ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2025-03-28

    3 ᠳ᠋ᠤᠭ᠋ᠠᠷ ᠰᠠᠷ᠎ᠠ ᠵᠢᠨ 26᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ ᠨᠠᠮ᠎ᠤᠨ ᠤᠳᠤᠷᠢᠳᠬᠤ ᠳᠤᠭᠤᠢ᠌ᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠣᠢ᠌ᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢᠴᠢ ᠲᠥᠪ ᠬᠣᠷᠢᠶ᠎ᠠ᠂ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠰᠤᠳᠤᠯᠪᠠ᠃ ᠲᠢᠩᠬᠢᠮ᠎ᠤᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠪᠦᠷᠢᠯᠳᠦᠭᠦᠨ᠂ ᠲᠢᠩᠬᠢᠮ᠎ᠤᠨ ᠳᠡᠳ᠋ ᠳᠠᠷᠤᠭ᠎ᠠ ᠢᠦᠢ ᠰᠢᠨ ᠹᠠᠩ ᠬᠤᠷᠠᠯ ᠡᠷᠭᠢᠯᠡᠪᠡ᠃


W020250327328448508341.jpg 


     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠭᠦᠢ᠍ᠵᠧᠦ᠂ ᠶᠦᠨᠨᠠᠨ᠎ᠳᠤ ᠰᠢᠨᠵᠢᠯᠡᠨ ᠪᠠᠢ᠌ᠴᠠᠭ᠋ᠠᠬᠤ ᠦᠶ᠎ᠡ ᠵᠢᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ  ᠶᠡᠷᠦᠩᠬᠡᠢ ᠱᠦᠵᠢ ᠰᠢ ᠵᠢᠨ ᠫᠢᠩ᠎ᠤᠨ ᠪᠦᠬᠦ ᠤᠯᠤᠰ᠎ᠤᠨ ᠬᠣᠶᠠᠷ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠪᠣᠯᠣᠨ ᠥᠪᠥᠷ ᠮᠣᠩᠭᠣᠯ᠎ᠤᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ᠎ᠲᠠᠢ ᠤᠶᠠᠯᠳᠤᠭᠤᠯᠵᠤ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠴᠢᠨᠠᠷ ᠰᠠᠢ᠌ᠲᠠᠢ ᠬᠥᠭᠵᠢᠯᠲᠡ᠎ᠪᠠᠷ ᠪᠥᠬᠥ ᠲᠠᠯ᠎ᠠ ᠵᠢ ᠶᠡᠷᠦᠩᠬᠡᠢ᠌ᠯᠡᠨ ᠡᠵᠡᠮᠳᠡᠵᠦ᠂ ᠥᠭᠡᠷᠡᠴᠢᠯᠡᠯᠲᠡ ᠨᠡᠭᠡᠭᠡᠯᠲᠡ ᠵᠢ ᠤᠯᠠᠮ ᠨᠢᠭᠡ ᠠᠯᠬᠤᠮ ᠪᠥᠬᠥ ᠲᠠᠯ᠎ᠠ᠎ᠪᠠᠷ ᠭᠦᠨᠵᠡᠭᠡᠢ᠌ᠷᠡᠭᠦᠯᠬᠦ᠎ᠪᠠᠷ ᠬᠥᠳᠡᠯᠭᠡᠬᠦ ᠬᠦᠴᠦᠨ ᠪᠣᠯᠭ᠋ᠠᠬᠤ ᠵᠢ ᠪᠠᠷᠢᠮᠲᠠᠯᠠᠨ᠂ ᠣᠨ᠎ᠤ ᠬᠠᠷᠠᠯᠲᠠ ᠡᠭᠦᠷᠭᠡ᠎ᠲᠠᠢ ᠨᠢᠭᠲᠠ ᠤᠶᠠᠯᠳᠤᠭᠤᠯᠵᠤ᠂ ᠢᠲᠡᠭᠡᠯ ᠵᠣᠷᠢᠭ ᠵᠶ᠋ᠠᠨ ᠪᠠᠲᠤᠳᠬᠠᠨ᠂ ᠬᠠᠲᠠᠭᠤᠵᠢᠯᠲᠠᠢ ᠠᠵᠢᠯᠯᠠᠵᠤ ᠪᠣᠳᠠᠲᠠᠢ ᠠᠵᠢᠯᠯᠠᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠵᠤ᠂ ᠴᠢᠳᠠᠮᠠᠭ᠋ᠠᠢ᠎ᠪᠠᠷ ᠠᠵᠢᠯᠯᠠᠵᠤ ᠰᠠᠢ᠌ᠨ ᠪᠦᠲᠦᠭᠡᠵᠦ᠂ ᠣᠳᠣᠬᠢᠴᠢᠯᠠᠭᠰᠠᠨ ᠥᠪᠥᠷ ᠮᠣᠩᠭᠣᠯ᠎ᠢ ᠲᠦᠯᠬᠢᠨ ᠠᠬᠢᠭᠤᠯᠬᠤ ᠶᠠᠪᠤᠴᠠ᠎ᠳᠤ ᠪᠦᠲᠦᠭᠡᠨ ᠪᠠᠢ᠌ᠭᠤᠯᠤᠯᠲᠠ ᠵᠢᠨ ᠰᠢᠨ᠎ᠡ ᠴᠣᠭ ᠵᠢᠪᠬᠤᠭ᠎ᠠ ᠵᠢ ᠢᠯᠡᠷᠡᠭᠦᠯᠬᠦ ᠬᠡᠷᠡᠭᠲᠡᠢ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠤ ᠬᠥᠭᠵᠢᠯᠲᠡ ᠵᠢ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠵᠤ᠂ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲᠸᠮ᠎ᠤᠨ ᠪᠠᠢ᠌ᠭᠤᠯᠤᠯᠲᠠ ᠵᠢᠨ ᠠᠯᠬᠤᠴᠠ ᠵᠢ ᠲᠦᠷᠭᠡᠳᠬᠡᠵᠦ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠬᠢᠷᠢ ᠬᠡᠮ᠎ᠤᠨ ᠲᠡᠰ ᠳᠡᠪᠰᠢᠬᠦ ᠵᠢ ᠠᠬᠢᠭᠤᠯᠵᠤ᠂ ᠪᠠᠷᠢᠯᠭ᠎ᠠ ᠵᠢᠨ ᠠᠵᠤ ᠦᠢ᠍ᠯᠡᠰ᠎ᠤᠨ ᠪᠦᠯᠦᠭᠵᠢᠯ᠎ᠢ ᠪᠤᠵᠠᠭ᠋ᠠᠢ᠌ᠷᠠᠭᠤᠯᠤᠨ ᠬᠦᠴᠦᠷᠬᠡᠭᠵᠢᠭᠦᠯᠵᠦ᠂ ᠪᠠᠷᠢᠯᠭ᠎ᠠ ᠵᠢᠨ ᠦᠢ᠍ᠯᠡᠰ᠎ᠤᠨ ᠠᠵᠤ ᠦᠢ᠍ᠯᠡᠳᠪᠦᠷᠢᠵᠢᠯᠲᠡ᠂ ᠲᠣᠭ᠋ᠠᠴᠢᠯᠠᠯᠲᠠ᠂ ᠪᠣᠬᠢᠷᠲᠤᠯ ᠦᠭᠡᠢ ᠬᠡᠯᠪᠡᠷᠢ ᠬᠤᠪᠢᠷᠠᠭᠤᠯᠤᠯᠲᠠ ᠵᠢ ᠠᠬᠢᠭᠤᠯᠬᠤ ᠬᠡᠷᠡᠭᠲᠡᠢ᠃ ᠰᠢᠨ᠎ᠡ ᠮᠠᠶᠢᠭ᠎ᠤᠨ ᠬᠤᠳᠠ ᠪᠠᠯᠭ᠋ᠠᠰᠤᠵᠢᠯᠲᠠ ᠵᠢᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ᠂ ᠬᠤᠳᠠ ᠵᠢᠨ ᠰᠢᠨᠡᠴᠢᠯᠡᠯᠳᠡ ᠵᠢᠨ ᠠᠵᠢᠯᠯᠠᠭ᠎ᠠ ᠵᠢ ᠡᠮᠬᠢ ᠵᠢᠷᠤᠮ᠎ᠲᠠᠢ ᠬᠡᠷᠡᠭᠵᠢᠭᠦᠯᠵᠦ᠂ ᠬᠤᠳᠠ ᠬᠥᠳᠡᠭᠡ ᠵᠢᠨ ᠰᠠᠭᠤᠷᠢ ᠲᠥᠬᠦᠭᠡᠷᠦᠮᠵᠢ ᠵᠢ ᠲᠡᠰ ᠳᠡᠪᠰᠢᠭᠦᠯᠬᠦ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠬᠤᠳᠠ ᠵᠢᠨ ᠠᠵᠢᠯᠯᠠᠭ᠋ᠠᠨ᠎ᠤ ᠬᠠᠮᠢᠶᠠᠷᠤᠯᠲᠠ ᠵᠢᠨ ᠦᠢ᠍ᠯᠡᠴᠢᠯᠡᠭᠡᠨ᠎ᠤ ᠲᠠᠪᠴᠠᠩ᠂ ᠬᠤᠳᠠ ᠵᠢᠨ ᠠᠮᠢ ᠨᠠᠰᠤᠨ᠎ᠤ ᠱᠤᠭᠤᠮ᠎ᠤᠨ ᠠᠮᠤᠷ ᠲᠦᠪᠰᠢᠨ᠎ᠤ ᠢᠨᠵᠧᠨᠧᠷᠢᠩ᠂ ᠣᠶᠤᠨᠲᠤ ᠢᠯᠴᠢ ᠬᠠᠩᠭ᠋ᠠᠯᠭ᠎ᠠ᠂ ᠤᠰᠤ ᠬᠠᠩᠭ᠋ᠠᠬᠤ ᠪᠠᠲᠤᠯᠠᠭ᠎ᠠ᠂ ᠣᠶᠤᠨᠲᠤ ᠨᠡᠢ᠌ᠭᠡᠮ ᠲᠣᠭᠣᠷᠢᠭ ᠵᠡᠷᠭᠡ ᠭᠣᠣᠯᠳᠠᠯᠭ᠎ᠠ᠎ᠲᠠᠢ ᠡᠭᠦᠷᠭᠡ ᠵᠢ ᠨᠠᠢ᠌ᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠠᠷᠠᠳ᠎ᠤᠨ ᠠᠮᠢᠳᠤᠷᠠᠯ᠎ᠤᠨ ᠬᠦᠷᠢᠶᠡᠨ᠎ᠤ ᠲᠤᠳᠠᠭᠳᠠᠯ᠎ᠢ ᠨᠥᠬᠥᠪᠦᠷᠢᠯᠡᠬᠦ ᠬᠡᠷᠡᠭᠲᠡᠢ᠃ ᠬᠤᠳᠠ ᠬᠥᠳᠡᠭᠡ ᠵᠢᠨ ᠲᠡᠦᠬᠡ ᠰᠣᠶᠣᠯ᠎ᠢ ᠤᠯᠠᠮᠵᠢᠯᠠᠨ ᠬᠠᠮᠠᠭ᠋ᠠᠯᠠᠬᠤ ᠵᠢ ᠴᠢᠩᠭ᠋ᠠᠳᠬᠠᠵᠤ᠂ ᠬᠠᠮᠠᠭ᠋ᠠᠯᠠᠯᠳᠠ ᠵᠢᠨ ᠳᠤᠮᠳᠠ ᠬᠥᠭᠵᠢᠭᠦᠯᠬᠦ᠂  ᠬᠦᠭᠵᠢᠯᠳᠡ ᠵᠢᠨ ᠳᠤᠮᠳᠠ  ᠬᠠᠮᠠᠭ᠋ᠠᠯᠠᠬᠤ ᠵᠢ ᠪᠠᠷᠢᠮᠲᠠᠯᠠᠵᠤ᠂ ᠲᠡᠦᠬᠡ ᠰᠣᠶᠣᠯ᠎ᠤᠨ ᠥᠪ᠎ᠢ ᠪᠦᠲᠦᠭᠡᠯᠴᠢ᠎ᠪᠠᠷ ᠬᠤᠪᠢᠷᠠᠭᠤᠯᠬᠤ᠂ ᠰᠢᠨ᠎ᠡ ᠵᠢ ᠡᠭᠦᠳᠬᠦ ᠴᠢᠨᠠᠷᠲᠠᠢ᠎ᠪᠠᠷ ᠬᠥᠭᠵᠢᠭᠦᠯᠬᠦ ᠵᠢ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃

     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ  ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢ ᠴᠢᠩᠭ᠋ᠠᠳᠬᠠᠬᠤ ᠲᠤᠬᠠᠢ ᠴᠢᠬᠤᠯᠠ ᠥᠭᠦᠯᠡᠯᠲᠡ ᠵᠢ ᠭᠦᠨᠵᠡᠭᠡᠢ ᠰᠤᠷᠤᠯᠴᠠᠨ ᠣᠢ᠌ᠯᠠᠭ᠋ᠠᠵᠤ᠂ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠵᠦᠢ᠍ᠯ ᠵᠤᠷᠪᠤᠰ ᠳᠠᠷᠠᠭ᠋ᠠᠯᠠᠨ ᠪᠠᠷᠢᠮᠵᠢᠶ᠎ᠠ ᠬᠦᠰᠦᠨᠦᠭᠳᠦ᠎ᠲᠠᠢ ᠬᠠᠷᠭᠤᠭᠤᠯᠵᠦ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠢ ᠴᠢᠩᠭ᠎ᠠ ᠰᠠᠢ᠌ᠲᠤᠷ ᠠᠳᠬᠤᠵᠤ᠂ ᠨᠠᠮ᠎ᠤᠨ ᠰᠤᠷᠲᠠᠯ᠎ᠤᠨ ᠪᠠᠢ᠌ᠭᠤᠯᠤᠯᠲᠠ ᠵᠢᠨ ᠭᠦᠨᠵᠡᠭᠡᠢ᠌ᠷᠡᠨ ᠪᠣᠳᠠᠲᠠᠢ᠌ᠵᠢᠬᠤ ᠵᠢ ᠠᠬᠢᠭᠤᠯᠬᠤ ᠬᠡᠷᠡᠭᠲᠡᠢ᠃ ᠰᠤᠷᠤᠯᠴᠠᠯᠭ᠎ᠠ᠎ᠪᠠᠨ ᠭᠦᠨᠵᠡᠭᠡᠢ᠌ᠷᠡᠭᠦᠯᠬᠦ ᠳᠡᠭᠡᠷ᠎ᠡ ᠬᠦᠴᠦ ᠲᠠᠯᠪᠢᠵᠤ᠂ ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠭᠣᠣᠯ ᠴᠢᠮᠦᠭᠡ ᠴᠢᠬᠤᠯᠠ ᠠᠭᠤᠯᠭ᠎ᠠ ᠵᠢ ᠣᠨᠣᠪᠴᠢᠲᠠᠢ ᠡᠵᠡᠮᠰᠢᠵᠦ᠂ ᠠᠵᠢᠯ᠎ᠤᠨ ᠪᠣᠳᠠᠲᠤ ᠪᠠᠢ᠌ᠳᠠᠯ᠎ᠲᠠᠢ᠎ᠪᠠᠨ ᠨᠢᠭᠲᠠ ᠤᠶᠠᠯᠳᠤᠭᠤᠯᠵᠤ᠂  ᠲᠥᠪ ᠬᠣᠷᠢᠶᠠᠨ᠎ᠤ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠰᠡᠳᠬᠢᠯ᠎ᠳᠡᠭᠡᠨ ᠰᠢᠩᠭᠡᠭᠡᠵᠦ᠂ ᠦᠢ᠍ᠯᠡ ᠠᠵᠢᠯᠯᠠᠭ᠎ᠠ᠎ᠳᠠᠭᠠᠨ ᠰᠢᠩᠭᠡᠭᠡᠬᠦ ᠵᠢ ᠠᠬᠢᠭᠤᠯᠵᠤ᠂ ᠵᠠᠭ᠋ᠠᠭ ᠬᠢᠵᠠᠭ᠋ᠠᠷ᠎ᠢ ᠮᠡᠳᠡᠵᠦ᠂ ᠬᠣᠷᠢᠭ᠎ᠠ ᠱᠤᠭᠤᠮ᠎ᠢ ᠲᠤᠳᠤᠷᠬᠠᠢ᠌ᠯᠠᠵᠤ᠂ ᠠᠷᠢᠭᠤᠨ ᠴᠢᠬᠡᠴᠢ ᠡᠷᠬᠡ ᠵᠢᠨ ᠦᠵᠡᠯᠲᠡ᠂ ᠠᠷᠠᠳ ᠲᠦᠮᠡᠨ᠎ᠳᠤ ᠪᠤᠶᠠᠨ ᠦᠢ᠍ᠯᠡᠳᠬᠦ ᠠᠵᠢᠯ᠎ᠤᠨ ᠠᠮᠵᠢᠯᠲᠠ ᠵᠢᠨ ᠦᠵᠡᠯᠲᠡ᠂ ᠦᠨᠡᠨ ᠬᠦ᠌ ᠠᠳᠬᠤᠵᠤ ᠪᠣᠳᠠᠲᠠᠢ ᠠᠵᠢᠯᠯᠠᠬᠤ ᠦᠢ᠍ᠯᠡᠰ᠎ᠤᠨ ᠦᠵᠡᠯᠲᠡ ᠵᠢ ᠨᠡᠩ ᠰᠠᠢ᠌ᠲᠤᠷ ᠪᠤᠢ ᠪᠣᠯᠭ᠋ᠠᠬᠤ ᠬᠡᠷᠡᠭᠲᠡᠢ᠃ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠲᠡᠭᠦᠨ᠎ᠤ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠵᠢ ᠨᠠᠢ᠌ᠳᠠᠪᠤᠷᠢᠵᠢᠭᠤᠯᠬᠤ ᠲᠠᠯ᠎ᠠ᠎ᠪᠠᠷ ᠣᠷᠣᠰᠢᠵᠤ ᠪᠠᠢ᠌ᠭ᠎ᠠ ᠠᠰᠠᠭᠤᠳᠠᠯ᠎ᠢ ᠪᠦᠬᠦ ᠲᠠᠯ᠎ᠠ᠎ᠪᠠᠷ ᠭᠦᠨᠵᠡᠭᠡᠢ ᠡᠷᠢᠵᠦ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠪᠢᠲᠡᠭᠦᠦ ᠬᠡᠯᠪᠡᠷᠢ᠎ᠪᠠᠷ᠂ ᠨᠠᠷᠢᠨ ᠲᠠᠩᠰᠠᠴᠢᠯᠠᠨ ᠠᠬᠢᠭᠤᠯᠵᠤ᠂ ᠴᠡᠭᠴᠡᠯᠡᠨ ᠰᠠᠢ᠌ᠵᠢᠷᠠᠭᠤᠯᠬᠤ ᠬᠠᠷᠠᠯᠲᠠ ᠵᠢᠨ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ᠂ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ ᠵᠢᠨ ᠦᠨᠡᠨᠬᠦ ᠶᠠᠪᠤᠭᠳᠠᠭᠤᠰᠢᠲᠠᠢ ᠪᠠᠢ᠌ᠬᠤ ᠵᠢ ᠪᠠᠲᠤᠯᠠᠬᠤ ᠬᠡᠷᠡᠭᠲᠡᠢ᠃ ᠰᠤᠷᠲᠠᠯ᠎ᠤᠨ ᠪᠠᠢ᠌ᠭᠤᠯᠤᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠴᠢᠨᠠᠭᠰᠢᠳᠠ ᠪᠦᠷᠢᠨᠰᠢᠭᠦᠯᠦᠨ ᠲᠡᠭᠦᠯᠳᠡᠷᠵᠢᠭᠦᠯᠵᠦ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠵᠢᠷᠤᠮᠵᠢᠭᠤᠯᠵᠤ᠂ ᠬᠡᠷᠡᠭ ᠡᠷᠬᠢᠯᠡᠬᠦ ᠶᠣᠰᠣ ᠳᠦᠷᠢᠮ᠎ᠢ ᠵᠢᠷᠤᠮᠵᠢᠭᠤᠯᠵᠤ᠂ ᠡᠷᠬᠡ ᠵᠢᠨ ᠠᠵᠢᠯᠯᠠᠭ᠋ᠠᠨ᠎ᠢ ᠵᠢᠷᠤᠮᠵᠢᠭᠤᠯᠵᠤ᠂ ᠳᠦᠷᠢᠮ᠎ᠤᠨ ᠲᠤᠳᠠᠭᠳᠠᠯ᠎ᠢ ᠨᠥᠬᠥᠪᠦᠷᠢᠯᠡᠵᠦ᠂ ᠬᠢᠨᠠᠯᠲᠠ ᠬᠠᠮᠢᠶᠠᠷᠤᠯᠲᠠ ᠵᠢᠨ ᠪᠠᠯᠠᠢ ᠣᠷᠣᠨ᠎ᠢ ᠠᠷᠢᠯᠭ᠋ᠠᠵᠤ᠂ ᠰᠤᠷᠲᠠᠯ᠎ᠤᠨ ᠪᠠᠢ᠌ᠭᠤᠯᠤᠯᠲᠠ ᠵᠢ ᠪᠠᠢ᠌ᠩᠭᠤᠵᠢᠭᠤᠯᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠪᠣᠯᠭ᠋ᠠᠬᠤ ᠵᠢ ᠠᠬᠢᠭᠤᠯᠵᠤ᠂ ᠥᠭᠡᠷᠡᠴᠢᠯᠡᠬᠦ ᠵᠢᠨ ᠳᠠᠭ᠋ᠠᠤ ᠵᠥᠷᠢᠴᠡᠬᠦ᠂ ᠲᠠᠬᠢᠨ ᠡᠭᠦᠰᠬᠦ ᠵᠢ ᠴᠢᠩᠭ᠎ᠠ ᠰᠡᠷᠭᠡᠢ᠌ᠯᠡᠬᠦ ᠬᠡᠷᠡᠭᠲᠡᠢ ᠭᠡᠵᠦ ᠱᠠᠭ᠋ᠠᠷᠳᠠᠪᠠ᠃

     ᠬᠤᠷᠠᠯ᠎ᠠᠴᠠ᠂ ᠨᠠᠮ᠎ᠤᠨ ᠲᠥᠪ ᠬᠣᠷᠢᠶ᠎ᠠ᠂ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠣᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠠ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠲᠤᠬᠠᠢ ᠰᠢᠨ᠎ᠡ ᠪᠠᠢ᠌ᠷᠢᠯᠠᠭᠤᠯᠤᠯᠲᠠ ᠰᠢᠨ᠎ᠡ ᠱᠠᠭ᠋ᠠᠷᠳᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠦᠷᠭᠦᠯᠵᠢᠯᠡᠨ ᠬᠦᠴᠦᠯᠡᠵᠦ ᠭᠦᠨᠵᠡᠭᠡᠢ᠌ᠷᠡᠭᠦᠯᠦᠨ᠂ ᠣᠷᠳᠣ ᠬᠤᠭᠤᠴᠠᠭ᠎ᠠ᠎ᠪᠠᠷ ᠪᠦᠲᠦᠮᠵᠢᠲᠡᠶ ᠵᠠᠰᠠᠬᠤ ᠳᠡᠭᠡᠷ᠎ᠡ ᠬᠦᠴᠦ ᠲᠠᠯᠪᠢᠵᠤ᠂ 《ᠬᠡᠷᠡᠭ᠎ᠢ ᠳᠠᠭᠤᠰᠬᠠᠬᠤ》᠂ 《ᠠᠵᠢᠯ᠎ᠢ ᠳᠠᠭᠤᠰᠬᠠᠬᠤ》᠂ 《ᠵᠠᠰᠠᠵᠤ ᠲᠡᠢ᠌ᠯᠬᠦ》 ᠵᠢ ᠪᠠᠷᠢᠮᠲᠠᠯᠠᠨ᠂ ᠠᠵᠢᠯ ᠲᠥᠷᠥᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠳᠦᠷᠢᠮ ᠲᠣᠭᠲᠠᠴᠠ ᠵᠢ ᠲᠡᠭᠦᠯᠳᠡᠷᠵᠢᠭᠦᠯᠦᠨ᠂ ᠠᠵᠢᠯ ᠲᠥᠷᠥᠯ᠎ᠤᠨ ᠬᠦᠷᠢᠶᠡᠨ᠎ᠳᠠᠬᠢ ᠠᠷᠬᠠᠭ ᠭᠡᠮ᠎ᠢ ᠭᠦᠨᠵᠡᠭᠡᠢ ᠵᠠᠰᠠᠵᠤ᠂ ᠣᠯᠠᠨ ᠲᠦᠮᠡᠨ᠎ᠤ ᠳᠡᠷᠭᠡᠳᠡᠬᠢ 《  ᠢᠯᠵᠢᠷᠡᠯ》᠎ᠢ ᠪᠦᠲᠦᠮᠵᠢᠲᠡᠶ ᠵᠠᠯᠬᠠᠭ᠋ᠠᠨ ᠰᠢᠳᠬᠡᠬᠦ ᠵᠢ ᠲᠦᠯᠬᠢᠨ ᠠᠬᠢᠭᠤᠯᠵᠤ᠂ ᠲᠥᠪᠯᠡᠷᠡᠭᠦᠯᠦᠨ ᠲᠤᠰᠬᠠᠢ ᠴᠡᠭᠴᠡᠯᠡᠨ ᠵᠠᠰᠠᠬᠤ ᠠᠵᠢᠯ᠎ᠤᠨ ᠨᠠᠩ ᠶᠡᠬᠡ ᠦᠷ᠎ᠡ ᠪᠦᠲᠦᠮᠵᠢ ᠣᠯᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠤᠯᠠᠨ ᠲᠦᠮᠡᠨ᠎ᠤ ᠳᠡᠷᠭᠡᠳᠡᠬᠢ ᠲᠥᠪ ᠪᠤᠰᠤ ᠰᠤᠷᠲᠠᠯ ᠪᠣᠯᠣᠨ ᠢᠯᠵᠢᠷᠡᠯ᠎ᠤᠨ ᠠᠰᠠᠭᠤᠳᠠᠯ᠎ᠢ ᠴᠡᠭᠴᠡᠯᠡᠨ ᠵᠠᠰᠠᠬᠤ ᠵᠢ ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠢ ᠥᠷᠨᠢᠭᠦᠯᠬᠦ᠂ ᠬᠡᠯᠪᠡᠷᠢᠴᠢ ᠦᠵᠡᠯ᠎ᠢ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠂ ᠴᠢᠳᠠᠪᠤᠷᠢ ᠰᠤᠷᠲᠠᠯ᠎ᠤᠨ ᠪᠠᠢ᠌ᠭᠤᠯᠤᠯᠲᠠ ᠵᠡᠷᠭᠡ᠎ᠲᠠᠢ ᠤᠶᠠᠯᠳᠤᠭᠤᠯᠵᠤ᠂ ᠨᠢᠭᠡ ᠴᠣᠭᠴᠠᠵᠢᠭᠤᠯᠤᠨ ᠠᠷᠭ᠎ᠠ ᠰᠦᠪᠡᠭᠴᠢᠯᠡᠨ ᠠᠬᠢᠭᠤᠯᠵᠤ᠂ ᠴᠡᠭᠴᠡᠯᠡᠨ ᠰᠠᠢ᠌ᠵᠢᠷᠠᠭᠤᠯᠵᠤ ᠴᠡᠭᠴᠡᠯᠡᠨ ᠵᠠᠰᠠᠬᠤ ᠵᠢ ᠪᠠᠢ᠌ᠩᠭᠤᠵᠢᠭᠤᠯᠤᠨ ᠰᠠᠢ᠌ᠲᠤᠷ ᠠᠳᠬᠤᠵᠤ᠂ ᠡᠷᠴᠢᠮ᠎ᠢ ᠰᠤᠯᠠᠷᠠᠭᠤᠯᠬᠤ ᠦᠭᠡᠢ᠂ ᠪᠠᠷᠢᠮᠵᠢᠶ᠎ᠠ ᠵᠢ ᠰᠤᠯᠠᠷᠠᠭᠤᠯᠬᠤ ᠦᠭᠡᠢ᠂ ᠪᠠᠷᠢᠮᠵᠢᠶ᠎ᠠ ᠵᠢ ᠪᠠᠭᠤᠷᠠᠭᠤᠯᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃ ᠵᠠᠩᠭᠢᠯᠠᠭ᠎ᠠ ᠵᠢᠨ ᠬᠦᠷᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠣᠣᠯᠳᠠᠯᠭ᠎ᠠ᠎ᠲᠠᠢ ᠠᠵᠢᠯ᠎ᠤᠨ ᠡᠭᠦᠷᠭᠡ ᠵᠢ ᠴᠢᠩᠭ᠎ᠠ ᠠᠩᠬᠠᠷᠴᠤ᠂ ᠬᠦᠴᠦᠨ ᠵᠶ᠋ᠡᠨ ᠲᠥᠪᠯᠡᠷᠡᠭᠦᠯᠦᠨ ᠪᠣᠭᠣᠮᠲᠠ ᠰᠢᠪᠲᠤᠯᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠵᠢ ᠲᠤᠭᠤᠰᠢᠳᠠᠢ ᠬᠢᠵᠦ᠂ ᠤᠯᠠᠨ ᠲᠦᠮᠡᠨ᠎ᠤ ᠰᠠᠢ᠌ᠨ ᠲᠥᠷᠥᠭᠳᠡᠯ ᠤᠢ᠌ᠯᠠᠭ᠋ᠠᠯᠳᠠ ᠵᠢ ᠪᠠᠲᠤᠯᠠᠬᠤ ᠬᠡᠷᠡᠭᠲᠡᠢ᠃ ᠬᠡᠷᠡᠭ ᠵᠶ᠋ᠡᠷ ᠥᠭᠡᠷᠡᠴᠢᠯᠡᠯᠲᠡ ᠵᠢ ᠠᠬᠢᠭᠤᠯᠬᠤ᠂ ᠬᠡᠷᠡᠭ ᠵᠶ᠋ᠡᠷ ᠵᠠᠰᠠᠬᠤ ᠵᠢ ᠠᠬᠢᠭᠤᠯᠬᠤ ᠵᠢ ᠭᠦᠨᠵᠡᠭᠡᠢ᠌ᠷᠡᠭᠦᠯᠵᠦ᠂ ᠠᠰᠠᠭᠤᠳᠠᠯ᠎ᠤᠨ ᠠᠷᠤ᠎ᠳᠠᠬᠢ ᠳᠦᠷᠢᠮ᠎ᠤᠨ ᠳᠤᠲᠠᠭᠳᠠᠯ ᠪᠠ ᠬᠠᠮᠢᠶᠠᠷᠤᠯᠲᠠ ᠵᠢᠨ ᠪᠠᠯᠠᠢ ᠣᠷᠣᠨ᠎ᠢ ᠭᠦᠨ ᠠᠭᠤᠳᠠᠯᠵᠤ᠂ ᠨᠢᠭᠡ᠎ᠠᠴᠠ ᠵᠦᠢ᠍ᠴᠢᠯᠡᠵᠦ ᠨᠦᠬᠦᠭᠡ ᠵᠢ ᠮᠡᠳᠡᠬᠦ᠂ ᠠᠯᠳᠠᠭᠳᠠᠯ᠎ᠢ ᠪᠠᠢ᠌ᠴᠠᠭ᠋ᠠᠵᠤ ᠲᠤᠳᠠᠭᠳᠠᠯ᠎ᠢ ᠨᠥᠬᠥᠪᠦᠷᠢᠯᠡᠬᠦ ᠵᠢ ᠪᠡᠶᠡᠯᠡᠭᠦᠯᠵᠦ᠂ ᠳᠦᠷᠢᠮ ᠲᠣᠭᠲᠠᠭ᠋ᠠᠯ ᠲᠣᠭᠲᠠᠭ᠋ᠠᠬᠤ ᠵᠢ ᠴᠢᠩᠭ᠋ᠠᠳᠬᠠᠵᠤ᠂ ᠦᠨᠡᠨ ᠪᠣᠳᠠᠲᠠᠢ ᠦᠷ᠎ᠡ ᠪᠦᠲᠦᠮᠵᠢ ᠣᠯᠬᠤ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃ 

 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ᠎ᠤᠨ ᠠᠯᠪᠠᠨ ᠭᠡᠷ