3 ᠳ᠋ᠤᠭ᠋ᠠᠷ ᠰᠠᠷ᠎ᠠ ᠵᠢᠨ 17᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ) ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠥᠬᠦ ᠤᠯᠤᠰ᠎ᠤᠨ ᠬᠤᠶᠠᠷ ᠬᠤᠷᠠᠯ᠎ᠤᠨ ᠬᠤᠭᠤᠴᠠᠭ᠋ᠠᠨ᠎ᠳᠠᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠠ ᠪᠥᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ᠎ᠢ ᠡᠷᠭᠢᠯᠡᠪᠡ᠃
ᠬᠤᠷᠠᠯ᠎ᠠᠴᠠ᠂ ᠪᠦᠬᠦ ᠤᠯᠤᠰ᠎ᠤᠨ ᠬᠤᠶᠠᠷ ᠬᠤᠷᠠᠯ᠎ᠤᠨ ᠵᠣᠷᠢᠭ ᠰᠠᠨᠠᠭ᠎ᠠ ᠢᠯᠠᠩᠭᠤᠶ᠎ᠠ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠨᠢᠭᠡᠨ ᠴᠢᠬᠤᠯᠠ ᠤᠯᠤᠰ ᠲᠦᠷᠦ ᠵᠢᠨ ᠡᠭᠦᠷᠭᠡ ᠪᠣᠯᠭ᠋ᠠᠵᠤ᠂ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠠᠯᠠᠭᠤᠨ ᠥᠷᠨᠢᠯᠲᠡ ᠵᠢ ᠦᠳᠲᠡᠷ ᠲᠦᠷᠭᠡᠨ ᠪᠤᠢ ᠪᠣᠯᠭ᠋ᠠᠵᠤ᠂ ᠭᠦᠨᠵᠡᠭᠡᠢ ᠰᠤᠷᠤᠯᠴᠠᠨ ᠨᠠᠷᠢᠨ ᠣᠶ᠋ᠢᠯᠠᠭ᠋ᠠᠵᠤ ᠯᠠᠪᠳᠠᠭᠤᠨ ᠪᠠᠲᠤᠲᠠᠢ ᠬᠡᠷᠡᠭᠵᠢᠭᠦᠯᠵᠦ᠂ ᠤᠯᠤᠰ᠎ᠤᠨ ᠪᠠᠶ᠋ᠢᠯᠳᠤᠬᠤ ᠪᠤᠳᠤᠯᠭ᠎ᠠ ᠵᠢ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠬᠦᠷᠢᠶᠡᠨ᠎ᠳᠤ ᠪᠣᠳᠠᠲᠠᠢ᠎ᠳᠤ ᠨᠠᠶ᠋ᠢᠳᠠᠪᠤᠷᠢᠵᠢᠭᠤᠯᠵᠤ᠂ ᠪᠣᠳᠠᠲᠤ ᠦᠷ᠎ᠡ ᠪᠦᠲᠦᠮᠵᠢ ᠤᠯᠬᠤ ᠵᠢ ᠪᠠᠲᠤᠯᠠᠬᠤ ᠬᠡᠷᠡᠭᠲᠡᠢ᠃ ᠬᠥᠭᠵᠢᠯᠲᠡ ᠵᠢᠨ ᠠᠷᠭ᠎ᠠ ᠪᠤᠳᠤᠯᠭ᠎ᠠ ᠵᠢ ᠭᠦᠨᠵᠡᠭᠡᠢ ᠰᠦᠪᠡᠭᠴᠢᠯᠡᠵᠦ᠂ ᠲᠦᠷᠦ ᠵᠢᠨ ᠪᠤᠳᠤᠯᠭ᠎ᠠ ᠵᠢᠨ ᠬᠠᠨᠳᠤᠰᠢ᠎ᠳᠤ ᠠᠩᠬᠠᠷᠤᠯ ᠵᠶ᠋ᠠᠨ ᠲᠥᠪᠯᠡᠷᠡᠭᠦᠯᠦᠨ ᠦᠷᠭᠦᠯᠵᠢᠯᠡᠨ ᠬᠦᠴᠦᠯᠡᠵᠦ᠂ ᠤᠯᠤᠰ᠎ᠤᠨ ᠲᠦᠷᠦ ᠵᠢᠨ ᠪᠤᠳᠤᠯᠭ᠎ᠠ ᠵᠢᠨ ᠪᠡᠯᠡ ᠣᠷᠣᠭᠤᠯᠤᠯᠲᠠ ᠵᠢᠨ ᠬᠠᠨᠳᠤᠰᠢ ᠵᠢ ᠴᠢᠩᠭ᠎ᠠ ᠠᠩᠬᠠᠷᠴᠤ᠂ ᠤᠯᠤᠯᠴᠠᠭ᠎ᠠ ᠵᠣᠯᠭ᠋ᠠᠯᠴᠠᠭ᠎ᠠ᠎ᠪᠠᠨ ᠴᠢᠩᠭ᠋ᠠᠳᠬᠠᠵᠤ᠂ ᠣᠷᠣᠨ ᠰᠠᠭᠤᠴᠠ ᠵᠢᠨ ᠪᠠᠲᠤᠯᠠᠭ᠎ᠠ᠂ ᠬᠤᠳᠠ ᠵᠢᠨ ᠰᠢᠨᠡᠴᠢᠯᠡᠯᠲᠡ᠂ ᠬᠠᠭᠤᠴᠢᠨ ᠰᠠᠭᠤᠭ᠋ᠠᠯᠢ ᠠᠷᠠᠳ᠎ᠤᠨ ᠲᠣᠭᠤᠷᠢᠭ᠎ᠢ ᠥᠭᠡᠷᠡᠴᠢᠯᠡᠬᠦ᠂ ᠬᠤᠳᠠ ᠵᠢᠨ ᠳᠤᠮᠳᠠᠬᠢ ᠲᠣᠰᠬᠤᠨ ᠪᠣᠯᠤᠨ ᠨᠤᠷᠠᠬᠤ ᠠᠶᠤᠯᠲᠠᠢ ᠬᠠᠭᠤᠴᠢᠨ ᠭᠡᠷ ᠪᠠᠶ᠋ᠢᠰᠢᠩ᠎ᠢ ᠥᠭᠡᠷᠡᠴᠢᠯᠡᠨ ᠵᠠᠰᠠᠬᠤ ᠵᠡᠷᠭᠡ ᠭᠤᠣᠯᠳᠠᠯᠭ᠎ᠠ᠎ᠲᠠᠢ ᠬᠦᠷᠢᠶᠡᠨ᠎ᠳᠤ ᠨᠡᠩ ᠤᠯᠠᠨ ᠳᠡᠮᠵᠢᠯᠭᠡ ᠦᠵᠡᠭᠦᠯᠵᠦ᠂ ᠪᠣᠳᠠᠲᠠᠢ ᠠᠬᠢᠴᠠ᠎ᠲᠠᠢ ᠪᠣᠯᠭ᠋ᠠᠬᠤ᠎ᠪᠠᠷ ᠴᠢᠷᠮᠠᠶ᠋ᠢᠬᠤ ᠬᠡᠷᠡᠭᠲᠡᠢ᠃ ᠲᠦᠷᠦ ᠵᠢᠨ ᠪᠤᠳᠤᠯᠭ᠎ᠠ ᠵᠢᠨ ᠪᠠᠭ᠋ᠠᠵᠢ ᠵᠢ ᠰᠠᠶ᠋ᠢᠲᠤᠷ ᠬᠡᠷᠡᠭᠯᠡᠵᠦ᠂ ᠲᠠᠸᠠᠷ᠎ᠤᠨ ᠭᠡᠷ ᠪᠠᠶ᠋ᠢᠰᠢᠩ᠎ᠤᠨ ᠪᠦᠳᠦᠭᠡᠨ ᠪᠠᠶ᠋ᠢᠭᠤᠯᠤᠯᠲᠠ ᠵᠢᠨ ᠨᠡᠮᠡᠭᠳᠡᠯ᠎ᠤᠨ ᠬᠡᠮᠵᠢᠶ᠎ᠡ ᠵᠢ ᠬᠢᠵᠠᠭ᠋ᠠᠷᠯᠠᠬᠤ᠂ ᠬᠠᠳᠠᠭ᠋ᠠᠯᠠᠯᠲᠠ ᠵᠢᠨ ᠬᠡᠮᠵᠢᠶ᠎ᠡ ᠵᠢ ᠰᠢᠯᠢᠳᠡᠭᠵᠢᠭᠦᠯᠬᠦ᠂ ᠶᠠᠰᠤ ᠴᠢᠨᠠᠷ᠎ᠢ ᠳᠡᠭᠡᠭᠰᠢᠯᠡᠭᠦᠯᠬᠦ ᠵᠢ ᠠᠬᠢᠭᠤᠯᠵᠤ᠂ 《ᠰᠠᠶ᠋ᠢᠨ ᠭᠡᠷ ᠪᠠᠶ᠋ᠢᠰᠢᠩ》᠎ᠤᠨ ᠪᠦᠳᠦᠭᠡᠨ ᠪᠠᠶ᠋ᠢᠭᠤᠯᠤᠯᠲᠠ ᠵᠢ ᠰᠢᠰᠲ᠋ᠧᠮ᠎ᠲᠠᠢ ᠲᠥᠯᠥᠪᠵᠢᠭᠦᠯᠦᠨ ᠠᠬᠢᠭᠤᠯᠵᠤ᠂ ᠲᠦᠷᠦ ᠵᠢᠨ ᠪᠤᠳᠤᠯᠭ᠎ᠠ ᠵᠢᠨ 《ᠬᠠᠮ ᠠᠷᠭ᠎ᠠ》 ᠵᠢ ᠰᠠᠶ᠋ᠢᠲᠤᠷ ᠬᠡᠷᠡᠭᠵᠢᠭᠦᠯᠬᠦ ᠬᠡᠷᠡᠭᠲᠡᠢ᠃ 《ᠪᠠᠳᠤᠯᠠᠭ᠋ᠠᠳᠤ ᠭᠡᠷ ᠪᠠᠶ᠋ᠢᠰᠢᠩ》᠂ 《ᠪᠠᠳᠤᠯᠠᠭ᠋ᠠᠳᠤ ᠲᠤᠰᠢᠶᠠᠬᠤ ᠠᠰᠠᠷ》᠂ ᠭᠡᠷ ᠪᠠᠶ᠋ᠢᠰᠢᠩ ᠭᠠᠵᠠᠷ ᠬᠦᠷᠦᠩᠭᠡ ᠵᠢᠨ 《ᠬᠤᠶᠠᠷ ᠬᠦᠴᠢᠷ》 ᠠᠰᠠᠭᠤᠳᠠᠯ᠎ᠢ ᠰᠢᠢ᠍ᠳᠪᠦᠷᠢᠯᠡᠬᠦ ᠪᠣᠭᠤᠮᠲᠠ ᠰᠢᠪᠲᠤᠯᠬᠤ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ 《ᠴᠠᠭ᠋ᠠᠨ ᠨᠡᠷᠡᠰ᠎ᠤᠨ ᠵᠢᠭᠰᠠᠭ᠋ᠠᠯᠲᠠ》 ᠵᠢᠨ ᠲᠦᠷᠦᠯ ᠵᠦᠢ᠍ᠯ᠎ᠤᠨ ᠬᠠᠮᠤᠷᠬᠤ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠭᠡᠷ ᠪᠠᠶ᠋ᠢᠰᠢᠩ ᠭᠠᠵᠠᠷ ᠬᠦᠷᠦᠩᠭᠡ ᠵᠢᠨ ᠵᠠᠬ᠎ᠠ ᠳᠡᠯᠭᠡᠭᠦᠷ᠎ᠤᠨ ᠠᠶᠤᠯ ᠲᠦᠭᠰᠢᠭᠦᠷᠢ ᠵᠢ ᠡᠷᠡᠰ ᠰᠡᠷᠭᠡᠶ᠋ᠢᠯᠡᠨ ᠠᠷᠢᠯᠭ᠋ᠠᠬᠤ ᠬᠡᠷᠡᠭᠲᠡᠢ᠃ ᠬᠤᠳᠠ ᠵᠢᠨ ᠰᠢᠨᠡᠴᠢᠯᠡᠯᠲᠡ ᠵᠢ ᠶᠡᠬᠡᠪᠡᠷ ᠬᠡᠷᠡᠭᠵᠢᠭᠦᠯᠵᠦ᠂ ᠨᠢᠭᠡ ᠪᠦᠯᠦᠭ ᠠᠷᠠᠳ᠎ᠤᠨ ᠠᠮᠢᠳᠤᠷᠠᠯ᠎ᠤᠨ ᠲᠦᠷᠦᠯ᠂ ᠬᠥᠭᠵᠢᠯᠲᠡ ᠵᠢᠨ ᠲᠦᠷᠦᠯ᠂ ᠠᠮᠤᠷ ᠲᠦᠪᠰᠢᠨ᠎ᠤ ᠲᠦᠷᠦᠯ᠎ᠤᠨ ᠰᠢᠨᠡᠴᠢᠯᠡᠯᠳᠡ ᠵᠢᠨ ᠲᠦᠷᠦᠯ ᠵᠦᠢ᠍ᠯ᠎ᠢ ᠲᠥᠯᠥᠪᠵᠢᠭᠦᠯᠦᠨ ᠬᠡᠷᠡᠭᠵᠢᠭᠦᠯᠵᠦ᠂ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠪᠡᠯᠡ ᠮᠥᠩᠭᠦ ᠵᠢᠨ ᠡᠯᠧᠮᠧᠨ᠋ᠲ᠎ᠤᠨ ᠲᠤᠯᠭ᠋ᠠᠭᠤᠷᠢᠯᠠᠯ ᠪᠣᠯᠤᠨ ᠦᠢ᠍ᠯᠡᠴᠢᠯᠡᠭᠡᠨ᠎ᠤ ᠪᠠᠲᠤᠯᠠᠭ᠎ᠠ ᠵᠢ ᠰᠠᠶ᠋ᠢᠲᠤᠷ ᠬᠢᠵᠦ᠂ ᠰᠢᠨ᠎ᠡ᠎ᠪᠠᠷ ᠪᠠᠶ᠋ᠢᠭᠤᠯᠬᠤ ᠲᠦᠷᠦᠯ ᠵᠦᠢ᠍ᠯ᠎ᠤᠨ ᠲᠦᠷᠭᠡᠨ ᠠᠵᠢᠯ ᠡᠬᠢᠯᠡᠬᠦ᠂ ᠪᠠᠶ᠋ᠢᠭᠤᠯᠵᠤ ᠪᠠᠶ᠋ᠢᠭ᠎ᠠ ᠲᠦᠷᠦᠯ ᠵᠦᠢ᠍ᠯ᠎ᠤᠨ ᠨᠡᠩ ᠤᠯᠠᠨ ᠪᠣᠳᠠᠲᠤ ᠠᠵᠢᠯ᠎ᠤᠨ ᠬᠡᠮᠵᠢᠶ᠎ᠡ ᠵᠢ ᠪᠦᠷᠢᠯᠳᠦᠭᠦᠯᠬᠦ ᠵᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃

ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠪᠠᠶᠠᠯᠢᠭ ᠠᠭᠤᠯᠤᠭᠳᠠᠬᠤᠨ᠂ ᠭᠤᠣᠯ ᠴᠢᠮᠥᠭᠡ ᠴᠢᠬᠤᠯᠠ ᠠᠭᠤᠯᠭ᠎ᠠ ᠪᠣᠯᠤᠨ ᠦᠢ᠍ᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠢ ᠣᠶ᠋ᠢᠯᠠᠭ᠋ᠠᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢ ᠰᠤᠷᠤᠯᠴᠠᠨ ᠲᠤᠭᠤᠰᠢᠯᠠᠭᠤᠯᠬᠤ᠎ᠲᠠᠢ ᠤᠶᠠᠯᠳᠤᠭᠤᠯᠵᠤ᠂ ᠥᠪᠥᠷ ᠮᠣᠩᠭᠤᠯ᠎ᠤᠨ ᠪᠠᠶ᠋ᠢᠯᠳᠤᠬᠤ ᠪᠤᠳᠤᠯᠭ᠎ᠠ ᠵᠢᠨ ᠪᠠᠶ᠋ᠢᠷᠢ ᠲᠣᠭᠲᠠᠭ᠋ᠠᠯᠲᠠ ᠵᠢ ᠪᠠᠲᠤ ᠡᠵᠡᠮᠳᠡᠵᠦ᠂ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠠᠵᠢᠯ᠎ᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠶᠡᠭᠡ ᠲᠠᠯ᠎ᠠ᠎ᠳᠤ ᠠᠭᠤᠰᠤᠯᠴᠠᠭᠤᠯᠵᠤ᠂ 《ᠬᠤᠶᠠᠷ ᠶᠡᠭᠡ ᠶᠠᠪᠤᠳᠠᠯ》᠎ᠢ ᠰᠠᠶ᠋ᠢᠲᠤᠷ ᠬᠢᠵᠦ᠂ ᠨᠢᠭᠡ ᠣᠷᠣᠨ ᠪᠦᠰᠡ ᠵᠢᠨ ᠬᠦᠭᠵᠢᠯᠳᠡ᠎ᠪᠠᠷ ᠪᠦᠬᠦ ᠲᠠᠯ᠎ᠠ᠎ᠳᠤ ᠭᠡᠷᠡᠯ ᠭᠢᠯᠪᠠᠭ᠎ᠠ ᠨᠡᠮᠡᠷᠢᠯᠡᠬᠦ ᠬᠡᠷᠡᠭᠲᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠳᠤ ᠡᠨᠧᠷᠭᠢ ᠣᠯᠭᠤᠬᠤ ᠠᠵᠤ ᠦᠢ᠍ᠯᠡᠰ᠎ᠤᠨ ᠬᠥᠭᠵᠢᠯᠲᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠲᠦᠷᠦᠯ᠎ᠤᠨ ᠥᠭᠡᠷᠡᠴᠢᠯᠡᠯᠲᠡ ᠬᠥᠭᠵᠢᠯᠲᠡ ᠵᠢᠨ ᠴᠢᠭᠯᠡᠯ ᠪᠣᠯᠤᠨ ᠣᠷᠣᠰᠢᠵᠤ ᠪᠠᠶ᠋ᠢᠭ᠎ᠠ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠬᠦᠷᠢᠶᠡᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠦᠴᠦᠯᠡᠬᠦ ᠴᠡᠭ᠎ᠢ ᠣᠨᠣᠪᠴᠢᠲᠠᠢ ᠣᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠭᠦᠨᠵᠡᠭᠡᠢ ᠠᠭᠤᠰᠤᠯᠴᠠᠭᠤᠯᠬᠤ ᠵᠢ ᠲᠦᠷᠭᠡᠳᠬᠡᠨ ᠠᠬᠢᠭᠤᠯᠵᠤ᠂ ᠣᠶᠤᠨᠴᠢ ᠴᠣᠭᠴᠠᠯᠠᠯᠲᠠ᠂ ᠪᠣᠬᠢᠷᠲᠤᠯ ᠦᠭᠡᠢ ᠴᠣᠭᠴᠠᠯᠠᠯᠲᠠ᠂ ᠤᠭᠰᠠᠷᠠᠮᠠᠯ ᠮᠠᠶᠢᠭ᠎ᠤᠨ ᠪᠠᠷᠢᠯᠭ᠎ᠠ ᠵᠡᠷᠭᠡ ᠬᠦᠷᠢᠶᠡᠨ᠎ᠤ ᠮᠡᠷᠭᠡᠵᠢᠯ᠎ᠤᠨ ᠰᠢᠨᠡᠴᠢᠯᠡᠯᠲᠡ ᠵᠢ ᠰᠤᠳᠤᠯᠤᠨ ᠨᠡᠭᠡᠭᠡᠬᠦ ᠵᠢ ᠴᠢᠩᠭ᠋ᠠᠳᠬᠠᠵᠤ᠂ ᠪᠦᠬᠦ ᠲᠠᠯ᠎ᠠ ᠵᠢᠨ ᠥᠷᠢᠰᠥᠯᠳᠦᠭᠡᠨ᠎ᠤ ᠰᠢᠨ᠎ᠡ ᠳᠠᠪᠠᠭᠤᠯᠢᠭ᠂ ᠰᠢᠨ᠎ᠡ ᠡᠵᠡᠩᠨᠡᠯᠲᠡ ᠵᠢᠨ ᠬᠡᠯᠪᠡᠷᠢ ᠵᠢ ᠪᠤᠢ ᠪᠣᠯᠭ᠋ᠠᠬᠤ ᠬᠡᠷᠡᠭᠲᠡᠢ᠃ ᠭᠦᠨ ᠳᠠᠪᠬᠤᠷᠭ᠎ᠠ ᠵᠢᠨ ᠥᠭᠡᠷᠡᠴᠢᠯᠡᠯᠲᠡ ᠨᠡᠭᠡᠭᠡᠯᠳᠠ ᠵᠢ ᠪᠦᠬᠦ ᠬᠦᠴᠦᠨ ᠵᠶ᠋ᠠᠷ ᠠᠬᠢᠭᠤᠯᠵᠤ᠂ ᠤᠯᠠᠨ ᠲᠦᠮᠡᠨ᠎ᠤ ᠠᠩᠬᠠᠷᠴᠤ ᠪᠠᠶ᠋ᠢᠭ᠎ᠠ ᠠᠷᠠᠳ᠎ᠤᠨ ᠠᠮᠢᠳᠤᠷᠠᠯ᠎ᠤᠨ ᠠᠰᠠᠭᠤᠳᠠᠯ ᠪᠣᠯᠤᠨ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠬᠢᠵᠠᠭ᠋ᠠᠷᠯᠠᠵᠤ ᠪᠠᠶ᠋ᠢᠭ᠎ᠠ ᠲᠤᠪᠤᠶ᠋ᠢᠮ᠎ᠠ ᠵᠥᠷᠢᠴᠡᠯ᠎ᠢ ᠴᠢᠩᠭ᠎ᠠ ᠠᠩᠬᠠᠷᠴᠤ᠂ ᠭᠤᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢᠨ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ᠎ᠪᠠᠷ ᠣᠷᠣᠨ ᠰᠠᠭᠤᠴᠠ ᠪᠠ ᠬᠤᠳᠠ ᠬᠦᠳᠡᠭᠡ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠡᠨ᠋ᠸᠷᠬᠢ ᠤᠯᠭᠤᠬᠤ ᠬᠡᠷᠡᠭᠲᠡᠢ᠃ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠵᠤ ᠦᠢ᠍ᠯᠡᠰ᠎ᠤᠨ ᠬᠡᠯᠪᠡᠷᠢ ᠬᠤᠪᠢᠷᠠᠭᠤᠯᠤᠨ ᠲᠠᠰ ᠳᠡᠪᠰᠢᠭᠦᠯᠬᠦ᠂ ᠰᠠᠭᠤᠷᠢ ᠲᠥᠬᠦᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ᠂ ᠨᠡᠶ᠋ᠢᠭᠡᠮ ᠠᠷᠠᠳ᠎ᠤᠨ ᠠᠮᠢᠳᠤᠷᠠᠯ᠎ᠤᠨ ᠪᠠᠲᠤᠯᠠᠭ᠎ᠠ᠂ ᠠᠮᠢ ᠠᠬᠤᠶ ᠣᠷᠴᠢᠨ ᠲᠣᠭᠤᠷᠢᠨ᠎ᠤ ᠬᠠᠮᠠᠭ᠋ᠠᠯᠠᠯᠲᠠ᠂ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠰᠡᠷᠭᠡᠶ᠋ᠢᠯᠡᠬᠦ ᠵᠡᠷᠭᠡ ᠭᠤᠤᠯᠳᠠᠯᠭ᠎ᠠ᠎ᠲᠠᠢ ᠡᠭᠦᠷᠭᠡ ᠵᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ ᠠᠮᠵᠢᠯᠲᠠ ᠪᠦᠲᠦᠮᠵᠢ ᠣᠯᠵᠤ ᠲᠠᠪᠤᠨ ᠶᠡᠭᠡ ᠡᠭᠦᠷᠭᠡ ᠵᠢ ᠰᠠᠶ᠋ᠢᠲᠤᠷ ᠪᠡᠶᠡᠯᠡᠭᠦᠯᠵᠦ᠂ ᠰᠢᠨ᠎ᠡ ᠬᠥᠭᠵᠢᠯᠲᠡ ᠵᠢ ᠴᠢᠷᠮᠠᠶ᠋ᠢᠨ ᠪᠡᠶᠡᠯᠡᠭᠦᠯᠵᠦ᠂ ᠨᠠᠩ ᠶᠡᠭᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠯᠲᠡ ᠵᠢᠨ ᠶᠡᠭᠡ ᠲᠠᠯ᠎ᠠ᠎ᠳᠤ ᠦᠢ᠍ᠯᠡᠴᠢᠯᠡᠬᠦ᠎ᠳᠤ ᠢᠳᠡᠪᠬᠢᠲᠡᠶ ᠬᠦᠴᠦᠨ ᠴᠢᠳᠠᠯ ᠵᠶ᠋ᠠᠨ ᠡᠷᠭᠦᠬᠦ ᠬᠡᠷᠡᠭᠲᠡᠶ ᠭᠡᠵᠦ ᠱᠠᠭ᠋ᠠᠷᠳᠠᠪᠠ᠃
ᠬᠤᠷᠠᠯ᠎ᠠᠴᠠ᠂ ᠨᠠᠮ᠎ᠤᠨ ᠲᠥᠪ ᠬᠤᠷᠢᠶᠠᠨ᠎ᠠᠴᠠ ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠵᠢᠨ ᠫᠢᠩ ᠰᠤᠷᠤᠯᠴᠠᠯᠭ᠎ᠠ ᠬᠥᠮᠦᠵᠢᠯ᠎ᠤᠨ ᠭᠤᠣᠯ ᠰᠡᠳᠦᠪ᠎ᠢ ᠪᠡᠶ᠎ᠡ᠎ᠪᠠᠷ ᠵᠶ᠋ᠠᠨ ᠲᠥᠯᠥᠪᠵᠢᠭᠦᠯᠦᠨ ᠲᠣᠭᠲᠠᠭ᠋ᠠᠵᠤ᠂ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭ᠋ᠠᠪᠤᠷᠢ ᠥᠭᠴᠦ᠂ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠎ᠳᠤ ᠴᠢᠭᠯᠡᠯ᠎ᠢ ᠲᠣᠳᠣᠷᠬᠠᠢ ᠵᠢᠭ᠋ᠠᠵᠤ᠂ ᠦᠨᠳᠦᠰᠦᠨ ᠵᠢᠷᠤᠮᠯᠠᠯ ᠳᠤᠷᠠᠳᠴᠠᠢ᠃ ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ᠎ᠤᠨ ᠨᠠᠮ᠎ᠤᠨ ᠪᠠᠶ᠋ᠢᠭᠤᠯᠤᠯᠲᠠ ᠵᠢᠨ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠳᠠᠷᠦ᠋ᠢ᠍ᠬᠠᠨ ᠡᠬᠢᠯᠡᠭᠦᠯᠵᠦ᠂ ᠨᠠᠷᠢᠨ ᠨᠢᠮᠪᠠᠢ ᠵᠣᠬᠢᠶᠠᠨ ᠪᠠᠶ᠋ᠢᠭᠤᠯᠵᠤ᠂ ᠨᠠᠷᠢᠨ ᠨᠢᠮᠪᠠᠢ ᠲᠤᠬᠢᠷᠠᠭᠤᠯᠵᠤ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠪᠠᠶ᠋ᠢᠷᠢᠯᠠᠭᠤᠯᠤᠯᠲᠠ ᠱᠠᠭ᠋ᠠᠷᠳᠠᠯᠭ᠎ᠠ᠎ᠲᠠᠢ ᠬᠠᠷᠭᠤᠭᠤᠯᠵᠤ᠂ ᠠᠵᠢᠯ᠎ᠤᠨ ᠲᠥᠰᠦᠯ᠎ᠢ ᠨᠠᠷᠢᠯᠢᠬ᠍ᠵᠢᠭᠤᠯᠤᠨ ᠨᠡᠶ᠋ᠢᠲᠡᠯᠡᠵᠦ᠂ ᠳᠠᠶ᠋ᠢᠴᠢᠯᠠᠯᠲᠠ ᠬᠢᠵᠦ ᠤᠬᠠᠭᠤᠯᠬᠤ ᠠᠵᠢᠯ᠎ᠢ ᠯᠠᠪᠳᠠᠭᠤᠨ ᠪᠠᠲᠤᠲᠠᠢ ᠥᠷᠨᠢᠭᠦᠯᠵᠦ᠂ ᠰᠤᠷᠤᠯᠴᠠᠵᠤ ᠪᠠᠶ᠋ᠢᠴᠠᠭ᠋ᠠᠵᠤ ᠥᠭᠡᠷᠡᠴᠢᠯᠡᠬᠦ ᠵᠢ ᠨᠢᠭᠡ ᠴᠤᠬ᠍ᠴᠠᠵᠢᠭᠤᠯᠤᠨ ᠠᠬᠢᠭᠤᠯᠵᠤ᠂ ᠥᠷᠭᠡᠨ ᠤᠯᠠᠨ ᠨᠠᠮ᠎ᠤᠨ ᠭᠡᠰᠢᠭᠦᠨ᠂ ᠺᠠᠳ᠋ᠷ᠎ᠢ ᠬᠥᠮᠦᠵᠢᠭᠦᠯᠦᠨ ᠵᠢᠯᠣᠭᠤᠳᠴᠤ ᠪᠠᠶ᠋ᠢᠭ᠋ᠠᠳ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠥᠬᠦᠷᠡᠰᠢ ᠦᠭᠡᠢ ᠲᠤᠭᠤᠰᠢᠯᠠᠭᠤᠯᠵᠤ᠂ ᠺᠠᠳ᠋ᠷ᠎ᠤᠨ ᠡᠩᠨᠡᠭᠡᠨ᠎ᠤ ᠰᠤᠷᠲᠠᠯ᠎ᠤᠨ ᠦᠷᠭᠦᠯᠵᠢᠯᠡᠨ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ ᠵᠢᠨ ᠨᠠᠷᠢᠨ ᠬᠠᠭᠤᠳᠠᠰᠤ ᠵᠢ ᠨᠠᠷᠢᠨ ᠬᠢᠨᠠᠮᠠᠭ᠋ᠠᠶ ᠲᠣᠭᠲᠠᠭ᠋ᠠᠵᠤ᠂ 《ᠨᠢᠭᠡᠳᠦᠭᠡᠷ ᠵᠥᠪᠯᠡᠬᠦ ᠰᠡᠳᠦᠪ》᠎ᠢ ᠰᠤᠷᠤᠯᠴᠠᠬᠤ᠂ 《ᠭᠤᠷᠪᠠᠨ ᠬᠤᠷᠠᠯ ᠨᠢᠭᠡ ᠬᠢᠴᠢᠶᠡᠯ》᠂ ᠰᠡᠷᠡᠮᠵᠢᠯᠡᠭᠦᠯᠬᠦ ᠬᠥᠮᠦᠵᠢᠯ ᠵᠡᠷᠭᠡ ᠬᠡᠯᠪᠡᠷᠢ ᠵᠢ ᠶᠡᠷᠦᠩᠬᠡᠶ᠋ᠢᠯᠡᠨ ᠬᠡᠷᠡᠭᠯᠡᠵᠦ᠂ ᠨᠠᠮ᠎ᠤᠨ ᠭᠡᠰᠢᠭᠦᠨ ᠺᠠᠳ᠋ᠷᠴᠤᠳ᠎ᠢ ᠵᠣᠬᠢᠶᠠᠨ ᠪᠠᠶ᠋ᠢᠭᠤᠯᠤᠨ ᠶᠡᠷᠦᠩᠬᠡᠶ ᠱᠦᠵᠢ ᠰᠢ ᠵᠢᠨ ᠫᠢᠩ᠎ᠤᠨ ᠨᠠᠮ᠎ᠤᠨ ᠰᠤᠷᠲᠠᠯ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠰᠤᠷᠤᠯᠴᠠᠵᠤ᠂ 《ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠲᠦᠷᠢᠮ》᠎ᠢ ᠵᠦᠢ᠍ᠯ ᠳᠠᠷᠠᠭ᠋ᠠᠯᠠᠨ ᠰᠤᠷᠤᠯᠴᠠᠵᠤ᠂ ᠶᠠᠭᠤ ᠪᠣᠯᠬᠤ᠂ ᠶᠠᠭ᠋ᠠᠬᠢᠵᠤ ᠬᠢᠬᠦ ᠵᠢ ᠲᠣᠳᠣᠷᠬᠠᠶ ᠲᠣᠭᠲᠠᠭ᠋ᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠳᠤ ᠦᠨᠡᠨ ᠬᠦ᠌ ᠬᠡᠷᠡᠭᠯᠡᠬᠦ ᠬᠡᠷᠡᠭᠲᠡᠶ᠃ ᠲᠥᠪ᠎ᠤᠨ ᠨᠠᠢ᠍ᠮᠠᠨ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠪᠠᠷᠢᠮᠵᠢᠶᠠᠯᠠᠨ ᠬᠠᠷᠭᠤᠭᠤᠯᠵᠤ᠂ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ᠎ᠤᠨ ᠠᠰᠠᠭᠤᠳᠠᠯ᠎ᠢ ᠭᠦᠨᠵᠡᠭᠡᠢ ᠡᠷᠢᠵᠦ᠂ ᠬᠡᠯᠪᠡᠷᠢᠴᠢ ᠦᠵᠡᠯ᠎ᠤᠨ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠵᠦ ᠡᠨᠧᠷᠭᠢ ᠣᠯᠭᠤᠬᠤ ᠵᠢ ᠦᠷᠭᠦᠯᠵᠢᠯᠡᠨ ᠴᠡᠭᠴᠡᠯᠡᠨ ᠵᠠᠰᠠᠵᠤ᠂ 《ᠭᠤᠷᠪᠠᠨ ᠤᠯᠠᠨ ᠭᠤᠷᠪᠠᠨ ᠴᠥᠭᠡᠨ ᠭᠤᠷᠪᠠᠨ ᠤᠳᠠᠭ᠋ᠠᠨ》 ᠪᠣᠯᠤᠨ 《ᠤᠨᠠᠭ᠎ᠠ᠎ᠪᠠᠷ ᠲᠡᠷᠭᠡ ᠲᠠᠲᠠᠬᠤ》 ᠵᠡᠷᠭᠡ ᠲᠤᠪᠤᠶ᠋ᠢᠮ᠎ᠠ ᠠᠰᠠᠭᠤᠳᠠᠯ᠎ᠢ ᠶᠡᠬᠡᠪᠡᠷ ᠴᠡᠭᠴᠡᠯᠡᠨ ᠵᠠᠰᠠᠵᠤ᠂ ᠪᠢᠴᠢᠭ ᠮᠠᠲᠸᠷᠢᠶᠠᠯ᠎ᠤᠨ ᠰᠤᠷᠲᠠᠯ ᠬᠤᠷᠠᠯ᠎ᠤᠨ ᠰᠤᠷᠲᠠᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠡᠯ᠎ᠡ ᠵᠦᠢ᠍ᠯ᠎ᠤᠨ ᠠᠵᠢᠯ᠎ᠤᠨ ᠵᠢᠷᠤᠮᠵᠢᠯ᠂ ᠴᠣᠮᠬᠠᠳᠬᠠᠯ᠂ ᠬᠤᠷᠳᠤᠴᠠ ᠵᠢ ᠲᠦᠷᠭᠡᠳᠬᠡᠬᠦ ᠵᠢ ᠠᠬᠢᠭᠤᠯᠬᠤ ᠬᠡᠷᠡᠭᠲᠡᠢ᠃ ᠡᠷᠬᠡ ᠵᠢᠨ ᠠᠵᠢᠯᠯᠠᠭ᠋ᠠᠨ᠎ᠤ ᠲᠦᠭᠰᠢᠭᠦᠷᠢ ᠵᠢᠨ ᠴᠡᠭ᠂ ᠳᠦᠷᠢᠮ᠎ᠤᠨ ᠪᠠᠶ᠋ᠢᠭᠤᠯᠤᠯᠲᠠ ᠵᠢᠨ ᠪᠠᠭᠤᠷᠠᠢ ᠴᠡᠭ᠂ ᠬᠢᠨᠠᠯᠲᠠ ᠬᠠᠮᠢᠶᠠᠷᠤᠯᠲᠠ ᠵᠢᠨ ᠬᠤᠭᠤᠰᠣᠨ ᠴᠡᠭ᠎ᠢ ᠪᠦᠬᠦ ᠲᠠᠯ᠎ᠠ᠎ᠪᠠᠷ ᠵᠢᠭᠰᠠᠭ᠋ᠠᠨ ᠪᠠᠶ᠋ᠢᠴᠠᠭ᠋ᠠᠵᠤ᠂ ᠰᠢᠢ᠍ᠳᠪᠦᠷᠢᠲᠦ ᠪᠣᠳᠣᠯᠭ᠎ᠠ ᠵᠢ ᠤᠯᠠᠮ ᠴᠢᠨᠠᠭᠰᠢᠳᠠ ᠵᠢᠷᠤᠮᠵᠢᠭᠤᠯᠵᠤ᠂ ᠲᠦᠷᠦ ᠵᠢᠨ ᠪᠤᠳᠤᠯᠭ᠎ᠠ ᠵᠢ ᠲᠡᠭᠦᠯᠳᠡᠷᠵᠢᠭᠦᠯᠵᠦ᠂ ᠠᠯᠳᠠᠰᠢ ᠭᠠᠷᠬᠤ ᠵᠢ ᠰᠡᠷᠭᠡᠢ᠌ᠯᠡᠵᠦ᠂ ᠲᠣᠭᠲᠠᠴᠠ ᠵᠢ ᠪᠦᠷᠢᠨᠰᠢᠬᠦᠯᠬᠦ ᠬᠡᠷᠡᠭᠲᠡᠢ᠃ ᠪᠦᠬᠦ ᠲᠠᠯ᠎ᠠ ᠵᠢᠨ ᠤᠳᠤᠷᠢᠳᠤᠯᠭ᠎ᠠ᠂ ᠪᠦᠬᠦ ᠬᠡᠯᠬᠢᠶ᠎ᠡ ᠵᠢᠨ ᠬᠠᠮᠢᠶᠠᠷᠤᠯᠲᠠ᠂ ᠪᠦᠬᠦ ᠶᠠᠪᠤᠴᠠ ᠵᠢᠨ ᠬᠢᠨᠠᠯᠲᠠ᠂ ᠪᠦᠬᠦᠨ᠎ᠢ ᠬᠠᠮᠤᠷᠤᠨ ᠠᠬᠢᠭᠤᠯᠬᠤ ᠵᠢ ᠴᠢᠩᠭ᠋ᠠᠳᠬᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠵᠢᠨ ᠠᠮᠢ ᠠᠬᠤᠢ ᠵᠢ ᠬᠠᠮᠠᠭ᠋ᠠᠯᠠᠵᠤ᠂ ᠰᠤᠷᠤᠯᠴᠠᠯᠭ᠎ᠠ ᠬᠥᠮᠦᠵᠢᠯ᠎ᠢ ᠬᠠᠰᠢ ᠶᠠᠰᠢ ᠥᠩᠭᠡᠷᠡᠭᠦᠯᠬᠦ ᠦᠭᠡᠢ᠎ᠪᠠᠷ ᠪᠣᠳᠠᠲᠤ ᠦᠷ᠎ᠡ ᠪᠦᠲᠦᠮᠵᠢ ᠤᠯᠬᠤ ᠵᠢ ᠠᠬᠢᠭᠤᠯᠬᠤ ᠬᠡᠷᠡᠭᠲᠡᠢ ᠭᠡᠵᠦ ᠵᠢᠭ᠋ᠠᠨ ᠭᠠᠷᠭ᠋ᠠᠪᠠ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠢᠭᠤᠴᠠ ᠵᠢ ᠬᠠᠮᠠᠭ᠋ᠠᠯᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠲᠥᠪ ᠪᠠ ᠥᠪᠡᠷᠲᠡᠭᠡᠨ ᠵᠠᠰᠠᠬᠤ ᠣᠷᠣᠨ᠎ᠤ ᠨᠢᠭᠤᠴᠠ ᠵᠢ ᠬᠠᠮᠠᠭ᠋ᠠᠯᠠᠬᠤ ᠠᠵᠢᠯ᠎ᠤᠨ ᠲᠤᠬᠠᠢ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠢᠭᠤᠴᠠ ᠵᠢ ᠬᠠᠮᠠᠭ᠋ᠠᠯᠠᠬᠤ ᠬᠠᠷᠢᠭᠤᠴᠠᠯᠭ᠎ᠠ᠂ ᠨᠢᠭᠤᠴᠠ ᠵᠢ ᠬᠠᠮᠠᠭ᠋ᠠᠯᠠᠬᠤ ᠤᠬᠠᠮᠰᠠᠷ᠂ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ ᠵᠢ ᠴᠢᠩᠭ᠋ᠠᠳᠬᠠᠬᠤ ᠳᠡᠭᠡᠷ᠎ᠡ ᠬᠦᠴᠦ ᠲᠠᠯᠪᠢᠵᠤ᠂ ᠨᠢᠭᠤᠴᠠ ᠵᠢ ᠬᠠᠮᠠᠭ᠋ᠠᠯᠠᠬᠤ ᠡᠨᠡ ᠬᠦ᠌ ᠬᠥᠪᠴᠢ ᠵᠢ ᠴᠠᠭ ᠢᠮᠠᠭᠲᠠ ᠴᠢᠩᠭ᠋ᠠᠯᠠᠵᠤ᠂ ᠨᠢᠭᠤᠴᠠ ᠵᠢ ᠵᠠᠳᠠᠷᠠᠭᠤᠯᠬᠤ ᠶᠠᠮᠠᠷᠪᠠ ᠬᠡᠷᠡᠭ ᠡᠭᠦᠰᠬᠦ ᠵᠢ ᠴᠢᠩᠭ᠎ᠠ ᠰᠡᠷᠭᠡᠶ᠋ᠢᠯᠡᠵᠦ᠂ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠰᠡᠷᠭᠡᠶ᠋ᠢᠯᠡᠯᠲᠡ ᠵᠢᠨ ᠱᠤᠭᠤᠮ᠎ᠢ ᠡᠷᠡᠰ ᠪᠠᠲᠤ ᠰᠠᠬᠢᠬᠤ ᠬᠡᠷᠡᠭᠲᠡᠢ ᠭᠡᠵᠦ ᠴᠢᠬᠤᠯᠠᠴᠢᠯᠠᠪᠠ᠃
ᠬᠤᠷᠠᠯ᠎ᠠᠴᠠ᠂ ᠰᠢ ᠵᠢᠨ ᠫᠢᠩ᠎ᠤᠨ ᠠᠮᠢ ᠠᠬᠤᠢ ᠵᠢᠨ ᠪᠣᠯᠪᠠᠰᠤᠨ᠎ᠤ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠠᠮᠢ ᠠᠬᠤᠢ ᠵᠢᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠲᠤᠯᠭ᠋ᠠᠮ᠎ᠠ ᠰᠡᠳᠬᠢᠯᠭᠡ ᠪᠣᠯᠤᠨ ᠬᠠᠷᠢᠭᠤᠴᠠᠯᠭ᠋ᠠᠲᠤ ᠰᠡᠳᠬᠢᠯᠭᠡ᠎ᠪᠠᠨ ᠴᠢᠨᠠᠭᠰᠢᠳᠠ ᠴᠢᠩᠭ᠋ᠠᠳᠬᠠᠵᠤ᠂ ᠬᠤᠳᠠ ᠪᠠᠯᠭ᠋ᠠᠰᠤᠨ᠎ᠤ ᠤᠰᠤᠨ᠎ᠤ ᠣᠷᠴᠢᠨ ᠲᠣᠭᠤᠷᠢᠨ᠎ᠤ ᠵᠠᠰᠠᠯᠲᠠ᠂ ᠪᠠᠷᠢᠯᠭ᠎ᠠ ᠵᠢᠨ ᠬᠤᠭ ᠨᠣᠪᠰᠢ ᠵᠢ ᠵᠠᠰᠠᠬᠤ᠂ ᠠᠮᠢᠳᠤᠷᠠᠯ᠎ᠤᠨ ᠬᠤᠭ ᠨᠣᠪᠰᠢ ᠵᠢ ᠰᠢᠢ᠍ᠳᠪᠦᠷᠢᠯᠡᠬᠦ ᠲᠥᠬᠦᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠡᠷᠭᠡ ᠭᠤᠣᠯᠳᠠᠯᠭ᠎ᠠ᠎ᠲᠠᠢ ᠵᠦᠢ᠍ᠯᠡᠰ᠎ᠢ ᠴᠢᠩᠭ᠎ᠠ ᠠᠩᠬᠠᠷᠴᠤ᠂ ᠠᠰᠠᠭᠤᠳᠠᠯ᠎ᠤᠨ ᠨᠠᠷᠢᠨ ᠬᠠᠭᠤᠳᠠᠰᠤ᠂ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠵᠢ ᠴᠢᠨᠠᠭᠰᠢᠳᠠ ᠡᠮᠬᠢᠯᠡᠵᠦ᠂ 《ᠠᠵᠢᠯ᠎ᠢ ᠠᠳᠬᠤᠬᠤ ᠬᠥᠮᠦᠨ᠎ᠲᠠᠢ᠂ ᠠᠰᠠᠭᠤᠳᠠᠯ᠎ᠢ ᠬᠠᠮᠢᠶᠠᠷᠬᠤ ᠬᠥᠮᠦᠨ᠎ᠲᠠᠢ᠂ ᠬᠠᠷᠢᠭᠤᠴᠠᠯᠭ᠎ᠠ ᠵᠢ ᠡᠭᠦᠷᠭᠡᠯᠡᠬᠦ ᠬᠥᠮᠦᠨ᠎ᠲᠠᠢ᠂ ᠠᠶᠤᠯ ᠲᠦᠭᠰᠢᠭᠦᠷᠢ ᠵᠢ ᠬᠠᠮᠢᠶᠠᠷᠤᠨ ᠡᠵᠡᠮᠳᠡᠵᠦ ᠳᠡᠶ᠋ᠢᠯᠬᠦ》 ᠵᠢ ᠪᠡᠶᠡᠯᠡᠭᠦᠯᠬᠦ ᠬᠡᠷᠡᠭᠲᠡᠢ ᠃ 《ᠳᠥᠷᠪᠡᠨ ᠦᠭᠡᠢ ᠬᠤᠶᠠᠷ ᠰᠢᠭᠤᠳ》᠂ ᠳᠠᠯᠳᠠᠭᠤᠷ ᠪᠠᠶ᠋ᠢᠴᠠᠭ᠋ᠠᠵᠤ ᠳᠠᠯᠳᠠᠭᠤᠷ ᠰᠤᠷᠪᠤᠯᠵᠢᠯᠠᠬᠤ᠂ ᠳᠣᠷᠣᠭᠰᠢ ᠪᠠᠭᠤᠵᠤ ᠬᠢᠨᠠᠨ ᠵᠢᠯᠣᠭᠤᠳᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠲᠤᠬᠠᠶ ᠵᠢᠨ ᠭᠠᠵᠠᠷ᠎ᠲᠤᠨᠢ ᠬᠢᠨᠠᠨ ᠪᠠᠶ᠋ᠢᠴᠠᠭ᠋ᠠᠵᠤ᠂ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠵᠶ᠋ᠠᠷ ᠬᠦᠷᠦᠯᠴᠡᠬᠦ ᠦᠭᠡᠢ ᠪᠣᠯ ᠲᠠᠯᠪᠢᠬᠤ ᠦᠭᠡᠢ᠂ ᠣᠯᠠᠨ ᠲᠦᠮᠡᠨ ᠬᠠᠨᠤᠮᠵᠢ ᠦᠭᠡᠢ ᠪᠣᠯ ᠲᠠᠯᠪᠢᠬᠤ ᠦᠭᠡᠢ ᠪᠠᠶ᠋ᠢᠬᠤ ᠵᠢ ᠦᠨᠡᠨᠬᠦ ᠪᠡᠶᠡᠯᠡᠭᠦᠯᠬᠦ ᠬᠡᠷᠡᠭᠲᠡᠶ ᠭᠡᠵᠦ ᠱᠠᠭ᠋ᠠᠷᠳᠠᠪᠠ ᠃
ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠣᠭᠤᠷᠢᠨ ᠪᠠᠶ᠋ᠢᠴᠠᠭ᠋ᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠣᠭᠤᠷᠢᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠵᠠᠢ᠃
ᠬᠤᠷᠠᠯ᠎ᠠᠴᠠ᠂ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠭᠦᠨᠵᠡᠭᠡᠶ᠋ᠢᠷᠡᠭᠦᠯᠬᠦ ᠡᠭᠦᠷᠭᠡ ᠵᠢ ᠠᠬᠢᠭᠤᠯᠤᠭᠰᠠᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠭᠡᠷᠡᠴᠢᠯᠡᠯᠲᠡ ᠵᠢ ᠠᠬᠢᠭᠤᠯᠬᠤ ᠡᠭᠦᠷᠭᠡ ᠵᠢ ᠡᠳᠦᠷ ᠲᠤᠲᠤᠮ᠎ᠤᠨ ᠴᠢᠬᠤᠯᠠ ᠠᠵᠢᠯ᠎ᠳᠤ ᠣᠷᠣᠭᠤᠯᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠵᠢᠨ ᠱᠠᠭ᠋ᠠᠷᠳᠠᠯᠭ᠎ᠠ ᠪᠠ ᠬᠠᠷᠠᠯᠲᠠ ᠵᠢ ᠪᠦᠷᠢᠨ ᠪᠦᠲᠦᠨ ᠣᠨᠣᠪᠴᠢᠲᠠᠶ ᠡᠵᠡᠮᠳᠡᠵᠦ᠂ ᠬᠦᠴᠢᠷ᠎ᠢ ᠲᠤᠭᠤᠯᠤᠨ ᠪᠡᠷᠬᠡ ᠵᠢ ᠳᠠᠪᠠᠭ᠍ᠤ᠂ ᠬᠦᠴᠢᠷ᠎ᠢ ᠰᠦᠷᠦᠨ ᠤᠷᠤᠭᠰᠢᠯᠠᠬᠤ ᠤᠯᠤᠰ ᠲᠥᠷᠥ ᠵᠢᠨ ᠰᠥᠰᠥ ᠵᠣᠷᠢᠭ ᠵᠶ᠋ᠠᠷ ᠠᠰᠠᠭᠤᠳᠠᠯ᠎ᠳᠤ ᠰᠢᠭᠤᠳ ᠬᠠᠨᠳᠤᠵᠤ᠂ ᠰᠢᠨ᠎ᠡ ᠪᠠᠶ᠋ᠢᠳᠠᠯ᠎ᠢ ᠴᠢᠷᠮᠠᠶ᠋ᠢᠨ ᠡᠭᠦᠳᠬᠦ ᠬᠡᠷᠡᠭᠲᠡᠶ᠃ ᠠᠵᠢᠯ᠎ᠤᠨ ᠲᠥᠰᠦᠯ ᠶᠣᠰᠣᠭ᠋ᠠᠷ᠂ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠵᠤ᠂ ᠠᠵᠢᠯ ᠵᠶ᠋ᠠᠨ ᠨᠢᠭᠡᠳᠦᠯᠲᠡᠢ ᠲᠦᠯᠦᠪᠯᠡᠨ ᠲᠥᠯᠥᠪᠵᠢᠭᠦᠯᠵᠦ᠂ ᠬᠠᠮᠲᠤ ᠵᠢᠨ ᠲᠠᠨᠢᠯᠲᠠ᠎ᠪᠠᠷ ᠥᠨᠳᠥᠷ ᠡᠭᠦᠷᠭᠡ ᠵᠢ ᠱᠠᠯᠠᠪᠳᠠᠨ ᠠᠬᠢᠭᠤᠯᠵᠤ᠂ ᠡᠷᠲᠡᠬᠡᠨ ᠦᠷ᠎ᠡ ᠪᠦᠲᠦᠮᠵᠢ ᠤᠯᠬᠤ ᠬᠡᠷᠡᠭᠲᠡᠢ; ᠢᠯᠡᠳᠲᠡ ᠦᠷ᠎ᠡ ᠪᠦᠲᠦᠮᠵᠢ ᠣᠯᠤᠭᠰᠠᠨ ᠥᠬᠡᠶ ᠡᠭᠦᠷᠭᠡ ᠵᠢ ᠲᠤᠰᠬᠠᠶ ᠰᠡᠳᠦᠪ ᠵᠶ᠋ᠠᠷ ᠰᠤᠳᠤᠯᠵᠤ᠂ ᠲᠣᠬᠢᠷᠠᠭᠤᠯᠤᠯᠲᠠ᠎ᠪᠠᠨ ᠴᠢᠩᠭ᠋ᠠᠳᠬᠠᠨ᠂ ᠭᠤᠤᠯᠳᠠᠯᠭ᠎ᠠ ᠵᠢ ᠣᠨᠣᠪᠴᠢᠲᠠᠶ ᠣᠯᠵᠤ᠂ ᠠᠯᠢ ᠲᠦᠷᠭᠡᠨ ᠵᠶ᠋ᠠᠷ ᠰᠢᠪᠲᠤᠯᠤᠯᠲᠠ ᠭᠠᠷᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃