ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2025-01-03

    12 ᠳ᠋ᠤᠭ᠋ᠠᠷ ᠰᠠᠷ᠎ᠠ ᠵᠢᠨ 31᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ᠃


W020250102618254110188.png


     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠶᠣᠤ ᠱ᠌ᠢ ᠨᠥᠬᠥᠷ᠎ᠤᠨ ᠮᠡᠨᠳᠦᠯᠡᠭᠰᠡᠨ 100 ᠵᠢᠯ᠎ᠤᠨ ᠤᠢ ᠵᠢ ᠳᠤᠷᠠᠰᠬᠠᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠦ᠂ ᠴᠢᠶᠣᠤ ᠱ᠌ᠢ ᠨᠥᠬᠥᠷ᠎ᠤᠨ ᠡᠷᠬᠢᠮ ᠳᠡᠭᠡᠳᠦ ᠵᠣᠷᠢᠭ ᠰᠠᠨᠠᠭ᠋ᠠᠨ᠎ᠤ ᠬᠡᠪ ᠨᠠᠮᠪᠠ ᠵᠢ ᠶᠡᠬᠡᠪᠡᠷ ᠵᠠᠯᠭ᠋ᠠᠮᠵᠢᠯᠠᠵᠤ᠂ ᠬᠦᠨᠳᠦᠳᠬᠡᠨ ᠪᠢᠰᠢᠷᠡᠬᠦ ᠰᠡᠳᠬᠢᠯᠭᠡ᠎ᠪᠠᠨ ᠤᠯᠤᠰ ᠵᠶ᠋ᠠᠨ ᠬᠦᠴᠦᠷᠬᠡᠭᠵᠢᠭᠦᠯᠬᠦ ᠵᠣᠷᠢᠭ ᠰᠠᠨᠠᠭ᠎ᠠ᠂ ᠤᠯᠤᠰ᠎ᠲᠠᠭᠠᠨ ᠵᠢᠳᠬᠦᠬᠦ ᠠᠵᠢᠯᠯᠠᠭ᠎ᠠ ᠪᠣᠯᠭ᠋ᠠᠨ ᠬᠤᠪᠢᠷᠠᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠬᠤ ᠬᠡᠷᠡᠭᠲᠡᠢ ᠃ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠬᠤ᠎ᠪᠠᠷ ᠨᠠᠰᠤᠨ ᠲᠤᠷᠰᠢᠲᠠ ᠵᠢᠨ ᠰᠡᠳᠦᠪ ᠪᠣᠯᠭ᠋ᠠᠵᠤ ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠦᠨᠡᠨᠴᠢ ᠰᠢᠳᠤᠷᠭᠤ᠎ᠪᠠᠷ ᠬᠡᠷᠡᠭᠵᠢᠭᠦᠯᠵᠦ ᠂ ᠤᠯᠤᠰ ᠲᠦᠷᠦ ᠵᠢᠨ ᠦᠨᠡᠨᠴᠢ ᠰᠢᠳᠤᠷᠭᠤ ᠪᠠᠢ᠌ᠬᠤ ᠬᠥᠮᠦᠵᠢᠯ ᠪᠣᠯᠣᠨ ᠨᠠᠮᠴᠢ ᠴᠢᠨᠠᠷ᠎ᠤᠨ ᠬᠥᠮᠦᠵᠢᠯ᠎ᠢ ᠴᠢᠩᠭ᠋ᠠᠳᠬᠠᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠬᠤᠪᠢᠰᠬᠠᠯ᠎ᠤᠨ ᠭ᠋ᠸᠨ᠎ᠢ ᠤᠯᠠᠮᠵᠢᠯᠠᠵᠤ᠂ ᠬᠦᠰᠡᠯᠡᠩ ᠢᠲᠡᠭᠡᠯ ᠪᠢᠰᠢᠷᠡᠯ ᠵᠶ᠋ᠡᠨ ᠪᠠᠲᠤᠳᠬᠠᠵᠤ᠂ ᠤᠭ ᠰᠠᠨᠠᠭ᠎ᠠ ᠡᠭᠦᠷᠭᠡ ᠬᠠᠷᠢᠭᠤᠴᠠᠯᠭ᠎ᠠ᠎ᠪᠠᠨ ᠦᠢ᠍ᠯᠡᠳᠦᠯᠭᠡᠵᠢᠭᠦᠯᠵᠦ᠂ 《ᠬᠣᠶᠠᠷ᠎ᠢ ᠲᠤᠭᠳᠠᠭ᠋ᠠᠭᠰᠠᠨ》᠎ᠢ ᠦᠨᠡᠨᠴᠢ᠎ᠪᠠᠷ ᠬᠦᠷᠢᠶᠡᠯᠡᠵᠦ᠂ 《ᠬᠣᠶᠠᠷ᠎ᠢ ᠬᠦᠷᠢᠶᠡᠯᠡᠬᠦ》 ᠵᠢ ᠡᠷᠡᠰ ᠪᠡᠶᠡᠯᠡᠭᠦᠯᠬᠦ ᠬᠡᠷᠡᠭᠲᠡᠢ᠃ ᠠᠷᠠᠳ᠎ᠲᠤ ᠪᠤᠶᠠᠨ ᠦᠢ᠍ᠯᠡᠳᠬᠦ ᠠᠵᠢᠯ᠎ᠤᠨ ᠠᠮᠵᠢᠯᠲᠠ ᠵᠢᠨ ᠦᠵᠡᠯᠲᠡ ᠵᠢ ᠪᠠᠲᠤ ᠪᠡᠬᠢ ᠪᠤᠢ ᠪᠣᠯᠭ᠋ᠠᠵᠤ ᠂ ᠬᠤᠪᠢᠰᠬᠠᠯ᠎ᠤᠨ ᠠᠬᠠᠮᠠᠳ ᠦᠶ᠎ᠡ ᠵᠢᠨ᠎ᠬᠢᠨ᠎ᠤ ᠤᠭ ᠰᠠᠨᠠᠭ᠎ᠠ᠎ᠪᠠᠨ ᠪᠠᠲᠤ ᠴᠡᠭᠡᠵᠢᠯᠡᠵᠦ ᠂ ᠵᠣᠷᠢᠯᠲᠠ᠎ᠪᠠᠨ ᠦᠢ᠍ᠯᠡᠳᠦᠯᠭᠡᠵᠢᠭᠦᠯᠬᠦ ᠠᠷᠠᠳ᠎ᠤᠨ ᠲᠥᠯᠥᠭᠡ ᠵᠢᠳᠬᠦᠬᠦ ᠰᠡᠳᠬᠢᠯᠭᠡ ᠵᠢ ᠵᠠᠯᠭ᠋ᠠᠮᠵᠢᠯᠠᠨ ᠪᠠᠳᠠᠷᠠᠭᠤᠯᠵᠤ ᠂ ᠠᠷᠠᠳ ᠤᠯᠠᠨ᠎ᠤ ᠰᠡᠳᠬᠢᠯ᠎ᠤᠨ ᠬᠦᠴᠢᠷᠳᠡᠯ ᠂ ᠠᠮᠢᠳᠤᠷᠠᠯ᠎ᠤᠨ ᠪᠠᠴᠢᠮᠳᠠᠯ᠂ ᠬᠥᠭᠵᠢᠯᠲᠡ ᠵᠢᠨ ᠵᠣᠪᠠᠨᠢᠯ᠎ᠲᠠᠢ ᠨᠢᠭᠲᠠ ᠤᠶᠠᠯᠳᠤᠭᠤᠯᠤᠨ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ ᠂ ᠠᠷᠠᠳ᠎ᠤᠨ ᠠᠮᠢᠳᠤᠷᠠᠯ᠎ᠢ ᠪᠠᠲᠤᠯᠠᠬᠤ ᠡᠷᠴᠢᠮ ᠵᠶ᠋ᠡᠨ ᠴᠢᠩᠭ᠋ᠠᠷᠠᠭᠤᠯᠵᠤ ᠂ ᠠᠷᠠᠳ᠎ᠤᠨ ᠠᠮᠢᠳᠤᠷᠠᠯ᠎ᠳᠤ ᠬᠣᠯᠪᠣᠭᠳᠠᠬᠤ ᠶᠠᠪᠤᠳᠠᠯ᠎ᠢ ᠨᠡᠩ ᠴᠢᠩᠭ᠎ᠠ ᠠᠳᠬᠤᠵᠤ ᠂ ᠨᠡᠩ ᠪᠣᠳᠠᠲᠠᠢ ᠬᠢᠬᠦ ᠬᠡᠷᠡᠭᠲᠡᠢ ᠃ ᠦᠨᠡᠨ᠎ᠠᠴᠠ ᠵᠥᠪ᠎ᠢ ᠡᠷᠢᠬᠦ ᠂ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ ᠠᠵᠢᠯ᠎ᠤᠨ ᠰᠤᠷᠲᠠᠯ᠎ᠢ ᠶᠡᠬᠡᠪᠡᠷ ᠪᠠᠳᠠᠷᠠᠭᠤᠯᠵᠤ ᠂ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠡᠨ ᠲᠥᠪᠯᠡᠷᠡᠭᠦᠯᠵᠦ  ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ ᠂ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠯ᠎ᠡ ᠵᠦᠢ᠍ᠯ᠎ᠤᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ ᠂ ᠪᠣᠳᠠᠲᠤ ᠠᠵᠢᠯᠯᠠᠭ᠎ᠠ᠎ᠪᠠᠷ ᠵᠶ᠋ᠠᠨ ᠬᠤᠪᠢᠰᠬᠠᠯ᠎ᠤᠨ ᠵᠣᠷᠢᠭ ᠰᠠᠨᠠᠭ᠎ᠠ ᠂ ᠰᠢᠯᠢᠳᠡᠭ ᠤᠯᠠᠮᠵᠢᠯᠠᠯ᠎ᠢ ᠤᠯᠠᠮᠵᠢᠯᠠᠨ ᠪᠠᠳᠠᠷᠠᠭᠤᠯᠬᠤ ᠬᠡᠷᠡᠭᠲᠡᠢ  ᠭᠡᠵᠦ ᠴᠢᠬᠤᠯᠠᠴᠢᠯᠠᠪᠠ ᠃

     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠥᠪ᠎ᠤᠨ ᠬᠥᠳᠡᠭᠡ ᠲᠣᠰᠬᠣᠨ᠎ᠤ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ 《ᠮᠢᠩᠭ᠋ᠠᠨ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠰᠤᠷᠤᠯᠴᠠᠨ ᠬᠡᠷᠡᠭᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠳᠡᠭᠡ ᠲᠣᠰᠬᠣᠨ᠎ᠢ ᠪᠦᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠣᠰᠬᠠᠬᠤ᠎ᠳᠤ ᠲᠣᠬᠢᠷᠠᠮᠵᠢᠲᠠᠢ ᠪᠠ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠪᠦᠲᠦᠭᠡᠨ ᠪᠠᠶ᠋ᠢᠭᠤᠯᠬᠤ ᠬᠡᠷᠡᠭᠲᠡᠢ᠃ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠴᠡᠭᠴᠡᠯᠡᠨ ᠵᠠᠰᠠᠬᠤ ᠠᠵᠢᠯ᠎ᠢ ᠴᠢᠩᠭ᠋ᠠᠳᠬᠠᠵᠤ᠂ ᠬᠥᠳᠡᠭᠡ ᠲᠣᠰᠬᠣᠨ᠎ᠤ ᠳᠦᠷᠰᠦ ᠪᠠᠢ᠌ᠳᠠᠯ᠎ᠢ ᠬᠠᠮᠢᠶᠠᠷᠤᠨ ᠡᠵᠡᠮᠳᠡᠬᠦ ᠪᠠ ᠮᠡᠷᠭᠡᠵᠢᠯ᠎ᠤᠨ ᠵᠢᠯᠣᠭᠣᠳᠤᠯᠭ᠎ᠠ ᠵᠢ ᠴᠢᠩᠭ᠋ᠠᠳᠬᠠᠵᠤ᠂ ᠮᠠᠯᠵᠢᠬᠤ ᠲᠠᠷᠢᠶᠠᠯᠠᠬᠤ ᠣᠷᠣᠨ᠎ᠤ ᠠᠮᠢᠳᠤᠷᠠᠯ᠎ᠤᠨ ᠬᠣᠭ ᠨᠣᠪᠰᠢ ᠵᠢ ᠬᠣᠷᠢᠶᠠᠨ ᠲᠡᠭᠡᠭᠡᠪᠦᠷᠢᠯᠡᠬᠦ ᠪᠠ ᠪᠠᠢ᠌ᠭᠤᠯᠤᠯᠲᠤ ᠪᠠᠯᠭ᠋ᠠᠰᠤ ᠵᠢᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠪᠠ ᠬᠥᠳᠡᠭᠡ ᠲᠣᠰᠬᠣᠨ᠎ᠤ ᠭᠡᠷ ᠪᠠᠢ᠌ᠰᠢᠩ᠎ᠤᠨ ᠭᠠᠵᠠᠷ ᠬᠥᠳᠡᠯᠦᠯᠲᠡ ᠵᠢ ᠳᠠᠭ᠋ᠠᠭ᠋ᠠᠬᠤ ᠪᠡᠬᠢᠵᠢᠭᠦᠯᠦᠯᠲᠡ ᠵᠢ ᠰᠠᠢ᠌ᠲᠤᠷ ᠠᠳᠬᠤᠵᠤ᠂ ᠵᠢᠷᠤᠭ ᠲᠦᠯᠦᠪᠯᠡᠯᠭᠡ ᠵᠢ ᠬᠥᠳᠡᠭᠡ ᠪᠠᠭᠤᠯᠭ᠋ᠠᠬᠤ᠂ ᠮᠡᠷᠭᠡᠵᠢᠯ᠎ᠢ ᠡᠷᠦᠬᠡ᠎ᠳᠤ ᠣᠷᠣᠭᠤᠯᠬᠤ ᠪᠠ ᠤᠷᠠᠨ ᠳᠠᠷᠬᠠᠨ᠎ᠢ ᠪᠣᠢ᠌ᠵᠢᠭᠤᠯᠬᠤ ᠠᠵᠢᠯᠯᠠᠭ᠎ᠠ ᠵᠢ ᠶᠡᠬᠡᠪᠡᠷ ᠥᠷᠨᠢᠭᠦᠯᠵᠦ᠂ ᠬᠥᠳᠡᠭᠡ ᠲᠣᠰᠬᠣᠨ᠎ᠤ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠂  ᠣᠷᠣᠰᠢᠨ ᠰᠠᠭᠤᠬᠤ᠎ᠳᠤ ᠲᠣᠬᠢᠷᠠᠮᠵᠢᠲᠠᠢ ᠣᠲᠣ ᠦᠶ᠎ᠡ ᠵᠢᠨ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃

     ᠬᠤᠷᠠᠯ᠎ᠠᠴᠠ ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠣᠷᠢᠶ᠎ᠠ ᠵᠢᠨ ᠶᠢᠰᠦᠳᠦᠭᠡᠷ ᠤᠳᠠᠭ᠋ᠠᠨ᠎ᠤ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂  ᠢᠷᠡᠬᠦ ᠵᠢᠯ᠎ᠤᠨ ᠡᠯ᠎ᠡ ᠵᠦᠢ᠍ᠯ᠎ᠤᠨ ᠠᠵᠢᠯ᠎ᠤᠨ ᠲᠤᠬᠠᠢ  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ  ᠰᠢᠢ᠍ᠳᠪᠦᠷᠢᠲᠦ ᠪᠣᠳᠣᠯᠭ᠎ᠠ ᠪᠠᠢ᠌ᠷᠢᠯᠠᠭᠤᠯᠤᠯᠲᠠ ᠵᠢ ᠭᠦᠨᠵᠡᠭᠡᠢ ᠣᠢ᠌ᠯᠠᠭ᠋ᠠᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠪᠠᠢ᠌ᠯᠳᠤᠬᠤ ᠪᠣᠳᠣᠯᠭ᠎ᠠ ᠵᠢᠨ ᠪᠦᠬᠦ ᠲᠠᠯ᠎ᠠ᠎ᠳᠤ ᠠᠭᠤᠰᠬᠠᠨ ᠬᠢᠨᠠᠨ ᠰᠢᠨᠵᠢᠵᠦ᠂ ᠪᠥᠬᠥ ᠲᠠᠯ᠎ᠠ᠎ᠠᠴᠠ ᠨᠢᠭᠡ ᠣᠷᠣᠨ ᠪᠦᠰᠡ ᠵᠢ ᠲᠥᠯᠥᠪᠯᠡᠵᠦ᠂ ᠨᠢᠭᠡ ᠣᠷᠣᠨ ᠪᠦᠰᠡ᠎ᠪᠠᠷ ᠪᠥᠬᠥ ᠲᠠᠯ᠎ᠠ᠎ᠳᠤ ᠦᠢ᠍ᠯᠡᠴᠢᠯᠡᠨ᠂ ᠠᠵᠤ ᠦᠢ᠍ᠯᠡᠰ᠂ ᠲᠥᠷᠥᠯ ᠵᠦᠢ᠍ᠯ᠂ ᠪᠡᠯᠡ ᠣᠷᠣᠭᠤᠯᠤᠯᠲᠠ ᠵᠡᠷᠭᠡ ᠵᠠᠩᠭᠢᠯᠠᠭ᠎ᠠ ᠵᠢᠨ ᠡᠬᠢ ᠪᠠᠶᠠᠯᠢᠭ᠎ᠤᠨ ᠬᠦᠴᠦᠨ ᠵᠦᠢ᠍ᠯ᠎ᠢ ᠴᠢᠩᠭ᠎ᠠ ᠠᠩᠬᠠᠷᠴᠤ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠦᠴᠦᠯᠡᠨ ᠰᠠᠢ᠌ᠲᠤᠷ ᠠᠳᠬᠤᠵᠤ᠂ 《ᠵᠢᠷᠭᠤᠭ᠋ᠠᠨ ᠠᠵᠢᠯᠯᠠᠭ᠎ᠠ》 ᠵᠢ ᠯᠠᠪᠳᠠᠭᠤᠨ ᠪᠠᠲᠤᠲᠠᠢ ᠠᠬᠢᠭᠤᠯᠤᠨ᠂ ᠬᠣᠲᠠ ᠪᠠᠯᠭ᠋ᠠᠰᠤ ᠵᠢᠨ ᠢᠯᠴᠢ ᠬᠠᠩᠭ᠋ᠠᠬᠤ 《ᠲᠤᠯᠠᠭ᠋ᠠᠯᠭ᠎ᠠ ᠵᠢᠨ ᠢᠨᠵᠧᠨᠧᠷᠢᠩ》᠎ᠤᠨ ᠦᠷ᠎ᠡ ᠪᠦᠲᠦᠭᠡᠯ᠎ᠢ ᠪᠡᠬᠢᠵᠢᠭᠦᠯᠵᠦ᠂ ᠬᠣᠲᠠ ᠪᠠᠯᠭ᠋ᠠᠰᠤ ᠵᠢᠨ ᠤᠰᠤ ᠠᠷᠪᠢᠯᠠᠵᠤ ᠬᠣᠬᠢᠷᠠᠯ᠎ᠢ ᠪᠠᠭ᠋ᠠᠰᠬᠠᠬᠤ ᠠᠵᠢᠯ᠎ᠢ ᠰᠠᠢ᠌ᠲᠤᠷ ᠬᠢᠵᠦ᠂ ᠪᠥᠬᠥ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠨᠠᠩ ᠶᠡᠬᠡ ᠬᠤᠪᠢ ᠨᠡᠮᠡᠷᠢ ᠦᠵᠡᠭᠦᠯᠬᠦ᠎ᠪᠠᠷ ᠴᠢᠷᠮᠠᠢ᠌ᠨ᠎ᠠ᠃ ᠲᠤᠯᠭ᠋ᠠᠭᠤᠷᠢ ᠠᠵᠤ ᠦᠢ᠍ᠯᠡᠰ᠎ᠤᠨ ᠪᠠᠢ᠌ᠷᠢ ᠰᠠᠭᠤᠷᠢ ᠵᠢ ᠲᠣᠭᠲᠠᠭᠤᠨ ᠵᠶ᠋ᠠᠷ ᠬᠥᠭᠵᠢᠭᠦᠯᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠬᠤ ᠵᠢ ᠵᠣᠭᠰᠣᠭ᠋ᠠᠵᠤ ᠲᠠᠬᠢᠨ ᠲᠣᠭᠲᠠᠪᠤᠷᠢᠵᠢᠭᠤᠯᠬᠤ ᠵᠢ ᠪᠦᠬᠦ ᠬᠦᠴᠦᠨ ᠵᠶ᠋ᠡᠷ ᠠᠬᠢᠭᠤᠯᠵᠤ ᠂ ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠲᠠᠬᠢᠨ ᠰᠢᠨ᠎ᠡ ᠳᠡᠭᠲᠡᠷ᠎ᠲᠤ ᠭᠠᠷᠬᠤ ᠵᠢ ᠠᠬᠢᠭᠤᠯᠬᠤ ᠬᠡᠷᠡᠭᠲᠡᠢ᠃ ᠲᠥᠷᠥᠯ ᠵᠦᠢ᠍ᠯ᠎ᠢ ᠲᠥᠯᠥᠪᠯᠡᠵᠦ ᠨᠥᠭᠡᠴᠡᠯᠡᠬᠦ ᠠᠵᠢᠯ᠎ᠢ ᠴᠢᠩᠭ᠋ᠠᠳᠬᠠᠵᠤ᠂ ᠬᠡᠳᠦ ᠤᠷᠲᠤ ᠬᠤᠭᠤᠴᠠᠭ᠋ᠠᠨ᠎ᠤ ᠣᠨᠴᠠᠭ᠋ᠠᠶ ᠤᠯᠤᠰ᠎ᠤᠨ ᠵᠢᠭᠡᠯᠡᠯᠭᠡ ᠵᠢᠨ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ ᠲᠥᠷᠥᠯ᠎ᠳᠤ ᠦᠵᠡᠭᠦᠯᠦᠭᠰᠡᠨ ᠢᠳᠡᠪᠬᠢᠲᠡᠢ ᠨᠥᠯᠥᠭᠡ ᠵᠢ ᠭᠦᠨᠵᠡᠭᠡᠢ ᠵᠠᠳᠠᠯᠵᠤ ᠰᠤᠳᠤᠯᠤᠨ ᠮᠠᠭ᠋ᠠᠳᠯᠠᠵᠤ᠂ 《ᠬᠤᠶᠠᠷ᠎ᠢ ᠴᠢᠬᠤᠯᠠᠴᠢᠯᠠᠬᠤ》 《ᠬᠣᠶᠠᠷ᠎ᠢ ᠰᠢᠨᠡᠴᠢᠯᠡᠬᠦ》 ᠵᠢᠨ ᠲᠥᠷᠥ ᠵᠢᠨ ᠪᠣᠳᠣᠯᠭ᠎ᠠ ᠵᠢᠨ ᠴᠤᠩᠬᠤᠪᠴᠢ ᠬᠤᠭᠤᠴᠠᠭ᠎ᠠ ᠵᠢ ᠵᠠᠪᠳᠤᠨ ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠲᠠᠢ ᠤᠶᠠᠯᠳᠤᠭᠤᠯᠤᠨ᠂ ᠬᠣᠲᠠ ᠵᠢᠨ ᠭᠠᠵᠠᠷ ᠳᠣᠣᠷᠠᠬᠢ ᠬᠣᠭᠣᠯᠠᠢ ᠲᠣᠣᠷ᠎ᠢ ᠥᠭᠡᠷᠡᠴᠢᠯᠡᠬᠦ᠂ ᠠᠮᠢᠳᠤᠷᠠᠯ᠎ᠤᠨ ᠬᠣᠭ ᠨᠣᠪᠰᠢ ᠵᠢ ᠲᠥᠷᠥᠯ ᠬᠤᠪᠢᠶᠠᠬᠤ ᠪᠠ ᠰᠢᠢ᠍ᠳᠪᠦᠷᠢᠯᠡᠬᠦ ᠲᠥᠬᠦᠭᠡᠷᠦᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠰᠠᠢ᠌ᠵᠢᠷᠠᠭᠤᠯᠵᠦ᠂ ᠤᠰᠤᠨ᠎ᠤ ᠪᠣᠬᠢᠷᠲᠤᠯ᠎ᠢ ᠵᠠᠰᠠᠬᠤ ᠲᠥᠬᠦᠭᠡᠷᠦᠮᠵᠢ ᠵᠢᠨ ᠪᠠᠷᠢᠮᠵᠢᠶ᠎ᠠ ᠵᠢ ᠳᠡᠭᠡᠭᠰᠢᠯᠡᠭᠦᠯᠦᠨ ᠥᠭᠡᠷᠡᠴᠢᠯᠡᠬᠦ᠂ ᠡᠨᠧᠷᠭᠢ ᠬᠡᠷᠡᠭᠯᠡᠬᠦ ᠲᠥᠬᠦᠭᠡᠷᠦᠮᠵᠢ ᠵᠢ ᠰᠢᠨᠡᠳᠬᠡᠨ ᠥᠭᠡᠷᠡᠴᠢᠯᠡᠬᠦ᠂ ᠣᠷᠣᠨ ᠰᠠᠭᠤᠴᠠ ᠵᠢᠨ ᠬᠠᠭᠤᠴᠢᠷᠠᠭᠰᠠᠨ ᠴᠠᠬᠢᠯᠭ᠋ᠠᠨ ᠱᠠᠲᠤ ᠵᠢ ᠰᠢᠨᠡᠳᠬᠡᠨ ᠥᠭᠡᠷᠡᠴᠢᠯᠡᠬᠦ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠥᠷᠥᠯ ᠵᠦᠢ᠍ᠯ᠎ᠢ ᠲᠥᠯᠥᠪᠯᠡᠬᠦ᠂ ᠨᠥᠭᠡᠴᠡᠯᠡᠬᠦ᠂ ᠭᠤᠶᠤᠴᠢᠯᠠᠨ ᠮᠡᠳᠡᠭᠦᠯᠬᠦ᠂ ᠪᠦᠲᠦᠭᠡᠨ ᠪᠠᠶ᠋ᠢᠭᠤᠯᠬᠤ ᠪᠥᠬᠥ ᠬᠡᠯᠬᠢᠶ᠎ᠡ ᠵᠢᠨ ᠠᠵᠢᠯ᠎ᠢ ᠯᠠᠪᠳᠠᠭᠤᠨ ᠪᠠᠲᠤᠲᠠᠢ ᠰᠠᠢ᠌ᠲᠤᠷ ᠬᠢᠵᠦ᠂ ᠪᠡᠯᠡ ᠮᠥᠩᠭᠥ ᠵᠢᠨ ᠳᠡᠮᠵᠢᠯᠭᠡ ᠵᠢ ᠢᠳᠡᠪᠬᠢᠲᠡᠢ ᠲᠡᠮᠡᠴᠡᠨ ᠣᠯᠵᠤ᠂ ᠨᠠᠩ ᠣᠯᠠᠨ ᠪᠣᠳᠠᠲᠤ ᠠᠵᠢᠯ᠎ᠤᠨ ᠬᠡᠮᠵᠢᠶ᠎ᠡ ᠵᠢ ᠪᠣᠶ ᠪᠣᠯᠭ᠋ᠠᠵᠤ᠂ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠪᠠᠷ ᠠᠵᠤ ᠠᠬᠤᠢ ᠵᠢᠨ ᠨᠡᠮᠡᠭᠳᠡᠯ᠎ᠢ ᠳᠠᠶ᠋ᠢᠴᠢᠯᠠᠨ᠎ᠠ᠃ ᠡᠵᠡᠩᠨᠡᠯᠲᠡ ᠵᠢᠨ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠵᠦ ᠂ ᠠᠵᠤ ᠠᠬᠤᠢ᠌ᠯᠠᠯ᠎ᠤᠨ ᠬᠥᠭᠵᠢᠯᠲᠡ ᠵᠢᠨ ᠬᠦᠴᠢᠷ ᠲᠦᠪᠡᠭᠲᠡᠢ ᠠᠰᠠᠭᠤᠳᠠᠯ᠎ᠢ ᠴᠢᠩᠭ᠎ᠠ ᠠᠩᠬᠠᠷᠴᠤ ᠂ ᠲᠦᠷᠦ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠴᠢᠩᠭ᠋ᠠᠳᠬᠠᠵᠤ ᠂ ᠠᠵᠤ ᠠᠬᠤᠢ᠌ᠯᠠᠯ᠎ᠤᠨ ᠬᠦᠴᠢᠷᠳᠡᠯ᠎ᠢ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠵᠤ ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ ᠪᠣᠯᠣᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠬᠦ ᠬᠦᠴᠦᠨ᠎ᠢ ᠴᠢᠨᠠᠭᠰᠢᠳᠠ ᠬᠥᠭᠵᠢᠭᠡᠬᠦ ᠬᠡᠷᠡᠭᠲᠡᠢ ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠵᠤ᠂ ᠬᠣᠲᠠ ᠪᠠᠯᠭ᠋ᠠᠰᠤ ᠵᠢᠨ ᠤᠰᠤ ᠠᠷᠪᠢᠯᠠᠬᠤ᠂ ᠢᠯᠴᠢ ᠬᠠᠩᠭ᠋ᠠᠬᠤ᠂ ᠤᠰᠤ ᠬᠠᠩᠭ᠋ᠠᠬᠤ᠂ ᠠᠳᠠᠯ ᠠᠬᠤᠢ᠂ ᠲᠡᠷᠭᠡ ᠵᠣᠭᠰᠤᠭ᠋ᠠᠬᠤ ᠵᠡᠷᠭᠡ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠰᠠᠭᠤᠷᠢ ᠴᠢᠨᠠᠷᠲᠠᠢ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠠᠷᠠᠳ᠎ᠤᠨ ᠠᠮᠢᠳᠤᠷᠠᠯ᠎ᠤᠨ ᠪᠦᠲᠦᠭᠡᠨ ᠪᠠᠢ᠌ᠭᠤᠯᠤᠯᠲᠠ ᠵᠢ ᠦᠷᠭᠦᠯᠵᠢᠯᠡᠨ ᠴᠢᠩᠭ᠋ᠠᠳᠬᠠᠵᠤ᠂ ᠰᠠᠨᠠᠭ᠋ᠠᠨ᠎ᠳᠤ ᠨᠡᠢ᠌ᠴᠡᠭᠰᠡᠨ 《ᠠᠷᠠᠳ᠎ᠤᠨ ᠠᠮᠢᠳᠤᠷᠠᠯ᠎ᠤᠨ ᠰᠢᠨ᠎ᠡ ᠬᠠᠷᠢᠭᠤᠯᠲᠠ ᠵᠢᠨ ᠬᠠᠭᠤᠳᠠᠰᠤ》 ᠵᠢ ᠴᠢᠷᠮᠠᠢ᠌ᠨ ᠲᠤᠰᠢᠶᠠᠬᠤ ᠬᠡᠷᠡᠭᠲᠡᠢ ᠭᠡᠵᠦ ᠴᠢᠬᠤᠯᠠᠴᠢᠯᠠᠪᠠ᠃


W020250102618254173883.png


     ᠬᠤᠷᠠᠯ᠎ᠠᠴᠠ᠂ ᠪᠦᠬᠦ ᠤᠯᠤᠰ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠮᠠᠨ᠎ᠤ ᠣᠷᠣᠨ᠎ᠤ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠤᠨ᠂ ᠬᠥᠭᠵᠢᠯᠲᠡ ᠵᠢᠨ ᠠᠵᠠ ᠲᠣᠬᠢᠶᠠᠯ᠎ᠢ ᠪᠦᠬᠦ ᠬᠦᠴᠦᠨ ᠵᠶ᠋ᠡᠷ ᠵᠶ᠋ᠡᠨ ᠠᠳᠬᠤᠵᠤ᠂ ᠤᠯᠤᠰ᠎ᠤᠨ ᠲᠥᠷᠥ ᠵᠢᠨ ᠪᠣᠳᠣᠯᠭ᠎ᠠ ᠵᠢ ᠪᠦᠬᠦ ᠲᠠᠯ᠎ᠠ᠎ᠪᠠᠷ ᠵᠤᠯᠭ᠋ᠠᠭᠤᠯᠵᠦ᠂ ᠤᠯᠤᠰ᠎ᠤᠨ ᠬᠡᠷᠡᠭᠴᠡᠭᠡ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠴᠢᠳᠠᠯ᠂ ᠣᠯᠠᠨ ᠲᠦᠮᠡᠨ᠎ᠤ ᠬᠦᠰᠡᠯ᠂ ᠢᠷᠡᠭᠡᠳᠦᠢ ᠵᠢᠨ ᠬᠠᠨᠳᠤᠰᠢ ᠵᠢ ᠨᠢᠭᠡᠳᠦᠯᠲᠡᠢ ᠲᠥᠯᠥᠪᠯᠡᠨ ᠤᠶᠠᠯᠳᠤᠭᠤᠯᠵᠤ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠲᠣᠪᠣᠢ᠌ᠮ᠎ᠠ ᠵᠥᠷᠢᠴᠡᠯ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠰᠠᠭᠤᠷᠢ ᠵᠢ ᠪᠠᠲᠤᠳᠬᠠᠬᠤ᠂ ᠥᠭᠡᠷᠡᠴᠢᠯᠡᠯᠲᠡ ᠵᠢ ᠭᠦᠨᠵᠡᠭᠡᠢ᠌ᠷᠡᠭᠦᠯᠬᠦ᠎ᠪᠠᠷ ᠭᠣᠣᠯ ᠰᠢᠵᠢᠮ ᠪᠣᠯᠭ᠋ᠠᠵᠤ᠂ ᠣᠷᠣᠨ ᠰᠠᠭᠤᠴᠠ ᠵᠢᠨ ᠪᠠᠲᠤᠯᠠᠭ᠎ᠠ ᠪᠠ ᠭᠡᠷ ᠪᠠᠢ᠌ᠰᠢᠩ ᠭᠠᠵᠠᠷ ᠬᠥᠷᠥᠩᠭᠡ᠂ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ᠂ ᠪᠠᠷᠢᠯᠭ᠎ᠠ ᠵᠢᠨ ᠦᠢ᠍ᠯᠡᠰ᠎ᠤᠨ ᠬᠥᠭᠵᠢᠯᠲᠡ᠂ ᠰᠠᠭᠤᠷᠢ ᠲᠤᠯᠭ᠋ᠠᠭᠤᠷᠢᠯᠠᠯ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠵᠤ᠂ ᠠᠵᠢᠯ᠎ᠤᠨ ᠭᠠᠷᠳᠠᠬᠤ ᠴᠡᠭ ᠪᠠ ᠤᠶᠠᠯᠳᠤᠯ᠎ᠤᠨ ᠴᠡᠭ᠎ᠢ ᠣᠨᠣᠪᠴᠢᠲᠠᠶ ᠡᠷᠢᠨ ᠣᠯᠵᠤ᠂ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠥᠪᠥᠷ ᠮᠣᠩᠭᠣᠯ᠎ᠳᠤ ᠨᠠᠢ᠌ᠳᠠᠪᠤᠷᠢᠵᠢᠭᠤᠯᠬᠤ ᠵᠢ ᠴᠢᠷᠮᠠᠢ᠌ᠨ ᠠᠬᠢᠭᠤᠯᠤᠨ᠎ᠠ᠃ ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠳᠬᠡᠨ ᠪᠠᠢ᠌ᠭᠤᠯᠵᠤ᠂ ᠣᠷᠣᠨ ᠰᠠᠭᠤᠴᠠ ᠵᠢᠨ ᠪᠠᠲᠤᠯᠠᠭ᠎ᠠ ᠵᠢᠨ ᠬᠠᠩᠭ᠋ᠠᠯᠭ᠎ᠠ ᠵᠢᠨ ᠰᠢᠰᠲ᠋ᠧᠮᠵᠢ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠥᠮᠥᠨ ᠭᠡᠷ  ᠭᠠᠵᠠᠷ  ᠵᠣᠭᠣᠰᠤᠨ᠎ᠤ ᠬᠦᠴᠦᠨ ᠵᠦᠢ᠍ᠯ᠎ᠢ ᠬᠣᠯᠪᠣᠯᠳᠤᠭᠤᠯᠬᠤ ᠰᠢᠨ᠎ᠡ ᠲᠣᠭᠲᠠᠴᠠ ᠵᠢ ᠪᠠᠢ᠌ᠭᠤᠯᠤᠨ᠂ ᠡᠯ᠎ᠡ ᠵᠦᠢ᠍ᠯ᠎ᠤᠨ ᠦᠯᠡᠳᠡᠭᠡᠯ ᠲᠥᠷᠥ ᠵᠢᠨ ᠪᠣᠳᠣᠯᠭ᠎ᠠ ᠪᠠ ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢ ᠡᠷᠡᠰ ᠨᠠᠢ᠌ᠳᠠᠪᠤᠷᠢᠵᠢᠭᠤᠯᠵᠤ᠂ ᠲᠠᠸᠠᠷ᠎ᠤᠨ ᠭᠡᠷ ᠪᠠᠢ᠌ᠰᠢᠩ ᠪᠣᠷᠣᠯᠠᠭᠤᠯᠬᠤ ᠳᠦᠷᠢᠮ᠎ᠤᠨ ᠥᠭᠡᠷᠡᠴᠢᠯᠡᠯᠲᠡ ᠵᠢ ᠶᠡᠬᠡᠪᠡᠷ ᠠᠬᠢᠭᠤᠯᠵᠤ᠂ ᠭᠡᠷ ᠪᠠᠢ᠌ᠰᠢᠩ ᠭᠠᠵᠠᠷ  ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠷᠡᠭᠦᠯ ᠲᠣᠭᠲᠠᠭᠤᠨ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠢ᠃ ᠪᠠᠷᠢᠯᠭ᠎ᠠ ᠵᠢᠨ ᠦᠢ᠍ᠯᠡᠰ᠎ᠤᠨ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ ᠂ ᠥᠭᠡᠷᠡᠴᠢᠯᠡᠨ ᠪᠠᠶ᠋ᠢᠭᠤᠯᠬᠤ ᠠᠷᠭ᠎ᠠ ᠬᠡᠯᠪᠡᠷᠢ ᠵᠢ ᠲᠦᠷᠭᠡᠳᠬᠡᠨ ᠬᠤᠪᠢᠷᠠᠭᠤᠯᠵᠤ ᠂ ᠪᠠᠷᠢᠯᠭ᠎ᠠ ᠵᠢᠨ ᠬᠦᠷᠢᠶᠡᠨ᠎ᠤ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠵᠢ ᠲᠣᠭᠲᠠᠭᠤᠨ ᠵᠶ᠋ᠠᠷ ᠠᠬᠢᠭᠤᠯᠵᠤ ᠂ ᠣᠳᠣᠬᠢᠴᠢᠯᠠᠭᠰᠠᠨ ᠪᠠᠷᠢᠯᠭ᠎ᠠ ᠵᠢᠨ ᠠᠵᠤ ᠦᠢ᠍ᠯᠡᠰ᠎ᠢ ᠶᠡᠬᠡᠪᠡᠷ ᠬᠥᠭᠵᠢᠭᠦᠯᠵᠦ᠂ ᠪᠠᠷᠢᠯᠭ᠎ᠠ ᠵᠢᠨ ᠦᠢ᠍ᠯᠡᠰ᠎ᠤᠨ ᠬᠡᠯᠪᠡᠷᠢ ᠬᠤᠪᠢᠷᠠᠭᠤᠯᠤᠨ ᠲᠡᠰ ᠳᠡᠪᠰᠢᠬᠦ ᠵᠢ ᠪᠦᠬᠦ ᠬᠦᠴᠦᠨ ᠵᠶ᠋ᠡᠷ ᠵᠶ᠋ᠡᠨ ᠠᠬᠢᠭᠤᠯᠵᠦ᠂ ᠬᠣᠲᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠲᠣᠭᠲᠠᠭᠤᠨ ᠵᠶ᠋ᠠᠷ ᠬᠡᠷᠡᠭᠵᠢᠭᠦᠯᠵᠦ᠂ ᠬᠤᠳᠠ ᠵᠢᠨ ᠪᠡᠶ᠎ᠡ ᠵᠢᠨ ᠪᠠᠢ᠌ᠴᠠᠭ᠋ᠠᠯᠲᠠ ᠪᠠ ᠬᠤᠳᠠ ᠵᠢᠨ  ᠰᠢᠨᠡᠴᠢᠯᠡᠯᠲᠡ ᠵᠢ ᠨᠢᠭᠡ ᠴᠣᠭᠴᠠᠵᠢᠭᠤᠯᠤᠨ ᠠᠬᠢᠭᠤᠯᠬᠤ ᠲᠣᠭᠲᠠᠴᠠ ᠵᠢ ᠪᠠᠢ᠌ᠭᠤᠯᠵᠤ ᠂ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢ ᠠᠬᠢᠭᠤᠯᠬᠤ᠎ᠪᠠᠷ ᠴᠢᠬᠤᠯᠠ ᠬᠥᠲᠥᠯᠥᠮᠵᠢ ᠪᠣᠯᠭ᠋ᠠᠵᠤ᠂ ᠨᠢᠭᠡ ᠪᠦᠯᠦᠭ ᠬᠤᠳᠠ ᠵᠢᠨ ᠰᠢᠨᠡᠴᠢᠯᠡᠯᠳᠡ ᠦᠭᠡᠷᠡᠴᠢᠯᠡᠯᠳᠡ ᠵᠢᠨ ᠲᠦᠷᠦᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠵᠦ᠂ ᠰᠠᠢ᠌ᠨ ᠭᠡᠷ ᠪᠠᠢ᠌ᠰᠢᠩ᠂ ᠰᠠᠢ᠌ᠨ ᠤᠷᠤᠨ ᠰᠠᠭᠤᠴᠠ ᠵᠢᠨ ᠲᠣᠭᠣᠷᠢᠭ᠂ ᠰᠠᠢ᠌ᠨ ᠨᠡᠢ᠌ᠭᠡᠮ ᠲᠣᠭᠣᠷᠢᠭ᠂ ᠰᠠᠢ᠌ᠨ ᠬᠤᠳᠠ ᠵᠢᠨ ᠲᠣᠭᠣᠷᠢᠭ 《ᠲᠦᠷᠪᠡᠨ ᠰᠠᠢ᠌ᠨ》᠎ᠤ ᠪᠦᠲᠦᠭᠡᠨ ᠪᠠᠢ᠌ᠭᠤᠯᠤᠯᠲᠠ ᠵᠢ ᠰᠢᠰᠲ᠋ᠧᠮ᠎ᠲᠠᠢ᠎ᠪᠠᠷ ᠲᠦᠯᠬᠢᠨ ᠠᠬᠢᠭᠤᠯᠵᠤ᠂ ᠬᠠᠭᠤᠴᠢᠨ ᠤᠷᠤᠨ ᠰᠠᠭᠤᠴᠠ ᠵᠢᠨ ᠲᠣᠭᠣᠷᠢᠭ᠎ᠤᠨ ᠥᠭᠡᠷᠡᠴᠢᠯᠡᠯᠲᠡ ᠵᠢ 《ᠲᠡᠰ ᠲᠡᠪᠰᠢᠭᠦᠯᠵᠦ》᠂ ᠬᠥᠮᠥᠰ᠎ᠤᠨ ᠣᠷᠣᠰᠢᠨ ᠰᠠᠭᠤᠬᠤ ᠣᠷᠴᠢᠨ ᠨᠥᠬᠥᠴᠡᠯ᠎ᠢ ᠴᠡᠭᠴᠡᠯᠡᠨ ᠵᠠᠰᠠᠬᠤ ᠵᠢ ᠴᠢᠩᠭ᠋ᠠᠳᠬᠠᠵᠤ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠤᠶᠠᠨ ᠬᠠᠳᠠᠨ ᠣᠶᠤᠨᠴᠢ ᠬᠤᠳᠠ ᠵᠢ ᠪᠦᠳᠦᠭᠡᠨ ᠪᠠᠢ᠌ᠭᠤᠯᠬᠤ ᠬᠡᠷᠡᠭᠳᠡᠢ ᠭᠡᠵᠦ ᠱᠠᠭ᠋ᠠᠷᠳᠠᠪᠠ᠃

     ᠬᠤᠷᠠᠯ᠎ᠠᠴᠠ᠂ ᠵᠢᠯ᠎ᠤᠨ ᠡᠴᠦᠰ ᠵᠢᠯ᠎ᠤᠨ ᠡᠬᠢᠨ᠎ᠳᠤ ᠡᠯ᠎ᠡ ᠵᠦᠢ᠍ᠯ᠎ᠤᠨ ᠠᠵᠢᠯ᠎ᠨᠢ  ᠵᠠᠩᠭᠢᠯᠠᠭ᠎ᠠ ᠵᠢᠨ ᠴᠠᠭ ᠦᠶ᠎ᠡ᠎ᠳᠤ ᠣᠷᠣᠵᠤ᠂ ᠬᠠᠷᠢᠭᠤᠴᠠᠯᠭ᠎ᠠ ᠵᠢᠨ ᠤᠬᠠᠮᠰᠠᠷ᠂ ᠰᠢᠪᠲᠤᠯᠤᠯᠲᠠ ᠵᠢᠨ ᠤᠬᠠᠮᠰᠠᠷ᠂ ᠲᠠᠩᠰᠠ ᠲᠤᠰᠢᠶᠠᠬᠤ ᠤᠬᠠᠮᠰᠠᠷ ᠵᠶ᠋ᠠᠨ ᠦᠨᠡᠨᠬᠦ ᠴᠢᠩᠭ᠋ᠠᠳᠬᠠᠵᠤ᠂ ᠦᠷᠭᠦᠯᠵᠢᠯᠡᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠲᠣᠭᠲᠠᠭᠰᠠᠨ ᠬᠠᠷᠠᠯᠲᠠ ᠡᠭᠦᠷᠭᠡ ᠪᠠ ᠵᠠᠩᠭᠢᠯᠠᠭ᠎ᠠ ᠵᠢᠨ ᠭᠦᠢ᠍ᠴᠡᠳᠬᠡᠯ ᠲᠣᠭ᠎ᠠ ᠵᠢ ᠴᠢᠩᠭ᠎ᠠ ᠠᠩᠬᠠᠷᠴᠤ᠂ ᠨᠠᠷᠢᠨ ᠨᠢᠮᠪᠠᠢ ᠡᠮᠬᠢᠯᠡᠨ ᠪᠦᠷᠢᠳᠬᠡᠵᠦ᠂ ᠪᠥᠬᠥ ᠲᠠᠯ᠎ᠠ᠎ᠪᠠᠷ ᠠᠯᠳᠠᠭᠳᠠᠯ᠎ᠢ ᠪᠠᠢ᠌ᠴᠠᠭ᠋ᠠᠨ ᠳᠤᠲᠠᠭᠤ ᠵᠢ ᠨᠥᠬᠥᠪᠦᠷᠢᠯᠡᠵᠦ᠂ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠨ᠂ ᠨᠠᠩ ᠨᠠᠷᠢᠯᠢᠭ ᠣᠨᠣᠴᠠᠲᠠᠢ ᠪᠦᠲᠦᠮᠵᠢᠲᠡᠶ ᠠᠷᠭ᠎ᠠ ᠬᠡᠮᠵᠢᠶ᠎ᠡ᠎ᠪᠠᠷ ᠡᠯ᠎ᠡ ᠵᠦᠢ᠍ᠯ᠎ᠤᠨ ᠠᠵᠢᠯ᠎ᠢ ᠴᠢᠩᠭ᠎ᠠ ᠠᠳᠬᠤᠵᠤ᠂ ᠪᠣᠳᠠᠲᠠᠢ ᠠᠳᠬᠤᠵᠤ᠂ ᠨᠠᠷᠢᠯᠢᠭ ᠠᠳᠬᠤᠵᠤ᠂  ᠡᠯ᠎ᠡ ᠵᠦᠢ᠍ᠯ᠎ᠤᠨ  ᠣᠨ᠎ᠤ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠢ᠃ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠲᠤ ᠪᠤᠢ ᠪᠣᠯᠭ᠋ᠠᠵᠤ ᠂ ᠪᠠᠶᠠᠷ ᠳᠤᠷᠠᠰᠬᠠᠯ᠎ᠤᠨ ᠠᠮᠠᠷᠠᠯᠲᠠ ᠵᠢᠨ ᠬᠤᠭᠤᠴᠠᠭ᠋ᠠᠨ᠎ᠳᠤ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ ᠂ ᠠᠷᠭ᠋ᠠᠴᠠᠨ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠯ᠎ᠡ ᠲᠦᠷᠦᠯ᠎ᠤᠨ ᠠᠮᠤᠷ ᠲᠦᠪᠰᠢᠨ᠎ᠤ ᠡᠨᠳᠡᠯ ᠭᠠᠷᠬᠤ ᠵᠢ ᠴᠢᠩᠭ᠎ᠠ ᠰᠡᠷᠭᠡᠢ᠌ᠯᠡᠵᠦ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠬᠦ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠢ᠃ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠥᠪᠡᠰᠦᠪᠡᠨ ᠪᠠᠷᠢᠭᠰᠠᠨ ᠭᠡᠷ ᠪᠠᠢ᠌ᠰᠢᠩ ᠪᠠ ᠪᠠᠷᠢᠯᠭ᠎ᠠ ᠵᠢᠨ ᠭᠠᠵᠠᠷ᠎ᠤᠨ ᠠᠮᠤᠷ ᠲᠦᠪᠰᠢᠨ᠎ᠤ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠬᠤ ᠵᠢ ᠦᠷᠭᠦᠯᠵᠢᠯᠡᠨ ᠠᠬᠢᠭᠤᠯᠵᠤ᠂ ᠬᠣᠲᠠ ᠪᠠᠯᠭ᠋ᠠᠰᠤ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠂ ᠬᠣᠲᠠ ᠵᠢᠨ ᠳᠤᠯᠠᠭ᠋ᠠᠯᠠᠭ᠎ᠠ ᠵᠢᠨ ᠪᠠᠲᠤᠯᠠᠭ᠎ᠠ ᠵᠢ ᠰᠠᠢ᠌ᠲᠤᠷ ᠬᠢᠵᠦ᠂ ᠵᠠᠬᠢᠳᠠᠯ ᠰᠣᠷᠪᠤᠯᠵᠢᠯᠠᠭ᠎ᠠ ᠵᠢ ᠲᠠᠰ ᠬᠤᠪᠢᠶᠠᠨ ᠲᠥᠷᠥᠯ ᠬᠤᠪᠢᠶᠠᠨ ᠵᠠᠰᠠᠬᠤ ᠵᠢ ᠴᠢᠩᠭ᠋ᠠᠳᠬᠠᠵᠤ᠂ ᠥᠨᠳᠥᠷ ᠬᠢᠷᠢ ᠲᠦᠪᠰᠢᠨ ᠪᠦᠬᠦᠢ ᠠᠮᠤᠷ ᠲᠦᠪᠰᠢᠨ ᠵᠶ᠋ᠡᠷ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠬᠡᠷᠡᠭᠲᠡᠢ᠃  ᠶᠡᠷᠦᠩᠬᠡᠢ ᠱᠦᠵᠢ ᠰᠢ ᠵᠢᠨ ᠫᠢᠩ᠎ᠤᠨ ᠲᠥᠪ ᠬᠣᠷᠢᠶᠠᠨ᠎ᠤ ᠤᠯᠤᠰ ᠲᠥᠷᠥ ᠵᠢᠨ ᠲᠣᠪᠴᠢᠶᠠᠨ᠎ᠤ ᠠᠷᠠᠳᠴᠢᠯᠠᠯᠳᠦ ᠠᠮᠢᠳᠤᠷᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠦ᠂ ᠲᠢᠩᠬᠢᠮ᠎ᠤᠨ ᠤᠳᠤᠷᠢᠳᠬᠤ ᠪᠠᠭ᠎ᠤᠨ 2024 ᠣᠨ᠎ᠤ ᠠᠷᠠᠳᠴᠢᠯᠠᠯᠳᠦ ᠠᠮᠢᠳᠤᠷᠠᠯ᠎ᠤᠨ ᠬᠤᠷᠠᠯ᠎ᠢ ᠰᠠᠢ᠌ᠲᠤᠷ ᠪᠡᠯᠡᠳᠬᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠬᠠᠷᠠᠯᠲᠠ ᠡᠭᠦᠷᠭᠡ᠎ᠲᠠᠢ ᠨᠢᠭᠲᠠ ᠤᠶᠠᠯᠳᠤᠭᠤᠯᠤᠨ᠂ ᠨᠠᠮ᠎ᠤᠨ ᠤᠯᠤᠰ ᠲᠦᠷᠦ ᠵᠢᠨ ᠰᠠᠬᠢᠯᠭ᠎ᠠ ᠪᠠᠲᠤ᠂ ᠠᠮᠢᠳᠤᠷᠠᠯ᠎ᠤᠨ ᠰᠠᠬᠢᠯᠭ᠎ᠠ ᠪᠠᠲᠤ ᠵᠢᠨ ᠭᠣᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭ᠋ᠠᠯ᠎ᠤᠨ ᠱᠠᠭ᠋ᠠᠷᠳᠠᠯᠭ᠎ᠠ᠎ᠲᠠᠢ ᠬᠠᠷᠢᠴᠠᠭᠤᠯᠵᠤ᠂ ᠦᠵᠡᠯ ᠰᠠᠨᠠᠭ᠎ᠠ᠂ ᠰᠤᠷᠤᠯᠴᠠᠯᠭ᠎ᠠ ᠪᠠ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠵᠤ᠂ ᠬᠤᠪᠢ ᠪᠡᠶ᠎ᠡ᠂ ᠲᠤᠰᠢᠶᠠᠯ ᠬᠠᠷᠢᠭᠤᠴᠠᠯᠭ᠎ᠠ᠂ ᠠᠵᠢᠯ᠎ᠤᠨ ᠲᠠᠯ᠎ᠠ᠎ᠪᠠᠷ  ᠬᠠᠷᠢᠴᠠᠭᠤᠯᠤᠨ ᠪᠠᠢ᠌ᠴᠠᠭ᠋ᠠᠬᠤ ᠵᠢ ᠭᠦᠨᠵᠡᠭᠡᠢ ᠬᠢᠵᠦ ᠂ ᠰᠢᠭᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠲᠥᠪ ᠴᠢᠩᠭ᠎ᠠ ᠨᠠᠷᠢᠨ ᠬᠢᠨᠠᠮᠠᠭ᠋ᠠᠢ ᠥᠷᠨᠢᠭᠦᠯᠵᠦ᠂ ᠠᠷᠠᠳᠴᠢᠯᠠᠯᠳᠦ ᠠᠮᠢᠳᠤᠷᠠᠯ᠎ᠤᠨ ᠬᠤᠷᠠᠯ᠎ᠤᠨ ᠴᠢᠨᠠᠷ ᠰᠠᠢ᠌ᠲᠠᠢ᠂ ᠰᠠᠢ᠌ᠨ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ᠃ ᠠᠷᠢᠭᠤᠨ ᠴᠢᠬᠡᠴᠢ᠎ᠪᠠᠷ ᠪᠠᠶᠠᠷ ᠳᠤᠷᠠᠰᠬᠠᠯ᠎ᠤᠨ ᠡᠳᠦᠷ᠎ᠢ ᠥᠩᠭᠡᠷᠡᠭᠦᠯᠬᠦ ᠡᠯ᠎ᠡ ᠵᠦᠢ᠍ᠯ᠎ᠤᠨ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠢ ᠴᠢᠩᠭ᠎ᠠ ᠲᠣᠳᠣᠷᠬᠠᠢ ᠪᠣᠯᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠦᠷᠭᠦᠯᠵᠢᠯᠡᠨ ᠨᠠᠢ᠌ᠳᠠᠪᠤᠷᠢᠵᠢᠭᠤᠯᠵᠤ᠂ ᠰᠠᠬᠢᠯᠭ᠎ᠠ ᠪᠠᠲᠤ ᠵᠢᠨ ᠬᠥᠪᠴᠢ ᠵᠢ ᠴᠠᠭ ᠢᠮᠠᠭᠲᠠ ᠴᠢᠩᠭ᠋ᠠᠷᠠᠭᠤᠯᠵᠤ᠂ ᠠᠷᠢᠭᠤᠨ ᠴᠢᠬᠡᠴᠢ ᠵᠢᠨ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠵᠦ᠂ ᠦᠨᠳᠦᠰᠦᠨ ᠱᠠᠲᠤᠨ᠎ᠤ ᠳᠠᠷᠤᠭ᠋ᠠᠰᠤ ᠵᠢ ᠦᠷᠭᠦᠯᠵᠢᠯᠡᠨ ᠬᠥᠩᠭᠡᠷᠡᠭᠦᠯᠵᠦ᠂ ᠳᠠᠷᠤᠭ᠋ᠠᠰᠤ ᠵᠢ ᠬᠥᠩᠭᠡᠷᠡᠭᠦᠯᠬᠦ ᠦᠷ᠎ᠡ ᠪᠦᠲᠦᠮᠵᠢ ᠵᠢ ᠴᠢᠨᠠᠷ ᠰᠠᠢ᠌ᠲᠠᠢ ᠬᠥᠭᠵᠢᠯᠲᠡ ᠵᠢᠨ ᠶᠠᠰᠤ ᠴᠢᠨᠠᠷ ᠦᠷ᠎ᠡ ᠪᠦᠲᠦᠮᠵᠢ ᠪᠣᠯᠭ᠋ᠠᠨ  ᠬᠤᠪᠢᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠭᠡᠷ