12 ᠳ᠋ᠤᠭ᠋ᠠᠷ ᠰᠠᠷ᠎ᠠ ᠵᠢᠨ 16᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃

ᠬᠤᠷᠠᠯ᠎ᠠᠴᠠ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠤᠷᠢᠶ᠎ᠠ ᠵᠢᠨ ᠢᠷᠡᠬᠦ ᠵᠢᠯ᠎ᠤᠨ ᠠᠵᠤ ᠠᠬᠤᠢ ᠵᠢᠨ ᠠᠵᠢᠯ᠎ᠤᠨ ᠲᠣᠭᠣᠷᠢᠨ᠎ᠳᠤ ᠲᠤᠷᠠᠳᠤᠨ ᠭᠠᠷᠭ᠋ᠠᠭᠰᠠᠨ ᠶᠡᠷᠦᠩᠬᠡᠢ ᠱᠠᠭ᠋ᠠᠷᠳᠠᠯᠭ᠎ᠠ᠂ ᠵᠢᠱ᠌ᠢᠭᠰᠡᠨ ᠬᠠᠷᠠᠯᠲᠠ ᠪᠣᠯᠣᠨ ᠲᠥᠷᠥ ᠵᠢᠨ ᠪᠣᠳᠣᠯᠭ᠎ᠠ ᠵᠢᠨ ᠬᠠᠨᠳᠤᠯᠭ᠎ᠠ ᠵᠢ ᠭᠦᠨᠵᠡᠭᠡᠢ ᠣᠢ᠌ᠯᠠᠭ᠋ᠠᠨ ᠡᠵᠡᠮᠰᠢᠵᠦ᠂ 《ᠲᠠᠪᠤ ᠵᠢ ᠡᠷᠬᠡᠪᠰᠢ ᠰᠠᠢ᠌ᠲᠤᠷ ᠨᠢᠭᠡᠳᠦᠯᠲᠡᠢ ᠲᠥᠯᠥᠪᠵᠢᠭᠦᠯᠬᠦ》 ᠵᠢᠮ᠎ᠡ ᠶᠣᠰᠣᠴᠢ ᠴᠢᠨᠠᠷᠲᠠᠢ ᠲᠠᠨᠢᠯᠲᠠ ᠵᠢ ᠣᠨᠣᠪᠴᠢᠲᠠᠢ ᠡᠵᠡᠮᠳᠡᠵᠦ᠂ ᠤᠬᠠᠮᠰᠠᠷ᠎ᠠᠴᠠ᠎ᠪᠠᠨ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠣᠳᠣᠬᠠᠨ᠎ᠤ ᠠᠵᠤ ᠠᠬᠤᠢ ᠵᠢᠨ ᠪᠠᠢ᠌ᠳᠠᠯ᠎ᠤᠨ ᠲᠤᠬᠠᠢ ᠮᠠᠭ᠋ᠠᠳᠯᠠᠯᠲᠠ ᠳᠡᠭᠡᠷ᠎ᠡ ᠨᠢᠭᠡᠳᠬᠡᠵᠦ᠂ ᠲᠣᠭᠲᠠᠯ ᠬᠦᠴᠦᠨ ᠵᠶ᠋ᠡᠨ ᠪᠠᠲᠤᠯᠠᠵᠤ᠂ ᠢᠳᠡᠪᠬᠢᠲᠡᠢ ᠠᠵᠢᠯᠯᠠᠵᠤ᠂ ᠨᠠᠮ᠎ᠤᠨ ᠲᠥᠪ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠳᠤᠷᠠᠳᠤᠭᠰᠠᠨ 《ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠬᠤᠳᠠ ᠵᠢᠨ ᠰᠢᠨᠡᠴᠢᠯᠡᠯᠳᠡ᠂ ᠭᠡᠷ ᠪᠠᠢ᠌ᠰᠢᠩ᠎ᠤᠨ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠪᠣᠬᠢᠷᠲᠤᠯ ᠦᠭᠡᠢ ᠪᠠᠷᠢᠯᠭ᠎ᠠ᠂ ᠠᠷᠠᠳ᠎ᠤᠨ ᠠᠮᠢᠳᠤᠷᠠᠯ᠎ᠢ ᠪᠠᠲᠤᠯᠠᠬᠤ》 ᠵᠡᠷᠭᠡ ᠴᠢᠬᠤᠯᠠ ᠶᠡᠬᠡ ᠪᠠᠢ᠌ᠷᠢᠯᠠᠭᠤᠯᠤᠯᠲᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠦᠳᠦᠯᠦᠨ ᠳᠠᠢ᠌ᠴᠢᠯᠠᠬᠤ ᠴᠢᠨᠠᠷᠲᠠᠢ᠂ ᠬᠥᠳᠡᠯᠭᠡᠬᠦ ᠴᠢᠨᠠᠷ ᠵᠶ᠋ᠠᠷ ᠴᠢᠩᠭ᠎ᠠ ᠠᠵᠢᠯ ᠵᠶ᠋ᠡᠷ ᠭᠠᠷᠳᠠᠴᠠ ᠪᠤᠯᠭ᠋ᠠᠬᠤ ᠵᠢ ᠢᠳᠡᠪᠬᠢᠲᠡᠢ ᠲᠥᠯᠥᠪᠵᠢᠭᠦᠯᠦᠨ ᠰᠠᠢ᠌ᠲᠤᠷ ᠬᠡᠷᠡᠭᠯᠡᠵᠦ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠳᠬᠡᠨ ᠪᠠᠶ᠋ᠢᠭᠤᠯᠬᠤ ᠳᠡᠭᠡᠷ᠎ᠡ ᠬᠦᠴᠦ ᠲᠠᠯᠪᠢᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠢᠲᠡᠭᠡᠯ᠎ᠢ ᠪᠥᠬᠥ ᠬᠦᠴᠦᠨ ᠵᠶ᠋ᠡᠷ ᠵᠶ᠋ᠡᠨ ᠳᠡᠭᠡᠭᠰᠢᠯᠡᠭᠦᠯᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠬᠤ ᠵᠢ ᠵᠣᠭᠰᠣᠭ᠋ᠠᠵᠤ ᠳᠠᠬᠢᠨ ᠲᠣᠭᠲᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠠᠶᠤᠯ ᠲᠦᠭᠰᠢᠭᠦᠷᠢ ᠵᠢ ᠲᠦᠷᠭᠡᠪᠴᠢᠯᠡᠨ ᠰᠢᠢ᠍ᠳᠪᠦᠷᠢᠯᠡᠨ ᠠᠷᠢᠯᠭ᠋ᠠᠵᠤ᠂ ᠪᠠᠲᠤᠯᠠᠭ᠋ᠠᠲᠤ ᠲᠤᠰᠢᠶᠠᠬᠤ ᠠᠰᠠᠷ᠂ ᠪᠠᠲᠤᠯᠠᠭ᠋ᠠᠲᠤ ᠲᠤᠰᠢᠶᠠᠬᠤ ᠭᠡᠷ ᠪᠠᠢ᠌ᠰᠢᠩ᠎ᠤᠨ ᠪᠤᠭᠤᠮᠳᠠ ᠰᠢᠪᠳᠤᠯᠬᠤ ᠠᠵᠢᠯ᠎ᠢ ᠰᠠᠢ᠌ᠲᠤᠷ ᠬᠢᠵᠦ᠂ ᠪᠡᠯᠡᠨ ᠭᠡᠷ ᠪᠠᠢ᠌ᠰᠢᠩ ᠪᠣᠷᠣᠯᠠᠭᠤᠯᠬᠤ ᠲᠤᠷᠰᠢᠯᠲᠠ ᠵᠢ ᠬᠦᠴᠦᠲᠡᠢ ᠪᠥᠭᠡᠳ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠪᠠᠲᠤᠯᠠᠭ᠎ᠠ ᠵᠢᠨ ᠴᠢᠨᠠᠷᠲᠠᠢ ᠠᠮᠤᠭᠤᠯᠠᠩ ᠣᠷᠣᠨ ᠰᠠᠭᠤᠴᠠ ᠵᠢᠨ ᠬᠠᠩᠭ᠋ᠠᠯᠭ᠎ᠠ ᠵᠢ ᠢᠳᠡᠪᠬᠢᠲᠡᠢ᠎ᠪᠠᠷ ᠥᠷᠭᠡᠳᠬᠡᠨ᠎ᠡ᠃ ᠬᠤᠳᠠ ᠵᠢᠨ ᠰᠠᠭᠤᠷᠢ ᠲᠥᠬᠦᠭᠡᠷᠦᠮᠵᠢ ᠵᠢᠨ ᠲᠣᠭ᠋ᠠᠴᠢᠯᠠᠯᠲᠠ᠂ ᠰᠦᠯᠵᠢᠶᠡᠵᠢᠯᠲᠡ᠂ ᠣᠶᠤᠨᠴᠢᠯᠠᠯᠲᠠ ᠵᠢᠨ ᠬᠡᠯᠪᠡᠷᠢ ᠬᠤᠪᠢᠷᠠᠭᠤᠯᠬᠤ ᠳᠡᠭᠡᠷ᠎ᠡ ᠬᠦᠴᠦ ᠲᠠᠯᠪᠢᠵᠤ᠂ ᠬᠤᠳᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢᠴᠢ ᠣᠶᠤᠨᠴᠢ ᠢᠯᠴᠢ ᠬᠠᠩᠭ᠋ᠠᠯᠭ᠎ᠠ᠂ ᠬᠤᠳᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠡᠷᠭᠡ ᠠᠵᠢᠯ᠎ᠢ ᠲᠦᠷᠭᠡᠨ ᠠᠬᠢᠭᠤᠯᠵᠤ᠂ ᠠᠮᠤᠷ ᠲᠦᠪᠰᠢᠨ ᠤᠶᠠᠨ ᠬᠠᠳᠠᠨ ᠬᠤᠳᠠ ᠵᠢ ᠪᠦᠬᠦ ᠬᠦᠴᠦᠨ ᠵᠶ᠋ᠡᠷ ᠵᠶ᠋ᠡᠨ ᠪᠦᠲᠦᠭᠡᠨ ᠪᠠᠶ᠋ᠢᠭᠤᠯᠬᠤ ᠬᠡᠷᠡᠭᠲᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠪᠣᠯᠣᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠰᠣᠯᠪᠢᠴᠠᠭᠤᠯᠤᠨ ᠵᠣᠯᠭ᠋ᠠᠭᠤᠯᠬᠤ ᠪᠠ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ ᠵᠢ ᠶᠡᠷᠦᠩᠬᠡᠢ᠌ᠯᠡᠨ ᠪᠣᠳᠣᠯᠬᠢᠯᠠᠵᠤ᠂ ᠣᠳᠣᠬᠠᠨ᠎ᠤ ᠪᠠ ᠠᠯᠤᠰ ᠬᠡᠳᠦ ᠵᠢ ᠬᠠᠮᠲᠤᠳᠤᠨᠢ ᠬᠠᠷᠠᠭ᠋ᠠᠯᠵᠠᠵᠤ᠂ ᠠᠵᠤ ᠠᠬᠤᠢ ᠵᠢᠨ ᠪᠠᠢ᠌ᠭᠤᠯᠤᠮᠵᠢ ᠵᠢᠨ ᠥᠭᠡᠷᠡᠴᠢᠯᠡᠯᠲᠡ ᠵᠢᠨ ᠬᠦᠳᠦᠯᠦᠨ ᠳᠠᠢ᠌ᠴᠢᠯᠠᠬᠤ ᠦᠢ᠍ᠯᠡᠳᠦᠯ᠎ᠢ ᠪᠠᠳᠠᠷᠠᠭᠤᠯᠵᠤ᠂ ᠶᠡᠬᠡ ᠲᠠᠯ᠎ᠠ᠎ᠳᠤ ᠲᠤᠯᠭ᠋ᠠᠭᠤᠷᠢᠯᠠᠬᠤ ᠴᠢᠬᠤᠯᠠ ᠶᠡᠬᠡ ᠪᠠᠢ᠌ᠷᠢᠯᠠᠭᠤᠯᠤᠯᠲᠠ᠂ ᠬᠥᠭᠵᠢᠯᠲᠡ ᠵᠢ ᠬᠦᠳᠦᠯᠦᠨ ᠳᠠᠢ᠌ᠴᠢᠯᠠᠬᠤ ᠴᠢᠬᠤᠯᠠ ᠲᠦᠷᠦᠯ ᠵᠦᠢ᠍ᠯ᠂ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠ ᠥᠭᠡᠷᠡᠴᠢᠯᠡᠯᠲᠡ᠂ ᠪᠤᠶᠠᠨ ᠵᠢᠷᠭ᠋ᠠᠯ᠎ᠢ ᠨᠡᠮᠡᠭᠳᠡᠭᠦᠯᠬᠦ ᠴᠢᠬᠤᠯᠠ ᠢᠨᠵᠧᠨᠧᠷᠢᠩ᠂ ᠨᠠᠢ᠌ᠳᠠᠪᠤᠷᠢᠵᠢᠭᠤᠯᠤᠯᠲᠠ ᠵᠢ ᠰᠠᠢ᠌ᠵᠢᠷᠠᠭᠤᠯᠬᠤ ᠴᠢᠬᠤᠯᠠ ᠠᠷᠭ᠎ᠠ ᠬᠡᠮᠵᠢᠶ᠎ᠡ ᠵᠢ ᠰᠠᠢ᠌ᠲᠤᠷ ᠲᠥᠯᠥᠪᠵᠢᠭᠦᠯᠵᠦ᠂ ᠪᠡᠯᠭᠡ ᠲᠡᠮᠳᠡᠭ᠎ᠤᠨ ᠴᠢᠨᠠᠷᠲᠠᠢ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠪᠤᠳᠠᠳᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠬᠤ ᠬᠡᠷᠡᠭᠲᠡᠢ᠃ ᠪᠦᠬᠦ ᠵᠢᠯ᠎ᠤᠨ ᠬᠠᠷᠠᠯᠲᠠ ᠡᠭᠦᠷᠭᠡ ᠪᠣᠯᠣᠨ ᠵᠠᠩᠭᠢᠯᠠᠭ᠎ᠠ ᠵᠢᠨ ᠭᠦᠢ᠍ᠴᠡᠳᠬᠡᠯ ᠲᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠦᠬᠦ ᠲᠠᠯ᠎ᠠ᠎ᠪᠠᠷ ᠲᠤᠳᠠᠭᠳᠠᠯ ᠵᠶ᠋ᠠᠨ ᠪᠠᠢ᠌ᠴᠠᠭ᠋ᠠᠨ ᠨᠥᠬᠥᠪᠦᠷᠢᠯᠡᠵᠦ᠂ ᠲᠣᠭ᠎ᠠ ᠬᠡᠮᠵᠢᠶ᠎ᠡ ᠶᠠᠰᠤ ᠴᠢᠨᠠᠷ᠎ᠢ ᠵᠡᠷᠭᠡ᠎ᠪᠡᠷ ᠴᠢᠬᠤᠯᠠᠴᠢᠯᠠᠬᠤ ᠵᠢ ᠪᠠᠷᠢᠮᠲᠠᠯᠠᠵᠤ᠂ ᠳᠠᠩᠰᠠ ᠲᠤᠰᠢᠶᠠᠬᠤ᠂ ᠰᠢᠪᠲᠤᠯᠤᠯᠲᠠ ᠬᠢᠬᠦ᠂ ᠵᠣᠬᠢᠴᠠᠭᠤᠯᠬᠤ᠂ ᠠᠩᠬᠠᠷᠴᠤ ᠰᠢᠢ᠍ᠳᠪᠦᠷᠢᠯᠡᠬᠦ ᠤᠬᠠᠮᠰᠠᠷ ᠵᠶ᠋ᠠᠨ ᠴᠢᠩᠭ᠋ᠠᠳᠬᠠᠵᠤ᠂ ᠱᠠᠯᠠᠪᠳᠠᠭᠤᠯᠤᠨ ᠭᠦᠢ᠍ᠴᠡᠳᠬᠡᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠪᠦᠬᠦ ᠵᠢᠯ᠎ᠤᠨ ᠬᠠᠷᠠᠯᠲᠠ ᠡᠭᠦᠷᠭᠡ᠎ᠪᠠᠨ ᠲᠣᠭᠲᠠᠭᠰᠠᠨ ᠬᠤᠭᠤᠴᠠᠭ᠋ᠠᠨ᠎ᠳᠤ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠠᠷᠪᠠᠨ ᠨᠠᠢ᠍ᠮᠠᠳᠤᠭ᠋ᠠᠷ ᠤᠳᠠᠭ᠎ᠠ ᠵᠢᠨ ᠬᠠᠮᠲᠤ ᠵᠢᠨ ᠰᠤᠷᠤᠯᠴᠠᠯᠭ᠎ᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠠᠮ᠎ᠤᠨ ᠲᠥᠪ ᠬᠣᠷᠢᠶᠠᠨ᠎ᠤ ᠬᠢᠯᠢ ᠬᠢᠵᠠᠭ᠋ᠠᠷ᠎ᠤᠨ ᠵᠠᠰᠠᠯᠲᠠ ᠵᠢᠨ ᠲᠤᠬᠠᠢ ᠡᠯ᠎ᠡ ᠵᠦᠢ᠍ᠯ᠎ᠤᠨ ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠡᠷᠡᠰ ᠨᠠᠢ᠌ᠳᠠᠪᠤᠷᠢᠵᠢᠭᠤᠯᠵᠤ᠂ 《ᠲᠠᠪᠤᠨ ᠶᠡᠬᠡ ᠡᠭᠦᠷᠭᠡ》 ᠵᠢᠨ ᠨᠠᠢ᠌ᠳᠠᠪᠤᠷᠢᠵᠢᠭᠤᠯᠤᠯᠲᠠ ᠵᠢ ᠠᠩᠬᠠᠷᠤᠯ ᠵᠶ᠋ᠠᠨ ᠲᠥᠪᠯᠡᠷᠡᠭᠦᠯᠦᠨ ᠰᠠᠢ᠌ᠲᠤᠷ ᠠᠳᠬᠤᠵᠤ᠂ ᠥᠪᠥᠷ ᠮᠣᠩᠭᠣᠯ᠎ᠤᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ᠎ᠳᠤ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ᠃ ᠬᠣᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠰᠢᠨ᠎ᠡ ᠮᠠᠶᠢᠭ᠎ᠤᠨ ᠬᠣᠲᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢᠨ ᠠᠯᠬᠤᠴᠠ ᠵᠢ ᠲᠦᠷᠭᠡᠳᠬᠡᠨ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠪᠠ ᠮᠠᠯᠵᠢᠬᠤ ᠲᠠᠷᠢᠶᠠᠯᠠᠬᠤ ᠣᠷᠣᠨ᠎ᠤ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠬᠣᠲᠠ ᠬᠥᠳᠡᠭᠡ ᠵᠢᠨ ᠰᠠᠭᠤᠷᠢ ᠪᠡᠯᠡᠳᠬᠡᠮᠵᠢ ᠵᠢᠨ ᠪᠦᠷᠢᠨ ᠲᠡᠭᠦᠯᠳᠡᠷᠵᠢᠭᠰᠡᠨ ᠬᠡᠮᠵᠢᠶ᠎ᠡ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠭᠦᠮᠴᠢᠯᠡᠭᠰᠡᠨ ᠬᠡᠮᠵᠢᠶ᠎ᠡ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠤ ᠲᠠᠭ᠋ᠠᠯᠠᠮᠵᠢᠳᠠᠢ ᠬᠡᠮᠵᠢᠶ᠎ᠡ ᠵᠢ ᠳᠡᠭᠡᠭᠰᠢᠯᠡᠭᠦᠯᠦᠨ᠂ ᠬᠠᠷᠢᠯᠴᠠᠨ ᠰᠢᠭᠢᠳᠬᠦ ᠮᠠᠶᠢᠭ᠎ᠤᠨ ᠨᠡᠢ᠌ᠭᠡᠮ ᠲᠣᠭᠣᠷᠢᠭ᠎ᠤᠨ ᠣᠷᠴᠢᠨ ᠲᠣᠭᠣᠷᠢᠨ᠎ᠢ ᠢᠳᠡᠪᠬᠢᠲᠡᠢ ᠪᠠᠢ᠌ᠭᠤᠯᠵᠤ᠂ ᠦᠨᠳᠦᠰᠦᠲᠡᠨ᠎ᠨᠦᠭᠦᠳ ᠬᠠᠮᠲᠤ᠎ᠪᠠᠷ ᠰᠠᠭᠤᠵᠤ ᠬᠠᠮᠲᠤ᠎ᠪᠠᠷ ᠰᠤᠷᠤᠯᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠂ ᠬᠠᠮᠲᠤ᠎ᠪᠠᠷ ᠠᠵᠢᠯᠯᠠᠵᠤ ᠬᠠᠮᠲᠤ᠎ᠪᠠᠷ ᠴᠡᠩᠭᠡᠯᠳᠦᠬᠦ ᠨᠡᠢ᠌ᠭᠡᠮ᠎ᠤᠨ ᠣᠷᠴᠢᠨ ᠲᠣᠭᠣᠷᠢᠨ᠎ᠢ ᠪᠣᠶ ᠪᠣᠯᠭ᠋ᠠᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠤᠨ ᠠᠵᠢᠯ᠎ᠤᠨ ᠭᠣᠣᠯ ᠱᠤᠭᠤᠮ᠎ᠢ ᠪᠠᠲᠤ ᠪᠡᠬᠢ ᠪᠤᠶ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢ ᠡᠭᠦᠳᠦᠨ ᠪᠠᠶ᠋ᠢᠭᠤᠯᠬᠤ ᠠᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠨᠡᠢ᠌ᠭᠡᠮ ᠵᠢᠷᠤᠮ᠎ᠤᠨ ᠭᠣᠣᠯᠯᠠᠬᠤ ᠦᠷᠳᠡᠭ᠎ᠤᠨ ᠦᠵᠡᠯᠲᠡ ᠵᠢᠨ ᠬᠥᠮᠦᠵᠢᠯ᠎ᠢ ᠭᠦᠨᠵᠡᠭᠡᠢ᠌ᠷᠡᠭᠦᠯᠵᠦ᠂ 《ᠨᠠᠮ᠎ᠤᠨ ᠠᠴᠢ ᠵᠢ ᠮᠡᠳᠡᠷᠡᠵᠦ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠲᠠᠭ᠋ᠠᠬᠤ》 ᠤᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠢ᠌ᠩᠭᠤᠵᠢᠭᠤᠯᠤᠨ ᠥᠷᠨᠢᠭᠦᠯᠵᠦ᠂ 《ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠯᠢᠭᠡᠷ》 ᠵᠶ᠋ᠡᠷ 《ᠵᠢᠷᠭᠤᠭ᠋ᠠᠨ ᠥᠭᠦᠯᠡᠪᠦᠷᠢ ᠵᠢᠨ ᠪᠣᠳᠠᠲᠤ ᠬᠡᠷᠡᠭ ᠪᠠ ᠶᠣᠰᠣ ᠤᠴᠢᠷ》᠎ᠢ ᠲᠠᠢ᠌ᠯᠪᠦᠷᠢᠯᠠᠵᠦ᠂ 《ᠲᠠᠪᠤᠨ ᠮᠡᠳᠡᠷᠡᠮᠵᠢ》 ᠵᠢ ᠭᠦᠨᠵᠡᠭᠡᠢ᠌ᠷᠡᠭᠦᠯᠵᠦ᠂ ᠰᠢᠨ᠎ᠡ ᠵᠠᠮ᠎ᠢ ᠨᠡᠭᠡᠭᠡᠬᠦ᠂ ᠳᠤᠮᠳᠠ ᠤᠷᠤᠰᠬᠠᠯ᠎ᠳᠤ ᠣᠷᠣᠬᠤ ᠬᠦᠴᠦᠷᠬᠡᠭ ᠶᠡᠬᠡ ᠤᠶᠤᠨ ᠰᠠᠨᠠᠭ᠋ᠠᠨ᠎ᠤ ᠬᠦᠴᠦᠨ᠎ᠢ ᠨᠢᠭᠲᠠᠷᠠᠭᠤᠯᠤᠨ᠎ᠠ᠃ ᠬᠢᠯᠢ ᠬᠢᠵᠠᠭ᠋ᠠᠷ᠎ᠤᠨ ᠲᠣᠭᠲᠠᠭᠤᠨ᠎ᠢ ᠬᠣᠷᠢᠭ᠎ᠠ ᠱᠤᠭᠤᠮ᠎ᠤᠨ ᠱᠠᠭ᠋ᠠᠷᠳᠠᠯᠭ᠎ᠠ ᠪᠣᠯᠭ᠋ᠠᠵᠤ᠂ ᠭᠣᠣᠯᠳᠠᠯᠭ᠎ᠠ᠎ᠲᠠᠢ ᠬᠦᠷᠢᠶ᠎ᠡ ᠵᠢ ᠴᠢᠩᠭ᠎ᠠ ᠠᠩᠬᠠᠷᠴᠤ᠂ ᠵᠠᠬᠢᠳᠠᠯ ᠰᠣᠷᠪᠤᠯᠵᠢᠯᠠᠭ᠎ᠠ ᠵᠢᠨ ᠵᠥᠷᠢᠴᠡᠯ᠎ᠢ ᠪᠠᠢ᠌ᠴᠠᠭ᠋ᠠᠨ ᠰᠢᠢ᠍ᠳᠪᠦᠷᠢᠯᠡᠬᠦ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠤᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ ᠪᠣᠯᠣᠨ ᠨᠡᠢ᠌ᠭᠡᠮ᠎ᠤᠨ ᠡᠶ᠎ᠡ ᠵᠣᠬᠢᠴᠠᠩᠭᠤᠢ ᠲᠣᠭᠲᠠᠭᠤᠨ᠎ᠢ ᠦᠨᠡᠨᠬᠦ ᠬᠠᠮᠠᠭ᠋ᠠᠯᠠᠬᠤ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠮᠠᠷᠺᠰ᠎ᠤᠨ ᠦᠵᠡᠯ᠎ᠤᠨ ᠣᠨᠣᠯ᠎ᠤᠨ ᠰᠤᠳᠤᠯᠭ᠋ᠠᠨ ᠪᠠ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠳᠤ ᠭᠠᠷᠭ᠋ᠠᠭᠰᠠᠨ ᠴᠢᠬᠤᠯᠠ ᠵᠢᠭ᠋ᠠᠪᠤᠷᠢ ᠪᠠ ᠶᠡᠷᠦᠩᠬᠡᠢ ᠱᠦᠵᠢ ᠰᠢ ᠵᠢᠨ ᠫᠢᠩ᠎ᠤᠨ 《ᠲᠥᠪ ᠶᠣᠰᠣ ᠵᠢ ᠪᠠᠷᠢᠮᠳᠠᠯᠠᠵᠦ ᠰᠢᠨ᠎ᠡ ᠵᠢ ᠡᠭᠦᠳᠬᠦ》 ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠮᠠᠷᠺᠰ᠎ᠤᠨ ᠦᠵᠡᠯ ᠭᠡᠬᠦ ᠡᠨᠡᠬᠦ ᠠᠮᠢᠨ ᠰᠤᠳᠠᠰᠤ ᠵᠢ ᠢᠮᠠᠭᠲᠠ ᠪᠠᠲᠤ ᠰᠠᠬᠢᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠤᠬᠠᠭᠤᠯᠵᠤ ᠲᠤᠭᠤᠰᠢᠯᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠤᠷᠤᠯᠴᠠᠨ ᠤᠬᠠᠭᠤᠯᠬᠤ ᠵᠢᠨ ᠬᠠᠨᠳᠤᠯᠭ᠋ᠠᠲᠤ ᠴᠢᠨᠠᠷ᠂ ᠪᠣᠳᠠᠲᠤ ᠦᠷ᠎ᠡ ᠪᠦᠲᠦᠮᠵᠢᠲᠦ ᠴᠢᠨᠠᠷ᠎ᠢ ᠴᠢᠩᠭ᠋ᠠᠳᠬᠠᠵᠤ᠂ ᠨᠠᠮ᠎ᠤᠨ ᠤᠨᠤᠯ᠎ᠤᠨ ᠰᠢᠨ᠎ᠡ ᠵᠢ ᠡᠭᠦᠳᠬᠦ ᠵᠢ ᠬᠥᠮᠥᠰ᠎ᠤᠨ ᠰᠡᠳᠬᠢᠯ᠎ᠳᠤ ᠨᠡᠩ ᠭᠦᠨ ᠰᠠᠭᠤᠭᠳᠠᠭᠤᠯᠬᠤ ᠵᠢ ᠠᠬᠢᠭᠤᠯᠬᠤ ᠬᠡᠷᠡᠭᠲᠡᠢ᠃ 《ᠬᠣᠶᠠᠷ᠎ᠢ ᠤᠶᠠᠯᠳᠤᠭᠤᠯᠬᠤ》 ᠵᠢᠨ ᠭᠣᠣᠯ ᠴᠢᠮᠦᠭᠡ ᠴᠢᠬᠤᠯᠠ ᠠᠭᠤᠯᠭ᠎ᠠ ᠵᠢ ᠭᠦᠨᠵᠡᠭᠡᠢ ᠡᠵᠡᠮᠰᠢᠵᠦ᠂ ᠰᠠᠨᠠᠭ᠋ᠠᠴᠢᠯᠠᠭ᠎ᠠ᠎ᠠᠴᠠ᠎ᠪᠠᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠠᠴᠠ ᠪᠠᠢ᠌ᠷᠢ ᠲᠣᠭᠲᠠᠭ᠋ᠠᠯᠲᠠ᠂ ᠡᠭᠦᠷᠭᠡ᠂ ᠰᠡᠳᠬᠢᠴᠡ᠂ ᠠᠷᠭ᠎ᠠ ᠵᠢ ᠡᠷᠢᠵᠦ᠂ ᠠᠵᠢᠯ᠎ᠤᠨ ᠠᠷᠭ᠎ᠠ ᠬᠡᠮᠵᠢᠶ᠎ᠡ᠎ᠪᠠᠨ ᠵᠤᠷᠪᠤᠰ ᠳᠠᠷᠠᠭ᠋ᠠᠯᠠᠨ ᠨᠠᠷᠢᠯᠢᠭᠵᠢᠭᠤᠯᠵᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠡᠯ᠎ᠡ ᠵᠦᠢ᠍ᠯ᠎ᠤᠨ ᠡᠭᠦᠷᠭᠡ ᠵᠢ ᠪᠤᠳᠠᠳᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠣᠳᠣᠬᠢᠴᠢᠯᠠᠭᠰᠠᠨ ᠥᠪᠥᠷ ᠮᠣᠩᠭᠣᠯ᠎ᠤᠨ ᠦᠢ᠍ᠯᠡᠳᠦᠯᠭᠡ᠎ᠳᠤ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠳᠥᠷᠪᠡᠳᠦᠭᠡᠷ ᠤᠳᠠᠭ᠎ᠠ ᠵᠢᠨ 《ᠨᠢᠭᠡ ᠪᠦᠰᠡ ᠨᠢᠭᠡ ᠵᠠᠮ》᠎ᠤᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠪᠠᠢ᠌ᠯᠳᠤᠬᠤ ᠪᠣᠳᠣᠯᠭ᠎ᠠ ᠵᠢᠨ ᠰᠡᠳᠬᠢᠬᠦᠢ᠂ ᠰᠢᠰᠲᠸᠮᠳᠦ ᠣᠢ᠌ᠯᠠᠭ᠋ᠠᠭᠳᠠᠬᠤᠨ᠂ ᠤᠯᠠᠨ ᠤᠯᠤᠰ᠎ᠤᠨ ᠬᠠᠷᠠᠭ᠎ᠠ᠎ᠪᠠᠨ ᠴᠢᠩᠭ᠋ᠠᠳᠬᠠᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠴᠢᠬᠤᠯᠠ ᠪᠡᠬᠢᠯᠡᠯᠲᠡ ᠵᠢᠨ ᠪᠠᠢ᠌ᠯᠳᠤᠬᠤ ᠪᠣᠳᠣᠯᠭ᠎ᠠ ᠵᠢᠨ ᠪᠠᠢ᠌ᠷᠢ ᠲᠣᠭᠲᠠᠭ᠋ᠠᠯᠲᠠ᠎ᠳᠤ ᠰᠠᠭᠤᠷᠢᠯᠠᠵᠤ᠂ ᠤᠯᠤᠰ᠎ᠤᠨ ᠬᠡᠷᠡᠭᠴᠡᠭᠡ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠴᠢᠳᠠᠪᠤᠷᠢ᠎ᠳᠤ ᠠᠩᠬᠠᠷᠤᠯ ᠵᠶ᠋ᠠᠨ ᠬᠠᠨᠳᠤᠭᠤᠯᠤᠨ᠂ 《ᠨᠢᠭᠡ ᠪᠦᠰᠡ ᠨᠢᠭᠡ ᠵᠠᠮ》᠎ᠢ ᠴᠢᠨᠠᠷ ᠰᠠᠢ᠌ᠲᠠᠢ ᠬᠠᠮᠲᠤ᠎ᠪᠠᠷ ᠪᠦᠲᠦᠭᠡᠨ ᠪᠠᠶ᠋ᠢᠭᠤᠯᠬᠤ᠎ᠳᠤ ᠭᠦᠨᠵᠡᠭᠡᠢ ᠠᠭᠤᠰᠤᠯᠴᠠᠵᠤ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠡᠭᠦᠷᠭᠡᠯᠡᠯ᠎ᠢ ᠢᠯᠡᠷᠡᠭᠦᠯᠬᠦ ᠬᠡᠷᠡᠭᠲᠡᠢ᠃ 《ᠭᠠᠳᠠᠭᠰᠢ ᠭᠠᠷᠬᠤ + ᠣᠷᠣᠭᠤᠯᠵᠤ ᠠᠪᠴᠢᠷᠠᠬᠤ》 ᠬᠣᠣᠰ ᠴᠢᠭᠯᠡᠯ ᠵᠶ᠋ᠡᠷ ᠡᠨᠧᠷᠭᠢ ᠣᠯᠭᠣᠬᠤ ᠵᠢ ᠪᠠᠷᠢᠮᠲᠠᠯᠠᠵᠤ᠂ ᠬᠥᠭᠵᠢᠯᠲᠡ ᠵᠢᠨ ᠠᠵᠠ ᠲᠣᠬᠢᠶᠠᠯ᠎ᠢ ᠠᠮᠵᠢᠵᠤ᠂ ᠪᠦᠰᠡᠯᠡᠯᠲᠡ ᠵᠢ ᠰᠢᠪᠲᠤᠯᠬᠤ ᠠᠷᠭ᠎ᠠ ᠪᠣᠳᠣᠯᠭ᠎ᠠ ᠵᠢ ᠣᠨᠣᠪᠴᠢᠲᠠᠢ ᠡᠷᠢᠵᠦ᠂ ᠬᠤᠳᠠ ᠬᠥᠳᠡᠭᠡ ᠵᠢᠨ ᠬᠥᠭᠵᠢᠯᠲᠡ᠂ ᠬᠥᠮᠥᠰ᠎ᠤᠨ ᠣᠷᠣᠰᠢᠨ ᠰᠠᠭᠤᠬᠤ ᠤᠷᠴᠢᠨ ᠲᠤᠭᠤᠷᠢᠨ᠎ᠤ ᠵᠠᠰᠠᠯᠲᠠ᠂ ᠪᠠᠷᠢᠮᠵᠢᠶ᠎ᠠ ᠵᠢᠨ ᠪᠠᠢ᠌ᠭᠤᠯᠤᠯᠲᠠ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ᠂ ᠴᠡᠪᠡᠷ ᠡᠨᠧᠷᠭᠢ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠳᠠᠪᠤᠷᠢᠲᠠᠨ ᠵᠡᠷᠭᠡ ᠬᠦᠷᠢᠶᠡᠨ᠎ᠤ ᠭᠦᠨ ᠳᠠᠪᠬᠤᠷᠭ᠎ᠠ ᠵᠢᠨ ᠬᠠᠮᠲᠤᠷᠠᠯᠴᠠᠭ᠎ᠠ ᠰᠣᠯᠢᠯᠴᠠᠭ᠎ᠠ ᠵᠢ ᠢᠳᠡᠪᠬᠢᠲᠡᠢ ᠠᠬᠢᠭᠤᠯᠵᠤ᠂ ᠴᠢᠬᠤᠯᠠ ᠶᠡᠬᠡ ᠪᠡᠯᠭᠡ ᠲᠡᠮᠳᠡᠭ᠎ᠤᠨ ᠴᠢᠨᠠᠷᠲᠠᠢ ᠢᠨᠵᠧᠨᠧᠷᠢᠩ ᠪᠠ 《ᠪᠠᠭ᠎ᠠ ᠮᠥᠷᠲᠡᠭᠡᠨ ᠰᠠᠢ᠌ᠬᠠᠨ》 ᠠᠷᠠᠳ᠎ᠤᠨ ᠠᠮᠢᠳᠤᠷᠠᠯ᠎ᠤᠨ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠤᠯᠠᠨ ᠲᠦᠮᠡᠨ᠎ᠲᠠᠢ ᠣᠢ᠌ᠷᠠᠲᠤᠭᠰᠠᠨ᠂ ᠬᠥᠮᠥᠰ᠎ᠤᠨ ᠰᠡᠳᠬᠢᠯ᠎ᠢ ᠨᠢᠭᠲᠠᠷᠠᠭᠤᠯᠤᠭᠰᠠᠨ ᠨᠡᠩ ᠤᠯᠠᠨ ᠬᠠᠮᠲᠤᠷᠠᠯᠴᠠᠭ᠋ᠠᠨ᠎ᠤ ᠦᠷ᠎ᠡ ᠪᠦᠲᠦᠭᠡᠯ᠎ᠢ ᠪᠤᠢ ᠪᠣᠯᠭ᠋ᠠᠬᠤ ᠬᠡᠷᠡᠭᠲᠡᠢ᠃ ᠪᠠᠷᠢᠯᠭ᠎ᠠ ᠵᠢᠨ ᠦᠢ᠍ᠯᠡᠰ᠎ᠤᠨ ᠭᠤᠷᠪᠠᠨ ᠵᠢᠯ᠎ᠳᠤ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠎ᠠ ᠵᠢᠨ ᠲᠥᠯᠥᠪᠯᠡᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠪᠠᠷᠢᠯᠭ᠎ᠠ ᠵᠢᠨ ᠠᠵᠤ ᠦᠢ᠍ᠯᠡᠰ᠎ᠤᠨ ᠬᠡᠯᠬᠢᠶ᠎ᠡ ᠪᠣᠯᠣᠨ ᠠᠵᠤ ᠦᠢ᠍ᠯᠡᠰ᠎ᠤᠨ ᠪᠦᠯᠦᠭᠵᠢᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠭᠠᠳᠠᠭ᠋ᠠᠳᠦ᠎ᠳᠤ ᠴᠢᠭᠯᠡᠭᠦᠯᠦᠭᠰᠡᠨ ᠠᠵᠤ ᠠᠬᠤᠢ᠌ᠯᠠᠯ᠎ᠢ ᠪᠣᠢ᠌ᠵᠢᠭᠤᠯᠬᠤ ᠵᠢ ᠪᠦᠬᠦ ᠬᠦᠴᠦᠨ ᠵᠶ᠋ᠡᠷ ᠵᠶ᠋ᠡᠨ ᠲᠡᠳᠬᠦᠵᠦ᠂ ᠣᠷᠣᠨ᠎ᠤ ᠳᠣᠲᠣᠷ᠎ᠠ ᠭᠠᠳᠠᠨᠠᠬᠢ ᠠᠵᠤ ᠠᠬᠤᠢ᠌ᠯᠠᠯ᠎ᠤᠨ ᠪᠦᠯᠬᠦᠮᠳᠡᠵᠦ ᠭᠠᠳᠠᠭᠰᠢ ᠭᠠᠷᠬᠤ᠂ ᠬᠠᠮᠲᠤᠷᠠᠯᠴᠠᠨ ᠬᠠᠮᠲᠤ᠎ᠪᠠᠷ ᠠᠰᠢᠭ ᠬᠦᠷᠳᠡᠬᠦ ᠵᠢ ᠵᠣᠷᠢᠭᠵᠢᠭᠤᠯᠵᠤ᠂ ᠤᠯᠠᠨ ᠤᠯᠤᠰ᠎ᠤᠨ ᠵᠠᠬ᠎ᠠ ᠳᠡᠯᠭᠡᠭᠦᠷ᠎ᠢ ᠢᠳᠡᠪᠬᠢᠲᠡᠢ ᠨᠡᠭᠡᠭᠡᠵᠦ᠂ ᠪᠠᠷᠢᠯᠭ᠎ᠠ ᠵᠢᠨ ᠠᠵᠤ ᠠᠬᠤᠢ᠌ᠯᠠᠯ᠎ᠤᠨ ᠳᠡᠯᠡᠬᠡᠢ᠎ᠳᠠᠬᠢ ᠥᠷᠢᠰᠦᠯᠳᠦᠬᠦ ᠬᠦᠴᠦᠨ ᠪᠣᠯᠣᠨ ᠵᠠᠬ᠎ᠠ ᠳᠡᠯᠭᠡᠭᠦᠷ᠎ᠤᠨ ᠡᠵᠡᠯᠡᠬᠦ ᠨᠤᠷᠮ᠎ᠠ ᠵᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ ᠥᠪᠥᠷ ᠮᠣᠩᠭᠣᠯ᠎ᠤᠨ ᠦᠢ᠍ᠯᠡᠳᠭᠦᠨ᠎ᠤ ᠲᠦᠷᠦᠯ ᠲᠡᠮᠳᠡᠭᠳᠦ ᠵᠢ ᠡᠭᠦᠳᠬᠦ ᠬᠡᠷᠡᠭᠲᠡᠢ᠃ ᠲᠦᠷᠦ ᠵᠢᠨ ᠪᠣᠳᠣᠯᠭ᠎ᠠ ᠵᠢᠨ ᠲᠤᠯᠭ᠋ᠠᠭᠤᠷᠢᠯᠠᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠳᠦᠷᠢᠮ᠎ᠤᠨ ᠬᠡᠯᠪᠡᠷᠢ ᠵᠢᠨ ᠨᠡᠭᠡᠭᠡᠯᠲᠡ ᠵᠢ ᠲᠣᠭᠲᠠᠭᠤᠨ ᠵᠶ᠋ᠠᠷ ᠥᠷᠭᠡᠳᠬᠡᠵᠦ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ 《ᠨᠢᠭᠡ ᠰᠦᠯᠵᠢᠶ᠎ᠡ᠎ᠪᠠᠷ ᠪᠦᠬᠦᠨ᠎ᠢ ᠰᠢᠢ᠍ᠳᠪᠦᠷᠢᠯᠡᠬᠦ》 ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠪᠡᠯᠡ ᠮᠥᠩᠭᠥ ᠵᠢ ᠣᠷᠣᠭᠤᠯᠤᠨ ᠠᠪᠴᠢᠷᠠᠵᠤ ᠪᠡᠯᠡ ᠮᠥᠩᠭᠥ ᠵᠢ ᠲᠣᠭᠲᠠᠪᠤᠷᠢᠵᠢᠭᠤᠯᠬᠤ ᠡᠷᠴᠢᠮ᠎ᠢ ᠴᠢᠩᠭ᠋ᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠢ᠌ᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠵᠢᠯ᠎ᠤᠨ ᠰᠡᠭᠦᠯᠴᠢ ᠵᠢᠯ᠎ᠤᠨ ᠡᠬᠢᠨ᠎ᠤ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠢ ᠪᠤᠳᠠᠳᠠᠢ ᠴᠢᠩᠭ᠎ᠠ ᠠᠳᠬᠤᠵᠤ᠂ ᠣᠳᠣᠬᠠᠨ᠎ᠤ ᠪᠣᠷᠣᠭ᠋ᠠᠨ ᠴᠠᠰᠤ᠂ ᠬᠦᠢ᠍ᠲᠡᠨ ᠤᠷᠤᠰᠬᠠᠯ᠎ᠤᠨ ᠴᠠᠭ ᠠᠭᠤᠷ ᠵᠡᠷᠭᠡ ᠠᠰᠢᠭ ᠦᠭᠡᠢ ᠬᠦᠴᠦᠨ ᠵᠦᠢ᠍ᠯ᠎ᠢ ᠨᠢᠭᠲᠠ ᠠᠩᠬᠠᠷᠴᠤ᠂ ᠠᠶᠤᠯ ᠲᠦᠭᠰᠢᠭᠦᠷᠢ ᠵᠢ ᠰᠤᠳᠤᠯᠤᠨ ᠮᠠᠭ᠋ᠠᠳᠯᠠᠬᠤ ᠵᠢ ᠴᠢᠩᠭ᠋ᠠᠳᠬᠠᠵᠤ᠂ ᠠᠵᠢᠯ᠎ᠤᠨ ᠵᠢᠱ᠌ᠢᠯᠲᠡ ᠵᠢᠨ ᠴᠢᠨᠠᠷ᠂ ᠪᠠᠷᠠᠭ᠋ᠠᠯᠬᠢᠯᠠᠯ᠎ᠤᠨ ᠴᠢᠨᠠᠷ ᠪᠣᠯᠣᠨ ᠰᠠᠨᠠᠭ᠋ᠠᠴᠢᠯᠠᠭ᠋ᠠᠲᠤ ᠴᠢᠨᠠᠷ᠎ᠢ ᠴᠢᠩᠭ᠋ᠠᠳᠬᠠᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢᠨ ᠳᠦᠷᠢᠮ᠎ᠢ ᠪᠦᠬᠦ ᠲᠠᠯ᠎ᠠ᠎ᠪᠠᠷ ᠪᠡᠬᠢᠵᠢᠭᠦᠯᠵᠦ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠪᠦᠲᠦᠮᠵᠢᠲᠡᠢ ᠳᠠᠮᠵᠢᠭᠤᠯᠵᠤ᠂ ᠡᠯ᠎ᠡ ᠭᠣᠭᠴᠣᠭ᠎ᠠ᠂ ᠪᠣᠳᠠᠲᠠᠢ ᠠᠵᠢᠯ᠎ᠤᠨ ᠪᠠᠢ᠌ᠷᠢ᠎ᠳᠤ ᠨᠠᠷᠢᠯᠢᠭᠵᠢᠭᠤᠯᠤᠨ ᠨᠠᠢ᠌ᠳᠠᠪᠤᠷᠢᠵᠢᠭᠤᠯᠬᠤ ᠬᠡᠷᠡᠭᠲᠡᠢ᠃ ᠰᠢᠳᠠᠮᠠᠬᠠᠢ ᠬᠡᠢ᠂ ᠳᠤᠯᠠᠭ᠋ᠠᠯᠭ᠎ᠠ᠂ ᠪᠠᠷᠢᠯᠭ᠎ᠠ ᠵᠢᠨ ᠭᠠᠵᠠᠷ᠂ ᠬᠤᠳᠠ ᠵᠢᠨ ᠶᠠᠪᠤᠳᠠᠯ᠎ᠤᠨ ᠰᠠᠭᠤᠷᠢ ᠲᠥᠬᠦᠭᠡᠷᠦᠮᠵᠢ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠴᠢᠭᠯᠡᠭᠦᠯᠦᠨ ᠲᠠᠯᠳᠠ ᠭᠡᠮ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠠᠵᠢᠯ᠎ᠢ ᠪᠦᠬᠦ ᠲᠠᠯ᠎ᠠ᠎ᠪᠠᠷ ᠥᠷᠨᠢᠭᠦᠯᠵᠦ᠂ ᠬᠦᠨᠳᠦ ᠶᠡᠬᠡ ᠣᠨᠴᠠ ᠶᠡᠬᠡ ᠡ᠊ᠨᠳᠡᠯ ᠭᠠᠷᠬᠤ ᠵᠢ ᠡᠷᠡᠰ ᠰᠡᠷᠭᠡᠢ᠌ᠯᠡᠨ ᠬᠤᠷᠢᠭᠯᠠᠬᠤ ᠬᠡᠷᠡᠭᠳᠡᠢ ᠭᠡᠵᠦ ᠱᠠᠭ᠋ᠠᠷᠳᠠᠪᠠ᠃
ᠬᠤᠷᠠᠯ᠎ᠠᠴᠠ ᠤᠳᠤᠷᠢᠳᠬᠤ ᠪᠠᠭ᠎ᠤᠨ ᠪᠦᠷᠢᠯᠳᠦᠭᠦᠨ᠎ᠤ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠤᠯᠠᠮ ᠴᠢᠨᠠᠭᠰᠢᠳᠠ ᠴᠢᠩᠭ᠋ᠠᠳᠬᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠨ᠎ᠡ ᠵᠣᠷᠢᠭ ᠰᠠᠨᠠᠭ᠎ᠠ ᠰᠢᠨ᠎ᠡ ᠪᠠᠢ᠌ᠷᠢᠯᠠᠭᠤᠯᠤᠯᠲᠠ ᠰᠢᠨ᠎ᠡ ᠱᠠᠭ᠋ᠠᠷᠳᠠᠯᠭ᠎ᠠ ᠳᠡᠭᠡᠷ᠎ᠡ ᠦᠨᠡᠨᠬᠦ ᠨᠢᠭᠡᠳᠬᠡᠵᠦ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ᠂ ᠦᠵᠡᠯ ᠤᠬᠠᠮᠰᠠᠷ᠎ᠤᠨ ᠬᠡᠯᠪᠡᠷᠢ ᠵᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠂ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠵᠢᠨ ᠠᠵᠢᠯ ᠪᠣᠯᠣᠨ ᠲᠤᠬᠠᠢ᠌ᠯᠠᠭᠰᠠᠨ ᠠᠵᠢᠯ᠎ᠢ ᠪᠠᠳᠤᠳᠬᠠᠵᠤ᠂ 《ᠨᠢᠭᠡ ᠠᠵᠢᠯ᠎ᠤᠨ ᠪᠠᠢ᠌ᠷᠢ ᠬᠣᠶᠠᠷ ᠬᠠᠷᠢᠭᠤᠴᠠᠯᠭ᠎ᠠ》 ᠵᠢ ᠰᠠᠢ᠌ᠲᠤᠷ ᠭᠦᠢ᠍ᠴᠡᠳᠬᠡᠵᠦ᠂ ᠲᠢᠩᠬᠢᠮ᠎ᠤᠨ ᠰᠢᠰᠲ᠋ᠧᠮ᠎ᠤᠨ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠤᠨ ᠭᠦᠨᠵᠡᠭᠡᠢ᠌ᠷᠡᠨ ᠬᠥᠭᠵᠢᠬᠦ ᠵᠢ ᠠᠬᠢᠭᠤᠯᠬᠤ ᠬᠡᠷᠡᠭᠲᠡᠢ᠃ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠠᠵᠢᠯ᠎ᠢ ᠦᠷᠭᠦᠯᠵᠢᠯᠡᠨ ᠭᠦᠨᠵᠡᠭᠡᠢ ᠰᠠᠢ᠌ᠲᠤᠷ ᠠᠳᠬᠤᠵᠤ᠂ ᠵᠠᠩᠭᠢᠯᠠᠭ᠎ᠠ ᠵᠢᠨ ᠭᠣᠣᠯᠳᠠᠯᠭ᠎ᠠ ᠵᠢ ᠴᠢᠩᠭ᠎ᠠ ᠠᠩᠬᠠᠷᠴᠤ᠂ ᠲᠤᠳᠠᠭᠳᠠᠯ ᠵᠶ᠋ᠠᠨ ᠨᠥᠬᠥᠪᠦᠷᠢᠯᠡᠨ᠂ ᠨᠠᠮ᠎ᠤᠨ ᠰᠤᠷᠲᠠᠯ᠎ᠤᠨ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠬᠥᠮᠦᠵᠢᠯ᠎ᠤᠨ ᠳᠦᠷᠢᠮᠵᠢᠭᠦᠯᠦᠯᠲᠡ᠂ ᠪᠠᠶ᠋ᠢᠩᠭᠤᠵᠢᠯᠲᠠ ᠵᠢ ᠲᠦᠯᠬᠢᠨ ᠠᠬᠢᠭᠤᠯᠵᠤ᠂ ᠨᠠᠮ᠎ᠤᠨ ᠭᠡᠰᠢᠭᠦᠨ ᠺᠠᠳ᠋ᠷᠴᠤᠳ᠎ᠤᠨ ᠪᠢᠰᠢᠷᠡᠨ ᠵᠢᠷᠦᠬᠡᠰᠢᠶᠡᠬᠦ ᠵᠢ ᠮᠡᠳᠡᠬᠦ᠂ ᠰᠡᠷᠡᠮᠵᠢᠯᠡᠨ ᠡᠮᠢᠶᠡᠬᠦ᠂ ᠬᠣᠷᠢᠭ᠎ᠠ ᠱᠤᠭᠤᠮ᠎ᠢ ᠰᠠᠬᠢᠬᠤ ᠵᠢ ᠬᠥᠲᠥᠯᠥᠨ ᠵᠢᠯᠤᠭᠣᠳᠴᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠪᠤᠢ ᠪᠣᠯᠭ᠋ᠠᠬᠤ ᠬᠡᠷᠡᠭᠲᠡᠢ᠃ ᠦᠵᠡᠯ ᠤᠬᠠᠮᠰᠠᠷ᠎ᠤᠨ ᠬᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠵᠢᠭᠰᠠᠭ᠋ᠠᠯ᠎ᠤᠨ ᠭᠠᠵᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠶᠠᠷᠢᠶ᠎ᠠ ᠬᠡᠯᠡᠯᠴᠡᠭᠡᠨ᠎ᠤ ᠪᠠᠢ᠌ᠳᠠᠯ᠎ᠢ ᠵᠥᠪᠳᠡᠯᠴᠡᠨ ᠰᠤᠳᠤᠯᠤᠨ ᠮᠠᠭ᠋ᠠᠳᠯᠠᠵᠤ ᠤᠷᠢᠳᠴᠢᠯᠠᠨ ᠰᠡᠷᠡᠮᠵᠢᠯᠡᠭᠦᠯᠬᠦ ᠵᠢ ᠴᠢᠩᠭ᠋ᠠᠳᠬᠠᠵᠤ᠂ ᠦᠵᠡᠯ ᠤᠬᠠᠮᠰᠠᠷ᠎ᠤᠨ ᠬᠡᠯᠪᠡᠷᠢ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢᠨ ᠲᠣᠣᠷ᠎ᠢ ᠨᠢᠭᠲᠠ ᠪᠥᠭᠡᠳ ᠪᠠᠲᠤ ᠰᠦᠯᠵᠢᠬᠦ ᠬᠡᠷᠡᠭᠲᠡᠢ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠵᠶ᠋ᠠᠷ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠪᠦᠬᠦ ᠲᠠᠯ᠎ᠠ ᠵᠢ ᠶᠡᠷᠦᠩᠬᠡᠢ᠌ᠯᠡᠨ ᠡᠵᠡᠮᠳᠡᠬᠦ ᠵᠢ ᠪᠠᠷᠢᠮᠲᠠᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠭᠣᠣᠯᠳᠠᠯᠭ᠎ᠠ ᠵᠢ ᠲᠤᠪᠤᠢ᠍ᠢ᠍ᠯᠭ᠋ᠠᠵᠤ᠂ ᠤᠶᠠᠯᠳᠤᠭᠤᠯᠬᠤ ᠪᠠ ᠠᠭᠤᠰᠤᠯᠴᠠᠭᠤᠯᠬᠤ ᠳᠡᠭᠡᠷ᠎ᠡ ᠬᠦᠴᠦ ᠲᠠᠯᠪᠢᠵᠤ᠂ ᠪᠣᠳᠠᠲᠠᠢ ᠠᠵᠢᠯ ᠪᠣᠳᠠᠲᠠᠢ ᠶᠠᠪᠤᠳᠠᠯ᠎ᠠᠴᠠ ᠭᠠᠷᠳᠠᠬᠤ ᠵᠢ ᠪᠠᠷᠢᠮᠲᠠᠯᠠᠵᠤ᠂ ᠭᠣᠣᠯ ᠰᠢᠵᠢᠮ᠎ᠤᠨ ᠠᠵᠢᠯ᠎ᠢ ᠲᠤᠭᠤᠰᠢᠯᠠᠭᠤᠯᠬᠤ ᠦᠨᠡᠨᠬᠦ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ ᠬᠡᠳᠦ ᠤᠷᠲᠤ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠲᠥᠷᠥᠯ ᠵᠦᠢ᠍ᠯ᠎ᠤᠨ ᠬᠢᠨᠠᠯᠲᠠ ᠬᠠᠮᠢᠶᠠᠷᠤᠯᠲᠠ ᠵᠢᠨ ᠠᠷᠭ᠎ᠠ (ᠲᠦᠷ ᠬᠡᠷᠡᠭᠵᠢᠭᠦᠯᠬᠦ)》᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠤᠨ ᠬᠣᠲᠠ ᠪᠠᠯᠭ᠋ᠠᠰᠤ ᠵᠢᠨ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠨᠥᠬᠥᠪᠦᠷᠢ ᠵᠢᠨ ᠪᠡᠯᠡ ᠮᠥᠩᠭᠥ᠂ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠨᠥᠬᠥᠪᠦᠷᠢ ᠵᠢᠨ ᠪᠡᠯᠡ ᠮᠥᠩᠭᠥ᠂ ᠥᠪᠡᠷᠲᠡᠭᠡᠨ ᠵᠠᠰᠠᠬᠤ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠬᠣᠭ ᠨᠣᠪᠰᠢ ᠵᠢ ᠰᠢᠢ᠍ᠳᠪᠦᠷᠢᠯᠡᠬᠦ ᠨᠥᠬᠥᠪᠦᠷᠢ ᠵᠢᠨ ᠪᠡᠯᠡ ᠮᠥᠩᠭᠥ ᠵᠢᠴᠢ ᠪᠠᠢ᠌ᠭᠤᠯᠤᠮᠵᠢ᠎ᠳᠦ ᠪᠠᠯᠭ᠋ᠠᠰᠤ ᠵᠢᠨ ᠪᠣᠬᠢᠷ ᠤᠰᠤ ᠵᠢ ᠵᠠᠰᠠᠬᠤ ᠪᠡᠯᠡ ᠮᠥᠩᠭᠥ᠂ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭ᠋ᠠᠰᠤ ᠵᠢᠨ ᠬᠠᠭᠤᠴᠢᠨ ᠤᠷᠤᠨ ᠰᠠᠭᠤᠴᠠ ᠵᠢᠨ ᠲᠣᠭᠣᠷᠢᠭ᠎ᠢ ᠰᠢᠨᠡᠳᠬᠡᠨ ᠵᠠᠰᠠᠬᠤ ᠨᠥᠬᠥᠪᠦᠷᠢ ᠵᠢᠨ ᠪᠡᠯᠡ ᠮᠥᠩᠭᠥ ᠵᠢᠨ ᠬᠤᠪᠢᠶᠠᠷᠢᠯᠠᠯᠲᠠ ᠵᠢᠨ ᠲᠥᠰᠥᠯ ᠵᠡᠷᠭᠡ ᠵᠦᠢ᠍ᠯᠡᠰ᠎ᠢ ᠤᠷᠢᠳᠴᠢᠯᠠᠨ ᠪᠠᠭᠤᠯᠭ᠋ᠠᠬᠤ ᠲᠤᠬᠠᠢ ᠰᠤᠳᠤᠯᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃