ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2024-11-29

    11 ᠳ᠋ᠤᠭᠡᠷ ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ᠂ ᠲᠢᠩᠬᠢᠮ᠎ᠤᠨ ᠳᠠᠷᠤᠭ᠎ᠠ ᠭᠦᠸᠧ ᠢᠦᠢ ᠹᠧᠩ ᠬᠤᠷᠠᠯ ᠡᠷᠭᠢᠯᠡᠪᠡ᠃


W020241129330327953880.png


     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ 《ᠬᠥᠮᠥᠨ ᠠᠮᠠ ᠵᠢᠨ ᠴᠢᠨᠠᠷ ᠰᠠᠢ᠌ᠲᠠᠢ ᠬᠥᠭᠵᠢᠯᠲᠡ᠎ᠪᠠᠷ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠲᠤᠯᠭ᠋ᠠᠭᠤᠷᠢᠯᠠᠭᠤᠯᠤᠶ᠎ᠠ》 ᠭᠡᠬᠦ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠷᠠᠳ᠎ᠤᠨ ᠬᠤᠳᠠ ᠵᠢᠨ ᠣᠢ᠌ᠯᠠᠭ᠋ᠠᠭᠳᠠᠬᠤᠨ᠎ᠢ ᠪᠠᠲᠤ ᠪᠤᠢ ᠪᠣᠯᠭ᠋ᠠᠬᠤ ᠪᠠ ᠦᠢ᠍ᠯᠡᠳᠦᠯᠭᠡᠵᠢᠭᠦᠯᠵᠦ᠂ ᠬᠥᠮᠥᠨ ᠠᠮᠠ ᠵᠢᠨ ᠬᠥᠭᠵᠢᠯᠲᠡ ᠵᠢ ᠳᠡᠮᠵᠢᠬᠦ ᠪᠠ ᠦᠢ᠍ᠯᠡᠴᠢᠯᠡᠬᠦ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢ ᠲᠦᠯᠬᠢᠨ ᠠᠬᠢᠭᠤᠯᠬᠤ᠎ᠪᠠᠷ ᠲᠣᠬᠢᠶᠠᠯ ᠪᠣᠯᠭ᠋ᠠᠵᠤ᠂ ᠰᠠᠢ᠌ᠨ ᠭᠡᠷ ᠪᠠᠢ᠌ᠰᠢᠩ᠂ ᠰᠠᠢ᠌ᠨ ᠰᠠᠭᠤᠭ᠋ᠠᠯᠢ ᠠᠷᠠᠳ᠎ᠤᠨ ᠲᠣᠭᠣᠷᠢᠭ᠂ ᠰᠠᠢ᠌ᠨ ᠨᠡᠢ᠌ᠭᠡᠮ ᠲᠣᠭᠣᠷᠢᠭ᠂ ᠰᠠᠢ᠌ᠨ ᠬᠤᠳᠠ ᠵᠢᠨ ᠲᠣᠭᠣᠷᠢᠭ᠎ᠤᠨ 《ᠲᠦᠷᠪᠡᠨ ᠰᠠᠢ᠌ᠨ》᠎ᠤ ᠪᠦᠲᠦᠭᠡᠨ ᠪᠠᠢ᠌ᠭᠤᠯᠤᠯᠲᠠ ᠵᠢ ᠰᠢᠰᠲ᠋ᠧᠮ᠎ᠲᠠᠢ᠎ᠪᠠᠷ ᠲᠦᠯᠬᠢᠨ ᠠᠬᠢᠭᠤᠯᠵᠤ᠂ ᠠᠷᠠᠳ ᠤᠯᠠᠨ᠎ᠤ ᠰᠠᠢ᠌ᠨ ᠰᠠᠢ᠌ᠬᠠᠨ ᠠᠮᠢᠳᠤᠷᠠᠯ᠎ᠤᠨ ᠲᠤᠬᠠᠢ ᠬᠦᠰᠡᠯ ᠡᠷᠡᠮᠡᠯᠵᠡᠯ᠎ᠢ ᠬᠠᠩᠭ᠋ᠠᠨ᠎ᠠ᠃ ᠲᠦᠷᠢᠶᠡᠰᠦᠯᠡᠬᠦ ᠪᠠ ᠬᠤᠳᠠᠯᠳᠤᠨ ᠠᠪᠬᠤ ᠵᠢ ᠵᠡᠷᠭᠡ᠎ᠪᠠᠷ ᠴᠢᠬᠤᠯᠠᠴᠢᠯᠠᠬᠤ ᠣᠷᠣᠨ ᠰᠠᠭᠤᠴᠠ ᠵᠢᠨ ᠳᠦᠷᠢᠮ᠎ᠢ ᠲᠦᠷᠭᠡᠪᠴᠢᠯᠡᠨ ᠪᠠᠢ᠌ᠭᠤᠯᠵᠤ᠂ 《ᠬᠥᠮᠥᠨ ᠭᠡᠷ ᠭᠠᠵᠠᠷ ᠵᠣᠭᠣᠰ》᠎ᠢ ᠬᠣᠯᠪᠣᠯᠳᠤᠭᠤᠯᠬᠤ ᠬᠣᠯᠪᠣᠭᠳᠠᠯ ᠪᠦᠬᠦᠢ ᠲᠦᠷᠤ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢᠨ ᠬᠠᠩᠭ᠋ᠠᠯᠭ᠎ᠠ ᠵᠢ ᠨᠡᠮᠡᠭᠳᠡᠭᠦᠯᠦᠨ᠂ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠵᠢᠨ ᠬᠠᠩᠭ᠋ᠠᠯᠭ᠎ᠠ ᠵᠢᠨ ᠬᠡᠪᠴᠢᠶ᠎ᠡ ᠵᠢ ᠥᠷᠭᠡᠳᠬᠡᠵᠦ᠂ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠪᠠ ᠬᠤᠳᠠ ᠵᠢᠨ ᠳᠤᠮᠳᠠᠬᠢ ᠲᠣᠰᠬᠣᠨ᠎ᠤ ᠥᠭᠡᠷᠡᠴᠢᠯᠡᠯᠲᠡ ᠵᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠵᠤ᠂ ᠴᠢᠨᠠᠷ ᠰᠠᠢ᠌ᠲᠠᠢ ᠣᠷᠣᠨ ᠰᠠᠭᠤᠴᠠ ᠵᠢᠨ ᠬᠠᠩᠭ᠋ᠠᠯᠭ᠎ᠠ ᠵᠢ ᠴᠢᠩᠭ᠋ᠠᠳᠬᠠᠵᠤ᠂ ᠠᠳᠠᠯᠢ ᠪᠤᠰᠤ ᠬᠠᠮᠲᠤᠯᠢᠭ᠎ᠤᠨ ᠤᠯᠠᠨ ᠶᠠᠩᠵᠤᠴᠢᠯᠠᠭᠰᠠᠨ ᠣᠷᠣᠨ ᠰᠠᠭᠤᠴᠠ ᠵᠢᠨ ᠬᠡᠷᠡᠭᠴᠡᠭᠡ ᠵᠢ ᠬᠠᠩᠭ᠋ᠠᠬᠤ ᠬᠡᠷᠡᠭᠲᠡᠢ᠃ ᠲᠦᠷᠦ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠰᠢᠯᠢᠳᠡᠭᠵᠢᠭᠦᠯᠵᠦ᠂ ᠴᠢᠳᠠᠪᠤᠷᠢᠲᠠᠨ᠎ᠤ ᠠᠮᠦᠭᠤᠯᠠᠩᠳᠦ ᠣᠷᠣᠨ ᠰᠠᠭᠤᠴᠠ ᠵᠢᠨ ᠰᠢᠰᠲᠸᠮ᠎ᠢ ᠪᠦᠷᠢᠨᠰᠢᠭᠦᠯᠵᠦ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠬᠦᠭᠡᠷᠦᠮᠵᠢ ᠵᠢ ᠲᠡᠭᠦᠯᠳᠡᠷᠵᠢᠭᠦᠯᠵᠦ᠂ ᠴᠢᠳᠠᠪᠤᠷᠢᠲᠠᠨ᠎ᠢ ᠬᠥᠮᠥᠵᠢᠭᠦᠯᠬᠦ ᠠᠵᠢᠯ᠎ᠢ ᠦᠷᠭᠦᠯᠵᠢᠯᠡᠨ ᠰᠠᠢ᠌ᠲᠤᠷ ᠬᠢᠬᠦ ᠬᠡᠷᠡᠭᠲᠡᠢ᠃ ᠬᠥᠮᠥᠨ ᠠᠮᠠ ᠵᠢᠨ ᠬᠤᠪᠢᠷᠠᠯᠲᠠ ᠵᠢᠨ ᠬᠠᠨᠳᠤᠰᠢ᠎ᠳᠤ ᠵᠣᠬᠢᠴᠠᠭᠤᠯᠤᠨ᠂ ᠤᠯᠠᠨ ᠲᠦᠮᠡᠨ᠎ᠤ ᠠᠩᠬᠠᠷᠴᠤ ᠪᠠᠢ᠌ᠭ᠎ᠠ 《ᠨᠢᠭᠡ ᠨᠠᠰᠤᠲᠠᠨ ᠨᠢᠭᠡ ᠨᠢᠯᠬᠠᠰ》᠎ᠤᠨ ᠬᠡᠷᠡᠭᠴᠡᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠡᠢ᠌ᠭᠡᠮ ᠲᠣᠭᠣᠷᠢᠭ᠎ᠤᠨ ᠨᠠᠰᠤᠵᠢᠯ᠎ᠤᠨ ᠠᠰᠠᠷᠠᠮᠵᠢ ᠨᠠᠢ᠌ᠳᠠᠨ ᠬᠥᠮᠥᠵᠢᠭᠦᠯᠬᠦ ᠦᠢ᠍ᠯᠡᠴᠢᠯᠡᠭᠡᠨ᠎ᠤ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠴᠢᠩᠭ᠋ᠠᠳᠬᠠᠵᠤ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠪᠦᠬᠦ ᠬᠦᠴᠦᠨ ᠵᠶ᠋ᠡᠷ ᠵᠶ᠋ᠡᠨ ᠰᠠᠢ᠌ᠵᠢᠷᠠᠭᠤᠯᠵᠤ᠂ ᠠᠷᠠᠳ ᠤᠯᠠᠨ᠎ᠤ ᠵᠣᠯ ᠵᠢᠷᠭ᠋ᠠᠯᠲᠤ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠎ᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ 2024 ᠣᠨ᠎ᠤ ᠳᠡᠯᠡᠬᠡᠢ ᠵᠢᠨ ᠢᠨᠲ᠋ᠥᠷ ᠰᠦᠯᠵᠢᠶᠡᠨ᠎ᠤ ᠶᠡᠬᠡ ᠬᠤᠷᠠᠯ᠎ᠤᠨ ᠦ᠋ ᠵᠸᠨ᠎ᠤ ᠲᠦᠷᠦᠭᠦᠴᠦᠳ᠎ᠤᠨ ᠬᠤᠷᠠᠯ ᠡᠬᠢᠯᠡᠬᠦ ᠦᠶ᠎ᠡ ᠵᠢᠨ ᠪᠠᠶᠠᠷ᠎ᠤᠨ ᠵᠠᠬᠢᠳᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠣᠭ᠋ᠠᠴᠢᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠬᠥᠭᠵᠢᠯᠲᠡ ᠵᠢᠨ ᠶᠡᠬᠡ ᠬᠠᠨᠳᠤᠰᠢ ᠵᠢ ᠭᠦᠨᠵᠡᠭᠡᠢ ᠡᠵᠡᠮᠳᠡᠵᠦ᠂ ᠰᠢᠯᠵᠢᠮᠡᠯ ᠢᠨᠲ᠋ᠥᠷ ᠰᠦᠯᠵᠢᠶ᠎ᠡ᠂ ᠡᠭᠦᠯᠡᠨ ᠪᠣᠳᠣᠯᠲᠠ᠂ ᠲᠣᠮᠣ ᠳ᠋ᠠᠢ᠌ᠲ᠋ᠠ ᠵᠡᠷᠭᠡ ᠮᠡᠳᠡᠭᠡ ᠵᠠᠩᠭᠢ ᠵᠢᠨ ᠮᠡᠷᠭᠡᠵᠢᠯ᠎ᠢ ᠰᠠᠢ᠌ᠳᠦᠷ ᠬᠡᠷᠡᠭᠯᠡᠵᠦ ᠠᠵᠢᠯ ᠲᠦᠷᠦᠯ᠎ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠵᠢ ᠬᠥᠲᠥᠯᠥᠨ ᠳᠠᠭ᠋ᠠᠭᠤᠯᠵᠤ᠂ 《ᠲᠣᠭ᠋ᠠᠴᠢᠯᠠᠭᠰᠠᠨ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ》 ᠵᠢ ᠪᠦᠬᠦ ᠬᠦᠴᠦᠨ ᠵᠶ᠋ᠡᠷ ᠵᠶ᠋ᠡᠨ ᠪᠦᠳᠦᠭᠡᠨ ᠪᠠᠢ᠌ᠭᠤᠯᠬᠤ ᠬᠡᠷᠡᠭᠲᠡᠢ᠃ ᠲᠣᠭ᠋ᠠᠴᠢᠯᠠᠭᠰᠠᠨ ᠡᠨᠧᠷᠭᠢ ᠣᠯᠭᠣᠬᠤ ᠵᠢᠨ ᠦᠷᠡᠵᠢᠭᠦᠯᠬᠦ ᠦᠢ᠍ᠯᠡᠳᠦᠯ᠎ᠢ ᠪᠠᠳᠠᠷᠠᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ 《ᠢᠨᠲ᠋ᠥᠷ ᠰᠦᠯᠵᠢᠶ᠎ᠡ + ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ》 ᠵᠢᠨ ᠲᠣᠭ᠋ᠠᠴᠢᠯᠠᠭᠰᠠᠨ ᠲᠠᠪᠴᠠᠩ᠎ᠤᠨ ᠪᠠᠢ᠌ᠭᠤᠯᠤᠯᠲᠠ ᠵᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢᠨ 《ᠨᠢᠭᠡ ᠰᠦᠯᠵᠢᠶ᠎ᠡ᠎ᠪᠠᠷ ᠪᠦᠬᠦᠨ᠎ᠢ ᠰᠢᠢ᠍ᠳᠪᠦᠷᠢᠯᠡᠬᠦ》᠂ ᠬᠤᠳᠠ ᠵᠢᠨ ᠵᠠᠰᠠᠯᠲᠠ ᠵᠢᠨ 《ᠨᠢᠭᠡ ᠰᠦᠯᠵᠢᠶ᠎ᠡ᠎ᠪᠠᠷ ᠨᠢᠭᠡᠳᠦᠯᠲᠡᠢ ᠬᠠᠮᠢᠶᠠᠷᠬᠤ》 ᠵᠢ ᠲᠦᠷᠭᠡᠨ ᠪᠡᠶᠡᠯᠡᠭᠦᠯᠵᠦ᠂ ᠠᠵᠤ ᠠᠬᠤᠢ᠌ᠯᠠᠯ ᠪᠠ ᠤᠯᠠᠨ ᠲᠦᠮᠡᠨ᠎ᠤ ᠰᠦᠯᠵᠢᠶᠡᠨ ᠳᠡᠭᠡᠷ᠎ᠡ ᠠᠵᠢᠯ ᠶᠠᠪᠤᠳᠠᠯ ᠰᠢᠢ᠍ᠳᠪᠦᠷᠢᠯᠡᠬᠦ᠎ᠳᠤ ᠲᠦᠬᠦᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃ ᠥᠪᠥᠷ ᠮᠣᠩᠭᠣᠯ᠎ᠤᠨ ᠪᠠᠷᠢᠯᠭ᠎ᠠ ᠵᠢᠨ ᠠᠵᠤ ᠦᠢ᠍ᠯᠡᠰ᠎ᠤᠨ ᠢᠨᠲ᠋ᠧᠷ ᠰᠦᠯᠵᠢᠶᠡᠨ᠎ᠤ ᠲᠠᠪᠴᠠᠩ᠎ᠤᠨ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠪᠠᠷᠢᠯᠭ᠎ᠠ ᠵᠢᠨ ᠦᠢ᠍ᠯᠡᠰ᠂ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠢᠯ ᠲᠥᠷᠥᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠵᠣᠬᠢᠶᠠᠮᠠᠯ ᠣᠶᠤᠨ᠂ ᠣᠶᠤᠨᠴᠢ ᠪᠦᠲᠦᠭᠡᠨ ᠪᠠᠢ᠌ᠭᠤᠯᠤᠯᠲᠠ ᠬᠢᠭᠡᠳ ᠪᠠᠷᠢᠯᠭ᠎ᠠ ᠵᠢᠨ ᠠᠵᠤ ᠦᠢ᠍ᠯᠡᠳᠪᠦᠷᠢᠵᠢᠯᠲᠡ ᠵᠢᠨ ᠬᠠᠮᠵᠢᠯᠴᠠᠨ ᠬᠥᠭᠵᠢᠬᠦ ᠵᠢ ᠦᠷᠭᠦᠯᠵᠢᠯᠡᠨ ᠠᠬᠢᠭᠤᠯᠵᠤ᠂ ᠠᠵᠢᠯ ᠲᠥᠷᠥᠯ᠎ᠤᠨ ᠪᠥᠬᠥ ᠬᠡᠯᠬᠢᠶᠡᠰᠦ ᠵᠢᠨ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠠᠬᠢᠭᠤᠯᠬᠤ ᠬᠡᠷᠡᠭᠲᠡᠢ᠃ ᠬᠥᠳᠡᠯᠦᠩᠭᠦᠢ ᠰᠡᠷᠡᠯ᠂ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠢ᠌ᠳᠠᠯ᠎ᠢ ᠠᠷᠭ᠋ᠠᠴᠠᠨ ᠰᠢᠢ᠍ᠳᠪᠦᠷᠢᠯᠡᠬᠦ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠵᠦ᠂ ᠰᠦᠯᠵᠢᠶᠡᠨ᠎ᠤ ᠠᠮᠤᠷ ᠲᠦᠪᠰᠢᠨ ᠪᠠ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠮᠠᠭ᠋ᠠᠯᠠᠯᠲᠠ ᠵᠢ ᠴᠢᠩᠭ᠋ᠠᠳᠬᠠᠵᠤ᠂ ᠰᠦᠯᠵᠢᠶᠡᠨ᠎ᠤ ᠪᠣᠯᠪᠠᠰᠤᠨ᠎ᠤ ᠪᠠᠢ᠌ᠭᠤᠯᠤᠯᠲᠠ ᠵᠢ ᠦᠷᠭᠦᠯᠵᠢᠯᠡᠨ ᠲᠦᠯᠬᠢᠨ ᠠᠬᠢᠭᠤᠯᠵᠤ᠂ ᠠᠮᠤᠷ ᠲᠦᠪᠰᠢᠨ᠂ ᠨᠡᠭᠡᠭᠡᠯᠲᠡᠲᠡᠢ᠂ ᠨᠠᠢ᠌ᠳᠠᠪᠤᠷᠢᠲᠠᠢ ᠰᠦᠯᠵᠢᠶᠡᠨ᠎ᠤ ᠠᠮᠢ ᠠᠬᠤᠢ ᠵᠢ ᠪᠤᠢ ᠪᠣᠯᠭ᠋ᠠᠬᠤ ᠬᠡᠷᠡᠭᠲᠡᠢ ᠭᠡᠵᠦ ᠱᠠᠭ᠋ᠠᠷᠳᠠᠪᠠ᠃


W020241129330328027589.png

     ᠬᠤᠷᠠᠯ᠎ᠠᠴᠠ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《ᠦᠵᠡᠰᠬᠦᠯᠡᠩᠲᠦ ᠰᠠᠢ᠌ᠬᠠᠨ ᠥᠪᠥᠷ ᠮᠣᠩᠭᠣᠯ᠎ᠤᠨ ᠪᠦᠲᠦᠭᠡᠨ ᠪᠠᠢ᠌ᠭᠤᠯᠤᠯᠲᠠ ᠵᠢ ᠬᠠᠮᠲᠤᠪᠠᠷ ᠠᠬᠢᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠤᠶᠠᠨ ᠬᠠᠳᠠᠨ ᠣᠶᠤᠨᠴᠢ ᠬᠤᠳᠠ ᠵᠢ ᠪᠦᠲᠦᠭᠡᠨ ᠪᠠᠶ᠋ᠢᠭᠤᠯᠬᠤ》 ᠬᠠᠮᠲᠤᠷᠠᠯᠴᠠᠭ᠋ᠠᠨ᠎ᠤ ᠪᠦᠳᠦᠭᠦᠪᠴᠢ ᠵᠥᠪᠯᠡᠯᠴᠡᠭᠡᠷ᠎ᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠵᠠ ᠲᠣᠬᠢᠶᠠᠯ᠎ᠢ ᠠᠮᠵᠢᠨ ᠠᠵᠢᠯᠯᠠᠵᠤ᠂ ᠡᠯ᠎ᠡ ᠵᠦᠢ᠍ᠯ᠎ᠤᠨ ᠭᠣᠣᠯᠳᠠᠯᠭ᠎ᠠ᠎ᠲᠠᠢ ᠡᠭᠦᠷᠭᠡ ᠵᠢ ᠪᠤᠳᠠᠳᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠱᠠᠯᠠᠪᠳᠠᠨ ᠠᠬᠢᠭᠤᠯᠵᠤ᠂ ᠠᠵᠠ ᠲᠣᠬᠢᠶᠠᠯ᠎ᠤᠨ ᠳᠠᠪᠠᠭᠤᠯᠢᠭ᠎ᠢ ᠦᠨᠡᠨᠬᠦ ᠬᠥᠭᠵᠢᠯᠲᠡ ᠵᠢᠨ ᠢᠯᠠᠯᠲᠠ ᠵᠢᠨ ᠬᠠᠨᠳᠤᠰᠢ ᠪᠣᠯᠭ᠋ᠠᠨ ᠬᠤᠪᠢᠷᠠᠭᠤᠯᠵᠤ᠂ ᠲᠦᠷᠦ ᠵᠢᠨ ᠪᠣᠳᠣᠯᠭ᠎ᠠ ᠵᠢᠨ ᠦᠨ᠎ᠡ ᠴᠠᠨ᠎ᠠ ᠵᠢ ᠬᠥᠭᠵᠢᠯᠲᠡ ᠵᠢᠨ ᠪᠣᠳᠠᠲᠤ ᠪᠣᠳᠠᠰ᠎ᠤᠨ ᠬᠡᠮᠵᠢᠶ᠎ᠡ ᠪᠣᠯᠭ᠋ᠠᠨ ᠬᠤᠪᠢᠷᠠᠭᠤᠯᠬᠤ ᠬᠡᠷᠡᠭᠲᠡᠢ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠠᠬᠢᠭᠤᠯᠬᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠤᠶᠠᠨ ᠬᠠᠳᠠᠨ ᠣᠶᠤᠨᠴᠢ ᠬᠤᠳᠠ ᠵᠢ ᠪᠦᠲᠦᠭᠡᠨ ᠪᠠᠶ᠋ᠢᠭᠤᠯᠬᠤ᠂ ᠬᠤᠳᠠ ᠵᠢᠨ ᠤᠰᠤᠨ᠎ᠤ ᠡᠬᠢ ᠪᠠᠶᠠᠯᠢᠭ᠎ᠢ ᠠᠷᠪᠢᠯᠠᠵᠤ ᠡᠷᠴᠢᠮᠵᠢᠭᠦᠯᠦᠨ ᠠᠰᠢᠭᠯᠠᠬᠤ ᠵᠢ ᠴᠢᠩᠭ᠋ᠠᠳᠬᠠᠬᠤ᠂ ᠴᠢᠨᠠᠷ ᠰᠠᠢ᠌ᠲᠠᠢ ᠣᠷᠣᠨ ᠰᠠᠭᠤᠴᠠ ᠵᠢᠨ ᠬᠥᠭᠵᠢᠯᠲᠡ ᠵᠢ ᠠᠬᠢᠭᠤᠯᠬᠤ᠂ ᠬᠤᠳᠠ ᠪᠠᠯᠭ᠋ᠠᠰᠤᠨ᠎ᠤ ᠢᠯᠴᠢ ᠬᠠᠩᠭ᠋ᠠᠬᠤ 《ᠳᠤᠯᠠᠭ᠋ᠠᠯᠭ᠎ᠠ ᠵᠢᠨ ᠢᠨᠵᠧᠨᠧᠷᠢᠩ》᠎ᠢ ᠬᠡᠷᠡᠭᠵᠢᠭᠦᠯᠬᠦ ᠵᠡᠷᠭᠡ ᠲᠠᠯ᠎ᠠ᠎ᠪᠠᠷ᠎ᠬᠢ ᠬᠠᠮᠲᠤᠷᠠᠯᠴᠠᠭ᠎ᠠ᠎ᠪᠠᠨ ᠭᠦᠨᠵᠡᠭᠡᠢ᠌ᠷᠡᠭᠦᠯᠬᠦ ᠵᠢᠨ ᠲᠣᠭᠣᠷᠢᠨ᠎ᠳᠤ᠂ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠬᠤ ᠵᠢ ᠴᠢᠩᠭ᠋ᠠᠳᠬᠠᠵᠤ᠂ ᠪᠣᠳᠠᠲᠠᠢ ᠰᠢᠪᠲᠤᠯᠤᠯᠲᠠ᠎ᠲᠠᠢ ᠪᠣᠯᠬᠤ᠎ᠪᠠᠷ ᠴᠢᠷᠮᠠᠢ᠌ᠵᠤ᠂ ᠶᠠᠮᠤᠨ ᠣᠷᠣᠨ ᠬᠣᠶᠠᠷ ᠱᠠᠲᠤᠨ᠎ᠤ ᠲᠣᠬᠢᠷᠠᠯᠴᠠᠭᠰᠠᠨ ᠬᠠᠮᠲᠤ ᠵᠢᠨ ᠲᠠᠨᠢᠯᠲᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠪᠠᠲᠤᠯᠠᠬᠤ ᠬᠡᠷᠡᠭᠲᠡᠢ᠃ ᠨᠡᠪᠳᠡᠷᠡᠯᠴᠡᠭᠡ ᠵᠣᠯᠭ᠋ᠠᠯᠴᠠᠭ᠎ᠠ ᠵᠢ ᠴᠢᠩᠭ᠋ᠠᠳᠬᠠᠵᠤ᠂ ᠤᠷᠳᠤ ᠬᠤᠭᠤᠴᠠᠭ᠋ᠠᠨ᠎ᠤ ᠨᠡᠪᠳᠡᠷᠡᠯᠴᠡᠭᠡᠨ᠎ᠤ ᠲᠣᠭᠲᠠᠴᠠ ᠵᠢ ᠪᠠᠢ᠌ᠭᠤᠯᠵᠤ᠂ ᠨᠡᠩ ᠤᠯᠠᠨ ᠤᠯᠤᠰ᠎ᠤᠨ ᠴᠢᠬᠤᠯᠠ ᠶᠡᠬᠡ ᠲᠦᠷᠦᠯ ᠵᠦᠢ᠍ᠯ᠎ᠢ ᠮᠠᠨ᠎ᠤ ᠣᠷᠣᠨ᠎ᠳᠤ ᠪᠠᠢ᠌ᠷᠢᠰᠢᠭᠤᠯᠵᠤ᠂ ᠨᠡᠩ ᠤᠯᠠᠨ ᠤᠯᠤᠰ᠎ᠤᠨ ᠲᠤᠷᠰᠢᠯᠲᠠ ᠵᠢᠨ ᠲᠦᠷᠦᠯ ᠵᠦᠢ᠍ᠯ᠎ᠢ ᠮᠠᠨ᠎ᠤ ᠣᠷᠣᠨ᠎ᠳᠤ ᠨᠠᠢ᠌ᠳᠠᠪᠤᠷᠢᠵᠢᠭᠤᠯᠵᠤ᠂ ᠨᠡᠩ ᠤᠯᠠᠨ ᠪᠡᠯᠡ ᠮᠥᠩᠭᠥ ᠵᠢᠨ ᠲᠡᠮᠵᠢᠯᠭᠡ ᠵᠢ ᠮᠠᠨ᠎ᠤ ᠣᠷᠣᠨ᠎ᠳᠤ ᠰᠢᠯᠵᠢᠭᠦᠯᠬᠦ᠂ ᠲᠦᠷᠦᠯ ᠵᠦᠢ᠍ᠯ᠎ᠢ ᠨᠠᠢ᠌ᠳᠠᠪᠤᠷᠢᠵᠢᠭᠤᠯᠤᠨ ᠪᠡᠯᠡ ᠣᠷᠣᠭᠤᠯᠵᠤ ᠪᠦᠲᠦᠭᠡᠨ ᠪᠠᠶ᠋ᠢᠭᠤᠯᠬᠤ ᠪᠣᠳᠠᠲᠤ ᠦᠷ᠎ᠡ ᠪᠦᠲᠦᠮᠵᠢ᠎ᠪᠠᠷ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ᠎ᠪᠠᠷ ᠴᠢᠷᠮᠠᠢ᠌ᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ ᠭᠣᠣᠯ ᠤᠳᠤᠷᠢᠳᠤᠯᠭ᠎ᠠ ᠮᠠᠨ᠎ᠤ ᠣᠷᠣᠨ᠎ᠳᠤ ᠢᠷᠡᠵᠦ ᠬᠣᠲᠠ ᠪᠠᠯᠭ᠋ᠠᠰᠤᠨ᠎ᠤ ᠢᠯᠴᠢ ᠬᠠᠩᠭ᠋ᠠᠬᠤ 《ᠳᠤᠯᠠᠭ᠋ᠠᠯᠭ᠎ᠠ ᠵᠢᠨ ᠢᠨᠵᠧᠨᠧᠷᠢᠩ》᠎ᠢ ᠪᠠᠢ᠌ᠴᠠᠭ᠋ᠠᠨ ᠰᠤᠳᠤᠯᠵᠤ᠂ ᠲᠣᠰ ᠠᠵᠢᠯ᠎ᠢ ᠳᠡᠭᠡᠳᠦ ᠬᠡᠮᠵᠢᠶ᠎ᠡ᠎ᠪᠠᠷ ᠦᠨᠡᠯᠡᠬᠦ ᠵᠢᠨ ᠬᠠᠮᠲᠤ ᠡᠨᠡ ᠡᠪᠦᠯ ᠢᠷᠡᠬᠦ ᠬᠠᠪᠤᠷ᠎ᠤᠨ ᠢᠯᠴᠢ ᠬᠠᠩᠭ᠋ᠠᠬᠤ ᠠᠵᠢᠯ᠎ᠢ ᠰᠠᠢ᠌ᠲᠤᠷ ᠬᠢᠬᠦ ᠲᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠪᠠ᠃ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠨᠠᠷᠢᠨ ᠬᠢᠨᠠᠮᠠᠭ᠋ᠠᠢ ᠰᠠᠢ᠌ᠲᠤᠷ ᠠᠳᠬᠤᠵᠤ᠂ 《ᠳᠤᠯᠠᠭ᠋ᠠᠯᠭ᠎ᠠ ᠵᠢᠨ ᠢᠨᠵᠧᠨᠧᠷᠢᠩ》᠎ᠤᠨ ᠳᠠᠷᠠᠭ᠋ᠠᠬᠢ ᠬᠠᠭ᠋ᠠᠰ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ 《ᠳᠤᠯᠠᠭ᠋ᠠᠯᠭ᠎ᠠ ᠵᠢᠨ ᠢᠨᠵᠧᠨᠧᠷᠢᠩ》᠎ᠤᠨ ᠦᠷ᠎ᠡ ᠪᠦᠲᠦᠭᠡᠯ᠎ᠢ ᠲᠠᠰᠤᠷᠠᠯᠳᠡ ᠦᠭᠡᠢ ᠪᠡᠬᠢᠵᠢᠭᠦᠯᠦᠨ ᠥᠷᠭᠡᠳᠬᠡᠵᠦ᠂ ᠬᠤᠳᠠ ᠪᠠᠯᠭ᠋ᠠᠰᠤᠨ᠎ᠤ ᠳᠤᠯᠠᠭ᠋ᠠᠯᠭ᠎ᠠ ᠵᠢᠨ ᠠᠵᠢᠯᠯᠠᠭ᠋ᠠᠨ ᠪᠣᠯᠣᠨ ᠦᠢ᠍ᠯᠡᠴᠢᠯᠡᠭᠡᠨ᠎ᠤ ᠶᠠᠰᠤ ᠴᠢᠨᠠᠷ᠎ᠢ ᠴᠢᠨᠠᠭᠰᠢᠳᠠ ᠳᠡᠭᠡᠭᠰᠢᠯᠡᠭᠦᠯᠵᠦ᠂ ᠤᠯᠠᠨ ᠲᠦᠮᠡᠨ᠎ᠤ ᠬᠠᠯᠠᠭᠤᠨ ᠲᠤᠯᠠᠭ᠋ᠠᠨ ᠡᠪᠦᠯᠵᠢᠬᠦ ᠵᠢ ᠪᠦᠬᠦ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠢ᠃ ᠰᠠᠨᠠᠭ᠋ᠠᠴᠢᠯᠠᠭ᠎ᠠ᠎ᠠᠴᠠ᠎ᠪᠠᠨ ᠨᠠᠷᠢᠯᠢᠭ ᠣᠨᠣᠴᠠᠲᠠᠢ᠎ᠪᠠᠷ ᠦᠢ᠍ᠯᠡᠴᠢᠯᠡᠵᠦ᠂ ᠢᠯᠴᠢ ᠬᠠᠩᠭ᠋ᠠᠬᠤ ᠦᠢ᠍ᠯᠡᠴᠢᠯᠡᠭᠡᠨ᠎ᠤ ᠲᠤᠰᠬᠠᠢ ᠤᠳᠠᠰᠤ᠂ 《ᠬᠣᠣᠰ ᠬᠠᠮᠢᠶᠠᠷᠤᠭᠴᠢ》 ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠤᠨ᠂ 《ᠠᠷᠠᠳ᠎ᠠᠴᠠ ᠳᠤᠯᠠᠭ᠋ᠠᠨ᠎ᠢ ᠠᠰᠠᠭᠤᠬᠤ》 ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠰᠠᠭᠤᠭ᠋ᠠᠯᠢ ᠠᠷᠠᠳ᠎ᠤᠨ ᠭᠡᠷ᠎ᠤᠨ ᠳᠤᠯᠠᠭ᠋ᠠᠨ᠎ᠢ ᠬᠢᠨᠠᠨ ᠬᠡᠮᠵᠢᠬᠦ ᠰᠢᠰᠲ᠋ᠧᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ 《ᠵᠠᠭ᠋ᠠᠯᠳᠤᠯᠭ᠎ᠠ ᠦᠭᠡᠢ᠎ᠪᠠᠷ ᠤᠷᠢᠳᠠᠪᠠᠷ ᠭᠦᠢ᠍ᠴᠡᠳᠬᠡᠬᠦ》 ᠵᠢ ᠦᠨᠡᠨᠬᠦ ᠪᠡᠶᠡᠯᠡᠭᠦᠯᠬᠦ ᠬᠡᠷᠡᠭᠲᠡᠢ᠃ ᠢᠯᠴᠢ ᠬᠠᠩᠭ᠋ᠠᠬᠤ ᠠᠵᠤ ᠠᠬᠤᠢ᠌ᠯᠠᠯ᠎ᠤᠨ ᠵᠥᠪᠰᠢᠶᠡᠷᠡᠨ ᠣᠷᠣᠭᠤᠯᠬᠤ᠂ ᠪᠤᠴᠠᠭ᠋ᠠᠨ ᠭᠠᠷᠭ᠋ᠠᠬᠤ ᠲᠣᠭᠲᠠᠴᠠ ᠵᠢ ᠬᠡᠷᠡᠭᠵᠢᠭᠦᠯᠬᠦ ᠵᠢ ᠠᠬᠢᠭᠤᠯᠵᠤ᠂ ᠡᠨᠧᠷᠭᠢ ᠵᠢᠨ ᠪᠠᠲᠤᠯᠠᠭ᠎ᠠ᠂ ᠬᠢᠨᠠᠨ ᠰᠢᠯᠭ᠋ᠠᠵᠤ ᠦᠨᠡᠯᠡᠬᠦ᠂ ᠦᠢ᠍ᠯᠡᠴᠢᠯᠡᠭᠡᠨ᠎ᠤ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠳᠦᠷᠢᠮ᠎ᠢ ᠲᠡᠭᠦᠯᠳᠡᠷᠵᠢᠭᠦᠯᠵᠦ᠂ ᠢᠯᠴᠢ ᠬᠠᠩᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠬᠦ᠎ᠳᠤ ᠳᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃ ᠢᠯᠴᠢ ᠬᠠᠩᠭ᠋ᠠᠬᠤ ᠰᠢᠰᠲ᠋ᠧᠮ᠎ᠤᠨ ᠣᠶᠤᠨᠴᠢ ᠰᠡᠷᠡᠯ᠎ᠤᠨ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠪᠠ ᠢᠯᠴᠢ ᠬᠠᠩᠭ᠋ᠠᠬᠤ ᠬᠣᠭᠣᠯᠠᠢ ᠲᠣᠣᠷ᠎ᠤᠨ ᠬᠣᠯᠪᠣᠯᠳᠤᠨ ᠨᠡᠪᠲᠡᠷᠡᠯᠴᠡᠬᠦ ᠵᠢ ᠲᠦᠷᠭᠡᠨ ᠠᠬᠢᠭᠤᠯᠵᠤ᠂ 《ᠡᠬᠢ᠂ ᠲᠣᠣᠷ᠂ ᠡᠷᠦᠬᠡ᠂ ᠦᠷᠲᠡᠭᠡ》 ᠵᠢᠨ ᠪᠦᠬᠦ ᠬᠡᠯᠬᠢᠶ᠎ᠡ ᠵᠢᠨ ᠣᠶᠤᠨᠴᠢ ᠬᠠᠮᠢᠶᠠᠷᠤᠯᠲᠠ ᠵᠢ ᠪᠡᠶᠡᠯᠡᠭᠦᠯᠵᠦ᠂ 《ᠤᠨᠢᠨ ᠳᠡᠭᠡᠷ᠎ᠡ᠎ᠨᠢ ᠢᠯᠴᠢ ᠬᠠᠩᠭ᠋ᠠᠬᠤ᠂ ᠬᠡᠷᠡᠭᠴᠡᠭᠡ᠎ᠪᠠᠷ᠎ᠨᠢ ᠢᠯᠴᠢ ᠬᠠᠩᠭ᠋ᠠᠬᠤ》 ᠣᠶᠤᠨᠴᠢ ᠢᠯᠴᠢ ᠬᠠᠩᠭ᠋ᠠᠬᠤ ᠰᠢᠨ᠎ᠡ ᠵᠠᠭᠪᠤᠷ᠎ᠢ ᠪᠠᠶ᠋ᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠠᠬᠢᠭᠤᠯᠤᠭᠰᠠᠨ ᠪᠠᠢ᠌ᠳᠠᠯ᠎ᠤᠨ ᠲᠤᠬᠠᠢ ᠬᠠᠷᠢᠭᠤ ᠮᠡᠳᠡᠭᠦᠯᠦᠯᠳᠡ ᠵᠢ ᠰᠤᠨᠤᠰᠬᠤ ᠵᠢᠨ ᠬᠠᠮᠲᠤ ᠥᠭᠡᠷᠡᠴᠢᠯᠡᠯᠲᠡ ᠵᠢᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠤᠯᠠᠮ ᠨᠢᠭᠡ ᠠᠯᠬᠤᠮ ᠠᠬᠢᠭᠤᠯᠬᠤ ᠲᠤᠬᠠᠢ ᠪᠣᠳᠠᠲᠠᠢ ᠱᠠᠭ᠋ᠠᠷᠳᠠᠯᠭ᠎ᠠ ᠳᠤᠷᠠᠳᠴᠤ᠂ ᠦᠵᠡᠯ ᠰᠠᠨᠠᠭ᠎ᠠ ᠲᠠᠨᠢᠯᠲᠠ᠎ᠪᠠᠨ ᠳᠡᠭᠡᠭᠰᠢᠯᠡᠭᠦᠯᠵᠦ᠂ ᠥᠭᠡᠷᠡᠴᠢᠯᠡᠯᠲᠡ ᠵᠢᠨ ᠡᠭᠦᠷᠭᠡ ᠪᠣᠯ ᠴᠢᠬᠤᠯᠠ ᠶᠡᠬᠡ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ᠂ ᠰᠢᠢ᠍ᠳᠪᠦᠷᠢᠯᠡᠬᠦ᠎ᠳᠤ ᠬᠦᠴᠢᠷ ᠠᠰᠠᠭᠤᠳᠠᠯ ᠪᠣᠯᠬᠤ ᠵᠢ ᠭᠦᠨᠵᠡᠭᠡᠢ ᠣᠢ᠌ᠯᠠᠭ᠋ᠠᠨ ᠡᠵᠡᠮᠰᠢᠵᠦ᠂ ᠥᠭᠡᠷᠡᠴᠢᠯᠡᠯᠲᠡ ᠵᠢ ᠠᠬᠢᠭᠤᠯᠬᠤ ᠡᠭᠦᠷᠭᠡ ᠵᠢ ᠴᠢᠬᠤᠯᠠ ᠠᠵᠢᠯ᠎ᠤᠨ ᠵᠥᠪᠯᠡᠬᠦ ᠵᠦᠢ᠍ᠯ᠎ᠳᠡᠭᠡᠨ ᠣᠷᠣᠭᠤᠯᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠱᠠᠭ᠋ᠠᠷᠳᠠᠯᠭ᠎ᠠ ᠪᠣᠯᠣᠨ ᠬᠠᠷᠠᠯᠲᠠ ᠵᠢ ᠪᠦᠷᠢᠨ ᠪᠦᠲᠦᠨ ᠵᠥᠪ ᠣᠨᠣᠪᠴᠢᠲᠠᠢ ᠡᠵᠡᠮᠳᠡᠵᠦ᠂ ᠬᠦᠴᠢᠷ᠎ᠢ ᠰᠥᠷᠦᠨ ᠤᠷᠤᠭᠰᠢᠯᠠᠬᠤ ᠤᠯᠤᠰ ᠲᠦᠷᠦ ᠵᠢᠨ ᠰᠥᠰᠥ ᠵᠣᠷᠢᠭ ᠵᠶ᠋ᠠᠷ᠂ ᠠᠰᠠᠭᠤᠳᠠᠯ᠎ᠢ ᠦᠨᠡᠨᠬᠦ ᠰᠢᠢ᠍ᠳᠪᠦᠷᠢᠯᠡᠵᠦ᠂ ᠰᠢᠨ᠎ᠡ ᠪᠠᠢ᠌ᠳᠠᠯ᠎ᠢ ᠴᠢᠷᠮᠠᠢ᠌ᠨ ᠡᠭᠦᠳᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠠᠰᠠᠭ᠎ᠤᠨ ᠣᠷᠳᠣᠨ᠎ᠤ ᠨᠢᠭᠡᠨᠲᠡ ᠲᠤᠭᠳᠠᠭ᠋ᠠᠵᠤ ᠪᠠᠢ᠌ᠷᠢᠯᠠᠭᠤᠯᠤᠭᠰᠠᠨ  ᠲᠢᠩᠬᠢᠮ᠎ᠤᠨ ᠰᠢᠰᠲ᠋ᠧᠮ᠎ᠤᠨ ᠥᠭᠡᠷᠡᠴᠢᠯᠡᠯᠲᠡ ᠵᠢᠨ ᠡᠭᠦᠷᠭᠡ ᠵᠢᠨ ᠠᠵᠢᠯ᠎ᠤᠨ ᠲᠥᠰᠥᠯ ᠶᠣᠰᠣᠭ᠋ᠠᠷ᠂ ᠪᠣᠳᠠᠲᠠᠢ᠎ᠲᠠᠢ ᠤᠶᠠᠯᠳᠤᠭᠤᠯᠤᠨ ᠤᠯᠠᠮ ᠨᠢᠭᠡ ᠠᠯᠬᠤᠮ ᠨᠠᠷᠢᠯᠢᠭᠵᠢᠭᠤᠯᠤᠨ ᠵᠠᠳᠠᠯᠵᠤ᠂ ᠴᠢᠭᠯᠡᠭᠦᠯᠬᠦ ᠴᠢᠨᠠᠷᠲᠠᠢ᠎ᠪᠠᠷ ᠪᠣᠳᠠᠲᠠᠢ ᠲᠥᠰᠥᠯ᠂ ᠴᠠᠭ᠎ᠤᠨ ᠬᠦᠰᠦᠨᠦᠭᠲᠦ᠂ ᠭᠤᠤᠯ ᠲᠡᠳ᠋ ᠵᠢᠨ ᠳᠠᠷᠠᠭ᠋ᠠᠯᠠᠯ᠎ᠢ ᠭᠠᠷᠭ᠋ᠠᠵᠤ᠂ ᠦᠨᠡᠨ᠎ᠢ ᠪᠠᠷᠢᠮᠲᠠᠯᠠᠨ ᠬᠠᠳᠠᠭᠤ ᠵᠢ ᠬᠦᠨᠳᠡᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠥᠭᠡᠷᠡᠴᠢᠯᠡᠯᠲᠡ ᠵᠢᠨ ᠠᠵᠢᠯ᠎ᠤᠨ ᠯᠠᠪᠳᠠᠭᠤᠨ ᠪᠠᠲᠤᠲᠠᠢ᠎ᠪᠠᠷ ᠤᠷᠤᠭᠰᠢ ᠠᠬᠢᠬᠤ ᠵᠢ ᠪᠠᠲᠤᠯᠠᠬᠤ ᠬᠡᠷᠡᠭᠲᠡᠢ᠃ ᠠᠵᠢᠯ᠎ᠤᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠲᠦᠷᠦᠭᠦᠯᠡᠨ ᠬᠢᠬᠦ ᠭᠠᠵᠠᠷ ᠲᠠᠰᠤᠭ᠎ᠤᠨ ᠨᠢᠭᠡᠳᠦᠯᠲᠡᠢ ᠲᠥᠯᠥᠪᠯᠡᠨ ᠵᠣᠬᠢᠴᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠡᠳᠦᠷ ᠲᠤᠲᠤᠮ᠎ᠤᠨ ᠰᠢᠮᠳᠠᠭᠤᠯᠬᠤ ᠵᠢ ᠴᠢᠩᠭ᠋ᠠᠳᠬᠠᠵᠤ᠂ ᠪᠠᠢ᠌ᠳᠠᠯ᠎ᠢ ᠴᠠᠭ ᠲᠤᠬᠠᠢ᠎ᠳᠤᠨᠢ ᠮᠡᠳᠡᠭᠳᠡᠵᠦ᠂ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠡᠯ᠎ᠡ ᠬᠠᠷᠢᠭᠤᠴᠠᠯᠭ᠎ᠠ ᠵᠢᠨ ᠭᠠᠵᠠᠷ ᠭᠡᠷ ᠲᠣᠳᠣᠷᠬᠠᠢ ᠬᠠᠭᠤᠳᠠᠰᠤᠵᠢᠭᠤᠯᠤᠨ ᠠᠬᠢᠭᠤᠯᠵᠤ᠂ ᠡᠬᠡ ᠲᠠᠩᠰᠠᠵᠢᠭᠤᠯᠤᠨ ᠬᠠᠮᠢᠶᠠᠷᠴᠤ᠂ ᠰᠠᠷ᠎ᠠ ᠪᠦᠷᠢ ᠠᠬᠢᠴᠠ᠎ᠲᠠᠢ᠂ ᠤᠯᠠᠷᠢᠯ ᠪᠦᠷᠢ ᠦᠷ᠎ᠡ ᠪᠦᠲᠦᠮᠵᠢ᠎ᠲᠠᠢ᠂ ᠬᠠᠭ᠋ᠠᠰ ᠵᠢᠯ ᠪᠦᠷᠢ ᠱᠠᠲᠤ ᠦᠶ᠎ᠡ ᠵᠢᠨ ᠴᠢᠨᠠᠷᠲᠠᠢ ᠦᠷ᠎ᠡ ᠪᠦᠲᠦᠮᠵᠢ᠎ᠲᠠᠢ ᠪᠠᠢ᠌ᠬᠤ ᠵᠢ ᠪᠡᠶᠡᠯᠡᠭᠦᠯᠵᠦ᠂ 2025 ᠣᠨ᠎ᠤ ᠵᠢᠯ᠎ᠤᠨ ᠡᠴᠦᠰ᠎ᠠᠴᠠ ᠡᠮᠦᠨ᠎ᠡ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃ ᠲᠢᠩᠬᠢᠮ᠎ᠤᠨ ᠰᠢᠰᠲᠸᠮ᠎ᠤᠨ ᠨᠠᠮ᠎ᠤᠨ ᠭᠡᠰᠢᠭᠦᠨ ᠺᠠᠳ᠋ᠷ ᠵᠣᠭᠰᠣᠴᠠ᠎ᠪᠠᠨ ᠳᠡᠭᠡᠭᠰᠢᠯᠡᠭᠦᠯᠵᠦ᠂ ᠲᠠᠨᠢᠯᠲᠠ᠎ᠪᠠᠨ ᠭᠦᠨᠵᠡᠭᠡᠢ᠌ᠷᠡᠭᠦᠯᠵᠦ᠂ ᠥᠭᠡᠷᠡᠴᠢᠯᠡᠯᠲᠡ ᠵᠢᠨ ᠲᠤᠯᠭ᠋ᠠᠮ᠎ᠠ ᠰᠡᠳᠬᠢᠯᠭᠡ᠎ᠪᠠᠨ ᠴᠢᠩᠭ᠋ᠠᠳᠬᠠᠵᠤ᠂ ᠵᠠᠩᠭᠢᠯᠠᠭ᠎ᠠ ᠵᠢᠨ ᠭᠣᠭᠴᠣᠭ᠎ᠠ ᠪᠣᠯᠣᠨ ᠭᠣᠣᠯᠳᠠᠯᠭ᠎ᠠ᠎ᠲᠠᠢ ᠡᠭᠦᠷᠭᠡ ᠵᠢ ᠴᠢᠩᠭ᠎ᠠ ᠠᠩᠬᠠᠷᠴᠤ᠂ ᠬᠠᠳᠠᠭ᠋ᠠᠰᠤ ᠬᠠᠳᠠᠬᠤ ᠵᠣᠷᠢᠭ ᠰᠠᠨᠠᠭ᠎ᠠ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠠᠷᠭ᠎ᠠ ᠵᠢ ᠡᠷᠬᠢᠮᠯᠡᠵᠦ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠰᠤᠷᠲᠠᠯ ᠵᠶ᠋ᠠᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠤᠯᠲᠠ ᠵᠢ ᠠᠳᠬᠤᠵᠤ᠂ ᠵᠢᠯ᠎ᠤᠨ ᠡᠬᠢᠨ᠎ᠳᠤ ᠳᠠᠩᠰᠠ ᠪᠠᠢ᠌ᠭᠤᠯᠵᠤ᠂ ᠤᠯᠠᠷᠢᠯ᠎ᠳᠤ ᠳᠠᠩᠰᠠ ᠬᠠᠷᠭᠤᠭᠤᠯᠵᠤ᠂ ᠬᠠᠭ᠋ᠠᠰ ᠵᠢᠯ᠎ᠳᠤ ᠳᠠᠩᠰᠠ ᠪᠠᠢ᠌ᠴᠠᠭ᠋ᠠᠵᠤ᠂ ᠵᠢᠯ᠎ᠤᠨ ᠡᠴᠦᠰ᠎ᠲᠤ ᠳᠠᠩᠰᠠ ᠲᠤᠰᠢᠶᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠬᠤ ᠬᠡᠷᠡᠭᠲᠡᠢ᠃

     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ ᠦ᠋᠊ᠨ ᠠᠯᠪᠠᠨ ᠬᠡᠷ