1 ᠳ᠋ᠤᠭᠡᠷ ᠰᠠᠷ᠎ᠠ ᠵᠢᠨ 22᠎ᠤᠨ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ ᠤᠨ 《ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠳᠤᠮᠳᠠᠬᠢ ᠬᠡᠳᠦᠨ ᠴᠢᠬᠤᠯᠠ ᠶᠡᠬᠡ ᠤᠨᠤᠯ ᠪᠠ ᠦᠢ᠍ᠯᠡᠳᠦᠯᠭᠡ ᠵᠢᠨ ᠠᠰᠠᠭᠤᠳᠠᠯ》 ᠭᠡᠬᠦ ᠴᠢᠬᠤᠯᠠ ᠵᠤᠬᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠡᠵᠡᠮᠰᠢᠵᠦ᠂ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠥᠭᠡᠷᠡᠴᠢᠯᠡᠯᠲᠡ ᠵᠢᠨ ᠴᠢᠭᠯᠡᠯ᠎ᠢ ᠣᠨᠣᠪᠴᠢᠲᠠᠢ ᠡᠵᠡᠮᠳᠡᠵᠦ᠂ ᠥᠭᠡᠷᠡᠴᠢᠯᠡᠯᠲᠡ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠬᠠᠮᠲᠤᠷᠠᠯ᠎ᠤᠨ ᠬᠦᠴᠦᠨ᠎ᠢ ᠨᠢᠭᠲᠠᠷᠠᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢᠨ ᠪᠣᠳᠠᠲᠤ ᠦᠷ᠎ᠡ ᠪᠦᠲᠦᠮᠵᠢ ᠣᠯᠬᠤ ᠵᠢ ᠠᠬᠢᠭᠤᠯᠬᠤ ᠬᠡᠷᠡᠭᠲᠡᠢ᠃ ᠰᠢᠰᠲ᠋ᠧᠮᠲᠦ ᠦᠵᠡᠯᠲᠡ ᠵᠢ ᠪᠠᠷᠢᠮᠲᠠᠯᠠᠵᠤ᠂ ᠡᠯ᠎ᠡ ᠬᠦᠷᠢᠶ᠎ᠡ ᠂ ᠡᠯ᠎ᠡ ᠲᠡᠰ ᠳᠠᠪᠬᠤᠷᠭ᠎ᠠ᠂ ᠡᠯ᠎ᠡ ᠰᠠᠯᠠᠭ᠎ᠠ ᠮᠥᠴᠢᠷ᠎ᠤᠨ ᠬᠣᠭᠣᠷᠣᠨᠳᠣᠬᠢ ᠬᠠᠷᠢᠯᠴᠠᠭ᠎ᠠ ᠵᠢ ᠴᠢᠩᠭ᠋ᠠᠳᠬᠠᠵᠤ᠂ ᠥᠭᠡᠷᠡᠴᠢᠯᠡᠯᠲᠡ ᠵᠢᠨ ᠪᠥᠭᠡᠭᠡᠨᠡᠷᠡᠯ ᠦᠢ᠍ᠯᠡᠳᠦᠯ ᠪᠣᠯᠣᠨ ᠳᠠᠬᠢᠨ ᠵᠶ᠋ᠠᠷ ᠨᠡᠮᠡᠭᠳᠡᠬᠦ ᠦᠢ᠍ᠯᠡᠳᠦᠯ᠎ᠢ ᠪᠤᠢ ᠪᠣᠯᠭ᠋ᠠᠬᠤ ᠵᠢ ᠠᠬᠢᠭᠤᠯᠬᠤ ᠬᠡᠷᠡᠭᠲᠡᠢ᠃ ᠲᠡᠷᠢᠭᠦᠨ ᠲᠡᠳ᠋᠎ᠤᠨ ᠳᠠᠷᠠᠭ᠋ᠠᠯᠠᠯ᠎ᠢ ᠲᠣᠳᠣᠷᠬᠠᠢ᠌ᠯᠠᠵᠤ᠂ ᠬᠦᠴᠦᠨ᠎ᠲᠠᠢ ᠬᠤᠭᠤᠴᠠᠭ᠎ᠠ ᠵᠢ ᠡᠵᠡᠮᠳᠡᠵᠦ᠂ ᠭᠣᠣᠯᠳᠠᠯᠭ᠎ᠠ᠎ᠲᠠᠢ ᠥᠭᠡᠷᠡᠴᠢᠯᠡᠯᠲᠡ ᠵᠢᠨ ᠡᠭᠦᠷᠭᠡ ᠵᠢ ᠨᠠᠢ᠌ᠳᠠᠪᠤᠷᠢᠵᠢᠭᠤᠯᠬᠤ ᠵᠢ ᠴᠢᠨᠠᠷ ᠰᠠᠢ᠌ᠲᠠᠢ ᠰᠠᠢ᠌ᠲᠤᠷ ᠠᠳᠬᠤᠵᠤ᠂ ᠰᠢᠪᠲᠤᠯᠤᠯᠲᠠ ᠵᠢᠨ ᠴᠢᠨᠠᠷ ᠵᠶ᠋ᠠᠷ ᠴᠢᠩᠭ᠎ᠠ᠂ ᠳᠠᠢ᠌ᠴᠢᠯᠠᠬᠤ ᠬᠦᠴᠦᠨ ᠵᠶ᠋ᠡᠷ ᠶᠡᠬᠡ ᠥᠭᠡᠷᠡᠴᠢᠯᠡᠯᠲᠡ ᠵᠢᠨ ᠬᠢᠯᠠᠰ ᠴᠡᠭ᠎ᠢ ᠪᠦᠷᠢᠯᠳᠦᠭᠦᠯᠬᠦ ᠵᠢ ᠠᠬᠢᠭᠤᠯᠵᠤ᠂ ᠱᠠᠲᠤᠴᠢ ᠴᠢᠨᠠᠷᠲᠠᠢ ᠦᠷ᠎ᠡ ᠪᠦᠲᠦᠭᠡᠯ᠎ᠢ ᠲᠦᠷᠭᠡᠨ ᠣᠯᠬᠤ ᠬᠡᠷᠡᠭᠲᠡᠢ᠃ ᠬᠠᠷᠠᠯᠲᠠ ᠴᠢᠭᠯᠡᠯ᠎ᠲᠠᠢ ᠬᠦᠴᠦᠯᠡᠬᠦ ᠵᠢ ᠪᠠᠷᠢᠮᠲᠠᠯᠠᠵᠤ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ ᠥᠭᠡᠷᠡᠴᠢᠯᠡᠯᠲᠡ ᠵᠢᠨ ᠬᠦᠴᠦᠯᠡᠬᠦ ᠴᠡᠭ᠎ᠢ ᠣᠨᠣᠪᠴᠢᠲᠠᠢ ᠡᠷᠢᠨ ᠣᠯᠵᠤ᠂ ᠪᠦᠬᠦᠯᠢ ᠴᠣᠭᠴᠠ᠎ᠪᠠᠷ ᠠᠬᠢᠭᠤᠯᠬᠤ ᠳᠤᠮᠳᠠ ᠭᠣᠣᠯᠳᠠᠯᠭ᠎ᠠ᠎ᠲᠠᠢ ᠰᠢᠪᠲᠤᠯᠤᠯᠲᠠ ᠬᠢᠵᠦ᠂ ᠭᠣᠣᠯᠳᠠᠯᠭ᠎ᠠ᠎ᠲᠠᠢ ᠰᠢᠪᠲᠤᠯᠤᠯᠲᠠ᠎ᠪᠠᠷ ᠠᠵᠢᠯ ᠲᠦᠷᠦᠯ᠎ᠤᠨ ᠬᠥᠭᠵᠢᠯᠲᠡ ᠵᠢᠨ ᠲᠦᠪᠰᠢᠨ᠎ᠤ ᠪᠦᠬᠦᠯᠢ ᠴᠣᠭᠴᠠ ᠵᠢᠨ ᠳᠡᠭᠡᠭᠰᠢᠯᠡᠯᠲᠡ ᠵᠢ ᠳᠠᠢ᠌ᠴᠢᠯᠠᠬᠤ ᠬᠡᠷᠡᠭᠲᠡᠢ᠃ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠠᠷᠠᠳ ᠤᠯᠠᠨ᠎ᠤ ᠰᠡᠳᠬᠢᠯ᠎ᠤᠨ ᠬᠦᠴᠢᠷᠳᠡᠯ᠂ ᠠᠮᠢᠳᠤᠷᠠᠯ᠎ᠤᠨ ᠪᠠᠴᠢᠮ᠂ ᠬᠥᠭᠵᠢᠯᠲᠡ ᠵᠢᠨ ᠵᠣᠪᠠᠨᠢᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠨᠡ ᠵᠢᠯ᠎ᠤᠨ ᠭᠣᠣᠯᠳᠠᠯᠭ᠎ᠠ᠎ᠲᠠᠢ ᠡᠭᠦᠷᠭᠡ ᠪᠣᠯᠣᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠎ᠲᠠᠢ ᠤᠶᠠᠯᠳᠤᠭᠤᠯᠤᠨ᠂ ᠨᠢᠭᠡ ᠪᠦᠯᠦᠭ 《ᠰᠡᠷᠡᠵᠦ ᠮᠡᠳᠡᠵᠤ ᠳᠡᠶ᠋ᠢᠯᠬᠦ᠂ ᠲᠤᠯᠠᠭ᠋ᠠᠴᠢᠲᠠᠢ᠂ ᠲᠦᠷᠭᠡᠨ ᠦᠷ᠎ᠡ ᠪᠦᠲᠦᠮᠵᠢ ᠣᠯᠬᠤ》 ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠲᠥᠯᠥᠪᠯᠡᠭᠡ᠎ᠲᠠᠢ ᠠᠯᠬᠤᠮ ᠲᠠᠷᠠᠭ᠎ᠠ ᠬᠤᠪᠢᠶᠠᠨ ᠲᠥᠯᠥᠪᠵᠢᠭᠦᠯᠦᠨ ᠬᠡᠷᠡᠭᠵᠢᠭᠦᠯᠵᠦ᠂ ᠥᠭᠡᠷᠡᠴᠢᠯᠡᠯᠲᠡ ᠬᠥᠭᠵᠢᠯᠲᠡ ᠵᠢᠨ ᠦᠷ᠎ᠡ ᠪᠦᠲᠦᠭᠡᠯ᠎ᠢ ᠪᠤᠳᠠᠳᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠲᠠᠯ᠎ᠠ ᠪᠠᠷ ᠨᠠᠮ᠎ᠢ ᠴᠢᠩᠭ᠎ᠠ ᠵᠠᠰᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠦ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠰᠠᠬᠢᠯᠭ᠎ᠠ ᠪᠠᠲᠤ ᠪᠠᠢ᠌ᠴᠠᠭ᠋ᠠᠬᠤ ᠬᠣᠷᠢᠶ᠎ᠠ ᠵᠢᠨ ᠲᠠᠪᠤᠳᠤᠭ᠋ᠠᠷ ᠪᠥᠬᠥᠳᠡ ᠬᠤᠷᠠᠯ ᠪᠣᠯᠣᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠷᠢᠭᠤᠨ ᠴᠢᠬᠡᠴᠢ᠎ᠪᠠᠷ ᠵᠠᠰᠠᠭ ᠪᠠᠷᠢᠬᠤ ᠠᠵᠢᠯ᠎ᠤᠨ ᠬᠤᠷᠠᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠨᠠᠮ᠎ᠤᠨ ᠰᠤᠷᠲᠠᠯ ᠪᠠ ᠠᠷᠢᠭᠤᠨ ᠴᠢᠬᠡᠴᠢ᠎ᠪᠠᠷ ᠵᠠᠰᠠᠭ ᠪᠠᠷᠢᠬᠤ ᠪᠠᠢ᠌ᠭᠤᠯᠤᠯᠲᠠ ᠪᠣᠯᠣᠨ ᠢᠯᠵᠠᠷᠠᠯ᠎ᠢ ᠡᠰᠡᠷᠭᠦᠴᠡᠬᠦ ᠲᠡᠮᠡᠴᠡᠯ᠎ᠢ ᠨᠢᠭᠡ ᠮᠥᠴᠡ ᠴᠦ᠍ ᠵᠣᠭᠰᠣᠯ ᠦᠭᠡᠢ ᠲᠦᠯᠬᠢᠨ ᠠᠬᠢᠭᠤᠯᠵᠤ᠂ ᠬᠥᠭᠵᠢᠯᠲᠡ ᠵᠢᠨ ᠰᠤᠷᠲᠠᠯ ᠴᠢᠬᠡᠴᠢ ᠣᠪᠣᠷ ᠲᠥᠪ ᠰᠠᠢ᠌ᠨ ᠰᠠᠢ᠌ᠬᠠᠨ ᠤᠯᠤᠰ ᠲᠦᠷᠦ ᠵᠢᠨ ᠠᠮᠢ ᠠᠬᠤᠢ ᠵᠢ ᠦᠷᠭᠦᠯᠵᠢᠯᠡᠨ ᠪᠡᠬᠢᠵᠢᠭᠦᠯᠦᠨ᠎ᠡ᠃ ᠭᠣᠣᠯᠳᠠᠯᠭ᠎ᠠ᠎ᠲᠠᠢ ᠬᠦᠷᠢᠶ᠎ᠡ ᠵᠢ ᠴᠢᠩᠭ᠎ᠠ ᠠᠩᠬᠠᠷᠴᠤ᠂ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ᠂ ᠪᠡᠯᠡ ᠮᠥᠩᠭᠥ ᠵᠢ ᠬᠡᠷᠡᠭᠯᠡᠬᠦ᠂ ᠬᠥᠮᠥᠨ ᠰᠣᠩᠭᠣᠵᠤ ᠬᠥᠮᠥᠨ ᠬᠡᠷᠡᠭᠯᠡᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠡᠷᠬᠡ ᠵᠢᠨ ᠠᠵᠢᠯᠯᠠᠭ᠋ᠠᠨ᠎ᠳᠤ ᠬᠢᠨᠠᠯᠲᠠ ᠲᠠᠯᠪᠢᠵᠤ ᠬᠢᠵᠠᠭ᠋ᠠᠷᠯᠠᠬᠤ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠪᠠᠢ᠌ᠩᠭᠤᠵᠢᠭᠤᠯᠤᠨ ᠰᠠᠢ᠌ᠲᠤᠷ ᠠᠳᠬᠤᠬᠤ ᠬᠡᠷᠡᠭᠲᠡᠢ᠃ ᠡᠬᠢ ᠡᠭᠦᠰᠦᠯ᠎ᠠᠴᠠ᠎ᠨᠢ ᠵᠠᠰᠠᠬᠤ ᠵᠢ ᠪᠠᠷᠢᠮᠲᠠᠯᠠᠵᠤ᠂ ᠪᠠᠢ᠌ᠭᠤᠯᠤᠮᠵᠢ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠦᠨ᠂ ᠳᠦᠷᠢᠮ᠎ᠤᠨ ᠠᠯᠳᠠᠰᠢ ᠭᠠᠷᠬᠤ ᠵᠢ ᠤᠯᠠᠮ ᠨᠢᠭᠡ ᠠᠯᠬᠤᠮ ᠬᠣᠷᠢᠭᠯᠠᠵᠤ᠂ ᠴᠢᠯᠦᠭᠡᠲᠦ ᠲᠠᠰᠤᠯᠤᠯᠲᠠ ᠵᠢᠨ ᠡᠷᠬᠡ ᠵᠢ ᠵᠢᠷᠤᠮᠵᠢᠭᠤᠯᠵᠤ᠂ ᠡᠷᠬᠡ᠎ᠪᠠᠷ ᠵᠶ᠋ᠡᠨ ᠠᠰᠢᠭ ᠬᠣᠨᠵᠢᠪᠤᠷᠢ ᠣᠯᠬᠤ ᠣᠷᠣᠨ ᠵᠠᠢ ᠵᠢ ᠪᠠᠭ᠋ᠠᠰᠬᠠᠬᠤ ᠬᠡᠷᠡᠭᠲᠡᠢ᠃ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠢᠯᠵᠢᠷᠠᠬᠤ ᠵᠣᠷᠢᠭ ᠦᠭᠡᠢ᠂ ᠢᠯᠵᠢᠷᠡᠵᠦ ᠪᠣᠯᠬᠤ ᠦᠭᠡᠢ᠂ ᠢᠯᠵᠢᠷᠠᠬᠤ ᠵᠢ ᠪᠤᠳᠤᠬᠤ ᠦᠭᠡᠢ ᠪᠠᠢ᠌ᠬᠤ ᠵᠢ ᠨᠢᠭᠡ ᠴᠣᠭᠴᠠᠵᠢᠭᠤᠯᠤᠨ ᠠᠬᠢᠭᠤᠯᠬᠤ ᠬᠡᠷᠡᠭᠲᠡᠢ᠃ ᠢᠯᠠᠩᠭᠤᠶ᠎ᠠ ᠴᠠᠭ᠋ᠠᠨ ᠰᠠᠷ᠎ᠠ ᠪᠣᠯᠬᠤ ᠭᠡᠵᠦ ᠪᠠᠢ᠌ᠭ᠎ᠠ ᠦᠶ᠎ᠡ᠎ᠳᠤ ᠤᠳᠤᠷᠢᠳᠬᠤ ᠺᠠᠳ᠋ᠷᠴᠤᠳ ᠲᠦᠷᠦᠭᠦᠯᠡᠨ ᠨᠠᠮ᠎ᠤᠨ ᠰᠠᠬᠢᠯᠭ᠎ᠠ ᠪᠠᠲᠤ ᠵᠢᠨ ᠬᠤᠷᠢᠭ᠎ᠠ ᠱᠤᠭᠤᠮ᠎ᠢ ᠴᠢᠩᠭ᠎ᠠ ᠰᠠᠬᠢᠵᠤ᠂ ᠠᠷᠢᠭᠤᠨ ᠴᠢᠬᠡᠴᠢ ᠂ ᠠᠷᠪᠢᠲᠠᠢ ᠂ ᠪᠣᠯᠪᠠᠰᠤᠨ ᠵᠶ᠋ᠠᠷ ᠪᠠᠶᠠᠷ ᠳᠤᠷᠠᠰᠬᠠᠯ᠎ᠤᠨ ᠡᠳᠦᠷ᠎ᠢ ᠥᠩᠭᠡᠷᠡᠭᠦᠯᠬᠦ ᠬᠡᠷᠡᠭᠲᠡᠢ᠃ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠵᠢ ᠭᠦᠨᠵᠡᠭᠡᠢ᠌ᠷᠡᠭᠦᠯᠵᠦ᠂ ᠦᠨᠳᠦᠰᠦᠨ ᠱᠠᠲᠤᠨ᠎ᠤ ᠵᠠᠰᠠᠯᠲᠠ ᠵᠢᠨ ᠲᠣᠪᠣᠢ᠌ᠮ᠎ᠠ ᠠᠰᠠᠭᠤᠳᠠᠯ᠎ᠢ ᠰᠢᠢ᠍ᠳᠪᠦᠷᠢᠯᠡᠬᠦ ᠵᠢ ᠦᠷᠭᠦᠯᠵᠢᠯᠡᠨ ᠠᠬᠢᠭᠤᠯᠵᠤ᠂ ᠨᠠᠢ᠌ᠳᠠᠪᠤᠷᠢᠵᠢᠭᠤᠯᠤᠯᠲᠠ ᠵᠢᠨ ᠳᠤᠮᠳᠠᠬᠢ ᠲᠦᠭᠵᠢᠷᠡᠯ᠎ᠤᠨ ᠴᠡᠭ᠎ᠤᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠪᠦᠬᠦ ᠲᠠᠯ᠎ᠠ᠎ᠪᠠᠷ ᠡᠯ᠎ᠡ ᠵᠦᠢ᠍ᠯ᠎ᠤᠨ ᠠᠵᠢᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠵᠦ ᠬᠤᠷᠳᠤᠴᠠ ᠵᠢ ᠳᠡᠭᠡᠭᠰᠢᠯᠡᠭᠦᠯᠵᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢ ᠠᠬᠢᠭᠤᠯᠵᠤ᠂ ᠰᠠᠢ᠌ᠨ ᠰᠤᠷᠲᠠᠯ᠎ᠢ ᠬᠡᠪᠰᠢᠵᠢᠭᠦᠯᠬᠦ ᠬᠡᠷᠡᠭᠲᠡᠢ ᠭᠡᠵᠦ ᠱᠠᠭ᠋ᠠᠷᠳᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠤᠯᠤᠰ ᠲᠦᠷᠦ ᠵᠢᠨ ᠲᠣᠪᠴᠢᠶᠠᠨ᠎ᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠥᠭᠡᠷᠡᠴᠢᠯᠡᠯᠲᠡ ᠵᠢ ᠴᠢᠨᠠᠭᠰᠢᠳᠠ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ᠎ᠪᠠᠷ ᠬᠥᠳᠡᠯᠭᠡᠬᠦ ᠬᠦᠴᠦᠨ ᠪᠣᠯᠭ᠋ᠠᠵᠤ᠂ ᠲᠣᠭᠲᠠᠴᠠ ᠵᠢ ᠪᠠᠶ᠋ᠢᠭᠤᠯᠬᠤ ᠲᠤᠳᠠᠭᠳᠠᠯ᠎ᠢ ᠨᠥᠬᠥᠪᠦᠷᠢᠯᠡᠬᠦ᠂ ᠵᠠᠰᠠᠯᠲᠠ ᠵᠢ ᠴᠢᠩᠭ᠋ᠠᠳᠬᠠᠬᠤ ᠲᠠᠯ᠎ᠠ᠎ᠪᠠᠷ ᠬᠦᠴᠦ ᠲᠠᠯᠪᠢᠵᠤ᠂ ᠬᠠᠳᠤᠨ ᠭᠣᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠣᠯᠣᠨ ᠴᠢᠨᠠᠷ ᠰᠠᠢ᠌ᠲᠠᠢ ᠬᠥᠭᠵᠢᠯᠲᠡ ᠵᠢ ᠠᠬᠢᠭᠤᠯᠬᠤ ᠬᠡᠷᠡᠭᠲᠡᠢ᠃ 《ᠳᠦᠷᠢᠮ》 ᠵᠢᠨᠷ 《ᠵᠠᠰᠠᠯᠲᠠ》 ᠵᠢ ᠠᠬᠢᠭᠤᠯᠬᠤ ᠵᠢ ᠪᠠᠷᠢᠮᠲᠠᠯᠠᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ ᠠᠮᠢ ᠠᠬᠤᠢ ᠵᠢᠨ ᠬᠠᠮᠠᠭ᠋ᠠᠯᠠᠯᠲᠠ ᠵᠢᠨ ᠠᠵᠢᠯ᠎ᠤᠨ ᠲᠣᠭᠲᠠᠴᠠ ᠵᠢ ᠴᠢᠨᠠᠭᠰᠢᠳᠠ ᠪᠦᠷᠢᠨᠰᠢᠭᠦᠯᠵᠦ᠂ ᠪᠦᠬᠦ ᠬᠡᠯᠬᠢᠶ᠎ᠡ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠳᠦᠷᠢᠮ ᠲᠣᠭᠲᠠᠴᠠ᠎ᠪᠠᠷ ᠲᠤᠯᠭ᠋ᠠᠭᠤᠷᠢᠯᠠᠯ ᠪᠣᠯᠭ᠋ᠠᠨ ᠥᠨᠳᠥᠷ ᠲᠦᠪᠰᠢᠨ ᠵᠶ᠋ᠡᠷ ᠠᠮᠢ ᠠᠬᠤᠢ ᠵᠢᠨ ᠬᠠᠮᠠᠭ᠋ᠠᠯᠠᠯᠲᠠ ᠵᠠᠰᠠᠯᠲᠠ ᠵᠢ ᠠᠬᠢᠭᠤᠯᠬᠤ ᠬᠡᠷᠡᠭᠲᠡᠢ᠃ ᠪᠣᠬᠢᠷᠲᠤᠯ᠎ᠢ ᠪᠠᠭ᠋ᠠᠰᠬᠠᠬᠤ᠂ ᠨᠡᠭᠦᠷᠡᠰᠦᠲᠥ᠋ᠷᠥᠭᠴᠢ ᠵᠢ ᠪᠠᠭᠤᠷᠠᠭᠤᠯᠬᠤ᠂ ᠨᠣᠭᠣᠭ᠋ᠠᠷᠠᠭᠤᠯᠤᠯᠲᠠ ᠵᠢ ᠥᠷᠭᠡᠳᠬᠡᠬᠦ᠂ ᠨᠡᠮᠡᠭᠳᠡᠯ᠎ᠢ ᠬᠠᠮᠵᠢᠯᠴᠠᠨ ᠠᠬᠢᠭᠤᠯᠵᠤ᠂ ᠡᠬᠢ ᠪᠠᠶᠠᠯᠢᠭ᠎ᠢ ᠠᠷᠪᠢᠯᠠᠨ ᠠᠰᠢᠭᠯᠠᠬᠤ ᠵᠢ ᠪᠦᠬᠦ ᠲᠠᠯ᠎ᠠ᠎ᠪᠠᠷ ᠠᠬᠢᠭᠤᠯᠵᠤ᠂ ᠬᠤᠳᠠ ᠵᠢᠨ ᠤᠰᠤ ᠠᠷᠪᠢᠯᠠᠬᠤ᠂ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠰᠢᠯᠢᠳᠡᠭᠵᠢᠭᠦᠯᠬᠦ ᠲᠤᠰᠬᠠᠢ ᠠᠵᠢᠯᠯᠠᠭ᠎ᠠ ᠵᠢ ᠰᠠᠢ᠌ᠲᠤᠷ ᠠᠳᠬᠤᠵᠤ᠂ ᠠᠮᠢᠳᠤᠷᠠᠯ᠎ᠤᠨ ᠬᠣᠭ ᠨᠣᠪᠰᠢ᠂ ᠪᠣᠬᠢᠷ ᠤᠰᠤ ᠵᠢ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠵᠦ᠂ ᠬᠤᠳᠠ ᠵᠢᠨ ᠨᠣᠭᠣᠭ᠋ᠠᠷᠠᠭᠤᠯᠤᠯᠲᠠ ᠵᠢ ᠰᠢᠨᠵᠢᠯᠡᠬᠦ ᠤᠬᠠᠭ᠋ᠠᠨᠴᠢ᠎ᠪᠠᠷ ᠤᠨᠢᠨ ᠳᠡᠭᠡᠷ᠎ᠡ᠎ᠨᠢ ᠠᠬᠢᠭᠤᠯᠵᠤ᠂ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠤ ᠨᠡᠭᠦᠷᠡᠰᠦᠲᠥ᠋ᠷᠥᠭᠴᠢ ᠵᠢ ᠤᠷᠬᠢᠯ᠎ᠳᠤ ᠬᠦᠷᠭᠡᠬᠦ ᠠᠵᠢᠯᠯᠠᠭ᠎ᠠ ᠵᠢ ᠲᠥᠯᠥᠪᠯᠡᠭᠡ᠎ᠲᠠᠢ ᠠᠯᠬᠤᠮ ᠲᠠᠷᠠᠭ᠎ᠠ᠎ᠲᠠᠢ᠎ᠪᠠᠷ ᠬᠡᠷᠡᠭᠵᠢᠭᠦᠯᠵᠦ᠂ ᠪᠣᠬᠢᠷᠲᠤᠯ ᠦᠭᠡᠢ ᠪᠠᠷᠢᠯᠭ᠎ᠠ᠂ ᠪᠣᠬᠢᠷᠲᠤᠯ ᠦᠭᠡᠢ ᠪᠠᠷᠢᠯᠭ᠎ᠠ ᠵᠢᠨ ᠮᠠᠲ᠋ᠧᠷᠢᠶᠠᠯ᠎ᠤᠨ ᠬᠡᠷᠡᠭᠯᠡᠯᠲᠡ ᠵᠢ ᠶᠡᠬᠡᠪᠡᠷ ᠳᠡᠯᠭᠡᠷᠡᠭᠦᠯᠵᠦ᠂ ᠪᠣᠬᠢᠷᠲᠤᠯ ᠦᠭᠡᠢ ᠪᠠᠢ᠌ᠬᠤ ᠵᠢ ᠴᠢᠨᠠᠷ ᠰᠠᠢ᠌ᠲᠠᠢ ᠬᠥᠭᠵᠢᠯᠲᠡ ᠵᠢᠨ ᠢᠯᠡ ᠲᠣᠳᠣ ᠰᠠᠭᠤᠷᠢ ᠥᠩᠭᠡ ᠪᠣᠯᠭ᠋ᠠᠨ᠎ᠠ ᠭᠡᠵᠦ ᠴᠢᠬᠤᠯᠠᠴᠢᠯᠠᠪᠠ᠃
ᠬᠤᠷᠠᠯ᠎ᠠᠴᠠ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠠᠬᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠤ ᠬᠣᠯᠪᠣᠭᠳᠠᠭᠰᠠᠨ ᠪᠠᠢ᠌ᠷᠢᠯᠠᠭᠤᠯᠤᠯᠲᠠ ᠱᠠᠭ᠋ᠠᠷᠳᠠᠯᠭ᠎ᠠ᠎ᠲᠠᠢ ᠣᠷᠭ᠋ᠠᠨᠢᠭ ᠵᠶ᠋ᠠᠷ ᠠᠭᠤᠰᠤᠯᠴᠠᠭᠤᠯᠵᠤ᠂ ᠨᠢᠭᠡ ᠴᠣᠭᠴᠠᠵᠢᠭᠤᠯᠤᠨ ᠠᠬᠢᠭᠤᠯᠵᠤ᠂ ᠨᠠᠷᠢᠨ ᠲᠠᠩᠰᠠᠵᠢᠭᠤᠯᠤᠨ ᠬᠠᠮᠢᠶᠠᠷᠴᠤ᠂ ᠪᠢᠲᠡᠭᠦᠦ ᠴᠠᠭ᠋ᠠᠷᠢᠭ ᠵᠶ᠋ᠠᠷ ᠨᠠᠢ᠌ᠳᠠᠪᠤᠷᠢᠵᠢᠭᠤᠯᠵᠤ᠂ ᠲᠦᠷᠭᠡᠨ ᠠᠵᠢᠯᠯᠠᠭ᠎ᠠ ᠪᠠ ᠥᠨᠳᠥᠷ ᠦᠷ᠎ᠡ ᠪᠦᠲᠦᠮᠵᠢᠲᠠᠢ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠰᠠᠢ᠌ᠲᠤᠷ ᠠᠳᠬᠤᠵᠤ᠂ ᠴᠢᠨᠠᠷ ᠰᠠᠢ᠌ᠲᠠᠢ ᠬᠥᠭᠵᠢᠯᠲᠡ ᠵᠢᠨ ᠰᠢᠨ᠎ᠡ ᠬᠠᠷᠢᠭᠤᠯᠲᠠ ᠵᠢᠨ ᠬᠠᠭᠤᠳᠠᠰᠤ ᠵᠢ ᠲᠤᠰᠢᠶᠠᠬᠤ᠎ᠪᠠᠷ ᠴᠢᠷᠮᠠᠢ᠌ᠬᠤ ᠬᠡᠷᠡᠭᠲᠡᠢ᠃ 《ᠬᠣᠶᠠᠷ ᠲᠤᠯᠭ᠋ᠠᠭᠤᠷᠢ》 ᠵᠢ ᠪᠥᠬᠥ ᠬᠦᠴᠦᠨ ᠵᠶ᠋ᠡᠷ ᠵᠶ᠋ᠡᠨ ᠲᠣᠭᠲᠠᠪᠤᠷᠢᠵᠢᠭᠤᠯᠵᠤ᠂ ᠬᠣᠲᠠ ᠵᠢᠨ ᠰᠢᠨᠡᠴᠢᠯᠡᠯᠲᠡ ᠵᠢᠨ ᠠᠵᠢᠯᠯᠠᠭ᠎ᠠ ᠵᠢ ᠡᠮᠬᠢ ᠵᠢᠷᠤᠮ᠎ᠲᠠᠢ ᠬᠡᠷᠡᠭᠵᠢᠭᠦᠯᠵᠦ᠂ ᠬᠣᠲᠠ ᠵᠢᠨ ᠵᠠᠰᠠᠭ᠎ᠤᠨ ᠣᠷᠳᠣᠨ᠎ᠤ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ᠂ ᠲᠥᠷᠥᠯ ᠵᠦᠢ᠍ᠯ᠎ᠢ ᠲᠥᠯᠥᠪᠵᠢᠭᠦᠯᠬᠦ᠂ ᠲᠥᠷᠥ ᠵᠢᠨ ᠪᠣᠳᠣᠯᠭ᠎ᠠ᠎ᠪᠠᠷ ᠳᠡᠮᠵᠢᠬᠦ ᠵᠡᠷᠭᠡ ᠬᠠᠮᠢᠶ᠎ᠠ ᠪᠦᠬᠦᠢ ᠠᠵᠢᠯ᠎ᠢ ᠨᠢᠭᠡᠳᠦᠯᠲᠡᠢ ᠲᠥᠯᠥᠪᠯᠡᠨ ᠥᠷᠨᠢᠭᠦᠯᠬᠦ ᠵᠢ ᠠᠬᠢᠭᠤᠯᠵᠤ᠂ ᠨᠠᠩ ᠣᠯᠠᠨ ᠪᠣᠳᠠᠲᠤ ᠠᠵᠢᠯ᠎ᠢ ᠴᠢᠷᠮᠠᠢ᠌ᠨ ᠪᠡᠶᠡᠯᠡᠭᠦᠯᠵᠦ᠂ ᠪᠥᠬᠥ ᠣᠷᠣᠨ᠎ᠤ ᠠᠵᠤ ᠠᠬᠤᠢ ᠨᠡᠢ᠌ᠭᠡᠮ᠎ᠤᠨ ᠴᠢᠨᠠᠷ ᠰᠠᠢ᠌ᠲᠠᠢ ᠬᠥᠭᠵᠢᠯᠲᠡ᠎ᠳᠤ ᠬᠦᠴᠦᠨ ᠨᠡᠮᠡᠷᠢᠯᠡᠬᠦ ᠬᠡᠷᠡᠭᠲᠡᠢ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠰᠡᠳᠬᠢᠯ ᠲᠠᠯᠪᠢᠨ ᠰᠠᠢ᠌ᠲᠤᠷ ᠬᠢᠵᠦ᠂ ᠬᠤᠳᠠ ᠪᠠᠯᠭ᠋ᠠᠰᠤᠨ᠎ᠤ ᠢᠯᠴᠢ ᠬᠠᠩᠭ᠋ᠠᠬᠤ 《ᠳᠤᠯᠠᠭ᠋ᠠᠯᠭ᠎ᠠ ᠵᠢᠨ ᠢᠨᠵᠧᠨᠧᠷᠢᠩ》᠎ᠢ ᠪᠡᠬᠢᠵᠢᠭᠦᠯᠦᠨ ᠳᠡᠭᠡᠭᠰᠢᠯᠡᠭᠦᠯᠬᠦ ᠠᠵᠢᠯᠯᠠᠭ᠎ᠠ᠂ ᠬᠠᠭᠤᠴᠢᠨ ᠬᠣᠭᠣᠯᠠᠢ ᠲᠣᠣᠷ᠎ᠢ ᠥᠭᠡᠷᠡᠴᠢᠯᠡᠨ ᠰᠠᠢ᠌ᠵᠢᠷᠠᠭᠤᠯᠬᠤ᠂ ᠪᠠᠳᠤᠯᠠᠭ᠎ᠠ ᠵᠢᠨ ᠴᠢᠨᠠᠷᠲᠠᠢ ᠬᠢᠮᠳᠠ ᠣᠷᠣᠨ ᠰᠠᠭᠤᠴᠠ ᠵᠢᠨ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ᠂ ᠬᠠᠭᠤᠴᠢᠨ ᠰᠠᠭᠤᠭ᠋ᠠᠯᠢ ᠠᠷᠠᠳ᠎ᠤᠨ ᠲᠣᠭᠣᠷᠢᠭ᠎ᠢ ᠥᠭᠡᠷᠡᠴᠢᠯᠡᠨ ᠰᠠᠢ᠌ᠵᠢᠷᠠᠭᠤᠯᠬᠤ᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠥᠭᠡᠷᠡᠴᠢᠯᠡᠨ ᠰᠠᠢ᠌ᠵᠢᠷᠠᠭᠤᠯᠬᠤ᠂ ᠠᠳᠠᠯ ᠠᠬᠤᠢ ᠵᠢᠨ ᠬᠠᠮᠢᠶᠠᠷᠤᠯᠲᠠ ᠵᠢ ᠳᠡᠭᠡᠭᠰᠢᠯᠡᠭᠦᠯᠬᠦ ᠵᠡᠷᠭᠡ ᠠᠷᠠᠳ᠎ᠤᠨ ᠠᠮᠢᠳᠤᠷᠠᠯ᠎ᠤᠨ ᠢᠨᠵᠧᠨᠧᠷᠢᠩ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠴᠢᠬᠤᠯᠠ ᠡᠯᠧᠮᠧᠨ᠋ᠲ᠎ᠤᠨ ᠡᠬᠢ ᠪᠠᠶᠠᠯᠢᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠰᠠᠨᠠᠭ᠋ᠠᠨ᠎ᠳᠤ ᠨᠡᠢ᠌ᠴᠡᠭᠰᠡᠨ 《ᠠᠷᠠᠳ᠎ᠤᠨ ᠠᠮᠢᠳᠤᠷᠠᠯ᠎ᠤᠨ ᠰᠢᠨ᠎ᠡ ᠬᠠᠷᠢᠭᠤᠯᠲᠠ ᠵᠢᠨ ᠬᠠᠭᠤᠳᠠᠰᠤ》 ᠵᠢ ᠴᠢᠷᠮᠠᠢ᠌ᠨ ᠲᠤᠰᠢᠶᠠᠬᠤ ᠬᠡᠷᠡᠭᠲᠡᠢ᠃ ᠳᠠᠩᠰᠠ ᠮᠡᠳᠡᠭᠦᠯᠵᠦ ᠡᠪᠬᠡᠮᠡᠯ ᠲᠤᠰᠢᠶᠠᠬᠤ ᠤᠬᠠᠮᠰᠠᠷ ᠵᠶ᠋ᠠᠨ ᠴᠢᠩᠭ᠋ᠠᠳᠬᠠᠵᠤ᠂ ᠥᠪᠡᠷᠤᠨᠬᠢᠳᠡᠭᠡᠨ ᠲᠠᠷᠤᠯᠳᠠ ᠦᠭᠴᠦ᠂ ᠪᠦᠬᠦ ᠬᠦᠴᠦᠨ ᠵᠶ᠋ᠡᠷ ᠵᠶ᠋ᠡᠨ ᠡᠬᠢᠯᠡᠭᠦᠯᠵᠦ᠂ ᠠᠬᠢᠴᠠ ᠵᠢ ᠠᠳᠬᠤᠵᠤ᠂ ᠲᠦᠷᠭᠡᠨ ᠠᠬᠢᠭᠤᠯᠵᠤ᠂ ᠨᠢᠭᠡᠨᠲᠡ ᠲᠥᠯᠥᠪᠯᠡᠭᠰᠡᠨ᠂ ᠲᠤᠭᠳᠠᠭ᠋ᠠᠭᠰᠠᠨ ᠴᠠᠭ᠎ᠢ ᠠᠮᠵᠢᠨ ᠰᠢᠢ᠍ᠳᠪᠦᠷᠢᠯᠡᠬᠦ ᠶᠠᠪᠤᠳᠠᠯ᠎ᠢ ᠴᠢᠩᠭ᠎ᠠ ᠠᠳᠬᠤᠨ ᠲᠦᠷᠭᠡᠨ ᠰᠢᠢ᠍ᠳᠪᠦᠷᠢᠯᠡᠵᠦ᠂ ᠡᠷᠡᠮᠡᠬᠡᠢ᠌ᠯᠡᠨ ᠤᠷᠤᠭᠰᠢᠯᠠᠵᠤ᠂ ᠠᠵᠢᠯ᠎ᠢ ᠡᠷᠲᠡ ᠠᠬᠢᠭᠤᠯᠵᠤ᠂ ᠡᠭᠦᠷᠭᠡ ᠵᠢ ᠡᠷᠲᠡ ᠨᠠᠢ᠌ᠳᠠᠪᠤᠷᠢᠵᠢᠭᠤᠯᠵᠤ᠂ ᠦᠷ᠎ᠡ ᠪᠦᠲᠦᠮᠵᠢ ᠵᠢ ᠡᠷᠲᠡ ᠢᠯᠡᠷᠡᠭᠦᠯᠬᠦ ᠵᠢ ᠬᠦᠴᠦᠯᠡᠨ ᠠᠬᠢᠭᠤᠯᠬᠤ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃
ᠬᠤᠷᠠᠯ᠎ᠠᠴᠠ᠂ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠠᠬᠢ ᠠᠮᠤᠷ ᠲᠦᠪᠰᠢᠨ ᠲᠣᠭᠲᠠᠭᠤᠨ᠎ᠤ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠠᠳᠬᠤᠬᠤ ᠬᠡᠷᠡᠭᠲᠡᠢ᠃ ᠬᠣᠷᠢᠭ᠎ᠠ ᠱᠤᠭᠤᠮ᠎ᠤᠨ ᠰᠡᠳᠬᠢᠬᠦᠢ ᠪᠠ ᠠᠶᠤᠯ ᠲᠦᠭᠰᠢᠭᠦᠷᠢ ᠵᠢᠨ ᠤᠬᠠᠮᠰᠠᠷ᠎ᠢ ᠴᠢᠩᠭ᠋ᠠᠷᠠᠭᠤᠯᠵᠤ᠂ ᠬᠣᠲᠠ ᠪᠠᠯᠭ᠋ᠠᠰᠤᠨ᠎ᠤ ᠰᠢᠲᠠᠮᠠᠬᠠᠢ ᠬᠡᠢ᠂ ᠭᠡᠷ ᠪᠠᠢ᠌ᠰᠢᠩ ᠬᠤᠲᠠ ᠵᠢᠨ ᠶᠠᠪᠤᠳᠠᠯ᠎ᠤᠨ ᠢᠨᠵᠧᠨᠧᠷᠢᠩ᠂ ᠬᠤᠲᠠ ᠵᠢᠨ ᠨᠤᠷᠠᠬᠤ ᠠᠶᠤᠯᠲᠠᠢ ᠬᠠᠭᠤᠴᠢᠨ ᠭᠡᠷ ᠪᠠᠢ᠌ᠰᠢᠩ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠮᠤᠷ ᠲᠦᠪᠰᠢᠨ᠎ᠤ ᠳᠠᠯᠳᠠ ᠭᠡᠮ᠎ᠢ ᠶᠡᠬᠡ᠎ᠪᠠᠷ ᠪᠠᠢ᠌ᠴᠠᠭ᠋ᠠᠨ ᠶᠡᠬᠡ᠎ᠪᠠᠷ ᠴᠡᠭᠴᠡᠯᠡᠨ ᠵᠠᠰᠠᠬᠤ ᠠᠵᠢᠯᠯᠠᠭ᠎ᠠ ᠵᠢ ᠪᠦᠬᠦ ᠲᠠᠯ᠎ᠠ᠎ᠪᠠᠷ ᠥᠷᠨᠢᠭᠦᠯᠵᠦ᠂ ᠠᠶᠤᠯ ᠲᠦᠭᠰᠢᠭᠦᠷᠢ ᠵᠢᠨ ᠳᠠᠯᠳᠠ ᠭᠡᠮ᠎ᠢ ᠨᠠᠷᠢᠯᠢᠭ ᠣᠨᠣᠴᠠᠲᠠᠢ᠎ᠪᠠᠷ ᠢᠯᠡᠷᠡᠭᠦᠯᠵᠦ᠂ ᠳᠠᠯᠳᠠ ᠭᠡᠮ᠎ᠢ ᠴᠢᠩᠭ᠎ᠠ ᠠᠩᠬᠠᠷᠴᠤ ᠴᠡᠭᠴᠡᠯᠡᠨ ᠰᠠᠢ᠌ᠵᠢᠷᠠᠭᠤᠯᠬᠤ ᠵᠢ ᠠᠳᠬᠤᠵᠤ᠂ ᠬᠦᠨᠳᠦ ᠶᠡᠬᠡ ᠣᠨᠴᠠ ᠶᠡᠬᠡ ᠡ᠊ᠨᠳᠡᠯ ᠭᠠᠷᠬᠤ ᠵᠢ ᠡᠷᠡᠰ ᠬᠣᠷᠢᠭᠯᠠᠨ᠎ᠠ᠃ ᠲᠡᠮᠡᠴᠡᠯ᠎ᠤᠨ ᠵᠣᠷᠢᠭ ᠰᠠᠨᠠᠭ᠎ᠠ ᠵᠢ ᠪᠠᠳᠠᠷᠠᠭᠤᠯᠵᠤ᠂ ᠲᠣᠭᠣᠷᠢᠨ ᠪᠠᠢ᠌ᠴᠠᠭ᠋ᠠᠵᠤ ᠬᠢᠨᠠᠨ ᠵᠢᠯᠤᠭᠣᠳᠬᠤ᠂ ᠵᠠᠷᠯᠠᠨ ᠮᠡᠳᠡᠭᠳᠡᠵᠦ ᠪᠣᠯᠵᠣᠨ ᠶᠠᠷᠢᠯᠴᠠᠬᠤ ᠵᠡᠷᠭᠡ ᠠᠷᠭ᠎ᠠ ᠪᠠᠷᠢᠯ᠎ᠢ ᠶᠡᠷᠦᠩᠬᠡᠢ᠌ᠯᠡᠨ ᠬᠡᠷᠡᠭᠯᠡᠵᠦ ᠠᠶᠤᠯ ᠲᠦᠭᠰᠢᠭᠦᠷᠢ ᠵᠢᠨ ᠲᠠᠯᠳᠠ ᠭᠡᠮ᠎ᠢ ᠴᠢᠩᠭ᠎ᠠ ᠴᠡᠭᠴᠡᠯᠡᠨ ᠵᠠᠰᠠᠨ᠎ᠠ᠂ ᠠᠯᠪᠠ ᠬᠠᠰᠢᠵᠤ ᠠᠮᠠ ᠪᠥᠭᠯᠡᠬᠦ᠂ ᠴᠡᠭᠴᠡᠯᠡᠨ ᠵᠠᠰᠠᠬᠤ ᠲᠠᠯ᠎ᠠ᠎ᠪᠠᠷ ᠰᠤᠯᠠ ᠪᠠᠢ᠌ᠬᠤ ᠵᠢ᠎ᠨᠢ ᠴᠢᠩᠭ᠎ᠠ ᠪᠥᠭᠡᠳ ᠡᠷᠡᠰ ᠪᠠᠢ᠌ᠴᠠᠭ᠋ᠠᠨ ᠰᠢᠢ᠍ᠳᠪᠦᠷᠢᠯᠡᠵᠦ᠂ ᠲᠠᠯᠳᠠ ᠭᠡᠮ᠎ᠢ ᠶᠠᠭ᠋ᠠᠬᠢᠭᠰᠠᠨ ᠴᠤ᠌ ᠡ᠊ᠨᠳᠡᠯ ᠪᠣᠯᠭ᠋ᠠᠨ ᠬᠤᠪᠢᠷᠠᠭᠤᠯᠵᠤ ᠪᠣᠯᠬᠤ ᠦᠭᠡᠢ᠃ ᠠᠶᠤᠯᠭᠦᠢ ᠦᠢ᠍ᠯᠡᠳᠪᠦᠷᠢᠯᠡᠯ᠎ᠤᠨ ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠶᠤᠯᠭᠦᠢ ᠦᠢ᠍ᠯᠡᠳᠪᠦᠷᠢᠯᠡᠯ᠎ᠤᠨ ᠬᠠᠷᠢᠭᠤᠴᠠᠯᠭ᠎ᠠ ᠵᠢ ᠠᠵᠢᠯᠯᠠᠵᠤ ᠪᠠᠢ᠌ᠭ᠎ᠠ ᠬᠥᠮᠥᠨ ᠨᠢᠭᠡᠪᠦᠷᠢ ᠪᠠ ᠪᠣᠳᠠᠲᠠᠢ ᠠᠵᠢᠯ᠎ᠤᠨ ᠪᠠᠢ᠌ᠷᠢ᠎ᠳᠤ ᠨᠠᠢ᠌ᠳᠠᠪᠦᠷᠢᠵᠢᠭᠤᠯᠵᠦ᠂ ᠪᠦᠬᠦ ᠶᠠᠪᠤᠴᠠ᠎ᠳᠤ ᠠᠶᠤᠯ ᠲᠦᠭᠰᠢᠭᠦᠷᠢ ᠵᠢ ᠡᠷᠡᠰ ᠬᠣᠷᠢᠭᠯᠠᠵᠤ᠂ ᠬᠣᠷᠢᠭ᠎ᠠ ᠱᠤᠭᠤᠮ᠎ᠢ ᠪᠠᠲᠤ ᠰᠠᠬᠢᠬᠤ ᠬᠡᠷᠡᠭᠲᠡᠢ᠃ ᠴᠠᠭ᠋ᠠᠨ ᠰᠠᠷ᠎ᠠ ᠵᠢᠨ ᠬᠤᠭᠤᠴᠠᠭ᠋ᠠᠨ᠎ᠳᠤ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ᠂ ᠤᠳᠤᠷᠢᠳᠬᠤ ᠺᠠᠳ᠋ᠷ ᠡᠭᠡᠯᠵᠢᠯᠡᠨ ᠵᠢᠵᠢᠭᠦᠷᠯᠡᠵᠦ᠂ ᠵᠠᠩᠭᠢᠯᠠᠭ᠎ᠠ ᠵᠢᠨ ᠠᠵᠢᠯ᠎ᠤᠨ ᠪᠠᠢ᠌ᠷᠢ᠎ᠳᠤ 24 ᠴᠠᠭ ᠵᠶ᠋ᠠᠷ ᠵᠢᠵᠢᠭᠦᠷᠯᠡᠬᠦ ᠪᠠ ᠡᠨᠳᠡᠯ᠎ᠤᠨ ᠮᠡᠳᠡᠭᠡ ᠵᠠᠩᠭᠢ ᠵᠢ ᠮᠡᠳᠡᠭᠦᠯᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠠᠵᠢᠯᠲᠠᠨ ᠠᠵᠢᠯ᠎ᠤᠨ ᠪᠠᠢ᠌ᠷᠢ᠎ᠪᠠᠨ ᠴᠢᠩᠭ᠎ᠠ ᠰᠠᠬᠢᠵᠦ᠂ ᠬᠠᠷᠢᠭᠤᠴᠠᠯᠭ᠎ᠠ᠎ᠪᠠᠨ ᠪᠦᠬᠦ ᠰᠡᠳᠬᠢᠯ ᠪᠦᠬᠦ ᠵᠣᠷᠢᠭ ᠵᠶ᠋ᠠᠷ ᠵᠶ᠋ᠠᠨ ᠭᠦᠢ᠍ᠴᠡᠳᠬᠡᠵᠦ᠂ ᠡᠯ᠎ᠡ ᠵᠦᠢ᠍ᠯ᠎ᠤᠨ ᠠᠵᠢᠯ᠎ᠤᠨ ᠬᠡᠪ᠎ᠤᠨ ᠡᠮᠬᠢ ᠳᠢᠭᠯᠢᠮ᠎ᠲᠠᠢ ᠶᠠᠪᠤᠭᠳᠠᠬᠤ ᠵᠢ ᠪᠠᠲᠤᠯᠠᠬᠤ ᠬᠡᠷᠡᠭᠲᠡᠢ ᠭᠡᠵᠦ ᠱᠠᠭ᠋ᠠᠷᠳᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃