1 ᠳ᠋ᠤᠭᠡᠷ ᠰᠠᠷ᠎ᠠ ᠵᠢᠨ 13᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ 2025 ᠣᠨ᠎ᠤ ᠰᠢᠨ᠎ᠡ ᠵᠢᠯ᠎ᠤᠨ ᠪᠠᠶᠠᠷ᠎ᠤᠨ ᠦᠭᠡ ᠪᠠ ᠪᠦᠬᠦ ᠤᠯᠤᠰ᠎ᠤᠨ ᠤᠯᠤᠰ ᠲᠥᠷᠥ ᠵᠢᠨ ᠵᠥᠪᠯᠡᠯᠭᠡᠨ᠎ᠤ ᠰᠢᠨ᠎ᠡ ᠵᠢᠯ᠎ᠤᠨ ᠴᠠᠢ᠌ᠯᠠᠯᠭ᠎ᠠ᠂ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠭᠡᠰᠢᠭᠦᠳ᠎ᠤᠨ ᠬᠤᠷᠠᠯ ᠳᠡᠭᠡᠷᠡᠬᠢ ᠴᠢᠬᠤᠯᠠ ᠶᠠᠷᠢᠶ᠎ᠠ ᠪᠠ 《ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠪᠠᠷ ᠤᠯᠤᠰ ᠵᠶ᠋ᠠᠨ ᠬᠦᠴᠦᠷᠬᠡᠭᠵᠢᠭᠦᠯᠬᠦ ᠪᠦᠲᠦᠭᠡᠨ ᠪᠠᠢ᠌ᠭᠤᠯᠤᠯᠲᠠ ᠦᠨᠳᠦᠰᠦᠲᠡᠨ᠎ᠤ ᠰᠡᠷᠭᠦᠨ ᠮᠠᠨᠳᠤᠯᠲᠠ ᠵᠢᠨ ᠠᠭᠤᠤ ᠦᠢ᠍ᠯᠡᠰ᠎ᠢ ᠪᠦᠬᠦ ᠲᠠᠯ᠎ᠠ᠎ᠪᠠᠷ ᠠᠬᠢᠭᠤᠯᠤᠶ᠎ᠠ》 ᠭᠡᠰᠡᠨ ᠨᠡᠷ᠎ᠡ ᠬᠠᠳᠠᠭᠰᠠᠨ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠤᠶᠤᠨ ᠰᠠᠨᠠᠭ᠋ᠠᠨ᠎ᠤ ᠬᠦᠴᠦᠨ᠎ᠢ ᠰᠢᠩᠭᠡᠬᠡᠨ ᠠᠪᠴᠤ᠂ 《ᠬᠣᠶᠠᠷ᠎ᠢ ᠲᠤᠭᠳᠠᠭ᠋ᠠᠭᠰᠠᠨ》 ᠵᠢ ᠡᠷᠡᠰ ᠬᠦᠷᠢᠶᠡᠯᠡᠵᠦ᠂ 《ᠬᠣᠶᠠᠷ᠎ᠢ ᠬᠦᠷᠢᠶᠡᠯᠡᠬᠦ》 ᠵᠢ ᠡᠷᠡᠰ ᠪᠡᠶᠡᠯᠡᠭᠦᠯᠵᠦ᠂ ᠨᠠᠮ᠎ᠤᠨ ᠲᠥᠪ ᠬᠣᠷᠢᠶᠠᠨ᠎ᠤ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠭᠡᠬᠦ ᠡᠨᠡᠬᠦ ᠬᠠᠮᠤᠭ᠎ᠤᠨ ᠳᠡᠭᠡᠳᠦ ᠤᠯᠤᠰ ᠲᠦᠷᠦ ᠵᠢᠨ ᠵᠠᠷᠴᠢᠮ᠎ᠢ ᠪᠠᠷᠢᠮᠲᠠᠯᠠᠵᠤ᠂ ᠴᠠᠭ ᠪᠢᠳᠡᠨ᠎ᠢ ᠬᠦᠯᠢᠶᠡᠬᠦ ᠦᠭᠡᠢ ᠬᠠᠷᠢᠭᠤᠴᠠᠯᠭ᠋ᠠᠲᠤ ᠰᠡᠳᠬᠢᠯᠭᠡ᠂ ᠪᠠᠴᠢᠮ ᠲᠤᠯᠭ᠋ᠠᠮ᠎ᠠ ᠰᠡᠳᠬᠢᠯᠭᠡ᠎ᠪᠠᠷ ᠡᠨᠡ ᠵᠢᠯ᠎ᠤᠨ ᠡᠯ᠎ᠡ ᠵᠦᠢ᠍ᠯ᠎ᠤᠨ ᠲᠦᠷᠦ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠡᠷᠲᠡᠬᠡᠨ ᠨᠠᠢ᠌ᠳᠠᠪᠤᠷᠢᠵᠢᠭᠤᠯᠵᠤ᠂ ᠲᠦᠷᠭᠡᠨ ᠦᠷ᠎ᠡ ᠪᠦᠲᠦᠮᠵᠢ ᠣᠯᠬᠤ ᠵᠢ ᠠᠬᠢᠭᠤᠯᠵᠤ᠂ ᠪᠦᠬᠦ ᠵᠢᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠰᠠᠭᠤᠷᠢ ᠲᠠᠯᠪᠢᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ ᠲᠤᠬᠠᠢ ᠭᠣᠣᠯᠳᠠᠯᠭ᠎ᠠ᠎ᠲᠠᠢ ᠰᠠᠢ᠌ᠲᠤᠷ ᠠᠳᠬᠤᠵᠤ᠂ 《ᠵᠢᠷᠭᠤᠭ᠋ᠠᠨ ᠠᠵᠢᠯᠯᠠᠭ᠎ᠠ》 ᠵᠡᠷᠭᠡ ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠶᠢᠰᠦᠳᠦᠭᠡᠷ ᠤᠳᠠᠭ᠎ᠠ ᠵᠢᠨ ᠪᠥᠬᠥᠳᠡ ᠬᠤᠷᠠᠯ᠎ᠤᠨ ᠭᠣᠣᠯᠳᠠᠯᠭ᠎ᠠ᠎ᠲᠠᠢ ᠡᠭᠦᠷᠭᠡ ᠵᠢᠨ ᠲᠣᠬᠢᠷᠠᠭᠤᠯᠤᠯᠲᠠ ᠵᠢ ᠪᠦᠬᠦ ᠲᠠᠯ᠎ᠠ᠎ᠪᠠᠷ ᠬᠠᠷᠭᠤᠭᠤᠯᠵᠤ᠂ ᠲᠤᠯᠠᠭ᠋ᠠᠯᠭ᠎ᠠ ᠵᠢᠨ ᠢᠨᠵᠧᠨᠧᠷᠢᠩ᠎ᠢ ᠪᠡᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠂ ᠬᠣᠲᠠ ᠪᠠᠯᠭ᠋ᠠᠰᠤ ᠵᠢᠨ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ ᠠᠵᠢᠯᠯᠠᠭ᠎ᠠ ᠵᠢ ᠴᠢᠩᠭ᠎ᠠ ᠠᠩᠬᠠᠷᠴᠤ᠂ ᠪᠣᠳᠠᠲᠠᠢ ᠠᠵᠢᠯ᠎ᠤᠨ ᠬᠡᠷᠡᠭᠵᠢᠭᠦᠯᠬᠦ ᠲᠥᠰᠥᠯ᠎ᠢ ᠱᠠᠯᠠᠪᠳᠠᠨ ᠰᠤᠳᠤᠯᠤᠨ ᠲᠣᠭᠲᠠᠭ᠋ᠠᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠨᠠᠷᠢᠯᠢᠭᠵᠢᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠤᠷᠢᠳᠴᠢᠯᠠᠨ ᠠᠵᠢᠯᠯᠠᠵᠦ᠂ ᠠᠬᠢᠴᠠ᠎ᠪᠠᠨ ᠲᠦᠷᠭᠡᠳᠬᠡᠵᠦ᠂ ᠠᠵᠢᠯ᠎ᠤᠨ ᠦᠷ᠎ᠡ ᠪᠦᠲᠦᠮᠵᠢ ᠵᠢ ᠲᠦᠷᠭᠡᠬᠡᠨ ᠪᠣᠶ ᠪᠣᠯᠭ᠋ᠠᠵᠤ᠂ ᠨᠢᠭᠡᠳᠦᠭᠡᠷ ᠤᠯᠠᠷᠢᠯ᠎ᠳᠤ 《ᠰᠠᠢ᠌ᠨ ᠡᠬᠢᠯᠡᠯᠲᠡ᠎ᠲᠠᠢ》 ᠪᠠᠢ᠌ᠬᠤ ᠵᠢ ᠦᠨᠡᠨᠬᠦ ᠪᠠᠲᠤᠯᠠᠬᠤ ᠬᠡᠷᠡᠭᠲᠡᠢ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠲᠡᠭᠦᠰᠬᠡᠯ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠪᠠᠢ᠌ᠷᠢᠰᠢᠭᠤᠯᠤᠯᠳᠠ᠎ᠲᠠᠢ ᠨᠢᠭᠲᠠ ᠤᠶᠠᠯᠳᠤᠭᠤᠯᠤᠨ᠂ ᠤᠯᠤᠰ᠎ᠤᠨ ᠶᠠᠮᠤᠨ ᠵᠦᠪᠯᠡᠯ᠎ᠯᠦᠭᠡ ᠵᠢᠨ ᠨᠡᠪᠲᠡᠷᠡᠯᠴᠡᠭᠡ ᠵᠣᠯᠭ᠋ᠠᠯᠴᠠᠭ᠎ᠠ ᠵᠢ ᠴᠢᠩᠭ᠋ᠠᠳᠬᠠᠵᠤ᠂ ᠤᠯᠤᠰ᠎ᠤᠨ ᠤᠷᠳᠤ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠪᠡᠯᠡ ᠮᠥᠩᠭᠥ ᠵᠢᠨ ᠣᠷᠣᠭᠤᠯᠤᠯᠲᠠ ᠵᠢᠨ ᠬᠠᠨᠳᠤᠰᠢ ᠵᠢ ᠴᠢᠩᠭ᠎ᠠ ᠠᠩᠬᠠᠷᠴᠤ᠂ ᠲᠦᠷᠦ ᠵᠢᠨ ᠪᠣᠳᠣᠯᠭ᠎ᠠ ᠵᠢᠨ ᠵᠣᠯᠭ᠋ᠠᠯᠴᠠᠭ᠎ᠠ ᠵᠢ ᠰᠠᠢ᠌ᠲᠤᠷ ᠬᠢᠵᠦ᠂ ᠪᠡᠯᠡ ᠮᠥᠩᠭᠥ ᠣᠯᠬᠤ᠎ᠪᠠᠷ ᠴᠢᠷᠮᠠᠢ᠌ᠵᠤ᠂ ᠬᠤᠳᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠡᠮᠬᠢ ᠵᠢᠷᠤᠮ᠎ᠲᠠᠢ᠎ᠪᠠᠷ ᠬᠡᠷᠡᠭᠵᠢᠭᠦᠯᠵᠦ᠂ ᠨᠢᠭᠡ ᠪᠦᠯᠦᠭ ᠴᠢᠬᠤᠯᠠ ᠶᠡᠬᠡ ᠲᠦᠷᠦᠯ ᠵᠦᠢ᠍ᠯ᠎ᠢ ᠵᠠᠬ᠎ᠠ ᠳᠡᠯᠭᠡᠭᠦᠷ᠎ᠲᠤ ᠣᠷᠣᠭᠤᠯᠵᠤ᠂ ᠲᠦᠷᠭᠡᠨ ᠨᠠᠢ᠌ᠳᠠᠪᠤᠷᠢᠵᠢᠭᠤᠯᠬᠤ᠎ᠪᠠᠷ ᠴᠢᠷᠮᠠᠢ᠌ᠬᠤ ᠬᠡᠷᠡᠭᠲᠡᠢ᠃ ᠦᠨᠳᠦᠰᠦᠨ ᠠᠷᠠᠳ᠎ᠤᠨ ᠠᠮᠢᠳᠤᠷᠠᠯ᠎ᠤᠨ ᠬᠣᠷᠢᠭ᠎ᠠ ᠱᠤᠭᠤᠮ᠎ᠢ ᠪᠠᠲᠤ ᠰᠠᠬᠢᠵᠤ᠂ ᠰᠠᠭᠤᠷᠢ ᠴᠢᠨᠠᠷᠲᠠᠢ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠪᠠ ᠰᠢᠨ᠎ᠡ ᠣᠨ᠎ᠤ ᠠᠵᠢᠯ᠎ᠤᠨ ᠲᠥᠰᠥᠪᠯᠡᠯ᠎ᠲᠠᠢ ᠤᠶᠠᠯᠳᠤᠭᠤᠯᠤᠨ᠂ ᠤᠯᠠᠨ ᠲᠦᠮᠡᠨ᠎ᠤ ᠬᠦᠰᠡᠨ ᠡᠷᠡᠮᠡᠯᠵᠡᠵᠦ ᠪᠠᠢ᠌ᠭ᠎ᠠ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠪᠦᠲᠦᠭᠡᠵᠦ᠂ ᠤᠯᠠᠨ ᠲᠦᠮᠡᠨ᠎ᠤ ᠵᠣᠯ ᠵᠢᠷᠭ᠋ᠠᠯᠳᠦ ᠲᠥᠷᠥᠭᠳᠡᠯ᠂ ᠬᠦᠷᠲᠡᠮᠵᠢ ᠵᠢᠨ ᠲᠥᠷᠥᠭᠳᠡᠯ᠎ᠢ ᠲᠠᠰᠤᠷᠠᠯᠳᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ᠎ᠤᠨ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶᠠᠨ᠎ᠤ ᠳᠥᠷᠪᠡᠳᠦᠭᠡᠷ ᠪᠥᠬᠥᠳᠡ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ 《ᠰᠢᠯᠭ᠋ᠠᠯᠲᠠ᠎ᠳᠤ ᠣᠷᠣᠯᠴᠠᠬᠤ》 ᠰᠡᠷᠭᠡᠭ ᠪᠥᠭᠡᠳ ᠡᠷᠡᠰ ᠪᠠᠲᠤ ᠪᠠᠢ᠌ᠬᠤ ᠵᠢ ᠢᠮᠠᠭᠲᠠ ᠪᠠᠷᠢᠮᠲᠠᠯᠠᠵᠤ᠂ ᠦᠷᠭᠦᠯᠵᠢᠯᠡᠨ ᠴᠢᠩᠭ᠎ᠠ ᠬᠦᠭ ᠠᠶᠠᠰ᠂ ᠴᠢᠩᠭ᠎ᠠ ᠠᠷᠭ᠎ᠠ ᠬᠡᠮᠵᠢᠶ᠎ᠡ᠂ ᠴᠢᠩᠭ᠎ᠠ ᠠᠭᠤᠷ ᠠᠮᠢᠰᠬᠤᠯ᠎ᠢ ᠤᠷᠳᠤ ᠬᠤᠭᠤᠴᠠᠭ᠎ᠠ᠎ᠪᠠᠷ ᠪᠠᠷᠢᠮᠳᠠᠯᠠᠵᠦ᠂ ᠢᠯᠵᠠᠷᠠᠬᠤ ᠦᠭᠡᠢ᠂ ᠢᠯᠵᠠᠷᠠᠵᠤ ᠪᠣᠯᠬᠤ ᠦᠭᠡᠢ᠂ ᠢᠯᠵᠠᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠵᠤ᠂ ᠢᠯᠵᠠᠷᠠᠯ᠎ᠢ ᠡᠰᠡᠷᠭᠦᠴᠡᠬᠦ ᠲᠡᠮᠡᠴᠡᠯ᠎ᠤᠨ ᠪᠣᠭᠣᠮᠲᠠ ᠰᠢᠪᠲᠤᠯᠬᠤ ᠠᠵᠢᠯ᠂ ᠤᠳᠠᠭ᠋ᠠᠨ ᠳᠠᠭ᠋ᠠᠭ᠋ᠠᠮᠠᠭ᠋ᠠᠢ ᠠᠵᠢᠯ᠂ ᠪᠦᠬᠦ ᠲᠠᠯ᠎ᠠ ᠵᠢᠨ ᠠᠵᠢᠯ᠎ᠢ ᠡᠷᠡᠰ ᠰᠠᠢ᠌ᠲᠤᠷ ᠬᠢᠬᠦ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠥ ᠵᠢᠨ ᠡᠭᠦᠷᠭᠡᠯᠡᠯ᠎ᠢ ᠪᠠᠲᠤ ᠴᠢᠩᠭ᠎ᠠ ᠡᠭᠦᠷᠭᠡᠯᠡᠵᠦ᠂ ᠭᠣᠣᠯ ᠴᠣᠭᠴᠠ ᠵᠢᠨ ᠬᠠᠷᠢᠭᠤᠴᠠᠯᠭ᠎ᠠ᠂ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠪᠣᠯᠣᠨ 《ᠨᠢᠭᠡ ᠠᠵᠢᠯ᠎ᠤᠨ ᠪᠠᠢ᠌ᠷᠢ ᠬᠣᠶᠠᠷ ᠬᠠᠷᠢᠭᠤᠴᠠᠯᠭ᠎ᠠ》 ᠵᠢ ᠬᠣᠯᠪᠣᠯᠳᠤᠭᠤᠯᠵᠤ᠂ ᠤᠯᠤᠰ ᠲᠦᠷᠦ ᠵᠢᠨ ᠰᠠᠬᠢᠯᠭ᠎ᠠ ᠪᠠᠲᠤ ᠪᠣᠯᠣᠨ ᠤᠯᠤᠰ ᠲᠦᠷᠦ ᠵᠢᠨ ᠶᠣᠰᠣ ᠳᠦᠷᠢᠮ᠎ᠢ ᠴᠢᠩᠳᠠᠯᠠᠵᠤ᠂ ᠨᠠᠮ᠎ᠤᠨ ᠰᠠᠬᠢᠯᠭ᠎ᠠ ᠪᠠᠲᠤ ᠵᠢᠨ ᠬᠥᠮᠦᠵᠢᠯ᠎ᠢ ᠪᠠᠢ᠌ᠩᠭᠤᠵᠢᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠪᠣᠯᠭ᠋ᠠᠬᠤ ᠵᠢ ᠠᠬᠢᠭᠤᠯᠵᠤ᠂ ᠬᠢᠨᠠᠯᠲᠠ ᠲᠠᠯᠪᠢᠬᠤ᠂ ᠰᠠᠨᠠᠭᠤᠯᠬᠤ᠂ ᠬᠢᠵᠠᠭ᠋ᠠᠷᠯᠠᠬᠤ᠂ ᠰᠡᠷᠡᠮᠵᠢᠯᠡᠭᠦᠯᠬᠦ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠪᠣᠯᠣᠨ ᠱᠠᠭ᠋ᠠᠷᠳᠠᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠵᠤ᠂ ᠨᠢᠭᠡ ᠱᠠᠲᠤ᠎ᠨᠢ ᠨᠢᠭᠡ ᠱᠠᠲᠤ᠎ᠳᠠᠭᠠᠨ ᠳᠠᠭᠤᠷᠢᠶᠠᠯ ᠦᠵᠡᠭᠦᠯᠵᠦ᠂ ᠨᠢᠭᠡ ᠱᠠᠲᠤ᠎ᠨᠢ ᠨᠢᠭᠡ ᠱᠠᠲᠤ᠎ᠪᠠᠨ ᠳᠠᠭ᠋ᠠᠭᠤᠯᠤᠨ ᠠᠵᠢᠯᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠭᠦᠨᠵᠡᠭᠡᠢ᠌ᠷᠡᠭᠦᠯᠦᠨ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠠᠬᠢᠭᠤᠯᠬᠤ ᠬᠡᠷᠡᠭᠲᠡᠢ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ᠂ ᠪᠡᠯᠡ ᠮᠥᠩᠭᠥ ᠬᠡᠷᠡᠭᠯᠡᠬᠦ᠂ ᠬᠥᠮᠥᠨ ᠰᠣᠩᠭᠣᠵᠤ ᠬᠥᠮᠥᠨ ᠬᠡᠷᠡᠭᠯᠡᠬᠦ᠂ ᠮᠡᠷᠭᠡᠵᠢᠯ᠎ᠤᠨ ᠴᠣᠯᠠ ᠲᠣᠭᠲᠠᠭ᠋ᠠᠬᠤ ᠵᠡᠷᠭᠡ ᠭᠣᠣᠯᠳᠠᠯᠭ᠎ᠠ᠎ᠲᠠᠢ ᠭᠣᠭᠴᠣᠭ᠎ᠠ ᠵᠢ ᠴᠢᠩᠭ᠎ᠠ ᠠᠩᠬᠠᠷᠴᠤ᠂ ᠡᠷᠬᠡ ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠵᠤ ᠬᠢᠵᠠᠭ᠋ᠠᠷᠯᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠪᠠᠢ᠌ᠩᠭᠤᠵᠢᠭᠤᠯᠤᠨ ᠰᠠᠢ᠌ᠲᠤᠷ ᠠᠳᠬᠤᠵᠤ᠂ ᠬᠡᠷᠡᠭ ᠵᠶ᠋ᠡᠷ ᠥᠭᠡᠷᠡᠴᠢᠯᠡᠨ ᠵᠠᠰᠠᠬᠤ ᠵᠢ ᠠᠬᠢᠭᠤᠯᠬᠤ ᠵᠢ ᠦᠷᠭᠦᠯᠵᠢᠯᠡᠨ ᠠᠬᠢᠭᠤᠯᠵᠤ᠂ ᠬᠡᠯᠪᠡᠷᠢᠴᠢ ᠦᠵᠡᠯ᠎ᠤᠨ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠴᠡᠭᠴᠡᠯᠡᠨ ᠵᠠᠰᠠᠬᠤ ᠵᠢ ᠴᠢᠩᠭ᠎ᠠ ᠨᠠᠢ᠌ᠳᠠᠪᠤᠷᠢᠵᠢᠭᠤᠯᠵᠤ᠂ ᠰᠤᠷᠲᠠᠯ ᠢᠯᠵᠠᠷᠠᠯ᠎ᠢ ᠬᠠᠮᠲᠤᠳᠤᠨᠢ ᠪᠠᠢ᠌ᠴᠠᠭ᠋ᠠᠵᠤ ᠬᠠᠮᠲᠤᠳᠤᠨᠢ ᠵᠠᠰᠠᠬᠤ ᠵᠢ ᠭᠦᠨᠵᠡᠭᠡᠢ ᠠᠬᠢᠭᠤᠯᠤᠨ᠎ᠠ᠃ ᠥᠭᠡᠷᠡᠴᠢᠯᠡᠯᠲᠡ ᠵᠢᠨ ᠵᠣᠷᠢᠭ ᠰᠠᠨᠠᠭ᠎ᠠ ᠪᠠ ᠴᠢᠩᠭ᠎ᠠ ᠪᠠᠷᠢᠮᠵᠢᠶ᠎ᠠ᠎ᠪᠠᠷ ᠨᠠᠮ᠎ᠢ ᠬᠠᠮᠢᠶᠠᠷᠴᠤ ᠨᠠᠮ᠎ᠢ ᠵᠠᠰᠠᠬᠤ ᠵᠢ ᠪᠠᠷᠢᠮᠲᠠᠯᠠᠵᠤ᠂ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠴᠢᠩᠭ᠋ᠠᠳᠬᠠᠵᠤ᠂ ᠴᠢᠩᠭ᠎ᠠ ᠬᠠᠮᠢᠶᠠᠷᠴᠤ ᠬᠢᠨᠠᠯᠲᠠ ᠲᠠᠯᠪᠢᠬᠤ ᠪᠠ ᠬᠠᠷᠢᠭᠤᠴᠠᠯᠭ᠎ᠠ ᠡᠭᠦᠷᠭᠡᠯᠡᠬᠦ ᠵᠢ ᠵᠣᠷᠢᠭᠵᠢᠭᠤᠯᠬᠤ ᠵᠢ ᠨᠢᠭᠡᠳᠬᠡᠵᠦ᠂ ᠨᠠᠮ᠎ᠤᠨ ᠭᠡᠰᠢᠭᠦᠨ ᠺᠠᠳ᠋ᠷᠴᠤᠳ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠬᠥᠭᠵᠢᠭᠡᠵᠦ᠂ ᠡᠯ᠎ᠡ ᠱᠠᠲᠤᠨ᠎ᠤ ᠺᠠᠳ᠋ᠷᠴᠤᠳ᠎ᠢ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠳᠤᠮᠳᠠ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠂ ᠠᠵᠢᠯ ᠬᠢᠵᠦ ᠦᠢ᠍ᠯᠡᠰ ᠪᠣᠰᠬᠠᠬᠤ ᠵᠢ ᠪᠠᠳᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪᠡᠳ᠎ᠤᠨ ᠰᠢᠭ᠋ᠠᠽᠸ ᠬᠣᠲᠠ ᠵᠢᠨ ᠳ᠋ᠢᠩ ᠷᠢ ᠰᠢᠶᠠᠨ᠎ᠤ 6.8 ᠳᠡᠰ᠎ᠤᠨ ᠭᠠᠵᠠᠷ ᠬᠥᠳᠡᠯᠦᠯᠲᠡ ᠵᠢᠨ ᠲᠤᠬᠠᠢ ᠴᠢᠬᠤᠯᠠ ᠵᠢᠭ᠋ᠠᠪᠤᠷᠢ ᠪᠠ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠪᠠᠢ᠌ᠩᠭᠤ ᠵᠢᠨ ᠬᠣᠷᠢᠶᠠᠨ᠎ᠤ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠠᠮᠤᠷ ᠲᠦᠪᠰᠢᠨ᠎ᠤ ᠬᠥᠪᠴᠢ ᠵᠢ ᠢᠮᠠᠭᠲᠠ ᠴᠢᠩᠭ᠋ᠠᠯᠠᠵᠤ᠂ ᠠᠶᠤᠯᠭᠦᠢ ᠦᠢ᠍ᠯᠡᠳᠪᠦᠷᠢᠯᠡᠯ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠭᠠᠮᠰᠢᠭ᠎ᠠᠴᠠ ᠠᠪᠤᠷᠠᠬᠤ᠂ ᠪᠠᠴᠢᠮ ᠪᠠᠢ᠌ᠳᠠᠯ᠎ᠢ ᠠᠷᠭ᠋ᠠᠴᠠᠬᠤ ᠴᠢᠳᠠᠪᠤᠷᠢ ᠵᠢᠨ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠵᠤ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ ᠪᠠ ᠨᠡᠢ᠌ᠭᠡᠮ᠎ᠤᠨ ᠶᠡᠬᠡ ᠲᠠᠯ᠎ᠠ ᠵᠢᠨ ᠲᠣᠭᠲᠠᠭᠤᠨ ᠪᠠᠢ᠌ᠳᠠᠯ᠎ᠢ ᠪᠦᠬᠦ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠢ᠃ ᠪᠠᠷᠢᠯᠭ᠎ᠠ ᠵᠢᠨ ᠠᠵᠢᠯ᠂ ᠬᠣᠲᠠ ᠵᠢᠨ ᠶᠠᠪᠤᠳᠠᠯ᠎ᠤᠨ ᠰᠠᠭᠤᠷᠢ ᠲᠥᠬᠦᠭᠡᠷᠦᠮᠵᠢ ᠵᠢᠨ ᠠᠵᠢᠯᠯᠠᠭ᠋ᠠᠨ᠂ ᠬᠣᠲᠠ ᠬᠥᠳᠡᠭᠡ ᠵᠢᠨ ᠨᠤᠷᠠᠬᠤ ᠠᠶᠤᠯᠲᠠᠢ ᠬᠠᠭᠤᠴᠢᠨ ᠭᠡᠷ ᠪᠠᠢ᠌ᠰᠢᠩ᠂ ᠥᠪᠡᠰᠦᠪᠡᠨ ᠪᠠᠷᠢᠭᠰᠠᠨ ᠭᠡᠷ ᠪᠠᠢ᠌ᠰᠢᠩ᠂ ᠬᠣᠲᠠ ᠪᠠᠯᠭ᠋ᠠᠰᠤᠨ᠎ᠤ ᠰᠢᠲᠠᠮᠠᠬᠠᠢ ᠬᠡᠢ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠳᠠᠯᠳᠠ ᠬᠡᠮ᠎ᠢ ᠵᠢᠭᠰᠠᠭ᠋ᠠᠨ ᠪᠠᠢ᠌ᠴᠠᠭ᠋ᠠᠵᠤ ᠵᠠᠰᠠᠬᠤ ᠡᠷᠴᠢᠮ ᠵᠶ᠋ᠡᠨ ᠦᠷᠭᠦᠯᠵᠢᠯᠡᠨ ᠴᠢᠩᠭ᠋ᠠᠷᠠᠭᠤᠯᠵᠤ᠂ ᠠᠮᠤᠷ ᠲᠦᠪᠰᠢᠨ᠎ᠤ ᠬᠣᠷᠢᠭ᠎ᠠ ᠱᠤᠭᠤᠮ᠎ᠢ ᠦᠨᠡᠨᠬᠦ ᠪᠠᠲᠤ ᠰᠠᠬᠢᠬᠤ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ᠎ᠤᠨ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠠᠵᠢᠯᠯᠠᠵᠤ ᠪᠠᠢ᠌ᠭ᠎ᠠ ᠬᠥᠮᠥᠨ ᠨᠢᠭᠡᠪᠦᠷᠢ ᠪᠠ ᠪᠣᠳᠠᠲᠠᠢ ᠠᠵᠢᠯ᠎ᠤᠨ ᠪᠠᠢ᠌ᠷᠢ᠎ᠳᠤ ᠳᠠᠮᠵᠢᠭᠤᠯᠵᠤ᠂ 《ᠰᠡᠵᠢᠭᠦᠷ》᠎ᠢ ᠨᠠᠪᠲᠠᠷᠡᠭᠦᠯᠵᠦ᠂ 《ᠡᠴᠦᠰ᠎ᠤᠨ ᠭᠣᠭᠴᠣᠭ᠎ᠠ》 ᠵᠢ ᠴᠢᠩᠭ᠎ᠠ ᠠᠳᠬᠤᠵᠤ᠂ ᠠᠶᠤᠯ ᠲᠦᠭᠰᠢᠭᠦᠷᠢ ᠵᠢ ᠡᠷᠡᠰ ᠬᠣᠷᠢᠭᠯᠠᠵᠤ᠂ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ᠂ 24 ᠴᠠᠭ ᠵᠶ᠋ᠠᠷ ᠵᠢᠵᠢᠭᠦᠷᠯᠡᠬᠦ ᠪᠠ ᠭᠡᠨᠡᠳᠲᠡ ᠵᠢᠨ ᠬᠡᠷᠡᠭ᠎ᠤᠨ ᠮᠡᠳᠡᠭᠡ ᠵᠠᠩᠭᠢ ᠵᠢ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠪᠠᠴᠢᠮ ᠪᠠᠢ᠌ᠳᠠᠯ᠎ᠢ ᠠᠷᠭ᠋ᠠᠴᠠᠵᠤ ᠠᠶᠤᠯ᠎ᠠᠴᠠ ᠠᠪᠤᠷᠠᠨ ᠲᠤᠰᠠᠯᠠᠬᠤ ᠪᠡᠯᠡᠳᠬᠡᠯ᠎ᠢ ᠤᠷᠢᠳᠴᠢᠯᠠᠨ ᠰᠠᠢ᠌ᠲᠤᠷ ᠬᠢᠵᠦ᠂ ᠪᠡᠯᠡᠳᠬᠡᠯ ᠲᠥᠰᠥᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠡᠳ᠋ ᠪᠣᠳᠠᠰ᠎ᠢ ᠰᠠᠢ᠌ᠲᠤᠷ ᠪᠡᠯᠡᠳᠬᠡᠵᠦ᠂ ᠡᠩᠨᠡᠭᠡᠨ᠎ᠤ ᠬᠦᠴᠦᠨ᠎ᠢ ᠪᠦᠷᠢᠨᠰᠢᠭᠦᠯᠵᠦ᠂ ᠠᠶᠤᠯ ᠲᠦᠭᠰᠢᠭᠦᠷᠢ ᠲᠣᠬᠢᠶᠠᠯᠳᠤᠪᠠᠯ ᠲᠦᠷᠭᠡᠨ ᠲᠤᠰᠬᠠᠬᠤ᠂ ᠴᠠᠭ ᠲᠤᠬᠠᠢᠳᠤᠨᠢ ᠪᠣᠳᠠᠲᠠᠢ᠌ᠵᠢᠭᠤᠯᠬᠤ᠂ ᠥᠨᠳᠥᠷ ᠪᠦᠲᠦᠮᠵᠢᠲᠡᠢ ᠰᠢᠢ᠍ᠳᠪᠦᠷᠢᠯᠡᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃