ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠦ ᠴᠢᠬᠤᠯᠠᠴᠢᠯᠠᠭᠰᠠᠨ᠎ᠨᠢ᠄ ᠰᠠᠭᠤᠷᠢ ᠵᠢ ᠪᠡᠬᠢᠵᠢᠭᠦᠯᠵᠦ ᠬᠦᠴᠦᠨ ᠵᠶ᠋ᠠᠨ ᠲᠦᠪᠯᠡᠷᠡᠭᠦᠯᠦᠨ ᠥᠭᠡᠷᠡᠴᠢᠯᠡᠯᠲᠡ ᠬᠢᠵᠦ ᠰᠢᠨ᠎ᠡ ᠵᠢ ᠡᠭᠦᠳᠴᠦ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠵᠦ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ ᠬᠦᠴᠦᠯᠡᠨ ᠠᠬᠢᠭᠤᠯᠤᠨ᠎ᠠ
2025-01-24

    1 ᠳ᠋ᠤᠭᠡᠷ ᠰᠠᠷ᠎ᠠ ᠵᠢᠨ 22᠎ᠤᠨ ᠡᠳᠦᠷ᠂ ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠬᠤᠷᠠᠯ ᠬᠤᠷᠠᠯᠳᠤᠭᠤᠯᠵᠠᠢ᠃ ᠬᠤᠷᠠᠯ᠎ᠨᠢ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠂ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ 2024 ᠣᠨ᠎ᠤ ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠳ᠋ᠦᠩᠨᠡᠨ ᠡᠷᠭᠢᠴᠡᠭᠦᠯᠵᠦ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠥᠭᠡᠷᠡᠴᠢᠯᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ ᠪᠠ 2025 ᠣᠨ᠎ᠤ ᠭᠣᠣᠯᠳᠠᠯᠭ᠎ᠠ᠎ᠲᠠᠢ ᠡᠭᠦᠷᠭᠡ ᠵᠢ ᠲᠣᠬᠢᠷᠠᠭᠤᠯᠤᠨ ᠪᠠᠢ᠌ᠷᠢᠯᠠᠭᠤᠯᠪᠠ᠃

     ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠤᠤ ᠶᠦᠩ ᠪᠥᠸᠧ ᠴᠣᠬᠣᠯᠠᠪᠤᠷᠢ ᠥᠭᠴᠦ᠂ ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ ᠰᠠᠢ᠌ᠲᠤᠷ ᠬᠢᠬᠦ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠪᠠ᠃ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠠᠵᠢᠯ᠎ᠤᠨ ᠮᠡᠳᠡᠭᠦᠯᠦᠯᠲᠡ ᠬᠢᠪᠡ᠃

     ᠶᠤᠤ ᠶᠦᠩ ᠪᠥᠸᠧ ᠴᠣᠬᠣᠯᠠᠪᠤᠷᠢ᠎ᠳᠠᠭᠠᠨ᠂ 2024 ᠣᠨ᠎ᠳᠤ᠂ ᠪᠦᠬᠦ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠰᠢᠰᠲ᠋ᠧᠮ᠎ᠤᠨ᠎ᠬᠢᠨ ᠶᠡᠷᠦᠩᠬᠡᠢ ᠱᠦᠵᠢ ᠰᠢ ᠵᠢᠨ ᠫᠢᠩ᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠠᠷᠢᠭᠤᠴᠠᠯᠭ᠎ᠠ ᠡᠭᠦᠷᠭᠡᠯᠡᠨ ᠠᠵᠢᠯᠯᠠᠵᠤ᠂ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ 《ᠲᠤᠯᠠᠭ᠋ᠠᠯᠭ᠎ᠠ ᠵᠢᠨ ᠢᠨᠵᠧᠨᠧᠷᠢᠩ》᠂ ᠪᠠᠲᠤᠯᠠᠭ᠋ᠠᠲᠤ ᠲᠤᠰᠢᠶᠠᠬᠤ ᠠᠰᠠᠷ᠂ ᠪᠠᠲᠤᠯᠠᠭ᠋ᠠᠲᠤ ᠲᠤᠰᠢᠶᠠᠬᠤ ᠭᠡᠷ ᠪᠠᠢ᠌ᠰᠢᠩ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠤᠷᠤᠭᠰᠢᠲᠠᠢ ᠪᠡᠶᠡᠯᠡᠭᠦᠯᠵᠦ᠂ ᠪᠥᠬᠥ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠲᠤ ᠰᠢᠨ᠎ᠡ ᠦᠷ᠎ᠡ ᠪᠦᠲᠦᠮᠵᠢ ᠣᠯᠬᠤ ᠵᠢ ᠠᠬᠢᠭᠤᠯᠵᠠᠢ᠃ ᠡᠨᠡ ᠵᠢᠯ ᠪᠣᠯ 《ᠠᠷᠪᠠᠨ ᠳᠥᠷᠪᠡᠳᠦᠭᠡᠷ ᠲᠠᠪᠤᠨ ᠵᠢᠯ》 ᠎ᠤᠨ ᠲᠥᠯᠦᠪᠵᠢᠭᠦᠯᠭᠡ ᠵᠢᠨ ᠬᠠᠮᠤᠭ ᠰᠡᠭᠦᠯᠴᠢ ᠵᠢᠨ ᠵᠢᠯ ᠮᠥᠨ᠂ ᠪᠠᠰᠠ ᠴᠤ᠌ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢ ᠲᠥᠯᠥᠪᠯᠡᠨ ᠪᠠᠢ᠌ᠷᠢᠯᠠᠭᠤᠯᠬᠤ ᠵᠢᠯ ᠮᠥᠨ᠃ ᠪᠦᠬᠦ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠳᠤ ᠠᠷᠠᠳ ᠲᠦᠮᠡᠨ᠎ᠢ ᠳᠡᠭᠡᠳᠦᠯᠡᠬᠦ ᠵᠢ ᠪᠠᠷᠢᠮᠲᠠᠯᠠᠵᠤ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠵᠦ᠂ ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠲᠦᠷᠭᠡᠳᠬᠡᠨ ᠪᠠᠢ᠌ᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠯᠲᠠ ᠵᠢ ᠵᠣᠭᠰᠣᠭ᠋ᠠᠵᠤ ᠲᠣᠭᠲᠠᠭᠤᠨ ᠪᠣᠯᠭ᠋ᠠᠬᠤ ᠵᠢ ᠠᠬᠢᠭᠤᠯᠵᠦ᠂ 《ᠲᠤᠯᠠᠭ᠋ᠠᠯᠭ᠎ᠠ ᠵᠢᠨ ᠢᠨᠵᠧᠨᠧᠷᠢᠩ》᠎ᠢ ᠪᠡᠬᠢᠵᠢᠭᠦᠯᠦᠨ ᠳᠡᠭᠡᠭᠰᠢᠯᠡᠭᠦᠯᠬᠦ᠂ ᠬᠣᠲᠠ ᠵᠢᠨ ᠰᠢᠨᠡᠴᠢᠯᠡᠯᠲᠡ᠂ ᠬᠣᠲᠠ ᠵᠢᠨ ᠤᠰᠤ ᠠᠷᠪᠢᠯᠠᠬᠤ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠭᠦᠨᠵᠡᠭᠡᠢ ᠥᠷᠨᠢᠭᠦᠯᠵᠦ᠂ ᠲᠡᠷᠭᠡᠨ ᠵᠤᠭᠰᠤᠭ᠋ᠠᠯ᠂ ᠴᠠᠬᠢᠯᠭ᠋ᠠᠨ ᠴᠡᠨᠡᠭᠯᠡᠬᠦ ᠱᠣᠩ᠂ ᠬᠣᠭ ᠨᠣᠪᠰᠢ ᠵᠢ ᠲᠥᠷᠥᠯ ᠬᠤᠪᠢᠶᠠᠬᠤ᠂ ᠠᠳᠠᠯ ᠠᠬᠤᠢ ᠵᠢᠨ ᠬᠠᠮᠢᠶᠠᠷᠤᠯᠲᠠ ᠵᠡᠷᠭᠡ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠢ ᠬᠦᠴᠦ ᠲᠠᠯᠪᠢᠨ ᠰᠠᠢ᠌ᠲᠤᠷ ᠠᠳᠬᠤᠵᠤ᠂ ᠰᠠᠢ᠌ᠨ ᠭᠡᠷ ᠪᠠᠢ᠌ᠰᠢᠩ᠂ ᠰᠠᠢ᠌ᠨ ᠤᠷᠤᠨ ᠰᠠᠭᠤᠴᠠ ᠵᠢᠨ ᠲᠣᠭᠣᠷᠢᠭ᠂ ᠰᠠᠢ᠌ᠨ ᠨᠡᠢ᠌ᠭᠡᠮ ᠲᠣᠭᠣᠷᠢᠭ᠂ ᠰᠠᠢ᠌ᠨ ᠬᠣᠲᠠ ᠲᠣᠭᠣᠷᠢᠭ᠎ᠤᠨ ᠪᠦᠲᠦᠭᠡᠨ ᠪᠠᠢ᠌ᠭᠤᠯᠤᠯᠲᠠ ᠵᠢ ᠢᠳᠡᠪᠬᠢᠲᠡᠢ ᠠᠬᠢᠭᠤᠯᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ ᠲᠥᠷᠥᠯ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠬᠡᠮ ᠰᠣᠭᠣᠭ᠎ᠢ ᠰᠢᠰᠲ᠋ᠧᠮ᠎ᠲᠠᠢ᠎ᠪᠠᠷ ᠰᠡᠷᠭᠡᠢ᠌ᠯᠡᠨ ᠠᠷᠢᠯᠭ᠋ᠠᠵᠤ᠂ 《ᠨᠢᠭᠡ ᠭᠣᠣᠯ ᠰᠢᠵᠢᠮ᠎ᠢ   ᠲᠤᠭᠤᠰᠢᠯᠠᠭᠤᠯᠵᠦ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠵᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠤᠨ᠂ ᠰᠢᠨ᠎ᠡ ᠵᠠᠮ ᠵᠶ᠋ᠠᠷ ᠵᠠᠮᠨᠠᠵᠤ ᠳᠤᠮᠳᠠ ᠤᠷᠤᠰᠬᠠᠯ᠎ᠳᠤ ᠣᠷᠣᠬᠤ》᠎ᠳᠤ ᠨᠠᠩ ᠶᠡᠬᠡ ᠰᠢᠨ᠎ᠡ ᠬᠦᠴᠦᠨ ᠴᠢᠳᠠᠯ ᠵᠶ᠋ᠠᠨ ᠡᠷᠭᠦᠬᠦ᠎ᠪᠠᠷ  ᠴᠢᠷᠮᠠᠢ᠌ᠬᠤ ᠬᠡᠷᠡᠭᠳᠡᠢ ᠭᠡᠵᠦ ᠵᠢᠭ᠋ᠠᠨ ᠭᠠᠷᠭ᠋ᠠᠪᠠ᠃

ᠬᠤᠷᠠᠯ᠎ᠠᠴᠠ᠂ 2025 ᠣᠨ ᠪᠤᠯ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠢ᠌ᠷᠡᠭᠦᠯᠬᠦ ᠠᠵᠢᠯ᠎ᠤᠨ ᠵᠠᠩᠭᠢᠯᠠᠭ᠎ᠠ ᠵᠢᠨ ᠵᠢᠯ ᠪᠤᠯᠤᠨ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠠᠵᠢᠯ᠎ᠢ 《ᠨᠢᠭᠡ ᠭᠣᠣᠯ ᠱᠤᠭᠤᠮ》᠎ᠢ ᠲᠤᠭᠤᠰᠢᠯᠠᠭᠤᠯᠵᠦ᠂ 《ᠬᠣᠶᠠᠷ ᠶᠡᠬᠡ ᠶᠠᠪᠤᠳᠠᠯ》᠎ᠢ ᠰᠠᠢ᠌ᠲᠤᠷ ᠬᠢᠵᠦ᠂ 《ᠲᠠᠪᠤᠨ ᠶᠡᠬᠡ ᠡᠭᠦᠷᠭᠡ》 ᠵᠢ ᠪᠡᠶᠡᠯᠡᠭᠦᠯᠦᠨ᠂ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠥᠷᠨᠢᠭᠦᠯᠵᠦ᠂ ᠣᠯᠠᠨ ᠲᠦᠮᠡᠨ᠎ᠤ ᠠᠩᠬᠠᠷᠴᠤ ᠪᠠᠢ᠌ᠭ᠎ᠠ ᠠᠷᠠᠳ᠎ᠤᠨ ᠠᠮᠢᠳᠤᠷᠠᠯ᠎ᠤᠨ ᠠᠰᠠᠭᠤᠳᠠᠯ ᠪᠣᠯᠣᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠴᠢᠨᠠᠷ ᠰᠠᠢ᠌ᠲᠠᠢ ᠬᠥᠭᠵᠢᠯᠲᠡ ᠵᠢ ᠬᠢᠵᠠᠭ᠋ᠠᠷᠯᠠᠵᠤ ᠪᠠᠢ᠌ᠭ᠎ᠠ ᠲᠣᠪᠣᠢ᠌ᠮ᠎ᠠ ᠵᠥᠷᠢᠴᠡᠯ᠎ᠢ ᠴᠢᠩᠭ᠎ᠠ ᠠᠩᠬᠠᠷᠴᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠢ᠌ᠷᠢᠯᠠᠭᠤᠯᠤᠯᠲᠠ ᠱᠠᠭ᠋ᠠᠷᠳᠠᠯᠭ᠎ᠠ᠎ᠲᠠᠢ ᠤᠶᠠᠯᠳᠤᠭᠤᠯᠤᠨ᠂ ᠬᠣᠲᠠ ᠵᠢᠨ ᠤᠰᠤ ᠠᠷᠪᠢᠯᠠᠬᠤ ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷᠴᠢᠯᠡᠬᠦ ᠲᠦᠭᠰᠢᠭᠦᠷᠢ ᠵᠢ ᠠᠷᠢᠯᠭ᠋ᠠᠬᠤ ᠰᠢᠪᠲᠤᠯᠤᠯᠲᠠ᠂ ᠬᠣᠲᠠ ᠪᠠᠯᠭ᠋ᠠᠰᠤ ᠵᠢᠨ ᠢᠯᠴᠢ ᠬᠠᠩᠭ᠋ᠠᠬᠤ 《ᠳᠤᠯᠠᠭ᠋ᠠᠯᠠᠭ᠎ᠠ ᠵᠢᠨ ᠢᠨᠵᠧᠨᠧᠷᠢᠩ》᠎ᠢ ᠪᠡᠬᠢᠵᠢᠭᠦᠯᠦᠨ ᠳᠡᠭᠡᠭᠰᠢᠯᠡᠭᠦᠯᠬᠦ ᠂ ᠬᠣᠲᠠ ᠪᠠᠯᠭ᠋ᠠᠰᠤ ᠵᠢᠨ ᠬᠠᠭᠤᠴᠢᠨ ᠤᠷᠤᠨ ᠰᠠᠭᠤᠴᠠ ᠵᠢᠨ ᠲᠣᠭᠣᠷᠢᠭ᠎ᠤᠨ ᠪᠡᠶ᠎ᠡ᠎ᠪᠠᠨ ᠳᠠᠭ᠋ᠠᠭ᠋ᠠᠵᠤ ᠰᠢᠨᠡᠴᠢᠯᠡᠬᠦ ᠂ ᠠᠳᠠᠯ ᠠᠬᠤᠢ ᠵᠢᠨ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ ᠂ 《ᠲᠡᠷᠭᠡ ᠵᠣᠭᠰᠤᠭ᠋ᠠᠬᠤ᠎ᠳᠤ ᠬᠦᠴᠢᠷ》 ᠠᠰᠠᠭᠤᠳᠠᠯ᠎ᠢ ᠰᠢᠢ᠍ᠳᠪᠦᠷᠢᠯᠡᠬᠦ ᠂ ᠬᠣᠲᠠ ᠬᠥᠳᠡᠭᠡ ᠵᠢᠨ ᠬᠥᠮᠥᠰ᠎ᠤᠨ ᠣᠷᠣᠰᠢᠨ ᠰᠠᠭᠤᠬᠤ ᠣᠷᠴᠢᠨ ᠲᠣᠭᠣᠷᠢᠨ᠎ᠢ ᠳᠡᠭᠡᠭᠰᠢᠯᠡᠭᠦᠯᠬᠦ ᠠᠵᠢᠯᠯᠠᠭ᠎ᠠ ᠵᠡᠷᠭᠡ ᠲᠤᠯᠤᠭ᠋ᠠᠨ ᠲᠤᠰᠬᠠᠢ ᠠᠵᠢᠯᠯᠠᠭ᠎ᠠ ᠵᠢ ᠬᠡᠷᠡᠭᠵᠢᠭᠦᠯᠵᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠣᠷᠣᠨ ᠰᠠᠭᠤᠴᠠ ᠪᠠ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠡᠨ᠋ᠸᠷᠬᠢ ᠤᠯᠭᠤᠬᠤ ᠬᠡᠷᠡᠭᠳᠡᠢ ᠭᠡᠵᠦ ᠵᠢᠭ᠋ᠠᠨ ᠭᠠᠷᠭ᠋ᠠᠪᠠ᠃


W020250123330678325560.jpg


     ᠬᠤᠷᠠᠯ᠎ᠠᠴᠠ᠂ 2025 ᠣᠨ᠎ᠳᠤ᠂ ᠬᠦᠴᠦᠨ ᠵᠶ᠋ᠡᠨ ᠲᠥᠪᠯᠡᠷᠡᠭᠦᠯᠦᠨ ᠨᠠᠢ᠍ᠮᠠᠨ ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢ ᠠᠬᠢᠭᠤᠯᠤᠨ᠎ᠠ  ᠭᠡᠵᠦ ᠴᠢᠬᠤᠯᠠᠴᠢᠯᠠᠪᠠ᠄

     ᠨᠢᠭᠡ᠎ᠳᠤ᠂  ᠬᠦᠴᠦᠨ ᠵᠶ᠋ᠡᠨ ᠲᠥᠪᠯᠡᠷᠡᠭᠦᠯᠦᠨ  ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠪᠠᠭᠤᠷᠠᠬᠤ ᠵᠢ ᠵᠣᠭᠰᠣᠭ᠋ᠠᠵᠤ ᠲᠠᠬᠢᠨ ᠲᠣᠭᠲᠠᠪᠤᠷᠢᠵᠢᠭᠤᠯᠬᠤ ᠵᠢ ᠠᠬᠢᠭᠤᠯᠤᠨ᠎ᠠ᠃ ᠡᠯ᠎ᠡ ᠵᠦᠢ᠍ᠯ᠎ᠤᠨ ᠦᠯᠡᠳᠡᠭᠡᠯ ᠲᠥᠷᠥ ᠵᠢᠨ ᠪᠣᠳᠣᠯᠭ᠎ᠠ᠂ ᠨᠡᠮᠡᠭᠳᠡᠯ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠵᠤ᠂ ᠲᠠᠸᠠᠷ᠎ᠤᠨ ᠭᠡᠷ ᠪᠠᠢ᠌ᠰᠢᠩ᠎ᠤᠨ ᠪᠦᠲᠦᠭᠡᠨ ᠪᠠᠢ᠌ᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ ᠵᠢ ᠬᠢᠵᠠᠭ᠋ᠠᠷᠯᠠᠬᠤ᠂ ᠦᠯᠡᠳᠡᠭᠡᠯ ᠬᠡᠮᠵᠢᠶ᠎ᠡ ᠵᠢ ᠰᠢᠯᠢᠳᠡᠭᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ ᠵᠢ ᠲᠦᠯᠬᠢᠨ ᠠᠬᠢᠭᠤᠯᠵᠤ᠂ ᠰᠠᠭᠤᠭ᠋ᠠᠯᠢ ᠠᠷᠠᠳ᠎ᠤᠨ ᠵᠠᠢ᠌ᠯᠠᠰᠢ ᠦᠭᠡᠢ ᠪᠠ ᠰᠠᠢ᠌ᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠵᠢ ᠶᠡᠬᠡᠪᠡᠷ ᠲᠡᠮᠵᠢᠵᠦ᠂ ᠡᠩ᠎ᠤᠨ ᠣᠷᠣᠨ ᠰᠠᠭᠤᠴᠠ ᠪᠠ ᠡᠩ᠎ᠤᠨ ᠪᠤᠰᠤ ᠣᠷᠣᠨ ᠰᠠᠭᠤᠴᠠ ᠵᠢᠨ ᠪᠠᠷᠢᠮᠵᠢᠶ᠎ᠠ ᠵᠢ ᠬᠦᠴᠦᠨ ᠦᠭᠡᠢ ᠪᠣᠯᠭ᠋ᠠᠬᠤ ᠲᠥᠷᠥ ᠵᠢᠨ ᠪᠣᠳᠣᠯᠭ᠎ᠠ ᠵᠢ ᠨᠠᠢ᠌ᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠲᠡᠮᠵᠢᠯᠭᠡ  ᠵᠢᠨ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠤᠨ᠂ ᠵᠣᠬᠢᠴᠠᠭᠤᠯᠬᠤ ᠲᠣᠭᠲᠠᠴᠠ ᠵᠢᠨ 《ᠬᠦᠷᠢᠶ᠎ᠡ ᠬᠡᠪᠴᠢᠶ᠎ᠡ ᠵᠢ ᠥᠷᠭᠡᠳᠬᠡᠨ ᠦᠷ᠎ᠡ ᠠᠰᠢᠭ᠎ᠢ ᠨᠡᠮᠡᠭᠳᠡᠭᠦᠯᠬᠦ》 ᠵᠢ ᠤᠯᠠᠮ ᠨᠢᠭᠡ ᠠᠯᠬᠤᠮ ᠠᠬᠢᠭᠤᠯᠵᠤ᠂ ᠭᠡᠷ ᠪᠠᠢ᠌ᠰᠢᠩ ᠭᠠᠵᠠᠷ ᠬᠥᠷᠥᠩᠭᠡ ᠵᠢᠨ ᠵᠠᠬ᠎ᠠ ᠳᠡᠯᠭᠡᠭᠦᠷ᠎ᠤᠨ ᠡᠮᠬᠢ ᠳᠢᠭᠯᠢᠮ᠎ᠢ ᠦᠷᠭᠦᠯᠵᠢᠯᠡᠨ ᠵᠢᠷᠤᠮᠵᠢᠭᠤᠯᠤᠨ ᠴᠡᠭᠴᠡᠯᠡᠨ ᠵᠠᠰᠠᠨ᠎ᠠ᠃

     ᠬᠣᠶᠠᠷ᠎ᠲᠤ᠂  ᠬᠦᠴᠦᠨ ᠵᠶ᠋ᠡᠨ ᠲᠥᠪᠯᠡᠷᠡᠭᠦᠯᠦᠨ  ᠭᠡᠷ ᠪᠠᠢ᠌ᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ  ᠪᠠᠢ᠌ᠭᠤᠯᠤᠨ᠎ᠠ᠃ ᠣᠷᠣᠨ ᠰᠠᠭᠤᠴᠠ ᠵᠢᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠬᠦ ᠳᠦᠷᠢᠮ᠎ᠤᠨ ᠰᠢᠰᠲ᠋ᠧᠮ᠎ᠢ ᠪᠠᠢ᠌ᠭᠤᠯᠵᠤ᠂ ᠴᠢᠨᠠᠷ ᠰᠠᠢ᠌ᠲᠠᠢ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠲᠤᠷᠰᠢᠯᠲᠠ ᠵᠢᠨ ᠠᠵᠢᠯ᠎ᠢ ᠲᠦᠯᠬᠢᠨ ᠠᠬᠢᠭᠤᠯᠵᠤ᠂ ᠣᠷᠣᠨ ᠰᠠᠭᠤᠴᠠ ᠵᠢᠨ ᠪᠦᠲᠦᠭᠡᠨ ᠪᠠᠢ᠌ᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠵᠦ᠂ ᠠᠷᠠᠳ ᠲᠦᠮᠡᠨ᠎ᠳᠤ ᠲᠠᠭ᠋ᠠᠰᠢᠶᠠᠭᠳᠠᠭᠰᠠᠨ 《ᠰᠠᠢ᠌ᠨ ᠭᠡᠷ ᠪᠠᠢ᠌ᠰᠢᠩ》᠎ᠢ ᠪᠦᠲᠦᠭᠡᠨ ᠪᠠᠢ᠌ᠭᠤᠯᠤᠨ᠎ᠠ᠃ ᠲᠠᠸᠠᠷ᠎ᠤᠨ ᠣᠷᠣᠨ ᠰᠠᠭᠤᠴᠠ ᠵᠢᠨ ᠪᠣᠷᠤᠯᠠᠭᠤᠯᠭ᠎ᠠ ᠵᠢᠨ ᠳᠦᠷᠢᠮ᠎ᠤᠨ ᠥᠭᠡᠷᠡᠴᠢᠯᠡᠯᠲᠡ ᠵᠢ ᠶᠡᠬᠡᠪᠡᠷ ᠲᠦᠯᠬᠢᠨ ᠠᠬᠢᠭᠤᠯᠵᠤ᠂ ᠲᠤᠷᠰᠢᠯᠲᠠ ᠵᠢᠨ ᠴᠡᠭ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠬᠠᠭᠤᠯᠪᠤᠷᠢᠯᠠᠵᠤ ᠪᠣᠯᠬᠤ ᠳᠡᠯᠭᠡᠷᠡᠭᠦᠯᠵᠦ ᠪᠣᠯᠬᠤ ᠨᠡᠢ᠌ᠲᠡᠯᠢᠭ ᠲᠤᠷᠰᠢᠯᠭ᠎ᠠ ᠵᠢ ᠳ᠋ᠦᠩᠨᠡᠨ ᠪᠤᠢ ᠪᠣᠯᠭ᠋ᠠᠬᠤ ᠵᠢᠨ ᠬᠠᠮᠲᠤ ᠠᠯᠬᠤᠮ ᠠᠯᠬᠤᠮ ᠵᠶ᠋ᠠᠷ ᠳᠡᠯᠭᠡᠷᠡᠭᠦᠯᠦᠨ᠎ᠡ᠃ ᠤᠷᠢᠳᠴᠢᠯᠠᠨ ᠬᠤᠳᠠᠯᠳᠤᠬᠤ ᠪᠡᠯᠡ ᠮᠥᠩᠭᠥ ᠵᠢᠨ ᠬᠢᠨᠠᠯᠲᠠ ᠬᠠᠮᠢᠶᠠᠷᠤᠯᠲᠠ ᠵᠢ ᠰᠢᠯᠢᠳᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠪᠠᠷᠢᠮᠵᠢᠶ᠎ᠠ᠂ ᠬᠢᠨᠠᠯᠲᠠ ᠬᠠᠮᠢᠶᠠᠷᠤᠯᠲᠠ ᠵᠢᠨ ᠲᠣᠭ᠎ᠠ ᠬᠡᠮᠵᠢᠶ᠎ᠡ᠂ ᠦᠯᠡᠳᠡᠭᠡᠨ ᠬᠠᠳᠠᠭ᠋ᠠᠯᠠᠬᠤ ᠬᠠᠷᠢᠴᠠᠯ᠂ ᠰᠠᠯᠭ᠋ᠠᠨ ᠥᠭᠬᠦ ᠵᠠᠩᠭᠢᠯᠠᠭ᠎ᠠ ᠵᠢᠨ ᠴᠡᠭ᠎ᠢ ᠵᠢᠷᠤᠮᠵᠢᠭᠤᠯᠵᠤ᠂ ᠲᠦᠷᠦᠯ ᠵᠦᠢ᠍ᠯ᠎ᠤᠨ ᠬᠤᠭᠤᠴᠠᠭ᠎ᠠ ᠶᠣᠰᠣᠭ᠋ᠠᠷ ᠪᠠᠷᠢᠯᠭ᠎ᠠ ᠳᠠᠭᠤᠰᠴᠤ ᠲᠤᠰᠢᠶᠠᠨ ᠥᠭᠬᠦ ᠵᠢ ᠪᠠᠲᠤᠯᠠᠵᠤ᠂ ᠭᠡᠷ ᠬᠤᠳᠠᠯᠳᠤᠨ ᠠᠪᠤᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠮᠠᠭ᠋ᠠᠯᠠᠨ᠎ᠠ᠃ ᠭᠡᠷ ᠪᠠᠢ᠌ᠰᠢᠩ᠎ᠤᠨ ᠪᠡᠶ᠎ᠡ ᠵᠢᠨ ᠪᠠᠢ᠌ᠴᠠᠭ᠋ᠠᠯᠲᠠ᠂ ᠭᠡᠷ ᠪᠠᠢ᠌ᠰᠢᠩ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ᠂ ᠭᠡᠷ ᠪᠠᠢ᠌ᠰᠢᠩ᠎ᠤᠨ ᠳᠠᠭ᠋ᠠᠳᠬᠠᠯ ᠵᠡᠷᠭᠡ ᠳᠦᠷᠢᠮ᠎ᠢ ᠪᠠᠢ᠌ᠭᠤᠯᠵᠤ᠂ ᠭᠡᠷ ᠪᠠᠢ᠌ᠰᠢᠩ᠎ᠤᠨ ᠪᠥᠬᠥ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠤ ᠠᠮᠤᠷ ᠲᠦᠪᠰᠢᠨ᠎ᠳᠤ ᠪᠠᠳᠤᠯᠠᠭ᠎ᠠ ᠬᠠᠩᠭ᠋ᠠᠨ᠎ᠠ᠃

     ᠭᠤᠷᠪᠠ᠎ᠳᠤ᠂  ᠬᠦᠴᠦᠨ ᠵᠶ᠋ᠡᠨ ᠲᠥᠪᠯᠡᠷᠡᠭᠦᠯᠦᠨ  ᠣᠷᠣᠨ ᠰᠠᠭᠤᠴᠠ ᠵᠢᠨ ᠪᠠᠲᠤᠯᠠᠭ᠎ᠠ ᠵᠢᠨ ᠴᠢᠳᠠᠪᠤᠷᠢ ᠵᠢ  ᠳᠡᠭᠡᠭᠰᠢᠯᠡᠭᠦᠯᠦᠨ᠎ᠡ᠃ 《ᠲᠦᠷᠢᠶᠡᠰᠦᠯᠡᠬᠦ ᠪᠠ ᠬᠤᠳᠠᠯᠳᠤᠬᠤ ᠵᠢ ᠵᠡᠷᠭᠡ᠎ᠪᠠᠷ ᠠᠳᠬᠤᠬᠤ᠂ ᠬᠡᠷᠡᠭᠴᠡᠭᠡ᠎ᠪᠠᠷ ᠬᠠᠩᠭ᠋ᠠᠯᠭ᠎ᠠ ᠵᠢ ᠲᠣᠭᠲᠠᠭ᠋ᠠᠬᠤ》 ᠵᠢ ᠪᠠᠷᠢᠮᠲᠠᠯᠠᠵᠤ᠂ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠲᠣᠬᠢᠷᠠᠭᠤᠯᠤᠨ ᠪᠠᠷᠢᠬᠤ᠂ ᠬᠤᠳᠠᠯᠳᠤᠨ ᠠᠪᠬᠤ ᠵᠡᠷᠭᠡ ᠤᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠳᠠᠮᠵᠢᠭᠤᠯᠤᠨ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢᠨ ᠬᠠᠩᠭ᠋ᠠᠯᠭ᠎ᠠ ᠵᠢ ᠨᠡᠮᠡᠭᠳᠡᠭᠦᠯᠦᠨ᠎ᠡ᠃ ᠲᠦᠭᠡᠭᠡᠨ ᠬᠤᠳᠠᠯᠳᠤᠬᠤ ᠬᠡᠯᠪᠡᠷᠢ ᠵᠢᠨ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ᠂ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ᠂ ᠨᠡᠶ᠋ᠢᠲᠡ ᠵᠢᠨ ᠲᠦᠷᠢᠶᠡᠰᠦᠨ ᠣᠷᠣᠨ ᠰᠠᠭᠤᠴᠠ ᠵᠢ ᠬᠤᠷᠠᠮᠳᠤᠭᠤᠯᠤᠨ ᠪᠦᠲᠦᠭᠡᠨ ᠪᠠᠶ᠋ᠢᠭᠤᠯᠬᠤ ᠪᠠ ᠬᠤᠳᠠ ᠪᠠᠯᠭ᠋ᠠᠰᠤᠨ᠎ᠤ ᠣᠷᠣᠨ ᠰᠠᠭᠤᠴᠠ ᠵᠢᠨ ᠪᠠᠲᠤᠯᠠᠭ᠎ᠠ ᠵᠢᠨ ᠭᠡᠷ ᠪᠦᠯᠢ ᠵᠢᠨ ᠲᠦᠷᠢᠶᠡᠰᠦᠯᠡᠯ᠎ᠤᠨ ᠨᠥᠬᠥᠪᠦᠷᠢ ᠣᠯᠭᠣᠬᠤ ᠠᠵᠢᠯ᠎ᠢ ᠦᠷᠭᠦᠯᠵᠢᠯᠡᠨ ᠰᠠᠢ᠌ᠲᠤᠷ ᠬᠢᠵᠦ᠂ ᠬᠤᠳᠠ ᠵᠢᠨ ᠲᠤᠮᠳᠠᠬᠢ ᠲᠣᠰᠬᠣᠨ ᠪᠠ ᠬᠤᠳᠠ ᠵᠢᠨ ᠨᠤᠷᠠᠬᠤ ᠠᠶᠤᠯᠲᠠᠢ ᠬᠠᠭᠤᠴᠢᠨ ᠭᠡᠷ ᠪᠠᠢ᠌ᠰᠢᠩ᠎ᠢ ᠥᠭᠡᠷᠡᠴᠢᠯᠡᠨ ᠵᠠᠰᠠᠬᠤ ᠠᠵᠢᠯ᠎ᠢ ᠡᠮᠬᠢ ᠵᠢᠷᠤᠮ᠎ᠲᠠᠢ᠎ᠪᠠᠷ ᠲᠦᠯᠬᠢᠨ ᠠᠬᠢᠭᠤᠯᠤᠨ᠎ᠠ᠃ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠳᠦᠷᠢᠮ᠎ᠤᠨ ᠬᠠᠮᠤᠷᠬᠤ ᠬᠡᠪᠴᠢᠶ᠎ᠡ ᠵᠢ ᠤᠯᠠᠮ ᠨᠢᠭᠡ ᠠᠯᠬᠤᠮ ᠥᠷᠭᠡᠳᠬᠡᠵᠦ᠂ ᠵᠢᠭᠡᠯᠡᠯᠭᠡ ᠵᠢᠨ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ᠂  ᠭᠡᠷ ᠲᠦᠷᠢᠶᠡᠰᠦᠯᠡᠬᠦ᠎ᠳᠤ  ᠭᠠᠷᠭ᠋ᠠᠨ ᠠᠪᠬᠤ ᠡᠷᠴᠢᠮ᠎ᠢ ᠴᠢᠩᠭ᠋ᠠᠷᠠᠭᠤᠯᠵᠤ᠂ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠬᠤᠪᠢ ᠬᠥᠮᠥᠨ᠎ᠤ ᠵᠢᠭᠡᠯᠡᠯᠭᠡ ᠵᠢᠨ ᠨᠤᠷᠮ᠎ᠠ ᠵᠢ ᠲᠡᠭᠡᠭᠰᠢᠯᠡᠭᠦᠯᠦᠨ᠎ᠡ᠃

     ᠳᠥᠷᠪᠡ᠎ᠳᠤ᠂  ᠬᠦᠴᠦᠨ ᠵᠶ᠋ᠡᠨ ᠲᠥᠪᠯᠡᠷᠡᠭᠦᠯᠦᠨ  ᠬᠤᠳᠠ ᠵᠢᠨ ᠰᠢᠨᠡᠴᠢᠯᠡᠯᠲᠡ ᠵᠢ  ᠠᠬᠢᠭᠤᠯᠤᠨ᠎ᠠ᠃ 《ᠤᠷᠢᠳ ᠵᠶ᠋ᠠᠷ ᠪᠡᠶ᠎ᠡ ᠵᠢᠨ ᠪᠠᠢ᠌ᠴᠠᠭ᠋ᠠᠯᠲᠠ ᠬᠢᠵᠦ᠂ ᠳᠠᠷᠠᠭ᠎ᠠ᠎ᠨᠢ ᠰᠢᠨᠡᠴᠢᠯᠡᠬᠦ》 《ᠪᠡᠶ᠎ᠡ ᠵᠢᠨ ᠪᠠᠢ᠌ᠴᠠᠭ᠋ᠠᠯᠲᠠ ᠬᠢᠬᠦ ᠦᠭᠡᠢ ᠪᠤᠯ ᠰᠢᠨᠡᠴᠢᠯᠡᠯᠳᠡ ᠬᠢᠵᠦ ᠪᠤᠯᠬᠤ ᠦᠭᠡᠢ》 ᠵᠠᠷᠴᠢᠮ᠎ᠢ ᠪᠠᠷᠢᠮᠲᠠᠯᠠᠨ᠂ 《ᠪᠡᠶ᠎ᠡ ᠵᠢᠨ ᠪᠠᠢ᠌ᠴᠠᠭ᠋ᠠᠯᠲᠠ᠎ᠳᠤ ᠠᠰᠠᠭᠤᠳᠠᠯ᠎ᠢ ᠢᠯᠡᠷᠡᠭᠦᠯᠬᠦ᠂ ᠠᠰᠠᠭᠤᠳᠠᠯ᠎ᠢ ᠰᠢᠢ᠍ᠳᠪᠦᠷᠢᠯᠡᠬᠦ ᠵᠢ ᠰᠢᠨᠡᠳᠬᠡᠬᠦ᠂ ᠬᠡᠷᠡᠭᠵᠢᠭᠦᠯᠦᠭᠰᠡᠨ ᠦᠷ᠎ᠡ ᠪᠦᠲᠦᠮᠵᠢ ᠵᠢ ᠦᠨᠡᠯᠡᠨ ᠵᠢᠱ᠌ᠢᠬᠦ᠂ ᠪᠡᠬᠢᠵᠢᠭᠦᠯᠦᠨ ᠳᠡᠭᠡᠭᠰᠢᠯᠡᠭᠦᠯᠬᠦ ᠵᠢ ᠠᠬᠢᠭᠤᠯᠬᠤ》 ᠪᠢᠲᠡᠭᠦᠦ ᠠᠵᠢᠯ᠎ᠤᠨ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠦᠨ᠎ᠡ᠃ ᠬᠣᠲᠠ ᠪᠠᠯᠭ᠋ᠠᠰᠤ ᠵᠢᠨ ᠬᠠᠭᠤᠴᠢᠨ ᠤᠷᠤᠨ ᠰᠠᠭᠤᠴᠠ ᠵᠢᠨ ᠲᠣᠭᠣᠷᠢᠭ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠨᠢᠭᠡᠨᠲᠡ ᠪᠠᠢ᠌ᠭ᠎ᠠ ᠣᠷᠣᠨ ᠰᠠᠭᠤᠴᠠ ᠵᠢᠨ ᠪᠠᠷᠢᠯᠭ᠎ᠠ ᠵᠢᠨ ᠡᠨᠧᠷᠭᠢ ᠠᠷᠪᠢᠯᠠᠬᠤ ᠥᠭᠡᠷᠡᠴᠢᠯᠡᠯᠲᠡ ᠵᠢ ᠵᠡᠷᠭᠡ᠎ᠳᠤᠨᠢ ᠬᠡᠷᠡᠭᠵᠢᠭᠦᠯᠵᠦ᠂ ᠲᠤᠬᠠᠢ ᠵᠢᠨ ᠭᠠᠵᠠᠷ ᠣᠷᠣᠨ᠎ᠤ ᠪᠠᠢ᠌ᠳᠠᠯ᠎ᠳᠤᠨᠢ ᠲᠣᠬᠢᠷᠠᠭᠤᠯᠤᠨ ᠲᠡᠷᠭᠡᠨ ᠵᠤᠭᠰᠤᠭ᠋ᠠᠯ᠂ ᠴᠠᠬᠢᠯᠭ᠋ᠠᠨ ᠴᠡᠨᠡᠭᠯᠡᠬᠦ ᠪᠡᠯᠡᠳᠬᠡᠮᠵᠢ᠂ ᠰᠠᠭ᠋ᠠᠳ ᠦᠭᠡᠢ ᠪᠡᠯᠡᠳᠬᠡᠮᠵᠢ᠂ 《ᠨᠢᠭᠡ ᠨᠠᠰᠤᠲᠠᠨ ᠨᠢᠭᠡ ᠬᠡᠦᠬᠡᠳ》᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠥᠭᠡᠷᠡᠴᠢᠯᠡᠯᠲᠡ ᠵᠢ ᠠᠬᠢᠭᠤᠯᠵᠤ᠂ ᠨᠥᠬᠥᠴᠡᠯ᠎ᠲᠠᠢ ᠠᠰᠠᠷ᠎ᠲᠤ ᠴᠠᠬᠢᠯᠭ᠋ᠠᠨ ᠱᠠᠲᠤ ᠨᠡᠮᠡᠵᠦ ᠤᠭᠰᠠᠷᠠᠬᠤ ᠵᠢ ᠠᠬᠢᠭᠤᠯᠤᠨ᠎ᠠ᠃ ᠨᠡᠢ᠌ᠭᠡᠮ ᠲᠣᠭᠣᠷᠢᠭ᠎ᠤᠨ ᠠᠳᠠᠯ ᠠᠬᠤᠢ ᠵᠢᠨ ᠨᠠᠮ᠎ᠤᠨ ᠪᠠᠢ᠌ᠭᠤᠯᠤᠯᠲᠠ ᠵᠢ ᠬᠠᠮᠲᠤᠷᠠᠨ ᠪᠠᠶ᠋ᠢᠭᠤᠯᠬᠤ ᠵᠢ ᠴᠢᠩᠭ᠋ᠠᠳᠬᠠᠵᠤ᠂ ᠠᠳᠠᠯ ᠠᠬᠤᠢ ᠵᠢᠨ ᠦᠢ᠍ᠯᠡᠴᠢᠯᠡᠭᠡ ᠵᠢ ᠦᠨᠳᠦᠰᠦᠨ ᠱᠠᠲᠤᠨ᠎ᠤ ᠨᠠᠮ᠎ᠤᠨ ᠪᠠᠢ᠌ᠭᠤᠯᠤᠯᠲᠠ ᠪᠠ ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠭᠤᠯᠬᠤ ᠵᠢ ᠲᠦᠯᠬᠢᠨ ᠠᠬᠢᠭᠤᠯᠤᠨ᠎ᠠ᠃ ᠳᠤᠭ᠋ᠠᠴᠠᠯᠠᠭᠰᠠᠨ᠂ ᠰᠦᠯᠵᠢᠶᠡᠵᠢᠭᠰᠡᠨ᠂ ᠣᠶᠤᠨᠴᠢᠯᠠᠭᠰᠠᠨ ᠰᠢᠨ᠎ᠡ ᠮᠠᠶᠢᠭ᠎ᠤᠨ ᠬᠤᠳᠠ ᠵᠢᠨ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠢ᠌ᠭᠤᠯᠤᠯᠲᠠ ᠵᠢ ᠶᠡᠬᠡᠪᠡᠷ ᠲᠦᠯᠬᠢᠨ ᠠᠬᠢᠭᠤᠯᠵᠤ᠂ ᠤᠶᠠᠨ ᠬᠠᠳᠠᠨ ᠴᠢᠨᠠᠷᠲᠠᠢ ᠬᠤᠳᠠ ᠵᠢᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠶᠡᠬᠡᠩᠬᠢ ᠬᠣᠲᠠ ᠵᠢᠨ ᠠᠮᠤᠷ ᠲᠦᠪᠰᠢᠨ᠎ᠤ ᠠᠵᠢᠯᠯᠠᠭ᠋ᠠᠨ᠎ᠤ ᠬᠡᠷᠡᠭᠴᠡᠭᠡ ᠱᠠᠭ᠋ᠠᠷᠳᠠᠯᠭ᠎ᠠ ᠪᠠ ᠣᠳᠣᠬᠢ ᠪᠠᠢ᠌ᠳᠠᠯ᠎ᠳᠤ ᠲᠣᠬᠢᠷᠠᠬᠤ ᠬᠣᠲᠠ ᠵᠢᠨ ᠣᠯᠠᠨ ᠨᠡᠶ᠋ᠢᠲᠡ ᠵᠢᠨ ᠠᠮᠤᠷ ᠲᠦᠪᠰᠢᠨ᠎ᠤ ᠬᠢᠨᠠᠨ ᠰᠢᠨᠵᠢᠬᠦ ᠦᠢ᠍ᠯᠡᠴᠢᠯᠡᠭᠡᠨ᠎ᠤ ᠰᠢᠰᠲ᠋ᠧᠮᠵᠢ ᠵᠢ ᠬᠠᠢ᠌ᠨ ᠰᠦᠪᠡᠭᠴᠢᠯᠡᠵᠦ᠂ ᠬᠣᠲᠠ ᠵᠢᠨ  ᠠᠮᠤᠷ ᠲᠦᠪᠰᠢᠨ᠎ᠤ ᠢᠨᠵᠧᠨᠧᠷᠢᠩ᠎ᠤᠨ ᠪᠦᠲᠦᠭᠡᠨ ᠪᠠᠢ᠌ᠭᠤᠯᠤᠯᠲᠠ ᠵᠢ  ᠲᠦᠯᠬᠢᠨ ᠠᠬᠢᠭᠤᠯᠤᠨ᠎ᠠ᠃ ᠬᠤᠳᠠ ᠵᠢᠨ ᠭᠠᠵᠠᠷ ᠳᠣᠣᠷᠠᠬᠢ ᠲᠦᠷᠪᠡᠨ ᠲᠦᠷᠦᠯ᠎ᠤᠨ ᠬᠠᠭᠤᠴᠢᠷᠠᠭᠰᠠᠨ ᠬᠣᠭᠣᠯᠠᠢ ᠲᠣᠣᠷ᠎ᠤᠨ ᠥᠭᠡᠷᠡᠴᠢᠯᠡᠯᠲᠡ ᠵᠢ ᠡᠮᠬᠢ ᠵᠢᠷᠤᠮ᠎ᠲᠠᠢ᠎ᠪᠠᠷ ᠥᠷᠨᠢᠭᠦᠯᠦᠨ᠎ᠡ᠃ ᠲᠡᠦᠬᠡ ᠰᠣᠶᠣᠯ᠎ᠢ ᠤᠯᠠᠮᠵᠢᠯᠠᠨ ᠬᠠᠮᠠᠭ᠋ᠠᠯᠠᠬᠤ ᠵᠢ ᠴᠢᠩᠭ᠋ᠠᠳᠬᠠᠬᠤ ᠰᠢᠨ᠎ᠡ ᠪᠠᠢ᠌ᠭᠤᠯᠤᠯ ᠲᠣᠭᠲᠠᠴᠠ ᠵᠢ ᠪᠠᠢ᠌ᠭᠤᠯᠵᠤ᠂ ᠬᠤᠳᠠ ᠬᠥᠳᠡᠭᠡ ᠵᠢᠨ ᠲᠡᠦᠬᠡ ᠰᠣᠶᠣᠯ᠎ᠢ ᠬᠠᠮᠠᠭ᠋ᠠᠯᠠᠨ ᠵᠠᠯᠭ᠋ᠠᠮᠵᠢᠯᠠᠬᠤ ᠰᠢᠰᠲ᠋ᠧᠮ᠎ᠢ ᠬᠦᠴᠦᠯᠡᠨ ᠪᠠᠢ᠌ᠭᠤᠯᠤᠨ᠎ᠠ᠃ ᠬᠣᠲᠠ ᠵᠢᠨ ᠪᠦᠲᠦᠭᠡᠨ ᠪᠠᠢ᠌ᠭᠤᠯᠤᠯᠲᠠ ᠵᠢᠨ ᠪᠡᠯᠡ ᠣᠷᠣᠭᠤᠯᠤᠯᠲᠠ ᠪᠡᠯᠡ ᠲᠣᠬᠢᠷᠠᠭᠤᠯᠭ᠎ᠠ ᠵᠢᠨ ᠰᠢᠨ᠎ᠡ ᠵᠠᠭᠪᠤᠷ᠎ᠢ ᠪᠠᠢ᠌ᠭᠤᠯᠵᠤ᠂ ᠪᠡᠯᠡ ᠣᠷᠣᠭᠤᠯᠤᠭᠴᠢ + EPC᠂ ᠣᠷᠣᠨ ᠨᠤᠲᠤᠭ᠎ᠤᠨ ᠤᠯᠤᠰ᠎ᠤᠨ ᠦᠮᠴᠢᠯᠡᠯᠳᠦ ᠠᠵᠤ ᠠᠬᠤᠢ᠌ᠯᠠᠯ + ᠬᠤᠳᠠᠯᠳᠤᠨ ᠠᠪᠬᠤ ᠦᠢ᠍ᠯᠡᠴᠢᠯᠡᠭᠡᠨ᠎ᠤ ᠳᠦᠷᠢᠮ᠂ ᠲᠤᠰᠬᠠᠢ ᠵᠦᠢ᠍ᠯ᠎ᠤᠨ ᠵᠢᠭᠡᠯᠡᠯᠭᠡ + ᠰᠠᠭᠤᠷᠢ ᠲᠥᠬᠦᠭᠡᠷᠦᠮᠵᠢ ᠵᠢᠨ ᠰᠠᠭᠤᠷᠢ ᠮᠥᠩᠭᠥ + ᠪᠠᠩᠬᠢ ᠵᠢᠨ ᠲᠦᠷᠦᠯ ᠵᠦᠢ᠍ᠯ᠎ᠤᠨ ᠵᠢᠭᠡᠯᠡᠯᠭᠡ ᠭᠤᠶᠤᠴᠢᠯᠠᠬᠤ ᠵᠡᠷᠭᠡ ᠠᠷᠭ᠎ᠠ ᠮᠠᠶᠢᠭ᠎ᠢ ᠨᠠᠩ ᠢᠯᠡᠭᠦᠦ ᠬᠡᠷᠡᠭᠯᠡᠨ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠭᠣᠣᠯᠳᠠᠯᠭ᠎ᠠ᠎ᠲᠠᠢ ᠲᠦᠷᠦᠯ ᠵᠦᠢ᠍ᠯ᠎ᠤᠨ ᠪᠦᠲᠦᠭᠡᠨ ᠪᠠᠢ᠌ᠭᠤᠯᠤᠯᠲᠠ ᠵᠢ ᠲᠦᠯᠬᠢᠨ ᠠᠬᠢᠭᠤᠯᠵᠤ᠂ ᠵᠠᠬ᠎ᠠ ᠳᠡᠯᠭᠡᠭᠦᠷᠴᠢᠯᠡᠭᠰᠡᠨ ᠰᠡᠳᠬᠢᠬᠦᠢ᠎ᠪᠠᠷ ᠬᠣᠲᠠ ᠵᠢᠨ ᠡᠵᠡᠩᠨᠡᠯᠳᠡ  ᠥᠭᠡᠷᠡᠴᠢᠯᠡᠯᠲᠡ᠂ ᠰᠢᠨ᠎ᠡ ᠵᠢ ᠡᠭᠦᠳᠬᠦ ᠠᠷᠭ᠎ᠠ ᠵᠠᠮ᠎ᠢ ᠬᠠᠢ᠌ᠨ ᠰᠦᠪᠡᠭᠴᠢᠯᠡᠨ᠎ᠡ᠃ 《ᠨᠢᠭᠡ ᠵᠥᠪᠯᠡᠯ ᠨᠢᠭᠡ ᠠᠯᠪᠠᠨ ᠭᠡᠷ ᠨᠢᠭᠡ ᠲᠠᠪᠴᠠᠩ》᠎ᠢ ᠲᠡᠭᠦᠯᠳᠡᠷᠵᠢᠭᠦᠯᠵᠦ᠂ ᠬᠤᠳᠠ ᠵᠢᠨ ᠬᠠᠮᠢᠶᠠᠷᠤᠯᠲᠠ ᠵᠢ ᠦᠨᠳᠦᠰᠦᠨ ᠱᠠᠲᠤᠨ᠎ᠤ ᠵᠠᠰᠠᠯᠲᠠ᠎ᠳᠤ ᠠᠭᠤᠰᠤᠯᠴᠠᠭᠤᠯᠬᠤ ᠵᠢ ᠲᠦᠯᠬᠢᠨ ᠠᠬᠢᠭᠤᠯᠵᠤ᠂ ᠬᠤᠳᠠ ᠵᠢᠨ ᠬᠠᠮᠢᠶᠠᠷᠤᠯᠲᠠ ᠵᠢᠨ ᠰᠢᠨᠵᠢᠯᠡᠬᠦ ᠤᠬᠠᠭ᠋ᠠᠨᠴᠢᠯᠠᠬᠤ᠂ ᠨᠠᠷᠢᠯᠢᠭᠵᠢᠭᠤᠯᠬᠤ᠂ ᠣᠶᠤᠨᠴᠢᠯᠠᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ ᠬᠤᠳᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠢ᠌ᠭᠤᠯᠤᠯᠲᠠ ᠵᠢ ᠲᠦᠷᠭᠡᠳᠭᠡᠨ ᠠᠬᠢᠭᠤᠯᠤᠨ᠎ᠠ᠃ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠠᠵᠢᠯᠯᠠᠭ᠎ᠠ ᠵᠢ ᠦᠷᠭᠦᠯᠵᠢᠯᠡᠨ ᠠᠬᠢᠭᠤᠯᠵᠤ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢ ᠦᠨᠡᠯᠡᠬᠦ᠂ ᠬᠥᠳᠡᠭᠡ ᠲᠣᠰᠬᠣᠨ᠎ᠤ ᠪᠦᠲᠦᠭᠡᠨ ᠪᠠᠢ᠌ᠭᠤᠯᠤᠯᠲᠠ ᠵᠢᠨ ᠤᠷᠠᠨ ᠳᠠᠷᠬᠠᠨ᠎ᠤ ᠪᠤᠯᠪᠠᠰᠤᠷᠠᠯ ᠪᠠ ᠵᠢᠷᠤᠭ ᠲᠥᠯᠥᠪᠯᠡᠭᠡ ᠵᠢ ᠬᠥᠳᠡᠭᠡ ᠪᠠᠭᠤᠯᠭ᠋ᠠᠬᠤ ᠵᠢ ᠥᠷᠨᠢᠭᠦᠯᠵᠦ᠂ ᠮᠠᠯᠵᠢᠬᠤ ᠲᠠᠷᠢᠶᠠᠯᠠᠬᠤ ᠣᠷᠣᠨ᠎ᠤ ᠨᠤᠷᠠᠬᠤ ᠠᠶᠤᠯᠲᠠᠢ ᠭᠡᠷ ᠪᠠᠢ᠌ᠰᠢᠩ᠎ᠢ ᠰᠢᠨᠡᠳᠬᠡᠨ ᠵᠠᠰᠠᠬᠤ ᠵᠢ ᠦᠷᠭᠦᠯᠵᠢᠯᠡᠨ ᠬᠡᠷᠡᠭᠵᠢᠭᠦᠯᠵᠦ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠠᠵᠢᠯ ᠦᠢ᠍ᠯᠡᠰ ᠪᠤᠰᠬᠠᠬᠤ᠎ᠳᠤ ᠲᠤᠬᠢᠷᠠᠮᠵᠢᠳᠠᠢ ᠦᠵᠡᠰᠬᠦᠯᠡᠩᠲᠦ ᠰᠠᠢ᠌ᠬᠠᠨ ᠬᠥᠳᠡᠭᠡ ᠲᠣᠰᠬᠣᠨ᠎ᠢ ᠴᠢᠷᠮᠠᠢ᠌ᠨ ᠪᠦᠲᠦᠭᠡᠨ ᠪᠠᠢ᠌ᠭᠤᠯᠤᠨ᠎ᠠ᠃

     ᠲᠠᠪᠤ᠎ᠳᠤ᠂  ᠬᠦᠴᠦᠨ ᠵᠶ᠋ᠡᠨ ᠲᠥᠪᠯᠡᠷᠡᠭᠦᠯᠦᠨ  ᠪᠠᠷᠢᠯᠭ᠎ᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ ᠵᠢ  ᠠᠬᠢᠭᠤᠯᠤᠨ᠎ᠠ ᠃ ᠪᠠᠷᠢᠯᠭ᠎ᠠ ᠵᠢᠨ ᠦᠢ᠍ᠯᠡᠰ᠎ᠤᠨ ᠭᠤᠷᠪᠠᠨ ᠵᠢᠯ᠎ᠳᠤ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠎ᠠ ᠵᠢ ᠰᠠᠢ᠌ᠲᠤᠷ ᠬᠢᠵᠦ ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠣᠯᠢᠮᠠᠭ ᠥᠮᠴᠢᠯᠡᠯ᠎ᠤᠨ ᠳᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠠᠬᠢᠭᠤᠯᠵᠤ᠂ 《ᠲᠥᠪ᠎ᠤᠨ ᠠᠵᠤ ᠠᠬᠤᠢ᠌ᠯᠠᠯ᠎ᠨᠢ ᠣᠷᠣᠨ ᠨᠤᠲᠤᠭ᠎ᠤᠨ ᠠᠵᠤ ᠠᠬᠤᠢ᠌ᠯᠠᠯ᠎ᠢ ᠬᠠᠪᠰᠤᠷᠴᠤ᠂ ᠲᠣᠮᠣ ᠠᠵᠤ ᠠᠬᠤᠢ᠌ᠯᠠᠯ᠎ᠨᠢ ᠵᠢᠵᠢᠭ ᠠᠵᠤ ᠠᠬᠤᠢ᠌ᠯᠠᠯ᠎ᠢ ᠳᠠᠢ᠌ᠴᠢᠯᠠᠬᠤ》 ᠠᠵᠢᠯᠯᠠᠭ᠎ᠠ ᠵᠢ ᠥᠷᠨᠢᠭᠦᠯᠵᠦ᠂ ᠪᠠᠷᠢᠯᠭ᠎ᠠ ᠵᠢᠨ ᠠᠵᠤ ᠠᠬᠤᠢ᠌ᠯᠠᠯ᠎ᠤᠨ ᠰᠢᠨ᠎ᠡ ᠮᠡᠷᠭᠡᠵᠢᠯ᠂ ᠰᠢᠨ᠎ᠡ ᠲᠥᠬᠦᠭᠡᠷᠦᠮᠵᠢ ᠵᠢ ᠢᠳᠡᠪᠬᠢᠲᠡᠢ᠎ᠪᠠᠷ ᠬᠡᠷᠡᠭᠯᠡᠬᠦ ᠵᠢ ᠵᠣᠷᠢᠭᠵᠢᠭᠤᠯᠵᠤ᠂ ᠠᠵᠤ ᠦᠢ᠍ᠯᠡᠰ᠎ᠤᠨ ᠪᠥᠭᠡᠮᠨᠡᠷᠡᠯ᠂ ᠠᠵᠤ ᠦᠢ᠍ᠯᠡᠰ᠎ᠤᠨ ᠬᠣᠯᠪᠣᠭ᠎ᠠ ᠵᠢ ᠪᠤᠢ ᠪᠣᠯᠭ᠋ᠠᠵᠤ᠂ ᠠᠵᠤ ᠠᠬᠤᠢ᠌ᠯᠠᠯ᠎ᠤᠨ ᠭᠣᠣᠯᠯᠠᠬᠤ ᠥᠷᠢᠰᠦᠯᠳᠦᠬᠦ ᠬᠦᠴᠦᠨ᠎ᠤ ᠳᠡᠭᠡᠭᠰᠢᠯᠡᠯᠲᠡ ᠵᠢ ᠲᠦᠯᠬᠢᠨ ᠠᠬᠢᠭᠤᠯᠤᠨ᠎ᠠ᠃ ᠥᠪᠥᠷ ᠮᠣᠩᠭᠣᠯ᠎ᠤᠨ ᠪᠠᠷᠢᠯᠭ᠎ᠠ ᠵᠢᠨ ᠠᠵᠤ ᠦᠢ᠍ᠯᠡᠰ᠎ᠤᠨ ᠢᠨᠲ᠋ᠧᠷ ᠰᠦᠯᠵᠢᠶᠡᠨ᠎ᠤ ᠲᠠᠪᠴᠠᠩ᠎ᠤᠨ ᠡᠵᠡᠩᠨᠡᠯᠲᠡ ᠵᠢᠨ ᠬᠡᠯᠪᠡᠷᠢ ᠪᠠᠢ᠌ᠳᠠᠯ᠎ᠢ ᠪᠠᠶᠠᠯᠢᠭᠵᠢᠭᠤᠯᠤᠨ ᠲᠡᠭᠦᠯᠳᠡᠷᠵᠢᠭᠦᠯᠵᠦ᠂ ᠪᠠᠷᠢᠯᠭ᠎ᠠ ᠵᠢᠨ ᠦᠢ᠍ᠯᠡᠰ᠂ ᠪᠠᠷᠢᠯᠭ᠎ᠠ ᠵᠢᠨ ᠮᠠᠲ᠋ᠧᠷᠢᠶᠠᠯ᠎ᠤᠨ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠦᠢ᠍ᠯᠡᠴᠢᠯᠡᠭᠡᠨ᠎ᠤ ᠦᠢ᠍ᠯᠡᠰ ᠵᠡᠷᠭᠡ ᠠᠵᠢᠯ ᠲᠥᠷᠥᠯ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ ᠪᠥᠬᠥ ᠬᠡᠯᠬᠢᠶᠡᠰᠦ᠎ᠪᠠᠷ ᠥᠪᠡᠷ᠎ᠤᠨ ᠥᠷᠲᠡᠭ᠎ᠢ ᠪᠠᠭᠤᠷᠠᠭᠤᠯᠤᠨ ᠦᠷ᠎ᠡ ᠠᠰᠢᠭ᠎ᠢ ᠨᠡᠮᠡᠭᠳᠡᠭᠦᠯᠬᠦ ᠵᠢ ᠪᠡᠶᠡᠯᠡᠭᠦᠯᠦᠨ᠂ ᠲᠠᠪᠴᠠᠩ᠎ᠤᠨ ᠨᠦᠯᠦᠭᠡᠯᠡᠬᠦ ᠬᠦᠴᠦᠨ᠎ᠢ ᠦᠷᠭᠦᠯᠵᠢᠯᠡᠨ ᠲᠡᠭᠡᠭᠰᠢᠯᠡᠭᠦᠯᠦᠨ᠎ᠡ᠃ ᠰᠢᠨ᠎ᠡ ᠬᠡᠯᠪᠡᠷᠢ ᠵᠢᠨ ᠪᠠᠶ᠋ᠢᠭᠤᠯᠬᠤ ᠠᠷᠭ᠎ᠠ ᠮᠠᠶᠢᠭ᠎ᠢ ᠲᠦᠷᠭᠡᠪᠴᠢᠯᠡᠨ ᠬᠤᠪᠢᠷᠠᠭᠤᠯᠵᠤ᠂ ᠤᠶᠤᠨᠴᠢ ᠪᠠᠶ᠋ᠢᠭᠤᠯᠬᠤ᠂ ᠪᠣᠬᠢᠷᠲᠤᠯ ᠦᠭᠡᠢ ᠪᠠᠶ᠋ᠢᠭᠤᠯᠬᠤ᠂ ᠤᠭᠰᠠᠷᠠᠮᠠᠯ ᠮᠠᠶᠢᠭ᠎ᠤᠨ ᠪᠠᠷᠢᠯᠭ᠎ᠠ ᠵᠢ ᠳᠡᠯᠭᠡᠷᠡᠭᠦᠯᠵᠦ᠂ ᠪᠠᠷᠢᠯᠭ᠎ᠠ ᠵᠢᠨ ᠦᠢ᠍ᠯᠡᠰ᠎ᠤᠨ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠵᠢ ᠲᠦᠯᠬᠢᠨ ᠠᠬᠢᠭᠤᠯᠤᠨ᠎ᠠ᠃ ᠪᠥᠬᠥ ᠣᠷᠣᠨ᠎ᠤ ᠰᠢᠨ᠎ᠡ᠎ᠪᠠᠷ ᠪᠠᠢ᠌ᠭᠤᠯᠤᠭᠰᠠᠨ ᠪᠠᠷᠢᠯᠭ᠎ᠠ᠎ᠳᠤ ᠪᠣᠬᠢᠷᠲᠤᠯ ᠦᠭᠡᠢ ᠪᠠᠷᠢᠯᠭ᠎ᠠ ᠵᠢᠨ ᠪᠠᠷᠢᠮᠵᠢᠶ᠎ᠠ᠎ᠶᠢ ᠪᠥᠬᠥ ᠲᠠᠯ᠎ᠠ᠎ᠪᠠᠷ ᠬᠡᠷᠡᠭᠵᠢᠭᠦᠯᠦᠨ᠎ᠡ᠃ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠦᠷᠭᠦᠯᠵᠢᠯᠡᠨ ᠰᠢᠯᠢᠳᠡᠭᠵᠢᠭᠦᠯᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠢ ᠤᠯᠠᠮ ᠨᠢᠭᠡ ᠠᠯᠬᠤᠮ ᠬᠥᠭᠵᠢᠭᠡᠨ᠎ᠡ᠃ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠬᠠᠤᠯᠢ ᠬᠡᠷᠡᠭᠵᠢᠭᠦᠯᠦᠯᠲᠡ ᠵᠢ ᠴᠢᠩᠭ᠋ᠠᠳᠬᠠᠵᠤ᠂ ᠰᠢᠯᠵᠢᠭᠦᠯᠦᠨ ᠳᠠᠭ᠋ᠠᠭ᠋ᠠᠴᠢᠯᠠᠭᠤᠯᠬᠤ᠂ ᠬᠠᠤᠯᠢ᠎ᠠᠴᠠ ᠵᠥᠷᠢᠴᠡᠨ ᠬᠤᠪᠢᠶᠠᠨ ᠳᠠᠭ᠋ᠠᠭ᠋ᠠᠴᠢᠯᠠᠭᠤᠯᠬᠤ ᠵᠡᠷᠭᠡ ᠪᠠᠷᠢᠯᠭ᠎ᠠ ᠵᠢᠨ ᠵᠠᠬ᠎ᠠ ᠳᠡᠯᠭᠡᠭᠦᠷ᠎ᠤᠨ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠪᠠᠷᠢᠯᠭ᠎ᠠ ᠵᠢᠨ ᠠᠵᠤ ᠠᠬᠤᠢ᠌ᠯᠠᠯ᠎ᠤᠨ ᠢᠲᠡᠭᠡᠮᠵᠢ ᠵᠢᠨ ᠦᠨᠡᠯᠡᠯᠲᠡ ᠵᠢᠨ ᠰᠢᠰᠲ᠋ᠧᠮᠵᠢ ᠵᠢ ᠪᠦᠷᠢᠨᠰᠢᠭᠦᠯᠵᠦ᠂ ᠪᠠᠷᠢᠯᠭ᠎ᠠ ᠵᠢᠨ ᠠᠵᠢᠯᠴᠢᠨ᠎ᠤ ᠦᠨᠡᠨ ᠨᠡᠷ᠎ᠡ ᠵᠢᠨ ᠳᠦᠷᠢᠮ᠎ᠢ ᠲᠡᠭᠦᠯᠳᠡᠷᠵᠢᠭᠦᠯᠦᠨ᠂ ᠬᠦᠯᠦᠰᠦᠨ ᠠᠵᠢᠯᠴᠢᠨ᠎ᠤ ᠴᠠᠯᠢᠩ ᠵᠢ ᠪᠠᠲᠤᠯᠠᠨ᠎ᠠ᠃


W020250123330678427651.jpg


     ᠵᠢᠷᠭᠤᠭ᠎ᠠ᠎ᠳᠤ᠂  ᠬᠦᠴᠦ᠎ᠪᠠᠨ ᠲᠥᠪᠯᠡᠷᠡᠭᠦᠯᠦᠨ  ᠠᠮᠤᠷ ᠲᠦᠪᠰᠢᠨ ᠲᠣᠭᠲᠠᠭᠤᠨ᠎ᠤ ᠰᠡᠷᠭᠡᠢ᠌ᠯᠡᠯᠲᠡ ᠵᠢᠨ ᠱᠤᠭᠤᠮ᠎ᠢ  ᠪᠡᠬᠢᠵᠢᠭᠦᠯᠦᠨ᠎ᠡ᠃ ᠬᠣᠲᠠ ᠪᠠᠯᠭ᠋ᠠᠰᠤ ᠵᠢᠨ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠲᠤᠰᠬᠠᠢ ᠵᠦᠢ᠍ᠯ ᠵᠶ᠋ᠡᠷ ᠴᠡᠭᠴᠡᠯᠡᠨ ᠵᠠᠰᠠᠬᠤ᠂ ᠰᠢᠲᠠᠮᠠᠬᠠᠢ ᠬᠡᠢ ᠵᠢᠨ ᠬᠣᠭᠣᠯᠠᠢ ᠵᠢᠨ 《ᠡᠪᠡᠳᠴᠢᠨ᠎ᠲᠠᠢ᠎ᠪᠠᠷ ᠠᠵᠢᠯᠯᠠᠭᠤᠯᠬᠤ》 ᠲᠤᠰᠬᠠᠢ ᠵᠦᠢ᠍ᠯ ᠵᠶ᠋ᠡᠷ ᠵᠠᠰᠠᠬᠤ ᠵᠢ ᠭᠦᠨᠵᠡᠭᠡᠢ ᠥᠷᠨᠢᠭᠦᠯᠵᠦ᠂ ᠰᠢᠲᠠᠮᠠᠬᠠᠢ ᠬᠡᠢ ᠵᠢᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢᠨ ᠳᠠᠯᠳᠠ ᠬᠡᠮ᠎ᠢ ᠬᠥᠳᠡᠯᠦᠩᠭᠦᠢ᠎ᠪᠠᠷ ᠠᠷᠢᠯᠭ᠋ᠠᠬᠤ ᠬᠡᠷᠡᠭᠲᠡᠢ᠃ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠮᠤᠷ ᠲᠦᠪᠰᠢᠨ᠎ᠤ ᠴᠡᠭᠴᠡᠯᠡᠨ ᠵᠠᠰᠠᠯᠲᠠ ᠵᠢ ᠯᠠᠪᠳᠠᠭᠤᠨ ᠵᠶ᠋ᠠᠷ ᠠᠬᠢᠭᠤᠯᠵᠤ᠂ ᠥᠪᠡᠰᠦᠪᠡᠨ ᠪᠠᠷᠢᠭᠰᠠᠨ ᠭᠡᠷ ᠪᠠᠢ᠌ᠰᠢᠩ᠎ᠤᠨ ᠠᠮᠤᠷ ᠲᠦᠪᠰᠢᠨ᠎ᠤ ᠴᠡᠭᠴᠡᠯᠡᠨ ᠵᠠᠰᠠᠯᠲᠠ ᠵᠢ ᠳ᠋ᠦᠩᠨᠡᠵᠦ ᠦᠨᠡᠯᠡᠨ ᠵᠢᠱ᠌ᠢᠬᠦ ᠠᠵᠢᠯ᠎ᠢ ᠪᠡᠶᠡᠯᠡᠭᠦᠯᠦᠨ᠎ᠡ᠃ ᠨᠢᠭᠡᠨᠲᠡ ᠪᠠᠢ᠌ᠭ᠎ᠠ ᠭᠡᠷ ᠪᠠᠢ᠌ᠰᠢᠩ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠬᠣᠲᠠ ᠵᠢᠨ ᠨᠤᠷᠠᠬᠤ ᠠᠶᠤᠯᠲᠠᠢ ᠬᠠᠭᠤᠴᠢᠨ ᠭᠡᠷ ᠪᠠᠢ᠌ᠰᠢᠩ᠎ᠢ ᠥᠭᠡᠷᠡᠴᠢᠯᠡᠬᠦ᠎ᠲᠠᠢ ᠤᠶᠠᠯᠳᠤᠭᠤᠯᠤᠨ᠂ ᠠᠮᠤᠷ ᠲᠦᠪᠰᠢᠨ᠎ᠤ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ᠎ᠪᠠᠷ  ᠭᠡᠷ ᠪᠠᠢ᠌ᠰᠢᠩ᠎ᠤᠨ ᠳᠠᠯᠳᠠ ᠬᠡᠮ᠎ᠢ ᠠᠷᠢᠯᠭ᠋ᠠᠨ᠎ᠠ᠃ ᠪᠠᠷᠢᠯᠭ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠪᠠᠷᠢᠯᠭ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠭᠠᠷ ᠳᠡᠪᠲᠡᠷ᠎ᠢ ᠨᠠᠢ᠌ᠳᠠᠪᠤᠷᠢᠵᠢᠭᠤᠯᠤᠨ᠂ ᠪᠠᠷᠢᠯᠭ᠎ᠠ ᠵᠢᠨ ᠶᠠᠰᠤ ᠴᠢᠨᠠᠷ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢᠨ ᠪᠠᠷᠢᠮᠵᠢᠶᠠᠵᠢᠭᠤᠯᠤᠯᠳᠠ ᠵᠢᠨ ᠠᠵᠢᠯ᠎ᠢ ᠦᠷᠭᠦᠯᠵᠢᠯᠡᠨ ᠠᠬᠢᠭᠤᠯᠤᠨ᠎ᠠ᠃ ᠭᠡᠷ ᠪᠠᠢ᠌ᠰᠢᠩ ᠬᠤᠳᠠ ᠵᠢᠨ ᠶᠠᠪᠤᠳᠠᠯ᠎ᠤᠨ ᠢᠨᠵᠧᠨᠧᠷᠢᠩ᠎ᠤᠨ ᠪᠠᠷᠢᠯᠭ᠎ᠠ ᠵᠢᠨ ᠠᠵᠢᠯ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠬᠦ ᠵᠢ ᠭᠦᠨᠵᠡᠭᠡᠢ᠌ᠷᠡᠭᠦᠯᠵᠦ᠂ ᠬᠦᠨᠳᠦ ᠶᠡᠬᠡ ᠣᠨᠴᠠ ᠶᠡᠬᠡ ᠡ᠊ᠨᠳᠡᠯ ᠭᠠᠷᠬᠤ ᠵᠢ ᠡᠷᠡᠰ ᠬᠤᠷᠢᠭᠯᠠᠨ᠎ᠠ᠃ ᠠᠶᠤᠯ ᠦᠭᠡᠢ ᠦᠢ᠍ᠯᠡᠳᠪᠦᠷᠢᠯᠡᠯ᠎ᠤᠨ ᠬᠢᠨᠠᠯᠲᠠ ᠬᠠᠮᠢᠶᠠᠷᠤᠯᠲᠠ ᠵᠢᠨ ᠲᠣᠭ᠋ᠠᠴᠢᠯᠠᠨ ᠬᠡᠯᠪᠡᠷᠢ ᠬᠤᠪᠢᠷᠠᠭᠤᠯᠬᠤ ᠵᠢ ᠠᠬᠢᠭᠤᠯᠵᠤ᠂ ᠪᠠᠷᠢᠯᠭ᠎ᠠ ᠵᠢᠨ ᠠᠮᠤᠷ ᠲᠦᠪᠰᠢᠨ᠎ᠤ ᠡᠯᠧᠺᠲᠷᠣᠨ ᠦᠨᠡᠮᠯᠡᠯ᠎ᠤᠨ ᠳᠦᠷᠢᠮ᠎ᠢ ᠪᠥᠬᠥ ᠲᠠᠯ᠎ᠠ᠎ᠪᠠᠷ ᠬᠡᠷᠡᠭᠵᠢᠭᠦᠯᠵᠦ᠂ ᠬᠢᠨᠠᠯᠲᠠ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ᠂ ᠪᠠᠷᠢᠮᠵᠢᠶᠠᠵᠢᠭᠤᠯᠤᠯᠲᠠ᠂ ᠵᠢᠷᠦᠮᠵᠢᠯᠲᠡ ᠵᠢᠨ ᠬᠢᠷᠢ ᠲᠦᠪᠰᠢᠨ᠎ᠢ ᠲᠡᠭᠡᠭᠰᠢᠯᠡᠭᠦᠯᠦᠨ᠎ᠡ᠃ ᠭᠠᠯ ᠤᠨᠲᠠᠷᠠᠭ᠋ᠠᠬᠤ ᠵᠢᠷᠤᠭ ᠲᠥᠯᠥᠪᠯᠡᠭᠡ ᠵᠢ ᠬᠢᠨᠠᠨ ᠪᠠᠢ᠌ᠴᠠᠭ᠋ᠠᠵᠤ ᠰᠢᠯᠭ᠋ᠠᠨ ᠠᠪᠬᠤ ᠦᠯᠡᠳᠡᠭᠳᠡᠯ ᠲᠦᠷᠦᠯ ᠵᠦᠢ᠍ᠯ᠎ᠢ ᠴᠡᠭᠴᠡᠯᠡᠨ ᠵᠠᠰᠠᠬᠤ ᠠᠵᠢᠯ᠎ᠢ ᠢᠳᠡᠪᠬᠢᠲᠡᠢ᠎ᠪᠠᠷ ᠲᠦᠯᠬᠢᠨ ᠠᠬᠢᠭᠤᠯᠤᠨ᠎ᠠ᠃ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠬᠦᠷᠢᠶᠡᠨ᠎ᠳᠠᠬᠢ ᠵᠠᠬᠢᠳᠠᠯ ᠰᠣᠷᠪᠤᠯᠵᠢᠯᠠᠭ᠎ᠠ ᠲᠣᠭᠲᠠᠭᠤᠨ ᠪᠠᠢ᠌ᠳᠠᠯ᠎ᠢ ᠬᠠᠮᠠᠭ᠋ᠠᠯᠠᠬᠤ ᠠᠵᠢᠯ᠎ᠢ ᠰᠠᠢ᠌ᠲᠤᠷ ᠬᠢᠵᠦ᠂ ᠰᠢᠨ᠎ᠡ ᠴᠠᠭ ᠦᠶ᠎ᠡ ᠵᠢᠨ 《ᠹᠸᠩᠴᠢᠶᠤᠤ ᠵᠢᠨ ᠲᠤᠷᠰᠢᠯᠭ᠎ᠠ》 ᠵᠢ ᠰᠠᠢ᠌ᠲᠤᠷ ᠬᠡᠷᠡᠭᠯᠡᠨ᠂ ᠡᠬᠢ ᠡᠭᠦᠰᠦᠯ᠎ᠠᠴᠠ᠎ᠨᠢ ᠵᠠᠰᠠᠬᠤ ᠪᠠ ᠲᠦᠭᠰᠢᠭᠦᠷᠢ ᠵᠢ ᠰᠡᠷᠭᠡᠢ᠌ᠯᠡᠨ ᠡᠵᠡᠮᠳᠡᠬᠦ ᠵᠢ ᠴᠢᠩᠭ᠋ᠠᠳᠬᠠᠵᠤ᠂ ᠣᠯᠠᠨ ᠲᠦᠮᠡᠨ᠎ᠤ ᠬᠠᠤᠯᠢ ᠶᠣᠰᠣᠨ᠎ᠤ ᠡᠷᠬᠡ ᠠᠰᠢᠭ ᠪᠠ ᠨᠡᠢ᠌ᠭᠡᠮ᠎ᠤᠨ ᠡᠶ᠎ᠡ ᠵᠣᠬᠢᠴᠠᠯ ᠲᠣᠭᠲᠠᠭᠤᠨ ᠪᠠᠢ᠌ᠳᠠᠯ᠎ᠢ ᠬᠠᠮᠠᠭ᠋ᠠᠯᠠᠨ᠎ᠠ᠃

     ᠲᠤᠯᠤᠭ᠎ᠠ᠎ᠳᠤ᠂  ᠬᠦᠴᠦᠨ ᠵᠶ᠋ᠡᠨ ᠲᠥᠪᠯᠡᠷᠡᠭᠦᠯᠦᠨ 《ᠠᠷᠪᠠᠨ ᠲᠠᠪᠤᠳᠤᠭ᠋ᠠᠷ ᠲᠠᠪᠤᠨ ᠵᠢᠯ》᠎ᠤᠨ  ᠬᠥᠭᠵᠢᠯᠲᠡ ᠵᠢ ᠰᠦᠪᠡᠭᠴᠢᠯᠡᠨ᠎ᠡ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠨᠠᠢ᠌ᠳᠠᠪᠤᠷᠢᠵᠢᠭᠤᠯᠤᠭᠰᠠᠨ ᠪᠠᠢ᠌ᠳᠠᠯ᠎ᠢ ᠪᠦᠬᠦ ᠲᠠᠯ᠎ᠠ᠎ᠪᠠᠷ ᠳ᠋ᠦᠩᠨᠡᠨ ᠦᠨᠡᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠠᠷᠪᠠᠨ ᠲᠠᠪᠤᠳᠤᠭ᠋ᠠᠷ ᠲᠠᠪᠤᠨ ᠵᠢᠯ〉᠎ᠤᠨ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠲᠥᠯᠦᠪᠵᠢᠭᠦᠯᠭᠡ》 ᠵᠢᠴᠢ ᠬᠣᠯᠪᠣᠭᠳᠠᠯ ᠪᠦᠬᠦᠢ ᠲᠤᠰᠬᠠᠢ ᠲᠥᠷᠥᠯ᠎ᠤᠨ ᠲᠥᠯᠦᠪᠵᠢᠭᠦᠯᠭᠡ ᠵᠢ ᠨᠠᠢ᠌ᠷᠠᠭᠤᠯᠤᠨ ᠵᠣᠬᠢᠶᠠᠬᠤ ᠡᠮᠦᠨᠡᠬᠢ ᠬᠤᠭᠤᠴᠠᠭ᠋ᠠᠨ᠎ᠤ ᠠᠵᠢᠯ᠎ᠢ ᠴᠢᠨᠠᠷ ᠰᠠᠢ᠌ᠲᠠᠢ ᠥᠷᠨᠢᠭᠦᠯᠵᠦ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠦᠪᠵᠢᠭᠦᠯᠭᠡ ᠵᠢᠨ ᠨᠢᠭᠡ ᠪᠦᠯᠦᠭ ᠴᠢᠬᠤᠯᠠ ᠶᠡᠬᠡ ᠲᠥᠷᠥᠯ ᠵᠦᠢ᠍ᠯ᠎ᠢ ᠭᠦᠨᠵᠡᠭᠡᠢ ᠰᠦᠪᠡᠭᠴᠢᠯᠡᠨ ᠬᠡᠷᠡᠭᠵᠢᠭᠦᠯᠵᠦ᠂ ᠢᠳᠡᠪᠬᠢᠲᠡᠢ᠎ᠪᠠᠷ ᠪᠡᠯᠡ ᠮᠥᠩᠭᠥ ᠲᠡᠮᠡᠴᠡᠨ ᠤᠯᠵᠦ ᠲᠥᠷᠥᠯ ᠵᠦᠢ᠍ᠯ ᠲᠣᠭᠲᠠᠭ᠋ᠠᠵᠤ᠂ ᠨᠠᠩ ᠣᠯᠠᠨ ᠰᠢᠨ᠎ᠡ ᠲᠥᠷᠥᠯ ᠵᠦᠢ᠍ᠯ᠂ ᠲᠣᠮᠣ ᠲᠥᠷᠥᠯ ᠵᠦᠢ᠍ᠯ᠂ ᠰᠠᠢ᠌ᠨ ᠲᠥᠷᠥᠯ ᠵᠦᠢ᠍ᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ 《ᠲᠣᠮᠣ ᠲᠥᠷᠥᠯ ᠵᠦᠢ᠍ᠯ》᠎ᠳᠤ ᠣᠷᠣᠭᠤᠯᠬᠤ᠎ᠪᠠᠷ ᠴᠢᠷᠮᠠᠢ᠌ᠵᠤ᠂ ᠴᠢᠬᠤᠯᠠ ᠶᠡᠬᠡ ᠲᠥᠷᠥᠯ ᠵᠦᠢ᠍ᠯ᠎ᠤᠨ ᠲᠤᠯᠭ᠋ᠠᠭᠤᠷᠢᠯᠠᠬᠤ ᠴᠢᠨᠠᠷ᠂ ᠲᠠᠭ᠋ᠠᠭᠤᠯᠬᠤ ᠴᠢᠨᠠᠷ᠂ ᠰᠡᠳᠡᠯᠳᠡ ᠵᠢᠨ ᠴᠢᠨᠠᠷ᠎ᠤᠨ ᠦᠢ᠍ᠯᠡᠳᠦᠯ᠎ᠢ ᠰᠠᠢ᠌ᠲᠤᠷ ᠪᠠᠳᠠᠷᠠᠭᠤᠯᠤᠨ᠎ᠠ᠃

     ᠨᠠᠢ᠍ᠮᠠ᠎ᠳᠤ᠂  ᠬᠦᠴᠦᠨ ᠵᠶ᠋ᠡᠨ ᠲᠥᠪᠯᠡᠷᠡᠭᠦᠯᠦᠨ  ᠲᠤᠰ ᠪᠡᠶ᠎ᠡ ᠵᠢᠨ ᠪᠠᠢ᠌ᠭᠤᠯᠤᠯᠲᠠ ᠵᠢ  ᠴᠢᠩᠭ᠋ᠠᠳᠬᠠᠨ᠎ᠠ᠃ ᠤᠯᠤᠰ ᠲᠦᠷᠦ ᠵᠢᠨ ᠪᠠᠢ᠌ᠭᠤᠯᠤᠯᠲᠠ ᠵᠢ ᠲᠡᠷᠢᠭᠦᠨ ᠪᠠᠢ᠌ᠷᠢᠨ᠎ᠳᠤ ᠲᠠᠯᠪᠢᠬᠤ ᠵᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠭᠤᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠣᠶᠠᠷ᠎ᠢ ᠲᠤᠭᠳᠠᠭ᠋ᠠᠭᠰᠠᠨ》᠎ᠢ ᠦᠨᠡᠨᠴᠢ᠎ᠪᠠᠷ ᠬᠦᠷᠢᠶᠡᠯᠡᠵᠦ᠂ 《ᠬᠣᠶᠠᠷ᠎ᠢ ᠬᠦᠷᠢᠶᠡᠯᠡᠬᠦ》 ᠵᠢ ᠡᠷᠡᠰ ᠪᠡᠶᠡᠯᠡᠭᠦᠯᠦᠨ᠎ᠡ᠃ ᠰᠤᠷᠲᠠᠯ᠎ᠢ ᠲᠥᠪ ᠪᠣᠯᠭ᠋ᠠᠨ ᠰᠠᠬᠢᠯᠭ᠎ᠠ ᠪᠠᠲᠤ ᠵᠢ ᠴᠢᠩᠳᠠᠯᠠᠵᠤ ᠢᠯᠵᠠᠷᠠᠯ᠎ᠢ ᠡᠰᠡᠷᠭᠦᠴᠡᠬᠦ ᠵᠢ ᠢᠮᠠᠭᠳᠠ ᠪᠠᠷᠢᠮᠲᠠᠯᠠᠵᠤ᠂ ᠲᠥᠪ ᠬᠣᠷᠢᠶᠠᠨ᠎ᠤ ᠨᠠᠢ᠍ᠮᠠᠨ ᠵᠦᠢ᠍ᠯ᠎ᠤᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠵᠢ  ᠬᠡᠪ ᠵᠠᠩᠰᠢᠯ ᠪᠣᠯᠭ᠋ᠠᠵᠤ᠂ ᠤᠷᠳᠤ ᠬᠤᠭᠤᠴᠠᠭ᠎ᠠ᠎ᠪᠠᠷ ᠠᠷᠪᠢᠯᠠᠨ ᠭᠠᠮᠨᠠᠬᠤ ᠦᠵᠡᠯ ᠰᠠᠨᠠᠭ᠎ᠠ ᠵᠢ ᠪᠠᠷᠢᠮᠲᠠᠯᠠᠨ᠎ᠠ᠃ ᠡᠷᠬᠡ ᠵᠢᠨ ᠠᠵᠢᠯᠯᠠᠭ᠋ᠠᠨ᠎ᠢ ᠤᠯᠠᠮ ᠨᠢᠭᠡ ᠠᠯᠬᠤᠮ ᠵᠢᠷᠤᠮᠵᠢᠭᠤᠯᠵᠤ᠂ ᠳᠠᠭ᠋ᠠᠭ᠋ᠠᠴᠢᠯᠠᠯᠲᠠ ᠵᠠᠷᠯᠠᠬᠤ ᠳᠠᠭ᠋ᠠᠭ᠋ᠠᠴᠢᠯᠠᠯᠲᠠ ᠬᠦᠯᠢᠶᠡᠬᠦ᠂ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ ᠵᠡᠷᠭᠡ ᠦᠢᠯᠡ ᠠᠵᠢᠯᠯᠠᠭ᠎ᠠ ᠵᠢ ᠭᠣᠣᠯᠳᠠᠯᠭ᠎ᠠ᠎ᠲᠠᠢ ᠵᠢᠷᠤᠮᠵᠢᠭᠤᠯᠵᠤ᠂ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠠᠷᠠᠯ᠎ᠤᠨ ᠠᠰᠠᠭᠤᠳᠠᠯ᠎ᠢ ᠪᠠᠢ᠌ᠩᠭᠤᠵᠢᠭᠤᠯᠤᠨ ᠴᠡᠭᠴᠡᠯᠡᠨ ᠵᠠᠰᠠᠵᠤ᠂ ᠬᠡᠯᠪᠡᠷᠢ ᠵᠢᠨ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ ᠠᠵᠢᠯ᠎ᠢ ᠦᠷᠭᠦᠯᠵᠢᠯᠡᠨ ᠰᠠᠢ᠌ᠲᠤᠷ ᠬᠢᠨ᠎ᠡ᠃ ᠺᠠᠳ᠋ᠷ᠎ᠤᠨ ᠡᠩᠨᠡᠭᠡᠨ᠎ᠤ ᠪᠠᠢ᠌ᠭᠤᠯᠤᠯᠲᠠ ᠵᠢ ᠶᠡᠬᠡᠪᠡᠷ ᠴᠢᠩᠭ᠋ᠠᠳᠬᠠᠵᠤ᠂ ᠺᠠᠳ᠋ᠷ᠎ᠢ ᠬᠥᠮᠥᠵᠢᠭᠦᠯᠬᠦ ᠡᠷᠴᠢᠮ᠎ᠢ ᠴᠢᠩᠭ᠋ᠠᠷᠠᠭᠤᠯᠵᠤ᠂ ᠠᠵᠢᠯ ᠲᠦᠷᠦᠯ᠎ᠤᠨ ᠴᠢᠳᠠᠪᠤᠷᠢᠲᠠᠨ᠎ᠤ ᠬᠥᠭᠵᠢᠯᠲᠡ ᠵᠢ ᠴᠢᠩᠭ᠋ᠠᠳᠬᠠᠵᠤ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠵᠣᠬᠢᠴᠠᠭᠰᠠᠨ ᠴᠢᠳᠠᠪᠤᠷᠢᠲᠠᠨ᠎ᠤ ᠡᠩᠨᠡᠭᠡ ᠵᠢ ᠪᠠᠢ᠌ᠭᠤᠯᠤᠨ᠎ᠠ᠃ ᠠᠵᠤ ᠠᠬᠤᠢ᠌ᠯᠠᠯ᠎ᠢ ᠬᠠᠪᠰᠤᠷᠤᠨ ᠲᠡᠳᠬᠦᠬᠦ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠵᠢ ᠴᠢᠩᠭ᠋ᠠᠷᠠᠭᠤᠯᠤᠨ᠂ ᠬᠦᠴᠢᠷᠳᠡᠯ᠎ᠢ ᠰᠢᠢ᠍ᠳᠪᠦᠷᠢᠯᠡᠬᠦ ᠡᠷᠴᠢᠮ᠎ᠢ ᠴᠢᠩᠭ᠋ᠠᠷᠠᠭᠤᠯᠵᠤ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ ᠪᠠ ᠬᠥᠭᠵᠢᠯᠲᠡ ᠵᠢᠨ ᠳᠣᠲᠣᠭ᠋ᠠᠳᠤ  ᠬᠥᠳᠡᠯᠭᠡᠬᠦ ᠬᠦᠴᠦᠨ᠎ᠢ ᠤᠯᠠᠮ ᠨᠢᠭᠡ ᠠᠯᠬᠤᠮ ᠬᠥᠭᠵᠢᠭᠡᠨ᠎ᠡ᠃ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠬᠢᠨᠠᠨ ᠵᠥᠪᠰᠢᠶᠡᠷᠡᠯ᠎ᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠳᠥᠭᠥᠮᠴᠢᠯᠡᠬᠦ ᠵᠢ ᠦᠷᠭᠦᠯᠵᠢᠯᠡᠨ ᠠᠬᠢᠭᠤᠯᠵᠤ᠂ ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠤᠨ ᠡᠯᠧᠺᠲᠷᠣᠨ ᠦᠨᠡᠮᠯᠡᠯ᠎ᠢ ᠪᠥᠬᠥ ᠲᠠᠯ᠎ᠠ᠎ᠪᠠᠷ ᠬᠡᠷᠡᠭᠵᠢᠭᠦᠯᠦᠨ᠂ ᠠᠵᠤ ᠠᠬᠤᠢ᠌ᠯᠠᠯ᠎ᠤᠨ ᠠᠵᠢᠯ ᠶᠠᠪᠤᠳᠠᠯ ᠭᠦᠢ᠍ᠴᠡᠳᠬᠡᠬᠦ᠎ᠳᠤ ᠲᠥᠬᠥᠮ ᠦᠵᠡᠭᠦᠯᠬᠦ ᠬᠡᠮᠵᠢᠶ᠎ᠡ ᠵᠢ ᠳᠡᠭᠡᠭᠰᠢᠯᠡᠭᠦᠯᠦᠨ᠎ᠡ᠃ ᠬᠠᠰᠤᠵᠤ ᠪᠣᠯᠬᠤ ᠵᠢ᠎ᠨᠢ ᠬᠠᠰᠤᠬᠤ᠂ ᠪᠠᠭᠤᠯᠭ᠋ᠠᠬᠤ ᠶᠣᠰᠣᠲᠠᠢ ᠵᠢ᠎ᠨᠢ ᠪᠠᠭᠤᠯᠭ᠋ᠠᠬᠤ ᠵᠢ ᠪᠠᠷᠢᠮᠲᠠᠯᠠᠵᠤ᠂ ᠵᠠᠰᠠᠭ ᠵᠠᠬᠢᠷᠭ᠋ᠠᠨ᠎ᠤ ᠬᠢᠨᠠᠨ ᠵᠦᠪᠰᠢᠶᠡᠷᠡᠯ᠎ᠤᠨ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠦᠨ᠂ ᠬᠢᠨᠠᠨ ᠵᠦᠪᠰᠢᠶᠡᠷᠡᠯ᠎ᠤᠨ ᠦᠢ᠍ᠯᠡᠴᠢᠯᠡᠭᠡ ᠵᠢ 《ᠴᠠᠭ᠋ᠠᠰᠤ ᠬᠡᠷᠡᠭᠯᠡᠬᠦ ᠦᠭᠡᠢ᠂ ᠰᠦᠯᠵᠢᠶ᠎ᠡ᠎ᠪᠠᠷ ᠭᠦᠢ᠍ᠴᠡᠳᠬᠡᠬᠦ᠂  ᠭᠦᠶᠦᠯᠭᠡᠬᠦ ᠦᠭᠡᠢ 》 ᠵᠢ ᠪᠦᠬᠦ ᠲᠠᠯ᠎ᠠ᠎ᠪᠠᠷ ᠲᠦᠯᠬᠢᠨ ᠠᠬᠢᠭᠤᠯᠤᠨ᠎ᠠ᠃

     ᠬᠤᠷᠠᠯ᠎ᠳᠤ᠂ ᠬᠥᠬᠡᠬᠣᠲᠠ᠂ ᠬᠥᠯᠥᠨ ᠪᠤᠢ᠍ᠢ᠍ᠷ᠂ ᠲᠦᠩᠯᠢᠶᠣᠣ᠂ ᠤᠯᠠᠭ᠋ᠠᠨᠬᠠᠳᠠ᠂ ᠪᠠᠶᠠᠨᠨᠠᠭᠤᠷ᠂ ᠣᠷᠳᠣᠰ ᠵᠡᠷᠭᠡ 6 ᠠᠢ᠌ᠮᠠᠭ ᠬᠤᠳᠠ ᠵᠢᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠪᠣᠯᠣᠨ ᠪᠤᠭᠤᠲᠤ ᠬᠤᠳᠠ ᠵᠢᠨ ᠬᠤᠳᠠ ᠵᠢᠨ ᠬᠠᠮᠢᠶᠠᠷᠤᠯᠲᠠ ᠵᠢᠨ ᠲᠣᠪᠴᠢᠶ᠎ᠠ ᠲᠤᠷᠰᠢᠯᠭ᠎ᠠ᠎ᠪᠠᠨ ᠰᠣᠯᠢᠯᠴᠠᠪᠠ᠃

ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠤᠳᠤᠷᠢᠳᠬᠤ  ᠪᠠᠭ᠎ᠤᠨ ᠪᠦᠷᠢᠯᠳᠦᠭᠦᠨ᠂ ᠲᠢᠩᠬᠢᠮ ᠪᠠᠢ᠌ᠭᠤᠯᠭ᠎ᠠ ᠵᠢᠨ ᠪᠦᠬᠦ ᠠᠵᠢᠯᠲᠠᠨ᠂ ᠰᠢᠭᠤᠳ ᠬᠠᠷᠢᠶ᠎ᠠ ᠨᠢᠭᠡᠴᠢ ᠵᠢᠨ  ᠤᠳᠤᠷᠢᠳᠬᠤ ᠪᠠᠭ᠎ᠤᠨ ᠪᠦᠷᠢᠯᠳᠦᠭᠦᠨ᠂ ᠡᠯ᠎ᠡ ᠠᠢ᠌ᠮᠠᠭ ᠬᠤᠳᠠ ᠵᠢᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠂ ᠬᠥᠬᠡᠬᠣᠲᠠ᠂ ᠪᠤᠭᠤᠲᠤ ᠬᠤᠳᠠ ᠵᠢᠨ ᠬᠤᠳᠠ ᠵᠢᠨ ᠬᠠᠮᠢᠶᠠᠷᠤᠯᠲᠠ ᠵᠢᠨ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠂ ᠮᠠᠨᠵᠤᠤᠷ ᠬᠤᠳᠠ᠂ ᠡᠷᠢᠶᠡᠨ ᠬᠤᠳᠠ ᠵᠢᠨ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠣᠪᠴᠢᠶ᠎ᠠ᠂ ᠬᠤᠳᠠ ᠵᠢᠨ ᠬᠠᠮᠢᠶᠠᠷᠤᠯᠲᠠ ᠵᠢᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠬᠦ ᠲᠣᠪᠴᠢᠶ᠎ᠠ ᠵᠢᠨ ᠭᠣᠣᠯ ᠬᠠᠷᠢᠭᠤᠴᠠᠯᠭ᠋ᠠᠲᠠᠨ᠂ ᠬᠡᠰᠡᠭ ᠠᠢ᠌ᠮᠠᠭ ᠬᠤᠳᠠ ᠵᠢᠨ ᠴᠡᠴᠡᠷᠯᠢᠭ᠂ ᠣᠷᠣᠨ ᠰᠠᠭᠤᠴᠠ ᠵᠢᠨ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠨ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠭᠡᠷ