2 ᠳ᠋ᠤᠭ᠋ᠠᠷ ᠰᠠᠷ᠎ᠠ ᠵᠢᠨ 10᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠯᠢᠶᠣᠤᠨᠢᠩ ᠪᠣᠯᠣᠨ ᠬᠢᠷᠢᠨ᠎ᠳᠤ ᠰᠢᠨᠵᠢᠯᠡᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠤᠯᠲᠠ ᠬᠢᠬᠦ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠲᠠᠢ ᠤᠶᠠᠯᠳᠤᠭᠤᠯᠤᠨ ᠨᠡᠪᠳᠡᠷᠡᠳᠡᠯ᠎ᠡ ᠰᠤᠷᠤᠯᠴᠠᠨ ᠣᠢ᠌ᠯᠠᠭ᠋ᠠᠵᠤ᠂ ᠤᠯᠤᠰ᠎ᠤᠨ ᠬᠥᠭᠵᠢᠯᠲᠡ ᠵᠢᠨ ᠶᠡᠬᠡ ᠲᠠᠯ᠎ᠠ᠎ᠳᠤ ᠦᠢ᠍ᠯᠡᠴᠢᠯᠡᠬᠦ᠎ᠳᠤ ᠰᠠᠨᠠᠭ᠋ᠠᠴᠢᠯᠠᠭ᠎ᠠ᠎ᠠᠴᠠ᠎ᠪᠠᠨ ᠠᠭᠤᠰᠤᠯᠴᠠᠵᠤ᠂ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠪᠣᠳᠠᠲᠤ ᠪᠠᠢ᠌ᠳᠠᠯ᠎ᠲᠠᠢ ᠤᠶᠠᠯᠳᠤᠭᠤᠯᠵᠤ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠬᠤ ᠬᠡᠷᠡᠭᠲᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠤᠨ ᠪᠠᠢ᠌ᠭᠤᠯᠤᠯᠲᠠ ᠵᠢ ᠬᠥᠲᠥᠯᠥᠨ ᠳᠠᠭ᠋ᠠᠭᠤᠯᠵᠤ᠂ 《ᠠᠵᠤ ᠦᠢ᠍ᠯᠡᠰ᠎ᠤᠨ ᠲᠡᠰ ᠳᠡᠪᠰᠢᠬᠦ ᠪᠠᠢ᠌ᠯᠳᠤᠬᠤ ᠪᠣᠳᠣᠯᠭ᠎ᠠ》ᠵᠢ ᠭᠦᠨᠵᠡᠭᠡᠢ ᠬᠡᠷᠡᠭᠵᠢᠭᠦᠯᠵᠦ᠂ ᠪᠠᠷᠢᠯᠭ᠎ᠠ ᠵᠢᠨ ᠦᠢ᠍ᠯᠡᠰ᠎ᠤᠨ ᠭᠤᠷᠪᠠᠨ ᠵᠢᠯ᠎ᠳᠤ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠎ᠠ ᠵᠢᠨ ᠲᠡᠭᠦᠰᠬᠡᠯ᠎ᠤᠨ ᠠᠵᠢᠯ᠎ᠢ ᠰᠠᠢ᠌ᠲᠤᠷ ᠬᠢᠵᠦ᠂ ᠪᠠᠷᠢᠯᠭ᠎ᠠ ᠵᠢᠨ ᠠᠵᠤ ᠦᠢ᠍ᠯᠡᠰ᠂ ᠰᠢᠨ᠎ᠡ ᠵᠢ ᠡᠭᠦᠳᠬᠦ ᠂ ᠴᠢᠳᠠᠪᠤᠷᠢᠲᠠᠨ᠂ ᠲᠦᠷᠦ ᠵᠢᠨ ᠪᠣᠳᠣᠯᠭ᠎ᠠ᠂ ᠪᠡᠯᠡ ᠮᠥᠩᠭᠥᠨ᠎ᠤ ᠬᠡᠯᠬᠢᠶ᠎ᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠵᠤ᠂ ᠪᠠᠷᠢᠯᠭ᠎ᠠ ᠵᠢᠨ ᠦᠢ᠍ᠯᠡᠰ᠎ᠤᠨ ᠠᠵᠤ ᠦᠢ᠍ᠯᠡᠳᠪᠦᠷᠢᠵᠢᠯᠲᠡ᠂ ᠲᠣᠭ᠋ᠠᠴᠢᠯᠠᠯᠲᠠ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠬᠤ ᠬᠡᠷᠡᠭᠲᠡᠢ᠃ ᠬᠤᠳᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠪᠠᠷᠢᠮᠲᠠᠯᠠᠵᠤ᠂ ᠬᠤᠳᠠ ᠬᠥᠳᠡᠭᠡ ᠵᠢ ᠨᠢᠭᠡ ᠴᠣᠭᠴᠠᠵᠢᠭᠤᠯᠤᠭᠰᠠᠨ᠂ ᠲᠡᠩᠴᠡᠭᠦᠷᠢᠲᠡᠢ ᠬᠥᠭᠵᠢᠭᠦᠯᠦᠭᠰᠡᠨ᠂ ᠲᠦᠭᠡᠮᠡᠯ ᠠᠰᠢᠭ ᠬᠦᠷᠲᠡᠭᠡᠵᠦ ᠬᠠᠮᠲᠤ᠎ᠪᠠᠷ ᠡᠳ᠋ᠯᠡᠬᠦ ᠤᠯᠠᠨ ᠨᠡᠶ᠋ᠢᠲᠡ ᠵᠢᠨ ᠦᠨᠳᠦᠰᠦᠨ ᠦᠢ᠍ᠯᠡᠴᠢᠯᠡᠭᠡᠨ᠎ᠤ ᠰᠢᠰᠲ᠋ᠧᠮ᠎ᠢ ᠪᠦᠷᠢᠨᠰᠢᠭᠦᠯᠵᠦ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠤ ᠲᠤᠳᠠᠭᠳᠠᠯ᠎ᠢ ᠨᠥᠬᠥᠪᠦᠷᠢᠯᠡᠬᠦ ᠬᠡᠷᠡᠭᠲᠡᠢ᠃ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠪᠠᠲᠤ ᠡᠭᠦᠷᠭᠡᠯᠡᠵᠦ᠂ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠪᠡᠬᠢᠵᠢᠭᠦᠯᠦᠨ ᠥᠷᠭᠡᠳᠬᠡᠵᠦ᠂ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠵᠤ ᠵᠠᠰᠠᠯᠲᠠ ᠵᠢ ᠠᠬᠢᠭᠤᠯᠬᠤ ᠵᠢ ᠦᠷᠭᠦᠯᠵᠢᠯᠡᠨ ᠭᠦᠨᠵᠡᠭᠡᠢ᠌ᠷᠡᠭᠦᠯᠬᠦ ᠬᠡᠷᠡᠭᠲᠡᠢ᠃ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠲᠣᠭᠲᠠᠭ᠋ᠠᠯ᠎ᠠᠴᠠ ᠵᠥᠷᠢᠴᠡᠨ ᠳᠠᠶ᠋ᠢᠯᠠᠯᠭ᠎ᠠ ᠬᠢᠬᠦ᠂ ᠤᠯᠠᠨ᠎ᠢ ᠴᠤᠭᠯᠠᠭᠤᠯᠤᠨ ᠠᠷᠢᠬᠢ ᠤᠤᠭᠤᠬᠤ ᠵᠡᠷᠭᠡ ᠦᠵᠡᠭᠳᠡᠯ᠎ᠢ ᠡᠷᠡᠰ ᠬᠣᠷᠢᠭᠯᠠᠵᠤ᠂ ᠠᠷᠢᠭᠤᠨ ᠴᠢᠭᠡᠴᠢ᠎ᠪᠠᠷ ᠠᠵᠢᠯ ᠬᠢᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠬᠢᠬᠦ ᠵᠢ ᠢᠮᠠᠭᠲᠠ ᠪᠡᠶᠡᠯᠡᠭᠦᠯᠬᠦ ᠬᠡᠷᠡᠭᠲᠡᠢ᠃ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠲᠣᠪᠣᠢ᠌ᠮ᠎ᠠ ᠠᠰᠠᠭᠤᠳᠠᠯ᠎ᠢ ᠴᠢᠩᠭ᠎ᠠ ᠠᠩᠬᠠᠷᠴᠤ᠂ ᠡᠴᠦᠰ᠎ᠲᠤᠨᠢ ᠲᠤᠯᠲᠠᠯ᠎ᠠ ᠠᠳᠬᠤᠵᠤ᠂ ᠳᠠᠰᠤᠷᠠᠯᠳᠠ ᠦᠭᠡᠢ ᠪᠣᠳᠠᠲᠤ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠠᠭ᠋ᠠᠨ ᠰᠠᠷ᠎ᠠ ᠵᠢᠨ ᠬᠠᠮᠲᠤ ᠵᠢᠨ ᠵᠣᠯᠭ᠋ᠠᠯᠲᠠ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠪᠦᠬᠦ ᠣᠷᠣᠨ᠎ᠤ ᠠᠵᠤ ᠠᠬᠤᠢ ᠨᠡᠢ᠌ᠭᠡᠮ᠎ᠤᠨ ᠬᠥᠭᠵᠢᠯᠲᠡ ᠵᠢ ᠠᠬᠢᠭᠤᠯᠬᠤ ᠳᠠᠢ᠌ᠴᠢᠯᠠᠯᠲᠠ ᠪᠠᠢ᠌ᠷᠢᠯᠠᠭᠤᠯᠤᠯᠲᠠ ᠵᠢᠨ ᠬᠤᠷᠠᠯ ᠪᠣᠯᠣᠨ ᠴᠢᠬᠤᠯᠠ ᠶᠡᠬᠡ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ ᠵᠢ ᠠᠬᠢᠭᠤᠯᠬᠤ ᠬᠤᠷᠠᠯ᠎ᠤᠨ ᠪᠠᠢ᠌ᠷᠢᠯᠠᠭᠤᠯᠤᠯᠲᠠ ᠲᠣᠬᠢᠷᠠᠭᠤᠯᠤᠯᠲᠠ ᠶᠣᠰᠣᠭ᠋ᠠᠷ᠂ 《ᠨᠢᠭᠡ ᠭᠣᠣᠯ ᠰᠢᠵᠢᠮ》᠎ᠢ ᠲᠤᠭᠤᠰᠢᠯᠠᠭᠤᠯᠬᠤ᠎ᠲᠠᠢ ᠨᠢᠭᠲᠠ ᠤᠶᠠᠯᠳᠤᠭᠤᠯᠤᠨ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠵᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠵᠦ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠦᠨ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠵᠦ᠂ ᠬᠦᠴᠦᠨ ᠵᠶ᠋ᠡᠨ ᠲᠥᠪᠯᠡᠷᠡᠭᠦᠯᠦᠨ᠂ ᠡᠬᠢ ᠪᠠᠶᠠᠯᠢᠭ᠎ᠢ ᠲᠥᠪᠯᠡᠷᠡᠭᠦᠯᠵᠦ᠂ ᠲᠦᠷᠦ ᠵᠢᠨ ᠪᠣᠳᠣᠯᠭ᠎ᠠ ᠵᠢ ᠬᠤᠷᠠᠮᠳᠤᠭᠤᠯᠤᠨ᠂ ᠭᠣᠣᠯᠳᠠᠯᠭ᠎ᠠ᠎ᠲᠠᠢ ᠠᠵᠢᠯ᠎ᠤᠨ ᠡᠷᠲᠡᠬᠡᠨ ᠡᠬᠢᠯᠡᠭᠦᠯᠬᠦ ᠵᠢ ᠲᠦᠯᠬᠢᠨ ᠠᠬᠢᠭᠤᠯᠵᠤ᠂ ᠭᠣᠣᠯᠳᠠᠯᠭ᠎ᠠ᠎ᠲᠠᠢ ᠰᠢᠪᠲᠤᠯᠤᠯᠲᠠ᠎ᠪᠠᠷ ᠪᠦᠬᠦ ᠲᠠᠯ᠎ᠠ ᠵᠢᠨ ᠬᠥᠭᠵᠢᠯᠲᠡ ᠵᠢ ᠲᠠᠢ᠍ᠢ᠍ᠴᠢᠯᠠᠨ᠎ᠠ᠃ ᠬᠠᠩᠭ᠋ᠠᠯᠭ᠎ᠠ ᠬᠡᠷᠡᠭᠴᠡᠭᠡᠨ᠎ᠤ ᠬᠣᠶᠠᠷ ᠲᠠᠯ᠎ᠠ᠎ᠠᠴᠠ ᠡᠯ᠎ᠡ ᠵᠦᠢ᠍ᠯ᠎ᠤᠨ ᠦᠯᠡᠳᠡᠭᠡᠯ ᠲᠥᠷᠥ ᠵᠢᠨ ᠪᠣᠳᠣᠯᠭ᠎ᠠ ᠪᠠ ᠨᠡᠮᠡᠭᠳᠡᠯ ᠲᠥᠷᠥ ᠵᠢᠨ ᠪᠣᠳᠣᠯᠭ᠎ᠠ ᠵᠢ ᠬᠦᠴᠦᠯᠡᠨ ᠨᠠᠢ᠌ᠳᠠᠪᠤᠷᠢᠵᠢᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠪᠠᠶ᠋ᠢᠭᠤᠯᠬᠤ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠲᠦᠷᠭᠡᠪᠴᠢᠯᠡᠨ ᠨᠡᠢ᠌ᠲᠡᠯᠡᠵᠦ᠂ 《ᠴᠠᠭ᠋ᠠᠨ ᠨᠡᠷᠡᠰ》᠎ᠤᠨ ᠲᠥᠷᠥᠯ ᠵᠦᠢ᠍ᠯ᠎ᠤᠨ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ ᠵᠢ ᠦᠷᠭᠦᠯᠵᠢᠯᠡᠨ ᠠᠬᠢᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠬᠤ ᠵᠢ ᠵᠣᠭᠰᠣᠭ᠋ᠠᠵᠤ ᠳᠠᠬᠢᠨ ᠲᠤᠭᠳᠠᠪᠦᠷᠢᠵᠢᠭᠤᠯᠬᠤ ᠪᠠᠢ᠌ᠳᠠᠯ᠎ᠢ ᠪᠡᠬᠢᠵᠢᠭᠦᠯᠬᠦ ᠬᠡᠷᠡᠭᠲᠡᠢ᠃ ᠬᠤᠳᠠ ᠵᠢᠨ ᠪᠡᠶ᠎ᠡ ᠵᠢᠨ ᠪᠠᠢ᠌ᠴᠠᠭ᠋ᠠᠯᠲᠠ ᠪᠠ ᠬᠤᠳᠠ ᠵᠢᠨ ᠰᠢᠨᠡᠴᠢᠯᠡᠯᠲᠡ ᠵᠢ ᠨᠢᠭᠡ ᠴᠣᠭᠴᠠᠵᠢᠭᠤᠯᠤᠨ ᠠᠬᠢᠭᠤᠯᠵᠤ᠂ ᠬᠤᠳᠠ ᠵᠢᠨ ᠲᠤᠮᠳᠠᠬᠢ ᠲᠣᠰᠬᠣᠨ᠂ ᠬᠠᠭᠤᠴᠢᠨ ᠤᠷᠤᠨ ᠰᠠᠭᠤᠴᠠ ᠵᠢᠨ ᠲᠣᠭᠣᠷᠢᠭ᠎ᠤᠨ ᠥᠭᠡᠷᠡᠴᠢᠯᠡᠯᠲᠡ᠂ ᠭᠠᠵᠠᠷ ᠳᠣᠣᠷᠠᠬᠢ ᠶᠡᠷᠦᠩᠬᠡᠢ᠌ᠯᠡᠭᠰᠡᠨ ᠬᠣᠭᠣᠯᠠᠢ ᠬᠣᠩᠭᠢᠯ ᠵᠢᠴᠢ 《ᠲᠦᠷᠪᠡᠨ ᠲᠦᠷᠦᠯ᠎ᠤᠨ ᠬᠣᠭᠣᠯᠠᠢ ᠲᠣᠣᠷ》᠎ᠢ ᠰᠢᠨᠡᠴᠢᠯᠡᠨ ᠥᠭᠡᠷᠡᠴᠢᠯᠡᠬᠦ ᠵᠡᠷᠭᠡ ᠭᠣᠣᠯᠳᠠᠯᠭ᠎ᠠ᠎ᠲᠠᠢ ᠲᠦᠷᠦᠯ ᠵᠦᠢ᠍ᠯ᠎ᠢ ᠠᠵᠢᠯ ᠡᠬᠢᠯᠡᠭᠦᠯᠦᠨ ᠪᠠᠶ᠋ᠢᠭᠤᠯᠬᠤ ᠵᠢ ᠲᠦᠷᠭᠡᠪᠴᠢᠯᠡᠨ ᠠᠬᠢᠭᠤᠯᠬᠤ ᠬᠡᠷᠡᠭᠲᠡᠢ᠃ ᠬᠣᠲᠠ ᠵᠢᠨ ᠤᠰᠤ ᠠᠷᠪᠢᠯᠠᠬᠤ ᠠᠵᠢᠯᠯᠠᠭ᠎ᠠ ᠵᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠪᠦᠲᠦᠭᠡᠨ ᠪᠠᠢ᠌ᠭᠤᠯᠵᠤ ᠥᠭᠡᠷᠡᠴᠢᠯᠡᠬᠦ ᠲᠥᠷᠥᠯ ᠵᠦᠢ᠍ᠯ᠎ᠢ ᠨᠢᠭᠡᠳᠦᠯᠲᠡᠢ ᠲᠥᠯᠥᠪᠯᠡᠨ ᠰᠦᠪᠡᠭᠴᠢᠯᠡᠵᠦ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠂ ᠡᠭᠦᠷᠭᠡ ᠵᠢᠨ ᠪᠢᠴᠢᠭ᠎ᠢ ᠤᠯᠠᠮ ᠨᠢᠭᠡ ᠠᠯᠬᠤᠮ ᠲᠣᠳᠣᠷᠬᠠᠢ᠌ᠯᠠᠵᠤ᠂ 《ᠬᠠᠪᠤᠷ ᠡᠬᠢᠯᠡᠮᠡᠭᠴᠡ ᠠᠵᠢᠯ ᠡᠬᠢᠯᠡᠭᠦᠯᠬᠦ》 ᠵᠢ ᠦᠨᠡᠨᠬᠦ ᠪᠠᠲᠤᠯᠠᠬᠤ ᠬᠡᠷᠡᠭᠲᠡᠢ᠃ 《ᠲᠤᠯᠠᠭ᠋ᠠᠯᠭ᠎ᠠ ᠵᠢᠨ ᠢᠨᠵᠧᠨᠧᠷᠢᠩ》᠎ᠤᠨ ᠰᠡᠭᠦᠯᠴᠢ ᠵᠢᠨ ᠬᠠᠭ᠋ᠠᠰ ᠠᠵᠢᠯ᠎ᠢ ᠪᠥᠬᠥ ᠬᠦᠴᠦᠨ ᠵᠶ᠋ᠡᠷ ᠵᠶ᠋ᠡᠨ ᠰᠠᠢ᠌ᠲᠤᠷ ᠬᠢᠵᠦ᠂ ᠢᠯᠴᠢ ᠬᠠᠩᠭ᠋ᠠᠬᠤ ᠰᠢᠰᠲ᠋ᠧᠮᠵᠢ ᠪᠠ ᠢᠯᠴᠢ ᠬᠠᠩᠭ᠋ᠠᠬᠤ ᠠᠵᠤ ᠠᠬᠤᠢ᠌ᠯᠠᠯ᠎ᠤᠨ ᠣᠶᠤᠨᠴᠢᠯᠠᠭᠰᠠᠨ ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢᠨ ᠲᠠᠪᠴᠠᠩ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠢᠯᠴᠢ ᠬᠠᠩᠭ᠋ᠠᠬᠤ ᠠᠵᠤ ᠠᠬᠤᠢ᠌ᠯᠠᠯ᠎ᠢ ᠵᠥᠪᠰᠢᠶᠡᠷᠡᠨ ᠣᠷᠣᠭᠤᠯᠬᠤ᠂ ᠨᠥᠬᠥᠪᠦᠷᠢ ᠥᠭᠬᠦ᠂ ᠪᠤᠴᠠᠭ᠋ᠠᠨ ᠭᠠᠷᠭ᠋ᠠᠬᠤ ᠲᠣᠭᠲᠠᠴᠠ ᠵᠢ ᠤᠯᠠᠮ ᠨᠢᠭᠡ ᠠᠯᠬᠤᠮ ᠰᠢᠯᠢᠳᠡᠭᠵᠢᠭᠦᠯᠦᠨ ᠲᠡᠭᠦᠯᠳᠡᠷᠵᠢᠭᠦᠯᠵᠦ᠂ ᠣᠶᠤᠨᠴᠢ᠎ᠪᠠᠷ ᠢᠯᠴᠢ ᠬᠠᠩᠭ᠋ᠠᠬᠤ ᠲᠤᠷᠰᠢᠯᠲᠠ ᠵᠢᠨ ᠴᠡᠭ᠎ᠢ ᠴᠢᠩᠭ᠎ᠠ ᠰᠠᠢ᠌ᠲᠤᠷ ᠠᠳᠬᠤᠵᠤ᠂ ᠲᠤᠷᠰᠢᠯᠭ᠎ᠠ ᠵᠢᠨ ᠦᠷ᠎ᠡ ᠪᠦᠲᠦᠭᠡᠯ᠎ᠢ ᠲᠦᠷᠭᠡᠬᠡᠨ ᠭᠠᠷᠭ᠋ᠠᠵᠤ᠂ ᠪᠥᠬᠥ ᠣᠷᠣᠨ᠎ᠳᠤ ᠠᠯᠬᠤᠮ ᠠᠯᠬᠤᠮ ᠵᠶ᠋ᠠᠷ ᠳᠡᠯᠭᠡᠷᠡᠭᠦᠯᠬᠦ ᠬᠡᠷᠡᠭᠲᠡᠢ᠃ ᠠᠵᠢᠯ᠎ᠤᠨ ᠡᠭᠦᠷᠭᠡ ᠵᠢ ᠪᠦᠬᠦ ᠲᠠᠯ᠎ᠠ᠎ᠪᠠᠷ ᠡᠮᠬᠢᠯᠡᠨ ᠪᠦᠷᠢᠳᠬᠡᠵᠦ᠂ ᠠᠵᠢᠯ᠎ᠤᠨ ᠠᠷᠭ᠎ᠠ ᠬᠡᠮᠵᠢᠶ᠎ᠡ ᠵᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠵᠢᠷᠤᠭ ᠡᠯᠭᠦᠨ ᠪᠠᠢ᠌ᠯᠳᠤᠵᠤ᠂ ᠤᠴᠢᠷ ᠶᠠᠪᠤᠳᠠᠯ ᠨᠢᠭᠡᠪᠦᠷᠢ ᠂ ᠵᠠᠩᠭᠢᠯᠠᠭ᠎ᠠ ᠵᠢᠨ ᠴᠡᠭ ᠨᠢᠭᠡᠪᠦᠷᠢ ᠵᠢ ᠲᠦᠯᠬᠢᠨ ᠠᠬᠢᠭᠤᠯᠵᠤ᠂ ᠭᠠᠷᠠᠭ ᠪᠦᠷᠢ ᠠᠬᠢᠴᠠ᠎ᠲᠠᠢ᠂ ᠰᠠᠷ᠎ᠠ ᠪᠦᠷᠢ ᠦᠷ᠎ᠡ ᠪᠦᠲᠦᠮᠵᠢ᠎ᠲᠠᠢ ᠪᠠᠢ᠌ᠬᠤ ᠵᠢ ᠪᠠᠲᠤᠯᠠᠵᠤ᠂ ᠵᠢᠯ᠎ᠤᠨ ᠡᠴᠦᠰ᠎ᠲᠤ ᠲᠠᠩᠰᠠ᠎ᠪᠠᠨ ᠰᠠᠢ᠌ᠲᠤᠷ ᠲᠤᠰᠢᠶᠠᠬᠤ ᠬᠡᠷᠡᠭᠲᠡᠢ᠃ ᠡᠷᠴᠢ ᠵᠣᠷᠢᠭ ᠵᠶ᠋ᠠᠨ ᠬᠥᠪᠴᠢᠯᠡᠵᠦ᠂ ᠪᠦᠬᠦ ᠬᠦᠴᠦᠨ ᠵᠶ᠋ᠡᠷ ᠵᠶ᠋ᠡᠨ ᠴᠢᠷᠮᠠᠢ᠌ᠵᠤ᠂ ᠡᠬᠢᠯᠡᠮᠡᠭᠴᠡ᠎ᠪᠠᠨ ᠬᠦᠴᠦᠯᠡᠵᠦ᠂ ᠡᠬᠢᠯᠡᠮᠡᠭᠴᠡ᠎ᠪᠠᠨ ᠰᠢᠪᠲᠤᠯᠤᠯᠲᠠ ᠬᠢᠬᠦ ᠲᠡᠮᠡᠴᠡᠯ᠎ᠤᠨ ᠣᠪᠣᠷ ᠵᠶ᠋ᠡᠷ᠂ ᠪᠠᠴᠢᠮ ᠶᠠᠭ᠋ᠠᠷᠠᠯᠲᠠᠢ ᠬᠥᠳᠡᠯᠦᠯᠴᠡᠵᠦ᠂ ᠠᠵᠢᠯ ᠡᠬᠢᠯᠡᠭᠦᠯᠵᠦ᠂ ᠡᠯ᠎ᠡ ᠵᠦᠢ᠍ᠯ᠎ᠤᠨ ᠠᠵᠢᠯ ᠵᠶ᠋ᠠᠨ ᠤᠷᠢᠳᠴᠢᠯᠠᠨ ᠠᠳᠬᠤᠵᠤ᠂ ᠤᠷᠢᠳᠴᠢᠯᠠᠨ ᠠᠬᠢᠭᠤᠯᠵᠤ᠂ ᠪᠦᠬᠦ ᠬᠦᠴᠦᠨ ᠵᠶ᠋ᠡᠷ ᠵᠶ᠋ᠡᠨ ᠲᠡᠮᠡᠴᠡᠵᠦ᠂ ᠨᠢᠭᠡᠳᠦᠭᠡᠷ ᠤᠯᠠᠷᠢᠯ᠎ᠤᠨ 《ᠰᠠᠢ᠌ᠨ ᠡᠬᠢᠯᠡᠯᠲᠡ》 ᠵᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠭᠡᠷ ᠪᠦᠯᠢ ᠭᠡᠷ᠎ᠤᠨ ᠰᠤᠷᠭ᠋ᠠᠯ ᠭᠡᠷ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠬᠤᠯᠠᠴᠢᠯᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠨᠡᠢ᠌ᠭᠡᠮ ᠵᠢᠷᠤᠮ᠎ᠤᠨ ᠭᠣᠣᠯᠯᠠᠭᠴᠢ ᠦᠷᠳᠡᠭ᠎ᠤᠨ ᠦᠵᠡᠯᠲᠡ ᠵᠢᠨ ᠬᠥᠮᠦᠵᠢᠯ᠎ᠢ ᠭᠦᠨᠵᠡᠭᠡᠢ᠌ᠷᠡᠭᠦᠯᠵᠦ᠂ ᠥᠷᠭᠡᠨ ᠤᠯᠠᠨ ᠺᠠᠳ᠋ᠷ ᠠᠵᠢᠯᠲᠠᠨ ᠠᠵᠢᠯᠴᠢᠨ᠎ᠢ ᠬᠥᠲᠥᠯᠥᠨ ᠵᠢᠯᠤᠭᠣᠳᠴᠤ ᠭᠡᠷ ᠪᠦᠯᠢ᠎ᠪᠠᠨ ᠰᠠᠢ᠌ᠲᠤᠷ ᠪᠦᠲᠦᠭᠡᠨ ᠪᠠᠢ᠌ᠭᠤᠯᠵᠤ᠂ ᠭᠡᠷ᠎ᠤᠨ ᠰᠤᠷᠭ᠋ᠠᠯ᠎ᠢ ᠰᠠᠢ᠌ᠲᠤᠷ ᠬᠠᠳᠠᠭ᠋ᠠᠯᠠᠵᠤ᠂ ᠭᠡᠷ᠎ᠤᠨ ᠰᠤᠷᠲᠠᠯ᠎ᠢ ᠰᠠᠢ᠌ᠲᠤᠷ ᠤᠯᠠᠮᠵᠢᠯᠠᠵᠤ᠂ 《ᠪᠠᠭ᠎ᠠ ᠭᠡᠷ ᠪᠦᠯᠢ》 ᠵᠢᠨ ᠦᠨᠡᠨ ᠰᠠᠢ᠌ᠨ ᠰᠠᠢ᠌ᠬᠠᠨ ᠵᠶ᠋ᠠᠷ 《ᠤᠯᠠᠨ》᠎ᠤ ᠢᠳᠡᠪᠬᠢ ᠬᠦᠴᠦᠨ᠎ᠢ ᠬᠦᠭᠵᠢᠭᠡᠬᠦ ᠬᠡᠷᠡᠭᠲᠡᠢ᠃ ᠰᠠᠬᠢᠯᠭ᠎ᠠ ᠪᠠᠲᠤ ᠶᠣᠰᠣ ᠳᠦᠷᠢᠮ᠎ᠤᠨ ᠤᠬᠠᠮᠰᠠᠷ ᠵᠶ᠋ᠠᠨ ᠴᠢᠩᠭ᠋ᠠᠳᠬᠠᠵᠤ᠂ ᠠᠷᠢᠭᠤᠨ ᠴᠢᠬᠡᠴᠢ ᠭᠡᠷ᠎ᠤᠨ ᠶᠣᠰᠣ ᠳᠦᠷᠢᠮ᠎ᠢ ᠰᠠᠢ᠌ᠲᠤᠷ ᠲᠣᠭᠲᠠᠭ᠋ᠠᠵᠤ᠂ ᠤᠳᠤᠷᠢᠳᠬᠤ ᠺᠠᠳ᠋ᠷ ᠪᠡᠶ᠎ᠡ᠎ᠪᠠᠷ ᠵᠶ᠋ᠡᠨ ᠬᠡᠪ ᠳᠦᠷᠢᠮ ᠪᠣᠯᠵᠤ᠂ ᠪᠡᠶ᠎ᠡ᠎ᠪᠠᠨ ᠴᠢᠩᠭ᠎ᠠ ᠱᠠᠭ᠋ᠠᠷᠳᠠᠵᠤ᠂ ᠭᠡᠷ ᠪᠦᠯᠢ ᠵᠢᠨ ᠰᠤᠷᠲᠠᠯ ᠭᠡᠷ᠎ᠤᠨ ᠬᠥᠮᠦᠵᠢᠯ᠎ᠤᠨ ᠪᠠᠢ᠌ᠭᠤᠯᠤᠯᠲᠠ ᠵᠢ ᠲᠦᠷᠦᠭᠦᠯᠡᠨ ᠰᠠᠢ᠌ᠲᠤᠷ ᠠᠳᠬᠤᠬᠤ ᠬᠡᠷᠡᠭᠲᠡᠢ᠃ ᠪᠣᠯᠪᠠᠰᠤᠨ ᠭᠡᠷ ᠪᠦᠯᠢ ᠵᠢ ᠡᠭᠦᠳᠦᠨ ᠪᠠᠶ᠋ᠢᠭᠤᠯᠬᠤ ᠠᠵᠢᠯ᠎ᠢ ᠥᠷᠭᠡᠨ ᠳᠡᠯᠭᠡᠷᠡᠩᠭᠦᠢ᠎ᠪᠠᠷ ᠥᠷᠨᠢᠭᠦᠯᠵᠦ᠂ 《ᠲᠠᠪᠤᠨ ᠰᠠᠢ᠌ᠨᠲᠠᠢ ᠭᠡᠷ ᠪᠦᠯᠢ》 《ᠬᠠᠮᠤᠭ᠎ᠤᠨ ᠭᠤᠶᠤ ᠭᠡᠷ ᠪᠦᠯᠢ》 《ᠠᠷᠢᠭᠤᠨ ᠴᠢᠬᠡᠴᠢ ᠭᠡᠷ ᠪᠦᠯᠢ》 ᠵᠢᠨ ᠵᠢᠱ᠌ᠢᠶ᠎ᠡ ᠦᠵᠡᠭᠦᠯᠵᠦ ᠬᠥᠲᠥᠯᠥᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠳᠡᠷᠭᠡᠳᠡᠬᠢ ᠨᠡᠢ᠌ᠲᠡᠯᠢᠭ ᠵᠢᠱ᠌ᠢᠶ᠎ᠡ᠎ᠪᠠᠷ ᠬᠥᠮᠥᠨ᠎ᠢ ᠬᠥᠮᠥᠵᠢᠭᠦᠯᠵᠦ᠂ ᠬᠥᠮᠥᠨ᠎ᠢ ᠬᠥᠲᠥᠯᠥᠨ ᠳᠠᠭ᠋ᠠᠭᠤᠯᠵᠤ᠂ ᠰᠠᠢ᠌ᠨ ᠭᠡᠷ᠎ᠤᠨ ᠰᠤᠷᠲᠠᠯ᠂ ᠰᠠᠢ᠌ᠨ ᠭᠡᠷ᠎ᠤᠨ ᠰᠤᠷᠭ᠋ᠠᠯ᠎ᠤᠨ ᠨᠡᠢ᠌ᠲᠡᠯᠢᠭ ᠵᠢᠱ᠌ᠢᠶ᠎ᠡ᠎ᠪᠠᠷ ᠠᠷᠢᠭᠤᠨ ᠴᠢᠬᠡᠴᠢ ᠨᠡᠢ᠌ᠭᠡᠮ᠎ᠤᠨ ᠬᠡᠪ ᠰᠤᠷᠲᠠᠯ᠎ᠢ ᠤᠬᠠᠭᠤᠯᠤᠨ ᠪᠣᠯᠪᠠᠰᠤᠷᠠᠭᠤᠯᠬᠤ ᠬᠡᠷᠡᠭᠲᠡᠢ᠃ ᠨᠠᠮ᠎ᠤᠨ ᠭᠡᠰᠢᠭᠦᠨ ᠺᠠᠳ᠋ᠷᠴᠤᠳ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠳᠤᠷᠢᠳᠬᠤ ᠺᠠᠳ᠋ᠷᠴᠤᠳ᠎ᠤᠨ ᠬᠤᠪᠢ ᠬᠥᠮᠥᠨ᠎ᠤ ᠤᠴᠢᠷ ᠶᠠᠪᠤᠳᠠᠯ ᠵᠶ᠋ᠠᠨ ᠮᠡᠳᠡᠭᠦᠯᠬᠦ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ᠂ ᠭᠡᠷ ᠪᠦᠯᠢ ᠦᠷ᠎ᠡ ᠬᠡᠦᠬᠡᠳ᠎ᠤᠨ ᠠᠵᠢᠯ ᠡᠷᠬᠢᠯᠡᠬᠦ ᠠᠵᠢᠯᠯᠠᠭ᠎ᠠ ᠵᠢ ᠴᠢᠩᠭ᠎ᠠ ᠵᠢᠷᠤᠮᠵᠢᠭᠤᠯᠵᠤ᠂ ᠠᠷᠢᠭᠤᠨ ᠴᠢᠬᠡᠴᠢ ᠵᠠᠰᠠᠭ ᠪᠠᠷᠢᠬᠤ ᠭᠡᠷ ᠪᠦᠯᠢ ᠵᠢᠨ ᠰᠣᠷᠪᠤᠯᠵᠢᠯᠠᠭ᠎ᠠ᠂ ᠰᠡᠷᠡᠮᠵᠢᠯᠡᠭᠦᠯᠬᠦ ᠬᠥᠮᠦᠵᠢᠯ ᠵᠡᠷᠭᠡ ᠠᠵᠢᠯᠯᠠᠭ᠎ᠠ ᠵᠢ ᠥᠷᠭᠡᠨ ᠳᠡᠯᠭᠡᠷᠡᠩᠭᠦᠢ᠎ᠪᠠᠷ ᠥᠷᠨᠢᠭᠦᠯᠵᠦ᠂ 《ᠠᠷᠤ ᠲᠠᠯ᠎ᠠ ᠵᠢᠨ ᠵᠢᠭᠰᠠᠭ᠋ᠠᠯ᠎ᠤᠨ ᠭᠠᠵᠠᠷ》᠎ᠢ ᠪᠡᠬᠢᠵᠢᠭᠦᠯᠵᠦ᠂ ᠢᠯᠵᠠᠷᠠᠯ᠎ᠢ ᠡᠰᠡᠷᠭᠦᠴᠡᠨ ᠬᠤᠪᠢᠷᠠᠬᠤ ᠵᠢ ᠰᠡᠷᠭᠡᠢ᠌ᠯᠡᠬᠦ ᠭᠡᠷ ᠪᠦᠯᠢ ᠵᠢᠨ ᠰᠡᠷᠭᠡᠢ᠌ᠯᠡᠯᠲᠡ ᠵᠢᠨ ᠱᠤᠭᠤᠮ᠎ᠢ ᠪᠠᠲᠤ ᠪᠠᠶ᠋ᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠰᠸᠴᠤᠸᠠᠨ᠎ᠤ ᠢᠪᠢᠨ ᠬᠤᠳᠠ ᠵᠢᠨ ᠵᠢᠶᠦ᠋ᠨ ᠯᠢᠶᠠᠨ ᠰᠢᠶᠠᠨ᠎ᠤ ᠠᠭᠤᠯᠠᠨ ᠶᠡᠭᠦᠷᠡᠯᠳᠡ ᠵᠢᠨ ᠲᠤᠬᠠᠢ ᠭᠠᠷᠭ᠋ᠠᠭᠰᠠᠨ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠤᠢ᠌ᠯᠰᠢᠷᠠᠯ᠎ᠤᠨ ᠰᠡᠳᠬᠢᠬᠦᠢ᠂ ᠬᠣᠷᠢᠭ᠎ᠠ ᠱᠤᠭᠤᠮ᠎ᠤᠨ ᠰᠡᠳᠬᠢᠬᠦᠢ ᠵᠢ ᠪᠠᠷᠢᠮᠲᠠᠯᠠᠵᠤ᠂ ᠨᠡᠩ ᠬᠦᠴᠦᠲᠡᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠦᠨᠳᠦ ᠶᠡᠬᠡ ᠣᠨᠴᠠ ᠶᠡᠬᠡ ᠡᠨᠳᠡᠯ ᠭᠠᠷᠬᠤ ᠵᠢ ᠡᠷᠡᠰ ᠰᠡᠷᠭᠡᠢ᠌ᠯᠡᠨ ᠬᠣᠷᠢᠭᠯᠠᠵᠤ᠂ ᠠᠷᠠᠳ ᠤᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠪᠦᠬᠦ ᠬᠦᠴᠦᠨ ᠵᠶ᠋ᠡᠷ ᠵᠶ᠋ᠡᠨ ᠪᠠᠲᠤᠯᠠᠬᠤ ᠬᠡᠷᠡᠭᠲᠡᠢ᠃ ᠪᠠᠷᠢᠯᠭ᠎ᠠ ᠵᠢᠨ ᠠᠵᠢᠯ᠂ ᠬᠣᠲᠠ ᠵᠢᠨ ᠶᠠᠪᠤᠳᠠᠯ᠎ᠤᠨ ᠢᠨᠵᠧᠨᠧᠷᠢᠩ᠂ ᠬᠣᠲᠠ ᠬᠥᠳᠡᠭᠡ ᠵᠢᠨ ᠭᠡᠷ ᠪᠠᠢ᠌ᠰᠢᠩ᠂ ᠬᠣᠲᠠ ᠪᠠᠯᠭ᠋ᠠᠰᠤ ᠵᠢᠨ ᠰᠢᠲᠠᠮᠠᠬᠠᠢ ᠬᠡᠢ ᠵᠡᠷᠭᠡ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠲᠦᠭᠰᠢᠭᠦᠷᠢ ᠵᠢᠨ ᠳᠠᠯᠳᠠ ᠬᠡᠮ᠎ᠢ ᠲᠣᠥᠷᠵᠢᠭᠤᠯᠬᠤ ᠮᠠᠶᠢᠭ᠎ᠤᠨ ᠲᠤᠢ᠌ᠯᠪᠦᠷᠢᠳᠠᠢ ᠵᠢᠭᠰᠠᠭ᠋ᠠᠨ ᠪᠠᠢ᠌ᠴᠠᠭ᠋ᠠᠯᠲᠠ ᠵᠢ ᠭᠦᠨᠵᠡᠭᠡᠢ ᠥᠷᠨᠢᠭᠦᠯᠵᠦ᠂ ᠢᠯᠡᠷᠡᠭᠦᠯᠦᠭᠰᠡᠨ ᠠᠰᠠᠭᠤᠳᠠᠯ᠎ᠤᠨ ᠳᠠᠯᠳᠠ ᠬᠡᠮ᠎ᠳᠤ ᠬᠠᠮᠤᠭ᠎ᠤᠨ ᠲᠡᠷᠢᠭᠦᠨ᠎ᠳᠤ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠥᠨᠴᠥᠭ ᠪᠤᠯᠤᠩ ᠦᠯᠡᠳᠡᠭᠡᠬᠦ ᠦᠭᠡᠢ᠂ ᠪᠠᠯᠠᠢ ᠣᠷᠣᠨ ᠦᠯᠡᠳᠡᠭᠡᠬᠦ ᠦᠭᠡᠢ᠂ ᠬᠣᠢ᠌ᠰᠢᠳᠠ ᠵᠢᠨ ᠬᠥᠨᠥᠭᠡᠯ ᠦᠯᠡᠳᠡᠭᠡᠬᠦ ᠦᠭᠡᠢ ᠪᠠᠢ᠌ᠬᠤ ᠵᠢ ᠦᠨᠡᠨᠬᠦ ᠪᠠᠲᠤᠯᠠᠬᠤ ᠬᠡᠷᠡᠭᠲᠡᠢ᠃ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ᠂ ᠠᠶᠤᠯ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠥᠰᠥᠯ ᠪᠠ ᠰᠡᠷᠭᠡᠢ᠌ᠯᠡᠯᠳᠡ ᠵᠢᠨ ᠲᠥᠰᠥᠯ᠎ᠢ ᠨᠠᠷᠢᠯᠢᠭᠵᠢᠭᠤᠯᠤᠨ ᠪᠣᠳᠠᠲᠠᠢ᠌ᠵᠢᠭᠤᠯᠵᠤ᠂ ᠪᠠᠴᠢᠮ ᠪᠠᠢ᠌ᠳᠠᠯ᠎ᠢ ᠠᠷᠭ᠋ᠠᠴᠠᠬᠤ ᠰᠣᠷᠢᠯᠲᠠ᠂ ᠠᠵᠢᠯᠲᠠᠨ᠎ᠤ ᠪᠣᠯᠪᠠᠰᠤᠷᠠᠯ᠂ ᠡᠳ᠋ ᠪᠣᠳᠠᠰ᠎ᠤᠨ ᠪᠠᠲᠤᠯᠠᠭ᠎ᠠ ᠵᠡᠷᠭᠡ ᠪᠡᠯᠡᠳᠬᠡᠯ᠎ᠢ ᠰᠠᠢ᠌ᠲᠤᠷ ᠬᠢᠵᠦ᠂ ᠭᠠᠮᠰᠢᠭ᠎ᠢ ᠰᠡᠷᠭᠡᠢ᠌ᠯᠡᠬᠦ ᠭᠠᠮᠰᠢᠭ᠎ᠢ ᠪᠠᠭ᠋ᠠᠰᠬᠠᠬᠤ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠤᠬᠠᠭᠤᠯᠭ᠎ᠠ ᠪᠠ ᠰᠡᠷᠡᠮᠵᠢᠯᠡᠭᠦᠯᠬᠦ ᠬᠥᠮᠦᠵᠢᠯ᠎ᠢ ᠰᠠᠢ᠌ᠲᠤᠷ ᠠᠳᠬᠤᠵᠤ᠂ ᠠᠶᠤᠯ ᠲᠦᠭᠰᠢᠭᠦᠷᠢ ᠲᠤᠯᠭ᠋ᠠᠷᠠᠪᠠᠯ ᠲᠦᠷᠭᠡᠨ ᠲᠤᠰᠬᠠᠵᠤ᠂ ᠥᠨᠳᠥᠷ ᠪᠦᠲᠦᠮᠵᠢᠲᠡᠢ ᠰᠢᠢ᠍ᠳᠪᠦᠷᠢᠯᠡᠬᠦ ᠵᠢ ᠪᠠᠲᠤᠯᠠᠬᠤ ᠬᠡᠷᠡᠭᠲᠡᠢ᠃ ᠬᠠᠷᠢᠭᠤᠴᠠᠯᠭ᠎ᠠ ᠵᠢᠨ ᠬᠡᠯᠬᠢᠶ᠎ᠡ ᠵᠢ ᠴᠢᠩᠭ᠋ᠠᠯᠠᠵᠤ᠂ 《ᠭᠤᠷᠪᠠᠨ ᠬᠠᠮᠢᠶᠠᠷᠤᠯᠳᠠ ᠭᠤᠷᠪᠠᠨ ᠡᠷᠬᠡᠪᠰᠢ》 ᠵᠢᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠡᠷᠴᠢᠮ ᠵᠶ᠋ᠡᠨ ᠴᠢᠩᠭ᠋ᠠᠷᠠᠭᠤᠯᠵᠤ᠂ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠦᠨᠡᠨᠬᠦ ᠬᠦᠮᠦᠨ ᠨᠢᠭᠡᠪᠦᠷᠢ᠂ ᠠᠵᠢᠯ᠎ᠤᠨ ᠪᠠᠢ᠌ᠷᠢ ᠨᠢᠭᠡᠪᠦᠷᠢ ᠪᠠ ᠨᠢᠭᠡᠳᠦᠭᠡᠷ ᠹᠷᠣᠨᠲ᠎ᠤᠨ ᠠᠵᠢᠯᠯᠠᠬᠤ ᠳᠠᠪᠬᠤᠷᠭ᠎ᠠ᠎ᠳᠤ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠪᠠᠢ᠌ᠩᠭᠤ ᠴᠢᠩᠭ᠎ᠠ ᠡᠵᠡᠮᠳᠡᠵᠦ᠂ ᠠᠮᠤᠷ ᠲᠦᠪᠰᠢᠨ ᠬᠥᠭᠵᠢᠯᠲᠡ ᠵᠢᠨ ᠬᠣᠷᠢᠭ᠎ᠠ ᠱᠤᠭᠤᠮ᠎ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ 2024 ᠣᠨ᠎ᠤ ᠴᠢᠬᠤᠯᠠ ᠶᠡᠬᠡ ᠲᠦᠷᠦᠯ ᠵᠦᠢ᠍ᠯ᠎ᠢ ᠬᠡᠷᠡᠭᠵᠢᠭᠦᠯᠦᠭᠰᠡᠨ ᠪᠠ 2025 ᠣᠨ᠎ᠤ ᠴᠢᠬᠤᠯᠠ ᠶᠡᠬᠡ ᠲᠦᠷᠦᠯ ᠵᠦᠢ᠍ᠯ᠎ᠢ ᠲᠥᠯᠥᠪᠵᠢᠭᠦᠯᠦᠨ ᠠᠬᠢᠭᠤᠯᠬᠤ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠤᠨᠤᠰᠴᠠᠢ᠂ 《ᠲᠦᠷᠦᠯ ᠵᠦᠢ᠍ᠯ ᠵᠶ᠋ᠡᠷ ᠭᠣᠣᠯ ᠪᠣᠯᠭ᠋ᠠᠬᠤ》 ᠣᠢ᠌ᠯᠠᠭ᠋ᠠᠭᠳᠠᠬᠤᠨ᠎ᠢ ᠪᠠᠲᠤᠳᠬᠠᠵᠤ᠂ ᠲᠤᠯᠭ᠋ᠠᠮ᠎ᠠ ᠰᠡᠳᠬᠢᠯᠭᠡ ᠬᠠᠷᠢᠭᠤᠴᠠᠯᠭ᠋ᠠᠲᠤ ᠰᠡᠳᠬᠢᠯᠭᠡ᠎ᠪᠠᠨ ᠦᠨᠡᠨᠬᠦ ᠴᠢᠩᠭ᠋ᠠᠳᠬᠠᠵᠤ᠂ ᠲᠦᠷᠦ ᠵᠢᠨ ᠪᠣᠳᠣᠯᠭ᠎ᠠ ᠵᠢᠨ ᠴᠣᠩᠬᠣᠪᠴᠢ ᠬᠤᠭᠤᠴᠠᠭ᠎ᠠ ᠵᠢ ᠠᠮᠵᠢᠵᠤ᠂ ᠨᠢᠭᠡ ᠪᠦᠯᠦᠭ ᠲᠣᠮᠣ ᠲᠦᠷᠦᠯ ᠵᠦᠢ᠍ᠯ ᠰᠠᠢ᠌ᠨ ᠲᠦᠷᠦᠯ ᠵᠦᠢ᠍ᠯ ᠰᠢᠨ᠎ᠡ ᠲᠦᠷᠦᠯ ᠵᠦᠢ᠍ᠯ᠎ᠢ ᠪᠤᠳᠠᠳᠠᠢ᠌ᠵᠢᠭᠤᠯᠤᠨ ᠨᠠᠢ᠌ᠳᠠᠪᠤᠷᠢᠵᠢᠭᠤᠯᠬᠤ ᠵᠢ ᠲᠦᠷᠭᠡᠨ ᠠᠬᠢᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠥᠳᠡᠯᠭᠡᠬᠦ ᠬᠦᠴᠦᠨ ᠬᠤᠷᠠᠮᠳᠤᠭᠤᠯᠬᠤ ᠬᠡᠷᠡᠭᠲᠡᠢ᠃ ᠦᠵᠡᠯ ᠰᠠᠨᠠᠭ᠎ᠠ ᠣᠢ᠌ᠯᠠᠭ᠋ᠠᠭᠳᠠᠬᠤᠨ ᠵᠶ᠋ᠠᠨ ᠬᠤᠪᠢᠷᠠᠭᠤᠯᠵᠤ᠂ ᠠᠵᠢᠯ᠎ᠤᠨ ᠠᠷᠭ᠎ᠠ ᠮᠠᠶᠢᠭ ᠵᠶ᠋ᠠᠨ ᠬᠤᠪᠢᠷᠠᠭᠤᠯᠵᠤ᠂ ᠬᠠᠮᠢᠶᠠᠷᠤᠯᠲᠠ ᠵᠢᠨ ᠵᠠᠭᠪᠤᠷ ᠵᠶ᠋ᠠᠨ ᠬᠤᠪᠢᠷᠠᠭᠤᠯᠵᠤ᠂ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢ᠌ᠯᠠᠵᠤ᠂ ᠡᠯ᠎ᠡ ᠭᠠᠵᠠᠷ᠎ᠤᠨ᠎ᠬᠢᠨ᠎ᠤ ᠲᠥᠷᠥᠯ ᠵᠦᠢ᠍ᠯ᠎ᠢ ᠲᠥᠯᠥᠪᠵᠢᠭᠦᠯᠦᠨ ᠨᠥᠭᠡᠴᠡᠯᠡᠬᠦ᠂ ᠭᠤᠶᠤᠴᠢᠯᠠᠨ ᠮᠡᠳᠡᠭᠦᠯᠬᠦ ᠵᠢ ᠵᠣᠬᠢᠶᠠᠨ ᠪᠠᠶ᠋ᠢᠭᠤᠯᠬᠤ᠂ ᠰᠢᠯᠢᠨ ᠰᠣᠩᠭᠣᠵᠤ ᠬᠢᠨᠠᠨ ᠬᠠᠷᠭᠤᠭᠤᠯᠬᠤ᠂ ᠬᠡᠷᠡᠭᠵᠢᠭᠦᠯᠬᠦ ᠵᠢ ᠠᠬᠢᠭᠤᠯᠬᠤ ᠵᠡᠷᠭᠡ ᠠᠵᠢᠯ᠎ᠢ ᠰᠢᠮᠳᠠᠭᠤᠯᠤᠨ ᠰᠠᠢ᠌ᠲᠤᠷ ᠠᠳᠬᠤᠵᠤ᠂ ᠲᠥᠷᠥᠯ ᠵᠦᠢ᠍ᠯ᠎ᠢ ᠰᠤᠳᠤᠯᠤᠨ ᠮᠠᠭ᠋ᠠᠳᠯᠠᠵᠤ᠂ ᠬᠦᠴᠢᠷᠳᠡᠯ᠎ᠢ ᠤᠷᠢᠳᠴᠢᠯᠠᠨ ᠮᠠᠭ᠋ᠠᠳᠯᠠᠵᠤ᠂ ᠬᠡᠷᠡᠭᠴᠡᠭᠡ ᠱᠠᠭ᠋ᠠᠷᠳᠠᠯᠭ᠎ᠠ ᠵᠢ ᠮᠥᠷᠳᠡᠨ ᠡᠵᠡᠮᠰᠢᠭᠰᠡᠨ᠂ ᠬᠥᠮᠥᠷᠭᠡ᠎ᠳᠤ ᠣᠷᠣᠭᠤᠯᠤᠭᠰᠠᠨ ᠲᠥᠷᠥᠯ ᠵᠦᠢ᠍ᠯ᠂ ᠪᠡᠯᠡ ᠮᠥᠩᠭᠥ ᠣᠯᠬᠤ ᠪᠠ ᠰᠠᠯᠭ᠋ᠠᠨ ᠥᠭᠭᠦᠭᠰᠡᠨ᠂ ᠲᠥᠷᠥᠯ ᠵᠦᠢ᠍ᠯ᠎ᠢ ᠪᠠᠢ᠌ᠭᠤᠯᠤᠭᠰᠠᠨ ᠵᠡᠷᠭᠡ ᠪᠠᠢ᠌ᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠮᠥᠷᠳᠡᠨ ᠡᠵᠡᠮᠳᠡᠬᠦ ᠬᠡᠷᠡᠭᠲᠡᠢ᠃ ᠲᠥᠯᠦᠪᠵᠢᠭᠦᠯᠭᠡ ᠵᠢᠨ ᠴᠢᠭᠯᠡᠯ᠂ ᠲᠦᠷᠦ ᠵᠢᠨ ᠪᠣᠳᠣᠯᠭ᠎ᠠ ᠵᠢᠨ ᠤᠳᠤᠷᠢᠳᠤᠮᠵᠢ᠂ ᠪᠡᠯᠡ ᠮᠥᠩᠭᠥ ᠵᠢᠨ ᠣᠷᠣᠭᠤᠯᠤᠯᠲᠠ ᠵᠢᠨ ᠬᠠᠨᠳᠤᠰᠢ ᠵᠢ ᠴᠢᠩᠭ᠎ᠠ ᠠᠩᠬᠠᠷᠴᠤ᠂ ᠨᠢᠭᠡ ᠪᠦᠯᠦᠭ ᠤᠯᠤᠰ᠎ᠤᠨ ᠰᠠᠢ᠌ᠨ ᠲᠦᠷᠦ ᠵᠢᠨ ᠪᠣᠳᠣᠯᠭ᠎ᠠ ᠵᠢ ᠨᠡᠪᠳᠡᠷᠡᠳᠡᠯ᠎ᠠ ᠰᠠᠢ᠌ᠲᠤᠷ ᠡᠵᠡᠮᠳᠡᠵᠦ᠂ ᠲᠦᠷᠦ ᠵᠢᠨ ᠪᠣᠳᠣᠯᠭ᠎ᠠ ᠵᠢᠨ ᠵᠥᠪ ᠪᠠᠢ᠌ᠬᠤ᠂ ᠴᠤᠩᠬᠤᠪᠴᠢ ᠵᠢᠨ ᠠᠵᠠ ᠲᠣᠬᠢᠶᠠᠯ᠎ᠢ ᠠᠳᠬᠤᠬᠤ᠂ ᠡᠬᠢ ᠪᠠᠶᠠᠯᠢᠭ᠎ᠤᠨ ᠡᠯᠧᠮᠧᠨ᠋ᠲ᠎ᠢ ᠰᠠᠢ᠌ᠲᠤᠷ ᠵᠣᠯᠭ᠋ᠠᠭᠤᠯᠬᠤ ᠵᠢ ᠪᠠᠲᠤᠯᠠᠬᠤ ᠬᠡᠷᠡᠭᠲᠡᠢ᠃ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠪᠠᠢ᠌ᠳᠠᠯ᠂ ᠡᠬᠢ ᠪᠠᠶᠠᠯᠢᠭ᠎ᠤᠨ ᠡᠯᠧᠮᠧᠨ᠋ᠲ᠎ᠤᠨ ᠲᠣᠬᠢᠷᠠᠭᠤᠯᠤᠯᠲᠠ᠂ ᠲᠦᠷᠦᠯ ᠵᠦᠢ᠍ᠯ᠎ᠤᠨ ᠪᠣᠯᠪᠠᠰᠤᠷᠠᠯᠲᠠ ᠵᠢᠨ ᠬᠡᠮᠵᠢᠶ᠎ᠡ ᠵᠡᠷᠭᠡ ᠪᠠᠢ᠌ᠳᠠᠯ᠎ᠢ ᠭᠦᠨᠵᠡᠭᠡᠢ ᠵᠠᠳᠠᠯᠤᠨ ᠰᠤᠳᠤᠯᠤᠨ ᠮᠠᠭ᠋ᠠᠳᠯᠠᠵᠤ᠂ ᠭᠦᠢ᠍ᠴᠡᠳ ᠨᠤᠲᠠᠯᠠᠵᠤ᠂ ᠱᠠᠲᠤᠯᠠᠨ ᠪᠣᠢ᠌ᠵᠢᠭᠤᠯᠵᠤ᠂ ᠨᠢᠭᠡᠨᠲᠡ ᠪᠠᠢ᠌ᠭ᠎ᠠ ᠲᠦᠷᠦᠯ ᠵᠦᠢ᠍ᠯ᠎ᠢ ᠠᠬᠢᠭᠤᠯᠤᠨ ᠬᠡᠷᠡᠭᠵᠢᠭᠦᠯᠬᠦ ᠵᠢ ᠦᠷᠭᠦᠯᠵᠢᠯᠡᠨ ᠰᠠᠢ᠌ᠲᠤᠷ ᠬᠢᠬᠦ ᠬᠡᠷᠡᠭᠲᠡᠢ ᠮᠥᠷᠲᠡᠭᠡᠨ ᠤᠯᠤᠰ᠎ᠤᠨ ᠲᠡᠮᠵᠢᠯᠭᠡ ᠵᠢᠨ ᠴᠢᠭᠯᠡᠯ᠎ᠢ ᠴᠢᠩᠭ᠎ᠠ ᠠᠩᠬᠠᠷᠴᠤ᠂ ᠭᠣᠣᠯᠳᠠᠯᠭ᠎ᠠ᠎ᠲᠠᠢ ᠬᠦᠷᠢᠶᠡᠨ᠎ᠤ ᠲᠦᠷᠦᠯ ᠵᠦᠢ᠍ᠯ᠎ᠲᠠᠢ ᠤᠶᠠᠯᠳᠤᠭᠤᠯᠤᠨ ᠲᠥᠯᠥᠪᠵᠢᠭᠦᠯᠵᠦ᠂ ᠲᠦᠷᠦᠯ ᠵᠦᠢ᠍ᠯ᠎ᠤᠨ ᠲᠣᠭ᠎ᠠ ᠬᠡᠮᠵᠢᠶ᠎ᠡ᠂ ᠶᠠᠰᠤ ᠴᠢᠨᠠᠷ᠎ᠤᠨ 《ᠬᠣᠣᠰ ᠨᠡᠮᠡᠭᠳᠡᠯ》 《ᠬᠣᠣᠰ ᠳᠡᠭᠡᠭᠰᠢᠯᠡᠯᠲᠡ》 ᠵᠢ ᠪᠡᠶᠡᠯᠡᠭᠦᠯᠬᠦ ᠵᠢ ᠠᠬᠢᠭᠤᠯᠬᠤ ᠬᠡᠷᠡᠭᠲᠡᠢ᠃ ᠡᠵᠡᠩᠨᠡᠯᠲᠡ ᠵᠢᠨ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠬᠢᠨᠠᠨ ᠵᠦᠪᠰᠢᠶᠡᠷᠡᠯ᠎ᠤᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠠᠵᠤ ᠠᠬᠤᠢ᠌ᠯᠠᠯ᠎ᠢ ᠬᠠᠪᠰᠤᠷᠤᠨ ᠬᠦᠴᠢᠷᠳᠡᠯ᠎ᠢ ᠰᠢᠢ᠍ᠳᠪᠦᠷᠢᠯᠡᠬᠦ ᠡᠷᠴᠢᠮ ᠵᠶ᠋ᠡᠨ ᠴᠢᠩᠭ᠋ᠠᠷᠠᠭᠤᠯᠬᠤ ᠬᠡᠷᠡᠭᠲᠡᠢ᠃ ᠵᠢᠷᠤᠭ ᠡᠯᠭᠦᠨ ᠪᠠᠢ᠌ᠯᠳᠤᠬᠤ ᠵᠢ ᠬᠡᠷᠡᠭᠵᠢᠭᠦᠯᠵᠦ᠂ ᠤᠨᠢᠨ ᠳᠡᠭᠡᠷ᠎ᠡ᠎ᠨᠢ ᠲᠣᠬᠢᠷᠠᠭᠤᠯᠵᠤ᠂ ᠪᠠᠷᠢᠯᠭ᠎ᠠ ᠵᠢᠨ ᠬᠤᠭᠤᠴᠠᠭ᠎ᠠ ᠵᠢ ᠲᠣᠩᠭᠣᠷᠠᠭᠤᠯᠤᠨ ᠪᠠᠢ᠌ᠷᠢᠯᠠᠭᠤᠯᠵᠤ᠂ ᠲᠦᠷᠦᠯ ᠵᠦᠢ᠍ᠯ᠎ᠢ ᠡᠷᠲᠡ ᠨᠠᠢ᠌ᠳᠠᠪᠤᠷᠢᠵᠢᠭᠤᠯᠬᠤ᠂ ᠡᠷᠲᠡ ᠠᠵᠢᠯ ᠡᠬᠢᠯᠡᠭᠦᠯᠬᠦ᠂ ᠡᠷᠲᠡ ᠪᠦᠲᠦᠭᠡᠨ ᠪᠠᠶ᠋ᠢᠭᠤᠯᠬᠤ᠂ ᠡᠷᠲᠡ ᠦᠷ᠎ᠡ ᠪᠦᠲᠦᠮᠵᠢ ᠣᠯᠬᠤ ᠵᠢ ᠬᠦᠴᠦᠯᠡᠨ ᠠᠬᠢᠭᠤᠯᠵᠤ᠂ ᠨᠡᠩ ᠤᠯᠠᠨ ᠪᠠᠷᠢᠯᠭ᠎ᠠ ᠵᠢᠨ ᠬᠡᠮᠵᠢᠶ᠎ᠡ᠂ ᠪᠣᠳᠠᠲᠤ ᠪᠤᠳᠠᠰ᠎ᠤᠨ ᠬᠡᠮᠵᠢᠶ᠎ᠡ᠂ ᠪᠡᠯᠡ ᠣᠷᠣᠭᠤᠯᠤᠯᠲᠠ ᠵᠢᠨ ᠬᠡᠮᠵᠢᠶ᠎ᠡ ᠵᠢ ᠴᠢᠷᠮᠠᠢ᠌ᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠢ᠌ᠴᠠᠭ᠋ᠠᠬᠤ᠎ᠳᠤ ᠵᠢᠭ᠋ᠠᠵᠤ ᠭᠠᠷᠭ᠋ᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠵᠢᠴᠢ ᠬᠠᠲᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢᠨ ᠲᠥᠯᠦᠪᠵᠢᠭᠦᠯᠭᠡ ᠵᠢ ᠬᠡᠷᠡᠭᠵᠢᠭᠦᠯᠦᠭᠰᠡᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠠᠢ᠃ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠮᠢ ᠠᠬᠤᠢ ᠵᠢᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢᠨ ᠶᠡᠬᠡ ᠲᠠᠯ᠎ᠠ᠎ᠳᠤ ᠲᠠᠯᠪᠢᠵᠤ ᠪᠣᠳᠣᠯᠬᠢᠯᠠᠨ᠂ 《ᠤᠯᠤᠰ᠎ᠤᠨ ᠲᠣᠮᠣ ᠶᠠᠪᠤᠳᠠᠯ》᠎ᠤᠨ ᠥᠨᠳᠥᠷᠴᠡ᠎ᠠᠴᠠ ᠠᠵᠢᠯ ᠵᠶ᠋ᠠᠨ ᠬᠢᠨᠠᠨ ᠰᠦᠪᠡᠭᠴᠢᠯᠡᠵᠦ᠂ ᠠᠮᠢ ᠠᠬᠤᠢ ᠵᠢ ᠲᠡᠷᠢᠭᠦᠨ᠎ᠳᠤ ᠲᠠᠯᠪᠢᠬᠤ᠂ ᠪᠣᠬᠢᠷᠲᠤᠯ ᠦᠭᠡᠢ ᠬᠥᠭᠵᠢᠯᠲᠡ ᠵᠢᠨ ᠵᠠᠮ ᠵᠶ᠋ᠠᠷ ᠡᠷᠡᠰ ᠭᠤᠢ᠌ᠪᠢᠰᠢ ᠦᠭᠡᠢ ᠰᠠᠢ᠌ᠲᠤᠷ ᠵᠠᠮᠨᠠᠬᠤ ᠬᠡᠷᠡᠭᠲᠡᠢ᠃ ᠳᠡᠭᠡᠷ᠎ᠡ ᠨᠢᠭᠡ ᠡᠭᠡᠯᠵᠢ ᠵᠢᠨ ᠲᠥᠪ᠎ᠤᠨ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ ᠵᠡᠷᠭᠡ᠎ᠳᠤ ᠴᠢᠭᠯᠡᠭᠦᠯᠦᠨ ᠨᠢᠭᠡ ᠤᠳᠠᠭ᠎ᠠ ᠵᠢᠨ 《ᠡᠷᠬᠢᠨ ᠬᠠᠷᠠᠬᠤ》 ᠠᠵᠢᠯ ᠬᠢᠵᠦ᠂ ᠠᠳᠠᠯᠢ ᠲᠦᠷᠦᠯ᠎ᠤᠨ᠂ ᠬᠣᠯᠪᠣᠭᠳᠠᠬᠤ ᠴᠢᠨᠠᠷᠲᠠᠢ᠂ ᠡᠭᠦᠰᠦᠮᠡᠯ ᠴᠢᠨᠠᠷᠲᠠᠢ ᠠᠰᠠᠭᠤᠳᠠᠯ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠢ᠌ᠴᠠᠭ᠋ᠠᠵᠤ ᠴᠡᠭᠴᠡᠯᠡᠨ ᠵᠠᠰᠠᠵᠤ᠂ ᠨᠢᠭᠡ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠵᠤ᠂ ᠨᠢᠭᠡ ᠲᠦᠷᠦᠯ᠎ᠤᠨ ᠠᠰᠠᠭᠤᠳᠠᠯ᠎ᠢ ᠰᠢᠢ᠍ᠳᠪᠦᠷᠢᠯᠡᠵᠦ᠂ ᠨᠢᠭᠡ ᠪᠦᠯᠦᠭ ᠠᠯᠳᠠᠰᠢ ᠭᠠᠷᠬᠤ ᠵᠢ ᠬᠣᠷᠢᠭᠯᠠᠬᠤ ᠬᠡᠷᠡᠭᠲᠡᠢ᠃ ᠴᠡᠭᠴᠡᠯᠡᠨ ᠥᠭᠡᠷᠡᠴᠢᠯᠡᠵᠦ ᠳᠠᠭᠤᠰᠬᠠᠭ᠋ᠠᠳᠤᠢ ᠭᠣᠣᠯᠳᠠᠯᠭ᠎ᠠ᠎ᠲᠠᠢ ᠠᠰᠠᠭᠤᠳᠠᠯ᠎ᠢ ᠲᠤᠬᠠᠢ ᠵᠢᠨ ᠭᠠᠵᠠᠷ᠎ᠲᠤᠨᠢ ᠬᠢᠨᠠᠨ ᠵᠢᠯᠤᠭᠣᠳᠴᠤ᠂ ᠫᠠᠢ᠌ᠰᠠ ᠡᠯᠭᠦᠨ ᠰᠢᠮᠳᠠᠭᠤᠯᠤᠨ ᠰᠢᠢ᠍ᠳᠪᠦᠷᠢᠯᠡᠭᠦᠯᠵᠦ᠂ ᠬᠤᠭᠤᠴᠠᠭ᠎ᠠ ᠬᠢᠵᠠᠭ᠋ᠠᠷᠯᠠᠨ ᠴᠡᠭᠴᠡᠯᠡᠨ ᠥᠭᠡᠷᠡᠴᠢᠯᠡᠵᠦ᠂ ᠠᠰᠠᠭᠤᠳᠠᠯ᠎ᠢ ᠰᠢᠢ᠍ᠳᠪᠦᠷᠢᠯᠡᠬᠦ ᠦᠭᠡᠢ ᠪᠣᠯ ᠪᠤᠯᠬᠤ ᠦᠭᠡᠢ᠂ ᠴᠡᠭᠴᠡᠯᠡᠨ ᠵᠠᠰᠠᠬᠤ ᠠᠵᠢᠯ᠎ᠢ ᠪᠣᠳᠠᠲᠠᠢ᠌ᠵᠢᠭᠤᠯᠤᠭᠰᠠᠨ ᠦᠭᠡᠢ ᠪᠣᠯ ᠪᠤᠯᠬᠤ ᠦᠭᠡᠢ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠦᠭᠡᠢ ᠪᠣᠯ ᠪᠤᠯᠬᠤ ᠦᠭᠡᠢ ᠪᠠᠢ᠌ᠬᠤ ᠵᠢ ᠪᠡᠶᠡᠯᠡᠭᠦᠯᠬᠦ ᠬᠡᠷᠡᠭᠲᠡᠢ᠃ ᠲᠦᠷᠦᠯ ᠵᠦᠢ᠍ᠯᠴᠢᠯᠡᠭᠰᠡᠨ ᠠᠷᠭ᠎ᠠ ᠪᠠᠷᠢᠯ᠎ᠢ ᠠᠪᠴᠤ᠂ ᠪᠠᠴᠢᠮ ᠬᠡᠷᠡᠭᠯᠡᠬᠦ ᠵᠢ ᠤᠷᠢᠳᠠᠪᠠᠷ ᠬᠡᠷᠡᠭᠵᠢᠭᠦᠯᠬᠦ ᠵᠠᠷᠴᠢᠮ ᠶᠣᠰᠣᠭ᠋ᠠᠷ᠂ ᠡᠯ᠎ᠡ ᠭᠠᠵᠠᠷ᠎ᠤᠨ᠎ᠬᠢᠨ᠎ᠢ ᠵᠢᠭ᠋ᠠᠨ ᠵᠢᠯᠤᠭᠣᠳᠴᠤ ᠪᠠᠢ᠌ᠭ᠋ᠠᠳ ᠤᠰᠤ ᠬᠠᠩᠭ᠋ᠠᠬᠤ ᠬᠣᠭᠣᠯᠠᠢ ᠲᠣᠣᠷ᠎ᠤᠨ ᠲᠥᠬᠦᠭᠡᠷᠦᠮᠵᠢ ᠵᠢ ᠥᠭᠡᠷᠡᠴᠢᠯᠡᠬᠦ᠂ ᠬᠠᠳᠤᠨ ᠭᠣᠣᠯ᠎ᠤᠨ ᠰᠠᠪᠠ ᠭᠠᠵᠠᠷ᠎ᠤᠨ ᠤᠰᠤ ᠵᠢ ᠡᠭᠡᠭᠦᠯᠦᠨ ᠠᠰᠢᠭᠯᠠᠬᠤ᠂ ᠪᠠᠢ᠌ᠭᠤᠯᠤᠯ᠎ᠳᠤ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠲᠥᠬᠦᠭᠡᠷᠦᠮᠵᠢ ᠪᠠ ᠬᠣᠭ ᠨᠣᠪᠰᠢ ᠵᠢ ᠰᠢᠢ᠍ᠳᠪᠦᠷᠢᠯᠡᠬᠦ ᠬᠣᠷᠢᠶᠠᠨ ᠲᠡᠭᠡᠭᠡᠪᠦᠷᠢᠯᠡᠬᠦ ᠰᠢᠢ᠍ᠳᠪᠦᠷᠢᠯᠡᠬᠦ ᠰᠢᠰᠲ᠋ᠧᠮ᠎ᠤᠨ ᠪᠠᠢ᠌ᠭᠤᠯᠤᠯᠲᠠ ᠵᠢ ᠱᠠᠯᠠᠪᠳᠠᠨ ᠪᠠᠢ᠌ᠷᠢᠯᠠᠭᠤᠯᠬᠤ ᠬᠡᠷᠡᠭᠲᠡᠢ᠃ ᠡᠬᠢ ᠡᠭᠦᠰᠦᠯ᠎ᠠᠴᠠ᠎ᠨᠢ ᠤᠷᠢᠳᠴᠢᠯᠠᠨ ᠰᠡᠷᠭᠡᠢ᠌ᠯᠡᠬᠦ᠂ ᠶᠠᠪᠤᠴᠠ ᠵᠢ ᠬᠠᠮᠠᠭ᠋ᠠᠯᠠᠬᠤ᠂ ᠬᠠᠷᠢᠭᠤᠴᠠᠯᠭ᠎ᠠ ᠨᠡᠬᠡᠮᠵᠢᠯᠡᠬᠦ ᠵᠢ ᠣᠷᠣᠨ ᠬᠤᠪᠢᠶᠠᠨ ᠲᠦᠷᠦᠯ ᠬᠤᠪᠢᠶᠠᠨ ᠬᠠᠮᠠᠭ᠋ᠠᠯᠠᠬᠤ ᠰᠢᠰᠲ᠋ᠧᠮ᠎ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠠᠳᠤᠨ ᠭᠣᠣᠯ᠎ᠤᠨ ᠰᠠᠪᠠ ᠭᠠᠵᠠᠷ᠎ᠤᠨ 《ᠨᠢᠭᠡ ᠨᠠᠭᠤᠷ ᠬᠣᠶᠠᠷ ᠲᠠᠯᠠᠢ》 ᠵᠢᠨ ᠤᠰᠤᠨ᠎ᠤ ᠠᠮᠢ ᠠᠬᠤᠢ ᠵᠢ ᠵᠠᠰᠠᠬᠤ᠂ ᠪᠣᠬᠢᠷ ᠦᠮᠡᠬᠡᠢ ᠤᠰᠤᠨ ᠴᠣᠭᠴᠠ ᠵᠢ ᠵᠠᠰᠠᠬᠤ᠂ ᠬᠤᠳᠠ ᠪᠠᠯᠭ᠋ᠠᠰᠤᠨ᠎ᠤ ᠠᠮᠢᠳᠤᠷᠠᠯ᠎ᠤᠨ ᠪᠣᠬᠢᠷ ᠤᠰᠤ ᠪᠠ ᠬᠤᠳᠠ ᠬᠥᠳᠡᠭᠡ ᠵᠢᠨ ᠠᠮᠢᠳᠤᠷᠠᠯ᠎ᠤᠨ ᠬᠣᠭ ᠨᠣᠪᠰᠢ ᠵᠢ ᠵᠠᠰᠠᠬᠤ ᠠᠵᠢᠯ᠎ᠢ ᠴᠢᠩᠭ᠋ᠠᠳᠬᠠᠵᠤ᠂ ᠠᠮᠢ ᠠᠬᠤᠢ ᠵᠢᠨ ᠬᠠᠮᠠᠭ᠋ᠠᠯᠠᠯᠲᠠ ᠵᠢᠨ ᠠᠮᠤᠷ ᠲᠦᠪᠰᠢᠨ᠎ᠤ ᠵᠠᠭ᠋ᠠᠭ ᠬᠢᠵᠠᠭ᠋ᠠᠷ᠎ᠢ ᠪᠠᠲᠤ ᠰᠠᠬᠢᠬᠤ ᠬᠡᠷᠡᠭᠲᠡᠢ᠃ ᠦᠵᠡᠰᠬᠦᠯᠡᠩᠲᠦ ᠰᠠᠢ᠌ᠬᠠᠨ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢ ᠰᠠᠢ᠌ᠲᠤᠷ ᠠᠳᠬᠤᠵᠤ᠂ ᠪᠣᠬᠢᠷᠲᠤᠯ ᠦᠭᠡᠢ ᠣᠷᠣᠰᠢᠨ ᠰᠠᠭᠤᠬᠤ᠎ᠳᠤ ᠲᠣᠬᠢᠷᠠᠮᠵᠢᠲᠠᠢ ᠣᠷᠣᠨ ᠰᠠᠭᠤᠴᠠ ᠵᠢ ᠲᠦᠷᠭᠡᠨ ᠬᠥᠭᠵᠢᠭᠦᠯᠵᠦ᠂ ᠬᠤᠳᠠ ᠵᠢᠨ ᠨᠣᠭᠣᠭ᠋ᠠᠨ ᠵᠠᠮ᠂ ᠠᠮᠢ ᠠᠬᠤᠢ ᠵᠢᠨ ᠬᠣᠩᠭᠢᠯ ᠪᠣᠯᠣᠨ ᠬᠤᠳᠠ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ ᠵᠢᠨ ᠪᠦᠲᠦᠭᠡᠨ ᠪᠠᠢ᠌ᠭᠤᠯᠤᠯᠲᠠ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠵᠢᠨ ᠠᠮᠢ ᠠᠬᠤᠢ ᠵᠢ ᠴᠢᠨᠠᠭᠰᠢᠳᠠ ᠰᠡᠷᠭᠦᠭᠡᠵᠦ᠂ ᠪᠣᠬᠢᠷᠲᠤᠯ ᠦᠭᠡᠢ ᠦᠢ᠍ᠯᠡᠳᠪᠦᠷᠢᠯᠡᠯ ᠪᠣᠯᠣᠨ ᠠᠮᠢᠳᠤᠷᠠᠯ᠎ᠤᠨ ᠠᠷᠭ᠎ᠠ ᠬᠡᠯᠪᠡᠷᠢ ᠵᠢ ᠲᠦᠷᠭᠡᠨ ᠪᠦᠷᠢᠯᠳᠦᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃