2 ᠳ᠋ᠤᠭ᠋ᠠᠷ ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ 《ᠬᠣᠶᠠᠷ᠎ᠢ ᠥᠴᠥᠬᠡᠨ ᠴᠦ᠍ ᠭᠤᠢ᠌ᠪᠢᠰᠢ ᠦᠭᠡᠢ》᠂ 《ᠭᠤᠷᠪᠠ ᠵᠢ ᠦᠯᠦ ᠬᠤᠪᠢᠷᠠᠭᠤᠯᠬᠤ》 ᠴᠢᠭᠯᠡᠯᠲᠡ ᠲᠦᠷᠦ ᠵᠢᠨ ᠪᠣᠳᠣᠯᠭ᠎ᠠ ᠵᠢ ᠪᠠᠷᠢᠮᠲᠠᠯᠠᠨ ᠰᠠᠢ᠌ᠲᠤᠷ ᠨᠠᠢ᠌ᠳᠠᠪᠤᠷᠢᠵᠢᠭᠤᠯᠵᠤ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢᠨ ᠰᠢᠨ᠎ᠡ ᠪᠠᠢ᠌ᠳᠠᠯ᠎ᠢ ᠲᠦᠷᠭᠡᠨ ᠪᠤᠢ ᠪᠣᠯᠭ᠋ᠠᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠶᠡᠬᠡ ᠬᠥᠭᠵᠢᠯᠲᠡ᠎ᠪᠠᠷ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠰᠢᠨ᠎ᠡ ᠰᠢᠪᠲᠤᠯᠤᠯᠲᠠ ᠵᠢ ᠪᠡᠶᠡᠯᠡᠭᠦᠯᠬᠦ᠎ᠳᠤ ᠬᠦᠴᠦᠨ ᠨᠡᠮᠡᠷᠢᠯᠡᠬᠦ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠢ᠌ᠯᠠᠯ᠎ᠢ ᠲᠤᠰᠠᠯᠠᠬᠤ ᠠᠵᠢᠯᠯᠠᠭ᠎ᠠ᠎ᠲᠠᠢ ᠤᠶᠠᠯᠳᠤᠭᠤᠯᠤᠨ᠂ ᠠᠷᠠᠳ᠎ᠤᠨ ᠡᠵᠡᠩᠨᠡᠯᠲᠡ ᠵᠢᠨ ᠠᠵᠤ ᠠᠬᠤᠢ ᠵᠢᠨ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ 《ᠬᠤᠶᠠᠷ᠎ᠢ ᠴᠢᠬᠤᠯᠠᠴᠢᠯᠠᠵᠦ》 《ᠬᠣᠶᠠᠷ᠎ᠢ ᠰᠢᠨᠡᠴᠢᠯᠡᠬᠦ》 ᠲᠥᠷᠥ ᠵᠢᠨ ᠪᠣᠳᠣᠯᠭ᠎ᠠ ᠵᠢ ᠭᠦᠢ᠍ᠴᠡᠳ ᠰᠠᠢ᠌ᠲᠤᠷ ᠬᠡᠷᠡᠭᠯᠡᠬᠦ ᠵᠢ ᠵᠣᠷᠢᠭᠵᠢᠭᠤᠯᠤᠨ ᠳᠡᠮᠵᠢᠵᠦ᠂ ᠪᠠᠲᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠂ ᠰᠢᠨ᠎ᠡ ᠬᠡᠯᠪᠡᠷᠢ ᠵᠢᠨ ᠬᠣᠲᠠ ᠪᠠᠯᠭ᠋ᠠᠰᠤ ᠵᠢᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠢ᠌ᠭᠤᠯᠤᠯᠲᠠ᠂ ᠬᠣᠲᠠ ᠵᠢᠨ ᠰᠢᠨᠡᠴᠢᠯᠡᠯᠲᠡ᠂ ᠬᠠᠭᠤᠴᠢᠨ ᠤᠷᠤᠨ ᠰᠠᠭᠤᠴᠠ ᠵᠢᠨ ᠲᠣᠭᠣᠷᠢᠭ᠎ᠤᠨ ᠥᠭᠡᠷᠡᠴᠢᠯᠡᠯᠲᠡ ᠵᠡᠷᠭᠡ ᠴᠢᠬᠤᠯᠠ ᠶᠡᠬᠡ ᠲᠥᠷᠥᠯ ᠵᠦᠢ᠍ᠯ᠎ᠤᠨ ᠪᠦᠲᠦᠭᠡᠨ ᠪᠠᠢ᠌ᠭᠤᠯᠤᠯᠲᠠ᠎ᠳᠤ ᠢᠳᠡᠪᠬᠢᠲᠡᠢ ᠣᠷᠣᠯᠴᠠᠵᠤ᠂ ᠣᠯᠠᠨ ᠡᠰᠢᠵᠢᠭᠰᠡᠨ ᠬᠣᠲᠠ ᠵᠢᠨ ᠡᠵᠡᠩᠨᠡᠯᠲᠡ ᠵᠢᠨ ᠰᠢᠨ᠎ᠡ ᠵᠠᠭᠪᠤᠷ᠎ᠢ ᠪᠠᠶ᠋ᠢᠭᠤᠯᠬᠤ ᠵᠢ ᠠᠬᠢᠭᠤᠯᠬᠤ ᠬᠡᠷᠡᠭᠲᠡᠢ᠃ ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ᠌ᠯᠠᠯ᠎ᠢ ᠳᠡᠮᠵᠢᠨ ᠬᠦᠴᠢᠷᠳᠡᠯ᠎ᠢ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠤᠨ᠂ ᠦᠢ᠍ᠯᠡᠳᠪᠦᠷᠢᠯᠡᠯ᠎ᠤᠨ ᠬᠦᠴᠦᠨ ᠵᠦᠢ᠍ᠯ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠡᠷᠡᠭᠯᠡᠬᠦ᠂ ᠵᠠᠬ᠎ᠠ ᠳᠡᠯᠭᠡᠭᠦᠷ᠎ᠤᠨ ᠥᠷᠢᠰᠦᠯᠳᠦᠭᠡᠨ᠎ᠳᠤ ᠡᠷᠬᠡ ᠲᠡᠭᠰᠢ᠎ᠪᠠᠷ ᠣᠷᠣᠯᠴᠠᠬᠤ ᠡᠯ᠎ᠡ ᠵᠦᠢ᠍ᠯ᠎ᠤᠨ ᠬᠠᠷᠰᠢ ᠰᠠᠭ᠋ᠠᠳ᠎ᠢ ᠡᠷᠡᠰ ᠠᠷᠢᠯᠭ᠋ᠠᠵᠤ᠂ ᠠᠵᠤ ᠠᠬᠤᠢ᠌ᠯᠠᠯ᠎ᠳᠤ ᠬᠣᠯᠪᠣᠭᠳᠠᠬᠤ ᠦᠢ᠍ᠯᠡᠴᠢᠯᠡᠭᠡᠨ᠎ᠤ ᠭᠣᠭᠴᠣᠭ᠎ᠠ ᠵᠢ ᠤᠯᠠᠮ ᠨᠢᠭᠡ ᠠᠯᠬᠤᠮ ᠪᠠᠭ᠋ᠠᠰᠬᠠᠬᠤ᠂ ᠮᠠᠲ᠋ᠧᠷᠢᠶᠠᠯ᠎ᠢ ᠪᠠᠭ᠋ᠠᠰᠬᠠᠬᠤ᠂ ᠦᠶᠡᠯᠡᠯ᠎ᠤᠨ ᠬᠤᠭᠤᠴᠠᠭ᠎ᠠ ᠵᠢ ᠪᠠᠭ᠋ᠠᠰᠬᠠᠬᠤ᠂ ᠭᠦᠶᠦᠯᠲᠡ ᠵᠢ ᠪᠠᠭ᠋ᠠᠰᠬᠠᠬᠤ ᠵᠢ ᠠᠬᠢᠭᠤᠯᠵᠤ᠂ ᠵᠠᠬ᠎ᠠ ᠲᠡᠯᠭᠡᠭᠦᠷ᠎ᠲᠤ ᠤᠷᠤᠭᠤᠯᠬᠤ ᠵᠢ ᠵᠦᠪᠰᠢᠶᠡᠷᠡᠬᠦ ᠡᠵᠡᠩᠨᠡᠬᠦ ᠵᠢ ᠵᠦᠪᠰᠢᠶᠡᠷᠡᠬᠦ ᠠᠵᠢᠯᠯᠠᠭ᠎ᠠ ᠵᠢ ᠴᠢᠩᠭ᠋ᠠᠳᠬᠠᠨ᠂ ᠵᠠᠬ᠎ᠠ ᠳᠡᠯᠭᠡᠭᠦᠷ᠎ᠤᠨ ᠠᠮᠢᠳᠤᠯᠢᠭ ᠬᠦᠴᠦᠨ᠎ᠢ ᠲᠠᠬᠢᠨ ᠵᠶ᠋ᠠᠷ ᠨᠡᠮᠡᠭᠳᠡᠭᠦᠯᠬᠦ ᠬᠡᠷᠡᠭᠲᠡᠢ᠃ ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ᠎ᠤᠨ ᠳᠠᠩᠰᠠᠨ ᠵᠣᠭᠣᠰ᠎ᠢ ᠥᠷᠢᠲᠦᠵᠦ ᠤᠳᠠᠭ᠋ᠠᠰᠢᠷᠠᠭᠤᠯᠬᠤ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠬᠦ ᠬᠡᠷᠡᠭᠲᠡᠢ᠃ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂ ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠬᠤ᠂ ᠳᠤᠷ᠎ᠠ᠎ᠪᠠᠷ ᠵᠶ᠋ᠠᠨ ᠪᠠᠢ᠌ᠴᠠᠭ᠋ᠠᠬᠤ᠂ ᠳᠤᠷ᠎ᠠ᠎ᠪᠠᠷ ᠵᠶ᠋ᠠᠨ ᠪᠠᠢ᠌ᠴᠠᠭ᠋ᠠᠨ ᠪᠢᠲᠡᠭᠦᠮᠵᠢᠯᠡᠬᠦ ᠵᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯ ᠪᠠ ᠠᠷᠠᠳ᠎ᠠᠴᠠ ᠡᠵᠡᠩᠨᠡᠭᠰᠡᠨ ᠠᠵᠤ ᠠᠬᠤᠢ᠌ᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠬᠡᠯᠪᠡᠷᠢ ᠬᠤᠪᠢᠷᠠᠭᠤᠯᠤᠨ ᠬᠥᠭᠵᠢᠬᠦ ᠵᠢ ᠲᠦᠷᠭᠡᠳᠬᠡᠨ ᠠᠬᠢᠭᠤᠯᠵᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠢ ᠪᠣᠢ᠌ᠵᠢᠭᠤᠯᠬᠤ ᠡᠷᠴᠢᠮ᠎ᠢ ᠴᠢᠩᠭ᠋ᠠᠷᠠᠭᠤᠯᠤᠨ᠂ ᠭᠡᠷ ᠪᠠᠢ᠌ᠰᠢᠩ ᠭᠠᠵᠠᠷ ᠬᠥᠷᠥᠩᠭᠡ ᠵᠢᠨ ᠠᠵᠤ ᠠᠬᠤᠢ᠌ᠯᠠᠯ᠎ᠤᠨ ᠪᠡᠯᠡ ᠲᠣᠬᠢᠷᠠᠭᠤᠯᠬᠤ᠎ᠳᠤ ᠬᠦᠴᠢᠷᠲᠡᠢ ᠪᠠᠢ᠌ᠬᠤ ᠠᠰᠠᠭᠤᠳᠠᠯ᠎ᠢ ᠰᠢᠢ᠍ᠳᠪᠦᠷᠢᠯᠡᠬᠦ ᠵᠢ ᠳᠡᠮᠵᠢᠵᠦ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ᠎ᠤᠨ ᠲᠠᠰ ᠳᠡᠪᠰᠢᠬᠦ ᠵᠢ ᠠᠬᠢᠭᠤᠯᠵᠤ᠂ 《ᠲᠤᠰᠬᠠᠢ ᠨᠠᠷᠢᠯᠢᠭ ᠣᠨᠴᠠ ᠰᠢᠨ᠎ᠡ》 ᠠᠵᠤ ᠠᠬᠤᠢ᠌ᠯᠠᠯ᠎ᠤᠨ ᠬᠥᠭᠵᠢᠨ ᠪᠤᠵᠠᠭ᠋ᠠᠢ᠌ᠷᠠᠬᠤ ᠵᠢ ᠲᠡᠳᠬᠦᠨ ᠳᠡᠮᠵᠢᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠢ ᠲᠡᠭᠡᠭᠰᠢᠯᠡᠭᠦᠯᠬᠦ ᠬᠡᠷᠡᠭᠳᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ 《ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲᠸᠮ᠎ᠢ ᠪᠦᠷᠢᠨᠰᠢᠭᠦᠯᠦᠶᠡ》 ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠰᠤᠷᠤᠯᠴᠠᠨ ᠲᠤᠭᠤᠰᠢᠯᠠᠭᠤᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠰᠢᠰᠲᠸᠮ᠎ᠢ ᠪᠦᠷᠢᠨᠰᠢᠭᠦᠯᠬᠦ ᠭᠣᠣᠯᠳᠠᠯᠭ᠎ᠠ᠎ᠲᠠᠢ ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠨᠡᠩ ᠭᠦᠨᠵᠡᠭᠡᠢ ᠲᠥᠯᠥᠪᠵᠢᠭᠦᠯᠵᠦ᠂ ᠨᠡᠩ ᠪᠣᠳᠠᠲᠠᠢ ᠬᠢᠬᠦ ᠬᠡᠷᠡᠭᠲᠡᠢ᠃ ᠤᠯᠤᠰ ᠲᠦᠷᠦ ᠵᠢᠨ ᠪᠠᠢ᠌ᠭᠤᠯᠤᠯᠲᠠ᠎ᠪᠠᠷ ᠶᠡᠷᠦᠩᠬᠡᠢ᠌ᠯᠡᠨ ᠵᠢᠯᠣᠭᠣᠳᠤᠭᠤᠯᠬᠤ ᠵᠢ ᠪᠠᠷᠢᠮᠲᠠᠯᠠᠵᠤ᠂ ᠭᠣᠣᠯ ᠰᠡᠳᠦᠪᠲᠦ ᠬᠥᠮᠦᠵᠢᠯ ᠪᠣᠯᠣᠨ ᠨᠠᠮ᠎ᠤᠨ ᠰᠠᠬᠢᠯᠭ᠎ᠠ ᠪᠠᠲᠤ ᠵᠢᠨ ᠰᠤᠷᠤᠯᠴᠠᠯᠭ᠎ᠠ ᠬᠥᠮᠦᠵᠢᠯ᠎ᠤᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠦᠨ ᠥᠷᠭᠡᠳᠬᠡᠵᠦ᠂ ᠰᠤᠷᠤᠯᠴᠠᠯᠭ᠎ᠠ᠎ᠪᠠᠷ ᠰᠦᠭ ᠰᠦᠨᠡᠰᠦ ᠵᠢ ᠱᠤᠭᠤᠬᠤ᠂ ᠰᠤᠷᠤᠯᠴᠠᠯᠭ᠎ᠠ᠎ᠪᠠᠷ ᠤᠶᠤᠨ ᠤᠬᠠᠭ᠋ᠠᠨ᠎ᠢ ᠨᠡᠮᠡᠭᠳᠡᠭᠦᠯᠬᠦ᠂ ᠰᠤᠷᠤᠯᠴᠠᠯᠭ᠎ᠠ᠎ᠪᠠᠷ ᠰᠤᠷᠲᠠᠯ᠎ᠢ ᠲᠥᠪ ᠪᠣᠯᠭ᠋ᠠᠬᠤ᠂ ᠰᠤᠷᠤᠯᠴᠠᠯᠭ᠎ᠠ᠎ᠪᠠᠷ ᠺᠠᠳ᠋ᠷ᠎ᠢ ᠠᠬᠢᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠦᠨ ᠨᠠᠢ᠌ᠳᠠᠪᠤᠷᠢᠵᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠥᠲᠥᠯᠥᠨ ᠵᠢᠯᠤᠭᠣᠳᠴᠤ ᠪᠠᠢ᠌ᠭ᠋ᠠᠳ ᠳᠦᠷᠢᠮ ᠲᠣᠭᠲᠠᠭ᠋ᠠᠯ᠎ᠢ ᠵᠢᠷᠤᠮᠯᠠᠨ ᠰᠠᠬᠢᠯᠭ᠎ᠠ ᠪᠠᠲᠤ ᠵᠢ ᠰᠠᠬᠢᠬᠤ ᠳᠤᠮᠳᠠ ᠠᠵᠢᠯ ᠬᠢᠵᠦ ᠦᠢ᠍ᠯᠡᠰ ᠪᠣᠰᠬᠠᠵᠤ᠂ ᠴᠢᠨᠠᠷ ᠰᠠᠢ᠌ᠲᠠᠢ ᠨᠠᠮ᠎ᠤᠨ ᠪᠠᠢ᠌ᠭᠤᠯᠤᠯᠲᠠ᠎ᠪᠠᠷ ᠴᠢᠨᠠᠷ ᠰᠠᠢ᠌ᠲᠠᠢ ᠬᠥᠭᠵᠢᠯᠲᠡ ᠵᠢ ᠪᠠᠲᠤᠯᠠᠬᠤ ᠬᠡᠷᠡᠭᠲᠡᠢ᠃ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠪᠦᠬᠦ ᠲᠠᠯ᠎ᠠ᠎ᠪᠠᠷ ᠤᠳᠤᠷᠢᠳᠬᠤ᠂ ᠪᠦᠬᠦ ᠬᠡᠯᠬᠢᠶ᠎ᠡ᠎ᠪᠠᠷ ᠬᠠᠮᠢᠶᠠᠷᠬᠤ᠂ ᠪᠦᠬᠦ ᠶᠠᠪᠤᠴᠠ᠎ᠪᠠᠷ ᠬᠢᠨᠠᠯᠲᠠ ᠲᠠᠯᠪᠢᠬᠤ᠂ ᠪᠦᠬᠦᠨ᠎ᠢ ᠬᠠᠮᠤᠷᠤᠨ ᠠᠬᠢᠭᠤᠯᠬᠤ ᠵᠢ ᠪᠠᠷᠢᠮᠲᠠᠯᠠᠵᠤ᠂ ᠬᠠᠷᠢᠭᠤᠴᠠᠯᠭ᠎ᠠ ᠵᠢ ᠲᠣᠳᠣᠷᠬᠠᠢ ᠮᠡᠳᠡᠬᠦ᠂ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠬᠠᠷᠢᠭᠤᠴᠠᠯᠭ᠎ᠠ ᠠᠯᠳᠠᠪᠠᠯ ᠬᠠᠷᠢᠭᠤᠴᠠᠯᠭ᠎ᠠ ᠨᠡᠬᠡᠮᠵᠢᠯᠡᠬᠦ ᠪᠢᠲᠡᠭᠦᠦ ᠴᠠᠭ᠋ᠠᠷᠢᠭ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠨᠠᠮ᠎ᠢ ᠬᠠᠮᠢᠶᠠᠷᠴᠤ ᠨᠠᠮ᠎ᠢ ᠵᠠᠰᠠᠬᠤ ᠪᠦᠬᠦ ᠶᠠᠪᠤᠴᠠ᠎ᠳᠤ ᠴᠢᠩᠭ᠎ᠠ ᠱᠠᠭ᠋ᠠᠷᠳᠠᠯᠭ᠎ᠠ ᠵᠢ ᠨᠠᠢ᠌ᠳᠠᠪᠦᠷᠢᠵᠢᠭᠤᠯᠬᠤ ᠬᠡᠷᠡᠭᠲᠡᠢ᠃ ᠢᠯᠵᠢᠷᠡᠯ᠎ᠢ ᠡᠰᠡᠷᠭᠦᠴᠡᠬᠦ ᠲᠡᠮᠡᠴᠡᠯ᠎ᠢ ᠭᠤᠢ᠌ᠪᠢᠰᠢ ᠦᠭᠡᠢ ᠠᠬᠢᠭᠤᠯᠵᠤ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ ᠵᠢ ᠵᠡᠷᠭᠡ᠎ᠪᠡᠷ ᠠᠳᠬᠤᠬᠤ᠂ ᠰᠤᠷᠲᠠᠯ ᠢᠯᠵᠢᠷᠡᠯ᠎ᠢ ᠵᠡᠷᠭᠡ᠎ᠪᠡᠷ ᠪᠠᠢ᠌ᠴᠠᠭ᠋ᠠᠵᠤ ᠵᠡᠷᠭᠡ᠎ᠪᠡᠷ ᠵᠠᠰᠠᠬᠤ ᠵᠢ ᠪᠠᠷᠢᠮᠲᠠᠯᠠᠵᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠦᠷᠭᠦᠯᠵᠢᠯᠡᠨ ᠴᠡᠭᠴᠡᠯᠡᠨ ᠵᠠᠰᠠᠵᠤ᠂ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠬᠤ᠂ ᠬᠡᠷᠡᠭ ᠵᠶ᠋ᠡᠷ ᠵᠠᠰᠠᠬᠤ ᠵᠢ ᠠᠬᠢᠭᠤᠯᠬᠤ ᠵᠢ ᠭᠦᠨᠵᠡᠭᠡᠢ᠌ᠷᠡᠭᠦᠯᠵᠦ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠵᠢ ᠲᠠᠰᠤᠷᠠᠯᠲᠠ ᠦᠭᠡᠢ ᠭᠦᠨᠵᠡᠭᠡᠢ᠌ᠷᠡᠭᠦᠯᠦᠨ ᠬᠥᠭᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠯᠡᠬᠦ ᠲᠤᠰᠬᠠᠢ ᠠᠵᠢᠯ᠎ᠤᠨ ᠲᠣᠭᠲᠠᠴᠠ ᠵᠢᠨ ᠲᠤᠬᠠᠢ ᠲᠥᠪ᠎ᠤᠨ ᠲᠠᠰ ᠳᠠᠪᠬᠤᠷᠭ᠎ᠠ ᠵᠢᠨ ᠬᠤᠷᠠᠯᠳᠤᠭ᠋ᠠᠨ᠎ᠤ ᠪᠠᠢ᠌ᠷᠢᠯᠠᠭᠤᠯᠤᠯᠲᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ 《ᠳᠠᠷᠤᠭ᠋ᠠᠰᠤ ᠵᠢ ᠬᠥᠩᠭᠡᠷᠡᠭᠦᠯᠬᠦ᠂ ᠡᠨ᠋ᠸᠷᠬᠢ ᠣᠯᠭᠣᠬᠤ᠂ ᠬᠦᠴᠢᠷᠳᠡᠯ᠎ᠢ ᠰᠢᠢ᠍ᠳᠪᠦᠷᠢᠯᠡᠬᠦ᠂ ᠴᠡᠭᠴᠡᠯᠡᠨ ᠰᠠᠢ᠌ᠵᠢᠷᠠᠭᠤᠯᠬᠤ᠂ ᠰᠢᠮᠳᠠᠭᠤᠯᠤᠨ ᠪᠠᠢ᠌ᠴᠠᠭ᠋ᠠᠬᠤ》 ᠵᠢ ᠯᠠᠪᠳᠠᠭᠤᠨ ᠪᠠᠲᠤᠲᠠᠢ ᠰᠠᠢ᠌ᠲᠤᠷ ᠠᠳᠬᠤᠵᠤ᠂ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠪᠠ ᠨᠠᠮ᠎ᠤᠨ ᠭᠡᠰᠢᠭᠦᠨ ᠺᠠᠳ᠋ᠷᠴᠤᠳ᠎ᠤᠨ ᠦᠨᠡᠨ᠎ᠢ ᠪᠠᠷᠢᠮᠲᠠᠯᠠᠨ ᠪᠣᠳᠠᠲᠠᠢ ᠵᠢ ᠡᠷᠬᠢᠮᠯᠡᠬᠦ᠂ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠬᠦ ᠵᠢ ᠲᠦᠯᠬᠢᠨ ᠠᠬᠢᠭᠤᠯᠵᠤ᠂ ᠰᠢᠯᠢᠳᠡᠭ ᠰᠤᠷᠲᠠᠯ ᠵᠶ᠋ᠠᠷ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠬᠠᠷᠠᠯᠲᠠ ᠡᠭᠦᠷᠭᠡ ᠵᠢ ᠴᠢᠨᠠᠷ ᠰᠠᠢ᠌ᠲᠠᠢ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠵᠢᠨ ᠲᠣᠭᠲᠠᠯ ᠬᠦᠴᠦᠨ᠎ᠢ ᠪᠠᠲᠤᠯᠠᠵᠤ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠴᠥᠬᠥᠷᠡᠰᠢ ᠦᠭᠡᠢ ᠨᠠᠢ᠌ᠳᠠᠪᠤᠷᠢᠵᠢᠭᠤᠯᠵᠤ᠂ ᠦᠵᠡᠯ ᠰᠠᠨᠠᠭ᠎ᠠ ᠤᠯᠤᠰ ᠲᠦᠷᠦ ᠵᠢᠨ ᠬᠥᠮᠦᠵᠢᠯ᠎ᠢ ᠦᠷᠭᠦᠯᠵᠢᠯᠡᠨ ᠭᠦᠨᠵᠡᠭᠡᠢ᠌ᠷᠡᠭᠦᠯᠵᠦ᠂ ᠵᠥᠪ ᠣᠨᠣᠪᠴᠢᠲᠠᠢ ᠠᠵᠢᠯ᠎ᠤᠨ ᠠᠮᠵᠢᠯᠲᠠ ᠵᠢᠨ ᠦᠵᠡᠯᠲᠡ ᠵᠢ ᠪᠠᠲᠤ ᠪᠤᠢ ᠪᠣᠯᠭ᠋ᠠᠨ ᠦᠢ᠍ᠯᠡᠳᠦᠯᠭᠡᠵᠢᠭᠦᠯᠵᠦ᠂ ᠰᠤᠷᠲᠠᠯ᠎ᠢ ᠰᠠᠢ᠌ᠵᠢᠷᠠᠭᠤᠯᠬᠤ᠂ ᠰᠤᠷᠲᠠᠯ᠎ᠢ ᠬᠤᠪᠢᠷᠠᠭᠤᠯᠬᠤ ᠦᠵᠡᠯ ᠰᠠᠨᠠᠭ᠋ᠠᠨ᠎ᠤ ᠰᠠᠭᠤᠷᠢ ᠵᠢ ᠪᠠᠲᠤ ᠴᠣᠭᠴᠠᠯᠠᠬᠤ ᠬᠡᠷᠡᠭᠲᠡᠢ᠃ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠭᠦᠨᠵᠡᠭᠡᠢ᠌ᠷᠡᠭᠦᠯᠵᠦ᠂ ᠨᠡᠢ᠌ᠲᠡᠯᠢᠭ ᠴᠢᠨᠠᠷᠲᠠᠢ ᠨᠡᠢ᠌ᠳᠡᠮ᠎ᠤᠨ ᠴᠢᠨᠠᠷᠲᠠᠢ ᠠᠰᠠᠭᠤᠳᠠᠯ ᠪᠣᠯᠣᠨ ᠦᠨᠳᠦᠰᠦᠨ ᠱᠠᠲᠤᠨ᠎ᠤ ᠲᠤᠰᠬᠠᠯ ᠴᠢᠩᠭ᠎ᠠ᠂ ᠠᠰᠠᠭᠤᠳᠠᠯ᠎ᠤᠨ ᠢᠯᠡᠷᠡᠯ ᠲᠥᠪᠯᠡᠷᠡᠭᠰᠡᠨ ᠬᠦᠷᠢᠶ᠎ᠡ ᠵᠢ ᠴᠢᠩᠭ᠎ᠠ ᠠᠩᠬᠠᠷᠴᠤ᠂ ᠠᠰᠠᠭᠤᠳᠠᠯ᠎ᠤᠨ ᠦᠨᠳᠦᠰᠦ ᠰᠤᠷᠪᠤᠯᠵᠢ ᠵᠢ ᠭᠦᠨᠵᠡᠭᠡᠢ ᠠᠭᠤᠳᠠᠯᠵᠤ᠂ ᠬᠠᠷᠠᠯᠲᠠ᠎ᠲᠠᠢ᠎ᠪᠠᠷ ᠪᠣᠭᠣᠮᠲᠠ ᠰᠢᠪᠲᠤᠯᠬᠤ᠂ ᠦᠩᠭᠡᠨ ᠲᠠᠯ᠎ᠠ ᠪᠠ ᠦᠨᠳᠦᠰᠦ᠎ᠠᠴᠠ᠎ᠨᠢ ᠵᠠᠰᠠᠬᠤ ᠵᠢ ᠪᠠᠷᠢᠮᠲᠠᠯᠠᠵᠤ᠂ 《ᠵᠠᠰᠠᠭ᠎ᠤᠨ ᠠᠵᠢᠯ᠎ᠤᠨ ᠠᠮᠵᠢᠯᠲᠠ ᠵᠢᠨ ᠢᠨᠵᠧᠨᠧᠷᠢᠩ》 《ᠳᠦᠷᠢ ᠲᠥᠷᠬᠦ ᠵᠢᠨ ᠢᠨᠵᠧᠨᠧᠷᠢᠩ》 《ᠨᠢᠭᠤᠷ ᠲᠠᠯ᠎ᠠ ᠵᠢᠨ ᠢᠨᠵᠧᠨᠧᠷᠢᠩ》᠎ᠢ ᠶᠡᠬᠡ ᠬᠦᠴᠦ ᠣᠷᠣᠭᠤᠯᠤᠨ ᠴᠡᠭᠴᠡᠯᠡᠨ ᠵᠠᠰᠠᠵᠤ᠂ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭ᠋ᠠᠨ》᠎ᠤ ᠠᠰᠠᠭᠤᠳᠠᠯ᠎ᠢ ᠦᠷᠭᠦᠯᠵᠢᠯᠡᠨ ᠵᠠᠯᠠᠷᠠᠭᠤᠯᠵᠤ᠂ ᠴᠡᠭᠴᠡᠯᠡᠨ ᠰᠠᠢ᠌ᠵᠢᠷᠠᠭᠤᠯᠬᠤ ᠶᠠᠪᠤᠴᠠ᠎ᠳᠠᠬᠢ ᠬᠡᠯᠪᠡᠷᠢᠴᠢ ᠦᠵᠡᠯ᠎ᠢ ᠡᠷᠡᠰ ᠬᠣᠷᠢᠭᠯᠠᠬᠤ ᠬᠡᠷᠡᠭᠲᠡᠢ᠃ ᠳᠠᠷᠤᠭ᠋ᠠᠰᠤ ᠵᠢ ᠬᠥᠩᠭᠡᠷᠡᠭᠦᠯᠬᠦ ᠪᠠ ᠡᠨ᠋ᠸᠷᠬᠢ ᠣᠯᠭᠣᠬᠤ ᠵᠢ ᠵᠡᠷᠭᠡ᠎ᠪᠡᠷ ᠬᠦᠴᠦᠯᠡᠬᠦ ᠵᠢ ᠪᠠᠷᠢᠮᠲᠠᠯᠠᠵᠤ᠂ ᠲᠣᠭ᠎ᠠ ᠵᠢ ᠪᠠᠭ᠋ᠠᠰᠬᠠᠬᠤ᠂ ᠶᠠᠰᠤ ᠴᠢᠨᠠᠷ᠎ᠢ ᠳᠡᠭᠡᠭᠰᠢᠯᠡᠭᠦᠯᠬᠦ᠂ ᠦᠷ᠎ᠡ ᠠᠰᠢᠭ᠎ᠢ ᠨᠡᠮᠡᠭᠳᠡᠭᠦᠯᠬᠦ ᠬᠠᠷᠠᠯᠲᠠ ᠵᠢᠨ ᠲᠣᠭᠣᠷᠢᠨ᠎ᠳᠤ ᠲᠣᠭᠲᠠᠴᠠ ᠵᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠯᠬᠤᠮ ᠳᠠᠷᠠᠭ᠎ᠠ ᠵᠢ ᠰᠢᠯᠢᠳᠡᠭᠵᠢᠭᠦᠯᠵᠦ᠂ ᠪᠢᠴᠢᠭ ᠮᠠᠲᠸᠷᠢᠶᠠᠯ᠎ᠢ ᠴᠣᠮᠬᠠᠳᠬᠠᠵᠤ ᠬᠤᠷᠠᠯ᠎ᠢ ᠪᠠᠭ᠋ᠠᠰᠬᠠᠬᠤ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠰᠢᠮᠳᠠᠭᠤᠯᠤᠨ ᠪᠠᠢ᠌ᠴᠠᠭ᠋ᠠᠵᠤ ᠬᠢᠨᠠᠨ ᠰᠢᠯᠭ᠋ᠠᠬᠤ ᠵᠢ ᠨᠢᠭᠡᠳᠦᠯᠲᠡᠢ ᠲᠥᠯᠥᠪᠵᠢᠭᠦᠯᠦᠨ ᠵᠢᠷᠤᠮᠵᠢᠭᠤᠯᠵᠤ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ᠂ ᠪᠣᠳᠠᠲᠠᠢ ᠠᠵᠢᠯᠯᠠᠬᠤ᠎ᠳᠤ ᠡᠨ᠋ᠸᠷᠬᠢ ᠣᠯᠭᠣᠵᠤ᠂ ᠺᠠᠳ᠋ᠷᠴᠤᠳ᠎ᠲᠤ ᠨᠡᠩ ᠤᠯᠠᠨ ᠴᠠᠭ ᠪᠠ ᠤᠶᠤᠨ ᠴᠢᠳᠠᠯ᠎ᠢ ᠠᠵᠢᠯ ᠤᠯᠭᠤᠬᠤ᠂ ᠨᠠᠢ᠌ᠳᠠᠪᠤᠷᠢᠵᠢᠭᠤᠯᠤᠯᠲᠠ ᠵᠢ ᠠᠳᠬᠤᠬᠤ᠂ ᠬᠥᠭᠵᠢᠯᠲᠡ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ ᠠᠶᠤᠯᠭᠦᠢ ᠦᠢ᠍ᠯᠡᠳᠪᠦᠷᠢᠯᠡᠯ᠎ᠤᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠠᠮᠤᠷ ᠲᠦᠪᠰᠢᠨ᠎ᠢ ᠪᠠᠲᠤᠯᠠᠬᠤ᠂ ᠲᠣᠭᠲᠠᠭᠤᠨ᠎ᠢ ᠠᠬᠢᠭᠤᠯᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠠᠶᠤᠯ ᠲᠦᠭᠰᠢᠭᠦᠷᠢ ᠵᠢᠨ ᠤᠬᠠᠮᠰᠠᠷ ᠪᠣᠯᠣᠨ ᠰᠠᠨᠠᠭ᠋ᠠᠰᠢᠷᠠᠨ ᠵᠣᠪᠠᠨᠢᠬᠤ ᠤᠬᠠᠮᠰᠠᠷ ᠵᠶ᠋ᠠᠨ ᠴᠢᠩᠭ᠋ᠠᠳᠬᠠᠵᠤ᠂ ᠠᠮᠤᠷ ᠲᠦᠪᠰᠢᠨ ᠲᠣᠭᠲᠠᠭᠤᠨ᠎ᠢ ᠠᠯᠢᠪᠠ ᠠᠵᠢᠯ᠎ᠤᠨ ᠵᠶ᠋ᠠᠨ 《ᠬᠣᠷᠢᠭ᠎ᠠ ᠱᠤᠭᠤᠮ》 《ᠤᠯᠠᠭ᠋ᠠᠨ ᠱᠤᠭᠤᠮ》 ᠪᠣᠯᠭ᠋ᠠᠬᠤ ᠵᠢ ᠪᠠᠷᠢᠮᠲᠠᠯᠠᠵᠤ᠂ ᠮᠢᠨᠴᠦᠭᠦᠷᠡᠬᠦ ᠦᠵᠡᠯ ᠰᠠᠨᠠᠭ᠎ᠠ᠂ ᠠᠵᠠ ᠵᠠᠪᠰᠢᠶᠠᠨ᠎ᠢ ᠡᠷᠢᠬᠦ ᠰᠡᠳᠬᠢᠴᠡ᠂ ᠰᠤᠯᠠᠷᠠᠬᠤ ᠰᠡᠳᠬᠢᠯᠭᠡ ᠵᠢ ᠡᠷᠡᠰ ᠲᠡᠪᠴᠢᠵᠦ᠂ ᠨᠡᠩ ᠶᠡᠬᠡ ᠡᠷᠴᠢᠮ᠂ ᠨᠡᠩ ᠴᠢᠩᠭ᠎ᠠ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ᠎ᠪᠠᠷ ᠪᠦᠬᠦ ᠬᠦᠴᠦᠨ ᠵᠶ᠋ᠡᠷ ᠵᠶ᠋ᠡᠨ ᠬᠡᠮ ᠰᠣᠭᠣᠭ᠎ᠢ ᠪᠠᠢ᠌ᠴᠠᠭ᠋ᠠᠵᠤ᠂ ᠲᠤᠳᠠᠭᠳᠠᠯ᠎ᠢ ᠨᠥᠬᠥᠪᠦᠷᠢᠯᠡᠵᠦ᠂ ᠠᠯᠳᠠᠰᠢ ᠭᠠᠷᠬᠤ ᠵᠢ ᠬᠣᠷᠢᠭᠯᠠᠵᠤ᠂ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠡᠬᠢᠵᠢᠭᠦᠯᠬᠦ ᠬᠡᠷᠡᠭᠲᠡᠢ᠃ ᠠᠶᠤᠯᠭᠦᠢ ᠦᠢ᠍ᠯᠡᠳᠪᠦᠷᠢᠯᠡᠯ ᠂ ᠠᠷᠠᠳ᠎ᠤᠨ ᠠᠮᠢᠳᠤᠷᠠᠯ᠎ᠤᠨ ᠬᠠᠩᠭ᠋ᠠᠯᠭ᠎ᠠ ᠵᠢ ᠪᠠᠲᠤᠯᠠᠬᠤ ᠵᠡᠷᠭᠡ ᠵᠠᠩᠭᠢᠯᠠᠭ᠎ᠠ ᠵᠢᠨ ᠭᠣᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠤᠪᠤᠢ᠍ᠢ᠍ᠯᠭ᠋ᠠᠵᠤ᠂ ᠠᠷᠭ᠋ᠠᠴᠠᠨ ᠰᠡᠷᠭᠡᠢ᠌ᠯᠡᠬᠦ ᠠᠷᠭ᠎ᠠ ᠬᠡᠮᠵᠢᠶ᠎ᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠰᠡᠷᠭᠡᠢ᠌ᠯᠡᠬᠦ ᠠᠵᠢᠯ᠎ᠢ ᠦᠨᠡᠨᠬᠦ ᠤᠷᠢᠳᠴᠢᠯᠠᠨ ᠬᠢᠬᠦ ᠬᠡᠷᠡᠭᠲᠡᠢ᠃ ᠠᠮᠤᠷ ᠲᠦᠪᠰᠢᠨ᠎ᠢ ᠲᠦᠷᠦᠯ ᠬᠤᠪᠢᠶᠠᠨ ᠱᠠᠲᠤ ᠬᠤᠪᠢᠶᠠᠨ ᠠᠳᠬᠤᠵᠤ᠂ ᠭᠦᠨᠵᠡᠭᠡᠢ ᠰᠤᠳᠤᠯᠵᠤ᠂ ᠲᠦᠷᠦᠭᠦᠯᠡᠬᠦ ᠡᠭᠦᠷᠭᠡ ᠵᠢ ᠨᠢᠭᠡᠳᠦᠯᠲᠡᠢ ᠲᠥᠯᠥᠪᠵᠢᠭᠦᠯᠦᠨ᠂ ᠬᠠᠮᠵᠢᠯᠴᠠᠬᠤ ᠰᠠᠯᠠᠭ᠎ᠠ ᠮᠥᠴᠢᠷ᠎ᠲᠠᠢ ᠬᠦᠴᠦ᠎ᠪᠠᠨ ᠬᠠᠮᠲᠤᠳᠬᠠᠨ ᠬᠠᠮᠲᠤᠷᠠᠯᠴᠠᠵᠤ᠂ ᠢᠳᠡᠪᠬᠢᠲᠡᠢ ᠰᠠᠨᠠᠭ᠋ᠠᠴᠢᠯᠠᠭ᠎ᠠ᠎ᠠᠴᠠ᠎ᠪᠠᠨ ᠬᠠᠮᠢᠶ᠎ᠠ ᠪᠦᠬᠦᠢ ᠠᠵᠢᠯ᠎ᠤᠨ ᠲᠥᠰᠥᠯ᠎ᠢ ᠲᠣᠭᠲᠠᠭ᠋ᠠᠵᠤ᠂ ᠠᠵᠢᠯ᠎ᠤᠨ ᠬᠠᠷᠠᠯᠲᠠ᠎ᠪᠠᠨ ᠲᠣᠭᠲᠠᠭ᠋ᠠᠵᠤ᠂ ᠡᠭᠦᠷᠭᠡ ᠵᠢᠨ ᠠᠵᠢᠯ᠎ᠤᠨ ᠬᠤᠪᠢᠶᠠᠷᠢᠯᠠᠯ᠎ᠢ ᠰᠠᠢ᠌ᠲᠤᠷ ᠬᠢᠵᠦ᠂ ᠣᠯᠣᠯᠴᠠᠨ ᠵᠣᠬᠢᠴᠠᠭᠤᠯᠵᠤ᠂ ᠲᠦᠭᠵᠢᠷᠡᠯ᠎ᠤᠨ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠵᠦ᠂ 《ᠲᠠᠭ᠋ᠠᠭᠤᠯᠤᠨᠠ᠂ ᠭᠡᠪᠡᠴᠦ ᠡᠵᠡᠨ ᠮᠡᠳᠡᠬᠦ ᠦᠭᠡᠢ᠂ ᠵᠤᠬᠢᠴᠠᠭᠤᠯᠤᠨ᠎ᠠ᠂ ᠭᠡᠪᠡᠴᠦ ᠡᠷᠬᠡ ᠵᠢᠨ ᠬᠢᠵᠠᠭ᠋ᠠᠷᠯᠠᠯ᠎ᠠᠴᠠ ᠳᠠᠪᠠᠬᠤ ᠦᠭᠡᠢ᠂ ᠬᠢᠨᠠᠨ ᠵᠢᠯᠤᠭᠤᠳᠤᠨ᠎ᠠ᠂ ᠭᠡᠪᠡᠴᠦ ᠶᠠᠭᠤ ᠪᠦᠬᠦᠨ᠎ᠢ ᠬᠠᠮᠢᠶᠠᠷᠠᠬᠤ ᠵᠢ ᠪᠡᠶᠡᠯᠡᠭᠦᠯᠵᠦ᠂ 《ᠰᠠᠢ᠌ᠲᠤᠷ ᠬᠦᠳᠦᠯᠦᠨ ᠲᠠᠭ᠋ᠠᠭᠤᠯᠬᠤ》 ᠮᠥᠷᠲᠡᠭᠡᠨ 《 ᠬᠠᠷᠢᠭᠤᠴᠠᠯᠭ᠎ᠠ ᠵᠢ ᠰᠠᠢ᠌ᠲᠤᠷ ᠡᠭᠦᠷᠭᠡᠯᠡᠬᠦ》 ᠵᠢ ᠪᠠᠲᠤᠯᠠᠬᠤ ᠬᠡᠷᠡᠭᠲᠡᠢ; ᠡᠭᠦᠷᠭᠡ ᠬᠠᠷᠢᠭᠤᠴᠠᠯᠭ᠎ᠠ ᠵᠢᠨ ᠪᠠᠢ᠌ᠷᠢ ᠲᠣᠭᠲᠠᠭ᠋ᠠᠯᠲᠠ᠎ᠪᠠᠨ ᠣᠨᠣᠪᠴᠢᠲᠠᠶ ᠣᠯᠵᠤ᠂ ᠬᠠᠮᠵᠢᠯᠴᠠᠬᠤ ᠡᠭᠦᠷᠭᠡ᠎ᠪᠠᠨ ᠢᠳᠡᠪᠬᠢᠲᠡᠢ ᠲᠠᠨᠢᠵᠤ᠂ ᠲᠤᠰᠠᠯᠠᠬᠤ ᠦᠢ᠍ᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠥᠪᠡᠷ᠎ᠤᠨ 《ᠬᠤᠪᠢᠳᠠᠭᠰᠠᠨ ᠠᠵᠢᠯ》 ᠵᠶ᠋ᠠᠨ ᠰᠠᠢ᠌ᠲᠤᠷ ᠬᠢᠵᠦ᠂ ᠠᠯᠬᠤᠮ ᠵᠶ᠋ᠠᠨ ᠨᠡᠢ᠌ᠯᠡᠭᠦᠯᠦᠨ᠂ ᠰᠡᠳᠬᠢᠯ ᠰᠠᠨᠠᠭ᠎ᠠ᠎ᠪᠠᠨ ᠨᠢᠭᠡᠳᠬᠡᠨ ᠴᠢᠨᠠᠷ ᠰᠠᠢ᠌ᠲᠠᠢ᠎ᠪᠠᠷ ᠬᠠᠮᠢᠶ᠎ᠠ ᠪᠦᠬᠦᠢ ᠡᠭᠦᠷᠭᠡ᠎ᠪᠠᠨ ᠪᠡᠶᠡᠯᠡᠭᠦᠯᠬᠦ ᠵᠢ ᠦᠨᠡᠨᠬᠦ ᠪᠠᠲᠤᠯᠠᠬᠤ ᠬᠡᠷᠡᠭᠲᠡᠢ᠃ ᠲᠢᠩᠬᠢᠮ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠯᠡᠯ᠎ᠤᠨ ᠠᠯᠪᠠᠨ ᠭᠡᠷ ᠲᠦᠷᠦᠭᠦᠯᠡᠨ ᠶᠡᠷᠦᠩᠬᠡᠢ ᠬᠠᠷᠢᠭᠤᠴᠠᠯᠭ᠎ᠠ ᠵᠢ ᠰᠠᠢ᠌ᠲᠤᠷ ᠠᠳᠬᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠬᠢᠨᠠᠨ ᠵᠢᠯᠤᠭᠣᠳᠴᠤ ᠲᠣᠬᠢᠷᠠᠭᠤᠯᠬᠤ ᠵᠢ ᠴᠢᠩᠭ᠋ᠠᠳᠬᠠᠬᠤ ᠬᠡᠷᠡᠭᠲᠡᠢ; ᠬᠠᠮᠢᠶ᠎ᠠ ᠪᠦᠬᠦᠢ ᠬᠠᠷᠢᠭᠤᠴᠠᠯᠭ᠎ᠠ ᠵᠢᠨ ᠭᠠᠵᠠᠷ ᠭᠡᠷ᠎ᠨᠢ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠪᠣᠭᠣᠮᠲᠠ ᠬᠤᠪᠢᠶᠠᠨ ᠬᠠᠷᠢᠭᠤᠴᠠᠬᠤ ᠮᠥᠷᠲᠡᠭᠡᠨ ᠬᠠᠮᠵᠢᠯᠴᠠᠨ ᠬᠠᠮᠲᠤᠷᠠᠯᠴᠠᠵᠤ᠂ ᠵᠢᠭᠰᠠᠭ᠋ᠠᠨ ᠪᠠᠢ᠌ᠴᠠᠭ᠋ᠠᠬᠤ᠂ ᠴᠡᠭᠴᠡᠯᠡᠨ ᠵᠠᠰᠠᠵᠤ ᠴᠡᠭᠴᠡᠯᠡᠨ ᠰᠠᠢ᠌ᠵᠢᠷᠠᠭᠤᠯᠬᠤ᠂ ᠮᠥᠷᠳᠡᠯᠲᠡ ᠵᠢᠨ ᠪᠢᠲᠡᠭᠦᠦ ᠴᠠᠭ᠋ᠠᠷᠢᠭ ᠵᠡᠷᠭᠡ ᠠᠵᠢᠯ᠎ᠢ ᠦᠨᠡᠨᠬᠦ ᠪᠣᠳᠠᠲᠠᠢ᠌ᠵᠢᠭᠤᠯᠬᠤ ᠬᠡᠷᠡᠭᠲᠡᠢ᠃ ᠬᠠᠷᠢᠶ᠎ᠠ ᠭᠠᠵᠠᠷ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠪᠠ ᠠᠵᠤ ᠠᠬᠤᠢ᠌ᠯᠠᠯ᠎ᠤᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠴᠢᠨᠠᠭᠰᠢᠳᠠ ᠴᠢᠩᠭ᠋ᠠᠳᠬᠠᠵᠤ᠂ ᠬᠡᠮ ᠰᠣᠭᠣᠭ᠎ᠢ ᠵᠢᠭᠰᠠᠭ᠋ᠠᠨ ᠪᠠᠢ᠌ᠴᠠᠭ᠋ᠠᠬᠤ ᠵᠢ ᠰᠤᠯᠠᠷᠠᠭᠤᠯᠬᠤ ᠦᠭᠡᠢ᠂ ᠵᠢᠵᠢᠭᠦᠷᠯᠡᠨ ᠰᠠᠬᠢᠬᠤ ᠵᠢ ᠰᠤᠯᠠᠷᠠᠭᠤᠯᠬᠤ ᠦᠭᠡᠢ᠂ ᠪᠠᠴᠢᠮ ᠪᠠᠢ᠌ᠳᠠᠯ᠎ᠢ ᠠᠷᠭ᠋ᠠᠴᠠᠬᠤ ᠪᠡᠯᠡᠳᠬᠡᠯ᠎ᠢ ᠰᠤᠯᠠᠷᠠᠭᠤᠯᠬᠤ ᠦᠭᠡᠢ᠂ ᠠᠮᠤᠷ ᠲᠦᠪᠰᠢᠨ᠎ᠤ ᠬᠥᠮᠦᠵᠢᠯ᠎ᠢ ᠰᠤᠯᠠᠷᠠᠭᠤᠯᠬᠤ ᠦᠭᠡᠢ᠂ ᠬᠢᠨᠠᠨ ᠵᠢᠯᠤᠭᠣᠳᠴᠤ ᠪᠠᠢ᠌ᠴᠠᠭ᠋ᠠᠬᠤ ᠵᠢ ᠰᠤᠯᠠᠷᠠᠭᠤᠯᠬᠤ ᠦᠭᠡᠢ ᠪᠠᠢ᠌ᠬᠤ ᠵᠢ ᠪᠠᠷᠢᠮᠲᠠᠯᠠᠵᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠤᠬᠠᠮᠰᠠᠷ ᠪᠠ ᠴᠢᠩᠭ᠎ᠠ ᠬᠠᠷᠢᠭᠤᠴᠠᠯᠭ᠎ᠠ᠎ᠪᠠᠷ ᠡᠯ᠎ᠡ ᠵᠦᠢ᠍ᠯ᠎ᠤᠨ ᠠᠮᠤᠷ ᠲᠦᠪᠰᠢᠨ᠎ᠤ ᠠᠵᠢᠯ᠎ᠢ ᠲᠡᠷᠡ ᠬᠡᠪ ᠵᠶ᠋ᠡᠷ᠎ᠨᠢ ᠪᠣᠳᠠᠲᠠᠢ ᠠᠳᠬᠤᠨ ᠰᠠᠢ᠌ᠲᠤᠷ ᠠᠳᠬᠤᠵᠤ᠂ ᠡᠯ᠎ᠡ ᠲᠥᠷᠥᠯ᠎ᠤᠨ ᠡᠨᠳᠡᠯ ᠡᠭᠦᠰᠬᠦ ᠵᠢ ᠡᠷᠡᠰ ᠰᠡᠷᠭᠡᠢ᠌ᠯᠡᠨ ᠪᠠᠭ᠋ᠠᠰᠬᠠᠵᠤ᠂ ᠠᠮᠤᠷ ᠲᠦᠪᠰᠢᠨ ᠲᠣᠭᠲᠠᠭᠤᠨ ᠨᠡᠢ᠌ᠭᠡᠮ᠎ᠤᠨ ᠣᠷᠴᠢᠨ ᠲᠣᠭᠣᠷᠢᠨ᠎ᠢ ᠪᠣᠶ ᠪᠣᠯᠭ᠋ᠠᠬᠤ᠎ᠳᠤ ᠢᠳᠡᠪᠬᠢᠲᠡᠢ ᠬᠦᠴᠦᠨ ᠴᠢᠳᠠᠯ ᠵᠶ᠋ᠠᠨ ᠡᠷᠭᠦᠨ᠎ᠡ ᠭᠡᠵᠦ ᠴᠢᠬᠤᠯᠠᠴᠢᠯᠠᠪᠠ᠃
ᠬᠤᠷᠠᠯ᠎ᠠᠴᠠ 2024 ᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠠᠵᠢᠯ᠎ᠤᠨ ᠪᠠᠢ᠌ᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠰᠤᠳᠤᠯᠤᠨ ᠪᠠᠢ᠌ᠷᠢᠯᠠᠭᠤᠯᠪᠠ᠃ ᠬᠠᠤᠯᠢ᠎ᠪᠠᠷ ᠵᠠᠰᠠᠬᠤ ᠪᠠᠢ᠌ᠭᠤᠯᠤᠯᠲᠠ ᠪᠣᠯᠣᠨ ᠲᠤᠬᠠᠢ᠌ᠯᠠᠭᠰᠠᠨ ᠠᠵᠢᠯ᠎ᠤᠨ ᠬᠠᠷᠢᠯᠴᠠᠨ ᠨᠥᠬᠥᠴᠡᠯᠳᠦᠬᠦ ᠵᠢᠨ ᠬᠠᠷᠢᠴᠠᠭ᠎ᠠ ᠵᠢ ᠭᠦᠨᠵᠡᠭᠡᠢ ᠲᠠᠨᠢᠵᠤ᠂ ᠬᠣᠶᠠᠭᠤᠯᠠ ᠵᠢ ᠭᠦᠨᠵᠡᠭᠡᠢ ᠠᠭᠤᠰᠤᠯᠴᠠᠭᠤᠯᠵᠤ᠂ ᠬᠠᠮᠵᠢᠯᠴᠠᠨ ᠠᠬᠢᠭᠤᠯᠵᠤ᠂ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠡᠯ᠎ᠡ ᠵᠦᠢ᠍ᠯ᠎ᠤᠨ ᠡᠭᠦᠷᠭᠡ ᠵᠢ ᠦᠷᠭᠦᠯᠵᠢᠯᠡᠨ ᠰᠠᠢ᠌ᠲᠤᠷ ᠠᠳᠬᠤᠬᠤ ᠬᠡᠷᠡᠭᠲᠡᠢ᠃ ᠬᠠᠤᠯᠢᠵᠢᠯ᠎ᠤᠨ ᠬᠡᠪ ᠪᠣᠯᠪᠠᠰᠤᠷᠠᠯ᠎ᠢ ᠬᠦᠴᠦᠯᠡᠨ ᠳᠡᠭᠡᠭᠰᠢᠯᠡᠭᠦᠯᠵᠦ᠂ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠡᠯ᠎ᠡ ᠲᠦᠷᠦᠯ᠎ᠤᠨ ᠵᠥᠷᠢᠴᠡᠯ᠎ᠢ ᠲᠣᠬᠢᠲᠠᠢ ᠰᠢᠢ᠍ᠳᠪᠦᠷᠢᠯᠡᠵᠦ᠂ ᠠᠵᠢᠯ ᠲᠦᠷᠦᠯ᠎ᠤᠨ ᠬᠠᠤᠯᠢ ᠲᠣᠭᠲᠠᠭ᠋ᠠᠯᠲᠠ ᠵᠢ ᠴᠢᠨᠠᠭᠰᠢᠳᠠ ᠴᠢᠩᠭ᠋ᠠᠳᠬᠠᠵᠤ᠂ ᠬᠠᠤᠯᠢ ᠵᠢ ᠴᠢᠩᠭ᠎ᠠ ᠬᠡᠷᠡᠭᠵᠢᠭᠦᠯᠵᠦ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠬᠥᠭᠵᠢᠯᠲᠡ ᠵᠢᠨ ᠪᠣᠳᠠᠲᠤ ᠪᠠᠢ᠌ᠳᠠᠯ᠎ᠲᠠᠢ ᠨᠢᠭᠲᠠ ᠤᠶᠠᠯᠳᠤᠭᠤᠯᠵᠤ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠨᠢᠭᠡᠪᠦᠷᠢ ᠵᠢ ᠴᠥᠮ ᠪᠣᠳᠠᠲᠠᠢ ᠠᠵᠢᠯ᠎ᠤᠨ ᠳᠤᠮᠳᠠ ᠪᠦᠲᠦᠮᠵᠢᠲᠡᠢ ᠨᠠᠢ᠌ᠳᠠᠪᠤᠷᠢᠵᠢᠭᠤᠯᠬᠤ ᠵᠢ ᠪᠠᠲᠤᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠲᠠᠰᠤᠷᠠᠯᠳᠡ ᠦᠭᠡᠢ ᠴᠢᠩᠭ᠎ᠠ ᠬᠦᠴᠦᠲᠡᠢ ᠬᠠᠤᠯᠢᠵᠢᠯ᠎ᠤᠨ ᠬᠥᠳᠡᠯᠭᠡᠬᠦ ᠬᠦᠴᠦᠨ᠎ᠢ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃