠦ ᠂ ᠠᠵᠢᠯ ᠲᠦᠷᠦᠯ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠤᠭᠤᠮ᠎ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠱᠠᠭ᠋ᠠᠷᠳᠠᠪᠠ᠃

     ᠬᠤᠷᠠᠯ᠎ᠠᠴᠠ ᠂ ᠶᠡᠷᠦᠩᠬᠡᠢ ᠰᠠᠢ᠌ᠳ ᠯᠢ ᠴᠢᠶᠠᠩ᠎ᠤᠨ ᠥᠪᠥᠷ ᠮᠣᠩᠭᠣᠯ᠎ᠳᠤ ᠪᠠᠢ᠌ᠴᠠᠭ᠋ᠠᠨ ᠰᠤᠳᠤᠯᠤᠯᠲᠠ ᠬᠢᠬᠦ ᠦᠶ᠎ᠡ ᠵᠢᠨ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠬᠤ ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠢ᠌ᠪᠢᠰᠢ ᠦᠭᠡᠢ ᠵᠠᠮᠨᠠᠵᠤ ᠂ ᠨᠡᠭᠦᠷᠡᠰᠦᠲᠥ᠋ᠷᠥᠭᠴᠢ ᠵᠢ ᠪᠠᠭ᠋ᠠᠰᠬᠠᠬᠤ᠂ ᠪᠣᠬᠢᠷᠲᠤᠯ᠎ᠢ ᠪᠠᠭ᠋ᠠᠰᠬᠠᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠲᠡᠭᠡᠭᠰᠢᠯᠡᠭᠦᠯᠬᠦ ᠬᠠᠮᠵᠢᠯᠴᠠᠨ ᠠᠬᠢᠭᠤᠯᠬᠤ ᠵᠢ ᠪᠡᠶᠡᠯᠡᠭᠦᠯᠵᠦ᠂ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠡᠬᠢᠵᠢᠭᠦᠯᠬᠦ᠎ᠳᠤ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠃ ᠪᠠᠶ᠋ᠢᠭᠤᠯᠬᠤ ᠠᠷᠭ᠎ᠠ ᠮᠠᠶᠢᠭ᠎ᠤᠨ ᠪᠣᠬᠢᠷᠲᠤᠯ ᠦᠭᠡᠢ ᠬᠡᠯᠪᠡᠷᠢ ᠬᠤᠪᠢᠷᠠᠭᠤᠯᠬᠤ ᠵᠢ ᠲᠦᠷᠭᠡᠳᠬᠡᠵᠦ ᠂ ᠤᠭᠰᠠᠷᠠᠮᠠᠯ ᠮᠠᠶᠢᠭ᠎ᠤᠨ ᠪᠠᠷᠢᠯᠭ᠎ᠠ ᠂ ᠣᠶᠤᠨᠴᠢ ᠪᠠᠷᠢᠯᠭ᠎ᠠ ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠰᠢᠨ᠎ᠡ ᠮᠡᠷᠭᠡᠵᠢᠯ᠎ᠢ ᠳᠡᠯᠭᠡᠷᠡᠭᠦᠯᠦᠨ ᠬᠡᠷᠡᠭᠯᠡᠬᠦ ᠵᠢ ᠴᠢᠩᠭ᠋ᠠᠳᠬᠠᠵᠤ ᠂ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠰᠢᠨ᠎ᠡ ᠡᠨᠧᠷᠭᠢ ᠵᠢᠨ ᠪᠠᠷᠢᠯᠭ᠎ᠠ ᠵᠢᠨ ᠬᠡᠷᠡᠭᠯᠡᠯᠲᠡ ᠵᠢ ᠳᠡᠯᠭᠡᠷᠡᠭᠦᠯᠵᠦ ᠂ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ ᠂ ᠪᠣᠬᠢᠷᠲᠤᠯ ᠦᠭᠡᠢ ᠦᠢ᠍ᠯᠡᠳᠬᠦ ᠂ ᠪᠣᠬᠢᠷᠲᠤᠯ ᠦᠭᠡᠢ ᠪᠠᠷᠢᠯᠭ᠎ᠠ ᠵᠢ ᠨᠢᠭᠡ ᠴᠣᠭᠴᠠᠵᠢᠭᠤᠯᠤᠨ ᠲᠦᠯᠬᠢᠨ ᠠᠬᠢᠭᠤᠯᠵᠤ ᠂ ᠪᠠᠷᠢᠯᠭ᠎ᠠ ᠵᠢᠨ ᠬᠦᠷᠢᠶᠡᠨ᠎ᠳᠠᠬᠢ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠪᠠᠭ᠋ᠠᠰᠬᠠᠬᠤ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠬᠤᠳᠠ ᠵᠢ ᠢᠳᠡᠪᠬᠢᠲᠡᠢ ᠡᠭᠦᠳᠦᠨ ᠪᠠᠢ᠌ᠭᠤᠯᠵᠤ᠂ ᠬᠤᠳᠠ ᠵᠢᠨ ᠨᠤᠭᠤᠭ᠋ᠠᠷᠠᠭᠤᠯᠤᠯᠳᠠ᠂ ᠠᠮᠢ ᠠᠬᠤᠢ ᠵᠢᠨ ᠬᠣᠩᠭᠢᠯ ᠂ ᠦᠵᠡᠮᠵᠢ ᠵᠢᠨ ᠬᠣᠩᠭᠢᠯ ᠪᠣᠯᠣᠨ ᠬᠤᠳᠠ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ ᠂ ᠬᠤᠳᠠ ᠵᠢᠨ ᠠᠮᠢ ᠠᠬᠤᠢ ᠵᠢ ᠴᠢᠨᠠᠭᠰᠢᠳᠠ ᠰᠡᠷᠭᠦᠭᠡᠵᠦ ᠂ ᠪᠣᠬᠢᠷᠲᠤᠯ ᠦᠭᠡᠢ ᠦᠢ᠍ᠯᠡᠳᠪᠦᠷᠢᠯᠡᠯ᠎ᠤᠨ ᠠᠷᠭ᠎ᠠ ᠬᠡᠯᠪᠡᠷᠢ ᠪᠣᠯᠣᠨ ᠠᠮᠢᠳᠤᠷᠠᠯ᠎ᠤᠨ ᠠᠷᠭ᠎ᠠ ᠬᠡᠯᠪᠡᠷᠢ ᠵᠢ ᠲᠦᠷᠭᠡᠨ ᠪᠦᠷᠢᠯᠳᠦᠭᠦᠯᠵᠦ ᠂ ᠴᠢᠨᠠᠷ ᠰᠠᠢ᠌ᠲᠠᠢ ᠬᠥᠭᠵᠢᠯᠲᠡ ᠵᠢᠨ ᠪᠣᠬᠢᠷᠲᠤᠯ ᠦᠭᠡᠢ ᠰᠠᠭᠤᠷᠢ ᠥᠩᠭᠡ ᠵᠢ ᠵᠤᠵᠠᠭ᠋ᠠᠳᠬᠠᠬᠤ ᠬᠡᠷᠡᠭᠲᠡᠢ ᠃ ᠪᠣᠬᠢᠷᠲᠤᠯ᠎ᠢ ᠰᠡᠷᠭᠡᠢ᠌ᠯᠡᠨ ᠵᠠᠰᠠᠬᠤ ᠪᠣᠭᠣᠮᠲᠠ ᠰᠢᠪᠲᠤᠯᠬᠤ ᠠᠵᠢᠯ᠎ᠢ ᠤᠷᠳᠤ ᠬᠤᠭᠤᠴᠠᠭ᠎ᠠ᠎ᠪᠠᠷ ᠰᠠᠢ᠌ᠲᠤᠷ ᠬᠢᠵᠦ᠂ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠢ᠌ᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠂ ᠬᠠᠳᠤᠨ ᠭᠣᠣᠯ᠎ᠤᠨ ᠭᠤᠯᠳᠤᠷᠢᠯ᠎ᠢ ᠶᠡᠷᠦᠩᠬᠡᠢ᠌ᠯᠡᠨ ᠴᠡᠭᠴᠡᠯᠡᠨ ᠵᠠᠰᠠᠬᠤ ᠵᠢ ᠯᠠᠪᠳᠠᠭᠤᠨ ᠪᠠᠲᠤᠲᠠᠢ ᠠᠬᠢᠭᠤᠯᠵᠤ᠂ ᠬᠤᠳᠠ ᠵᠢᠨ ᠪᠣᠬᠢᠷ ᠦᠮᠡᠬᠡᠢ ᠤᠰᠤᠨ ᠴᠣᠭᠴᠠ ᠵᠢ ᠵᠠᠰᠠᠬᠤ᠂ ᠪᠠᠷᠢᠯᠭ᠎ᠠ ᠵᠢᠨ ᠬᠣᠭ ᠨᠣᠪᠰᠢ ᠵᠢ ᠵᠠᠰᠠᠬᠤ᠂ ᠪᠠᠢ᠍ᠢ᠍ᠭᠤᠯᠤᠮᠵᠢᠳᠤ ᠪᠠᠯᠭ᠋ᠠᠰᠤ ᠵᠢᠨ ᠠᠮᠢᠳᠤᠷᠠᠯ᠎ᠤᠨ ᠪᠣᠬᠢᠷ ᠤᠰᠤ ᠵᠢ ᠵᠠᠰᠠᠬᠤ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠵᠠᠰᠠᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠰᠠᠢ᠌ᠲᠤᠷ ᠠᠳᠬᠤᠵᠤ᠂ ᠠᠮᠢ ᠠᠬᠤᠢ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠤᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ ᠭᠡᠵᠦ ᠱᠠᠭ᠋ᠠᠷᠳᠠᠪᠠ᠃

     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠭᠡᠷ