ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠤᠯᠠᠭ᠋ᠠᠨᠬᠠᠳᠠ ᠬᠣᠲᠠ ᠵᠢᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠭᠣᠣᠯᠳᠠᠯᠭ᠎ᠠ᠎ᠲᠠᠢ ᠠᠵᠢᠯ᠎ᠤᠨ ᠲᠤᠬᠠᠢ ᠶᠠᠷᠢᠯᠴᠠᠵᠤ ᠰᠠᠨᠠᠯ ᠰᠣᠯᠢᠯᠴᠠᠪᠠ
2024-11-18

    11 ᠳ᠋ᠤᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠦᠸᠧ ᠢᠦᠢ ᠹᠧᠩ ᠤᠯᠠᠭ᠋ᠠᠨᠬᠠᠳᠠ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ ᠲᠠᠩ ᠢ ᠨᠠᠷ᠎ᠲᠠᠢ ᠶᠠᠷᠢᠯᠴᠠᠬᠤ ᠬᠤᠷᠠᠯ ᠬᠤᠷᠠᠯᠳᠤᠭᠤᠯᠵᠦ᠂ ᠬᠣᠯᠪᠣᠭᠳᠠᠯ ᠪᠦᠬᠦᠢ ᠠᠵᠢᠯ᠎ᠤᠨ ᠲᠤᠬᠠᠢ ᠰᠠᠨᠠᠯ ᠵᠶ᠋ᠠᠨ ᠭᠦᠨᠵᠡᠭᠡᠢ ᠰᠣᠯᠢᠯᠴᠠᠪᠠ᠃


W020241115336691861132.jpg


     ᠬᠣᠶᠠᠷ ᠲᠠᠯ᠎ᠠ᠎ᠪᠠᠷ ᠵᠶ᠋ᠠᠨ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠭᠤᠨ ᠪᠥᠭᠡᠳ ᠡᠷᠡᠭᠦᠯ ᠵᠶ᠋ᠡᠷ ᠬᠦᠭᠵᠢᠭᠦᠯᠬᠦ᠂ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ ᠬᠤᠪᠢᠷᠠᠭᠤᠯᠤᠨ ᠲᠠᠰ ᠲᠡᠪᠰᠢᠭᠦᠯᠬᠦ᠂ ᠬᠣᠲᠠ ᠵᠢᠨ ᠰᠠᠭᠤᠷᠢ ᠳᠠᠭ᠋ᠠᠭ᠋ᠠᠴᠠ ᠪᠠ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠬᠦ᠂ ᠬᠣᠲᠠ ᠵᠢᠨ ᠰᠢᠨᠡᠴᠢᠯᠡᠯᠳᠡ ᠦᠭᠡᠷᠡᠴᠢᠯᠡᠯᠳᠡ᠂ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠶᠡᠷᠦᠩᠬᠡᠢ᠌ᠯᠡᠨ ᠵᠠᠰᠠᠬᠤ ᠵᠡᠷᠭᠡ ᠲᠠᠯ᠎ᠠ᠎ᠪᠠᠷ ᠰᠠᠨᠠᠯ ᠵᠶ᠋ᠠᠨ ᠭᠦᠨᠵᠡᠭᠡᠢ ᠰᠣᠯᠢᠯᠴᠠᠪᠠ᠃

     ᠬᠣᠶᠠᠷ ᠲᠠᠯ᠎ᠠ᠎ᠪᠠᠷ ᠵᠶ᠋ᠠᠨ᠂ ᠵᠥᠪᠳᠡᠯᠴᠡᠨ ᠵᠣᠯᠭ᠋ᠠᠭᠤᠯᠬᠤ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠬᠠᠮᠲᠤᠷᠠᠯᠴᠠᠭ᠎ᠠ᠎ᠪᠠᠨ ᠤᠯᠠᠮ ᠨᠢᠭᠡ ᠠᠯᠬᠤᠮ ᠴᠢᠩᠭ᠋ᠠᠳᠬᠠᠵᠤ᠂ ᠡᠬᠢ ᠪᠠᠶᠠᠯᠢᠭ᠎ᠢ ᠡᠮᠬᠢᠯᠡᠨ ᠨᠡᠢ᠌ᠯᠡᠭᠦᠯᠵᠦ᠂ ᠳᠠᠪᠠᠭᠤᠯᠢᠭ ᠵᠶ᠋ᠡᠨ ᠪᠠᠳᠠᠷᠠᠭᠤᠯᠤᠨ᠂ ᠤᠯᠠᠭ᠋ᠠᠨᠬᠠᠳᠠ ᠬᠤᠳᠠ ᠵᠢᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠤ ᠨᠡᠩ ᠤᠯᠠᠨ ᠲᠤᠷᠰᠢᠯᠲᠠ ᠬᠢᠵᠦ ᠰᠢᠨ᠎ᠡ ᠵᠢ ᠡᠭᠦᠳᠬᠦ ᠠᠵᠢᠯ ᠥᠷᠨᠢᠭᠦᠯᠬᠦ ᠵᠢ ᠬᠠᠮᠲᠤᠪᠠᠷ ᠠᠬᠢᠭᠤᠯᠵᠤ᠂ ᠨᠡᠩ ᠤᠯᠠᠨ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠲᠤᠷᠰᠢᠯᠭ᠎ᠠ ᠵᠢᠨ ᠵᠠᠭᠪᠤᠷ᠎ᠢ ᠰᠦᠪᠡᠭᠴᠢᠯᠡᠨ ᠪᠦᠷᠢᠯᠳᠦᠭᠦᠯᠵᠦ᠂ ᠤᠯᠠᠭ᠋ᠠᠨᠬᠠᠳᠠ ᠬᠤᠳᠠ ᠵᠢᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠵᠤ᠂ ᠬᠤᠳᠠ ᠬᠥᠳᠡᠭᠡ ᠵᠢᠨ ᠰᠠᠭᠤᠷᠢ ᠲᠥᠬᠦᠭᠡᠷᠦᠮᠵᠢ ᠵᠢᠨ ᠲᠤᠳᠠᠭᠳᠠᠯ᠎ᠢ ᠨᠥᠬᠥᠪᠦᠷᠢᠯᠡᠵᠦ᠂ ᠠᠷᠠᠳ᠎ᠤᠨ ᠠᠮᠢᠳᠤᠷᠠᠯ᠎ᠢ ᠦᠨᠡᠨᠬᠦ ᠪᠠᠲᠤᠯᠠᠨ ᠰᠠᠢ᠌ᠵᠢᠷᠠᠭᠤᠯᠵᠤ᠂ ᠠᠷᠠᠳ ᠤᠯᠠᠨ᠎ᠤ ᠬᠦᠷᠲᠡᠮᠵᠢ ᠵᠢᠨ ᠲᠥᠷᠥᠭᠳᠡᠯ᠂ ᠵᠤᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠲᠠᠰᠤᠷᠠᠯᠳᠠ ᠦᠭᠡᠢ ᠨᠡᠮᠡᠭᠳᠡᠭᠦᠯᠦᠨ᠎ᠡ ᠭᠡᠵᠦ ᠢᠯᠡᠷᠬᠡᠢ᠌ᠯᠡᠪᠡ᠃



W020241115336691905118.jpg

W020241115336692175139.jpg

     ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠵᠠᠩ ᠾᠧ᠂ ᠨᠢᠶᠸ  ᠬᠠᠢ ᠵᠢᠶᠦ᠋ᠨ᠂ ᠤᠯᠠᠭ᠋ᠠᠨᠬᠠᠳᠠ ᠬᠣᠲᠠ ᠵᠢᠨ ᠳᠡᠳ᠋ ᠳᠠᠷᠤᠭ᠎ᠠ ᠹᠦ᠋ ᠱᠧᠦ ᠯᠢ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠬᠠᠮᠢᠶ᠎ᠠ ᠪᠦᠬᠦᠢ ᠭᠠᠵᠠᠷ ᠭᠡᠷ᠂ ᠤᠯᠠᠭ᠋ᠠᠨᠬᠠᠳᠠ ᠬᠣᠲᠠ ᠵᠢᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠷᠢᠭᠤᠴᠠᠯᠭ᠋ᠠᠲᠠᠨ ᠶᠠᠷᠢᠯᠴᠠᠬᠤ ᠬᠤᠷᠠᠯ᠎ᠳᠤ ᠣᠷᠣᠯᠴᠠᠪᠠ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠭᠡᠷ