ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠪᠠ
2025-03-07

    3 ᠳ᠋ᠤᠭ᠋ᠠᠷ ᠰᠠᠷ᠎ᠠ ᠵᠢᠨ 5᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠠᠮ᠎ᠤᠨ ᠤᠳᠤᠷᠢᠳᠬᠤ ᠳᠤᠭᠤᠶ᠋ᠢᠯᠠᠩ (ᠥᠷᠭᠡᠳᠬᠡᠭᠰᠡᠨ)᠎ᠤᠨ ᠬᠤᠷᠠᠯ ᠬᠤᠷᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠣᠶ᠋ᠢᠷ᠎ᠠ ᠵᠢᠨ ᠬᠤᠭᠤᠴᠠᠭ᠋ᠠᠨ᠎ᠤ ᠴᠢᠬᠤᠯᠠ ᠶᠠᠷᠢᠶ᠎ᠠ᠂ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢᠴᠢ ᠲᠥᠪ᠂ ᠥᠪᠡᠷᠲᠡᠭᠡᠨ ᠵᠠᠰᠠᠬᠤ ᠣᠷᠣᠨ᠎ᠤ ᠬᠤᠯᠪᠣᠭᠳᠠᠯ ᠪᠥᠬᠦᠶ ᠬᠤᠷᠠᠯ ᠪᠠ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠪᠠ᠃ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠲᠢᠩᠬᠢᠮ᠎ᠤᠨ ᠳᠡᠳ᠋ ᠳᠠᠷᠤᠭ᠎ᠠ ᠢᠦᠶ ᠰᠢᠨ ᠹᠠᠩ ᠬᠤᠷᠠᠯ᠎ᠢ ᠡᠷᠭᠢᠯᠡᠪᠡ᠃


W020250306326961311502.jpg


     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠨᠠᠮ᠎ᠤᠨ ᠲᠥᠪ ᠬᠤᠷᠢᠶᠠᠨ᠎ᠤ ᠤᠯᠤᠰ ᠲᠦᠷᠦ ᠵᠢᠨ ᠲᠣᠪᠴᠢᠶᠠᠨ᠎ᠤ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ 《ᠠᠵᠤ ᠠᠬᠤᠢ ᠵᠢᠨ ᠠᠵᠢᠯ᠎ᠳᠤ ᠡᠷᠬᠡᠪᠰᠢ  ᠬᠡᠳᠦᠨ  ᠬᠤᠣᠰ ᠴᠢᠬᠤᠯᠠ ᠬᠠᠷᠢᠴᠠᠭ᠎ᠠ ᠵᠢ ᠨᠢᠭᠡᠳᠦᠯᠲᠡᠢ ᠲᠦᠯᠦᠪᠵᠢᠭᠦᠯᠬᠦ ᠬᠡᠷᠡᠭᠳᠡᠢ》 ᠭᠡᠬᠦ ᠴᠢᠬᠤᠯᠠ ᠵᠣᠬᠢᠶᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠣᠶ᠋ᠢᠯᠠᠭ᠋ᠠᠵᠤ᠂ ᠦᠵᠡᠯ ᠰᠠᠨᠠᠭ᠎ᠠ ᠪᠣᠯᠤᠨ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠤᠷᠢᠶᠠᠨ᠎ᠤ ᠣᠳᠣᠬᠠᠨ᠎ᠤ ᠪᠠᠶ᠋ᠢᠳᠠᠯ᠎ᠤᠨ ᠲᠤᠬᠠᠢ ᠮᠠᠭ᠋ᠠᠳᠯᠠᠯᠲᠠ ᠪᠣᠯᠤᠨ ᠠᠵᠢᠯ᠎ᠤᠨ ᠪᠠᠶ᠋ᠢᠷᠢᠯᠠᠭᠤᠯᠤᠯᠲᠠ ᠳᠡᠭᠡᠷ᠎ᠡ ᠦᠨᠡᠨ ᠬᠦ᠌ ᠨᠢᠭᠡᠳᠬᠡᠵᠦ᠂ ᠢᠲᠡᠭᠡᠯ ᠵᠣᠷᠢᠭ ᠵᠶ᠋ᠠᠨ ᠪᠠᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠣᠷᠣᠨ ᠰᠠᠭᠤᠴᠠ ᠵᠢᠨ ᠪᠦᠳᠦᠭᠡᠨ ᠪᠠᠶ᠋ᠢᠭᠤᠯᠤᠯᠲᠠ ᠵᠢᠨ ᠦᠢ᠍ᠯᠡᠰ᠎ᠢ ᠲᠠᠰᠤᠷᠠᠯᠲᠠ ᠦᠭᠡᠢ ᠦᠷᠭᠦᠯᠵᠢᠯᠡᠨ ᠠᠬᠢᠭᠤᠯᠬᠤ ᠬᠡᠷᠡᠭᠲᠡᠢ᠃  ᠪᠠᠷᠢᠮᠵᠢᠶ᠎ᠠ ᠬᠦᠰᠦᠨᠦᠭᠳᠦ᠎ᠲᠠᠢ  ᠪᠦᠬᠦ ᠲᠠᠯ᠎ᠠ᠎ᠪᠠᠷ  ᠬᠠᠷᠭᠤᠭᠤᠯᠵᠤ᠂ ᠤᠯᠤᠰ᠎ᠤᠨ ᠲᠦᠷᠦ ᠵᠢᠨ ᠪᠤᠳᠤᠯᠭ᠎ᠠ ᠵᠢᠨ ᠬᠠᠨᠳᠤᠰᠢ ᠵᠢ ᠣᠨᠣᠪᠴᠢᠲᠠᠢ ᠡᠵᠡᠮᠳᠡᠵᠦ᠂  ᠲᠡᠭᠡᠳᠦ ᠱᠠᠳᠦ᠎ᠯᠤᠭ᠎ᠠ ᠵᠢᠨ ᠨᠡᠪᠳᠡᠷᠡᠯᠴᠡᠭᠡ ᠵᠤᠯᠭ᠋ᠠᠭᠤᠯᠴᠠᠭ᠎ᠠ᠎ᠪᠠᠨ ᠴᠢᠩᠭ᠋ᠠᠳᠬᠠᠵᠤ᠂ ᠨᠢᠭᠡ ᠪᠦᠯᠦᠭ ᠬᠦᠳᠦᠯᠦᠨ ᠳᠠᠭ᠋ᠠᠭᠤᠯᠬᠤ ᠴᠢᠨᠠᠷ ᠵᠶ᠋ᠠᠷ ᠴᠢᠩᠭ᠎ᠠ᠂ ᠳᠠᠶ᠋ᠢᠴᠢᠯᠠᠬᠤ ᠴᠢᠨᠠᠷ ᠵᠶ᠋ᠠᠷ ᠴᠢᠩᠭ᠎ᠠ ᠠᠵᠢᠯ᠎ᠤᠨ ᠭᠠᠷᠳᠠᠴᠠ ᠪᠣᠯᠤᠨ ᠴᠢᠬᠤᠯᠠ ᠶᠡᠭᠡ ᠲᠦᠷᠦᠯ ᠵᠦᠢ᠍ᠯ᠎ᠢ ᠱᠠᠯᠠᠪᠳᠠᠨ ᠰᠤᠳᠤᠯᠤᠨ ᠰᠦᠪᠡᠭᠴᠢᠯᠡᠬᠦ ᠬᠡᠷᠡᠭᠲᠡᠢ᠃ ᠵᠢᠯ᠎ᠤᠨ ᠡᠬᠢᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ 7 ᠲᠤᠰᠬᠠᠶ ᠠᠵᠢᠯᠯᠠᠭ᠎ᠠ ᠵᠢ ᠬᠡᠷᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠢ᠍ᠮᠠᠨ ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠰᠠᠶ᠋ᠢᠲᠤᠷ ᠠᠳᠬᠤᠵᠤ᠂ ᠴᠠᠭ᠎ᠤᠨ ᠬᠦᠰᠦᠨᠦᠭᠲᠦ᠂ ᠵᠠᠮ ᠱᠤᠭᠤᠮ᠎ᠤᠨ ᠵᠢᠷᠤᠭ᠂ ᠡᠭᠦᠷᠭᠡ ᠵᠢᠨ ᠪᠢᠴᠢᠭ᠎ᠢ ᠱᠠᠯᠠᠪᠳᠠᠨ ᠲᠣᠭᠲᠠᠭ᠋ᠠᠵᠤ᠂ ᠨᠠᠷᠢᠨ ᠲᠠᠩᠰᠠᠵᠢᠭᠤᠯᠬᠤ᠂ ᠲᠥᠷᠥᠯ ᠵᠦᠢ᠍ᠯᠵᠢᠭᠦᠯᠬᠦ᠂ ᠪᠣᠳᠠᠲᠠᠶ᠋ᠢᠵᠢᠭᠤᠯᠬᠤ ᠵᠢ ᠪᠠᠷᠢᠮᠲᠠᠯᠠᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠴᠢᠨᠠᠷ ᠰᠠᠶ᠋ᠢᠲᠠᠶ ᠪᠡᠶᠡᠯᠡᠭᠦᠯᠬᠦ ᠵᠢ ᠪᠠᠲᠤᠯᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠠᠶ᠋ᠢᠨ ᠡᠬᠢᠯᠡᠯᠲᠡ ᠵᠢ ᠪᠡᠶᠡᠯᠡᠭᠦᠯᠬᠦ᠎ᠳᠤ ᠪᠠᠲᠤ ᠰᠠᠭᠤᠷᠢ ᠲᠠᠯᠪᠢᠬᠤ ᠬᠡᠷᠡᠭᠲᠡᠶ᠃ ᠬᠠᠷᠢᠭᠤᠴᠠᠯᠭ᠎ᠠ ᠵᠢᠨ ᠬᠡᠯᠬᠢᠶ᠎ᠡ ᠵᠢ ᠪᠣᠳᠠᠲᠠᠶ᠋ᠢᠵᠢᠭᠤᠯᠵᠤ᠂ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠲᠤᠬᠢᠷᠠᠭᠤᠯᠬᠤ᠎ᠪᠠᠨ ᠴᠢᠩᠭ᠋ᠠᠳᠬᠠᠵᠤ᠂ ᠳᠡᠭᠡᠳᠦ ᠱᠠᠳᠤ᠎ᠨᠢ ᠳᠤᠤᠷᠠᠳᠦ ᠱᠠᠳᠤ᠎ᠪᠠᠨ ᠳᠠᠭ᠋ᠠᠭᠤᠯᠬᠤ᠂ ᠤᠳᠤᠷᠢᠳᠤᠯᠭ᠎ᠠ ᠪᠡᠶ᠎ᠡ᠎ᠪᠠᠷ ᠵᠶ᠋ᠡᠨ ᠳᠠᠶ᠋ᠢᠴᠢᠯᠠᠬᠤ᠂ ᠭᠠᠵᠠᠷ ᠲᠠᠰᠤᠭ ᠬᠤᠯᠪᠣᠭ᠋ᠠᠯᠠᠨ ᠬᠥᠳᠡᠯᠦᠯᠴᠡᠬᠦ᠂ ᠰᠢᠮᠳᠠᠭᠤᠯᠤᠨ ᠵᠢᠯᠣᠭᠤᠳᠴᠤ ᠠᠬᠢᠭᠤᠯᠬᠤ ᠵᠢ ᠪᠠᠷᠢᠮᠲᠠᠯᠠᠵᠤ᠂ ᠬᠠᠷᠢᠭᠤᠴᠠᠯᠭ᠎ᠠ ᠵᠢ  ᠱᠠᠳᠤ ᠱᠠᠳᠤ᠎ᠪᠠᠷ ᠨᠠᠶ᠋ᠢᠳᠠᠪᠤᠷᠢᠵᠢᠭᠤᠯᠵᠤ᠂ ᠨᠢᠭᠡᠳᠦᠭᠡᠷ ᠤᠯᠠᠷᠢᠯ᠎ᠤᠨ 《ᠰᠠᠶ᠋ᠢᠨ ᠡᠬᠢᠯᠡᠯᠲᠡ》 ᠵᠢ ᠪᠡᠶᠡᠯᠡᠭᠦᠯᠬᠦ ᠵᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ᠂ ᠣᠷᠣᠨ ᠰᠠᠭᠤᠴᠠ  ᠵᠢᠨ ᠪᠦᠲᠦᠭᠡᠨ ᠪᠠᠶ᠋ᠢᠭᠤᠯᠤᠯᠲᠠ ᠵᠢᠨ ᠬᠦᠷᠢᠶᠡᠨ᠎ᠤ ᠠᠮᠤᠷ ᠲᠦᠪᠰᠢᠨ ᠲᠣᠭᠲᠠᠭᠤᠨ᠎ᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠬᠤ ᠬᠡᠷᠡᠭᠲᠡᠢ᠃ ᠤᠯᠤᠰ᠎ᠤᠨ ᠶᠡᠷᠦᠩᠬᠡᠶ ᠠᠮᠤᠷ ᠲᠦᠪᠰᠢᠨ᠎ᠤ ᠦᠵᠡᠯᠲᠡ ᠵᠢ ᠡᠷᠡᠰ ᠭᠤᠶ᠋ᠢᠪᠢᠰᠢ ᠥᠬᠡᠶ ᠲᠤᠭᠤᠰᠢᠯᠠᠭᠤᠯᠵᠤ᠂ ᠤᠯᠤᠰ᠎ᠤᠨ ᠠᠮᠤᠷ ᠲᠦᠪᠰᠢᠨ᠎ᠢ ᠠᠵᠢᠯ ᠲᠥᠷᠥᠯ᠎ᠤᠨ ᠬᠥᠭᠵᠢᠯᠲᠡ᠎ᠯᠤᠭ᠎ᠠ ᠬᠠᠮᠲᠤ᠎ᠪᠠᠷ ᠲᠥᠯᠥᠪᠵᠢᠭᠦᠯᠵᠦ᠂ ᠨᠢᠭᠡ ᠴᠣᠭᠴᠠᠵᠢᠭᠤᠯᠤᠨ ᠪᠠᠶ᠋ᠢᠷᠢᠯᠠᠭᠤᠯᠵᠤ᠂ ᠬᠤᠲᠠ ᠪᠠᠯᠭ᠋ᠠᠰᠤᠨ᠎ᠤ ᠰᠢᠲᠠᠮᠠᠬᠠᠶ ᠬᠡᠶ ᠵᠢᠨ ᠠᠮᠤᠷ ᠲᠦᠪᠰᠢᠨ᠎ᠤ ᠲᠤᠰᠬᠠᠶ ᠴᠡᠭᠴᠡᠯᠡᠨ ᠵᠠᠰᠠᠯᠲᠠ ᠵᠢ ᠦᠷᠭᠦᠯᠵᠢᠯᠡᠨ ᠭᠦᠨᠵᠡᠭᠡᠶ ᠥᠷᠨᠢᠭᠦᠯᠵᠦ᠂ ᠪᠠᠷᠢᠯᠭ᠎ᠠ ᠵᠢᠨ ᠳᠤᠯᠠᠭ᠋ᠠᠨ᠎ᠢ ᠬᠠᠮᠠᠭ᠋ᠠᠯᠠᠬᠤ ᠮᠠᠲ᠋ᠧᠷᠢᠶᠠᠯ᠎ᠤᠨ ᠪᠠᠷᠢᠯᠭ᠎ᠠ ᠵᠢᠨ ᠭᠤᠭᠴᠤᠭ᠎ᠠ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠠᠶᠤᠯᠭᠦᠶ ᠦᠢ᠍ᠯᠡᠳᠪᠦᠷᠢᠯᠡᠯ᠎ᠤᠨ ᠦᠨᠳᠦᠰᠦᠨ᠎ᠠᠴᠠ᠎ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ᠎ᠤᠨ ᠠᠵᠢᠯᠯᠠᠭ᠎ᠠ ᠵᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠵᠢᠨ ᠠᠵᠢᠯᠯᠠᠭ᠋ᠠᠨ᠎ᠤ ᠬᠢᠵᠠᠭ᠋ᠠᠷ᠎ᠲᠠᠢ ᠣᠷᠣᠨ ᠵᠠᠶ᠎ᠳᠤ ᠠᠵᠢᠯᠯᠠᠬᠤ᠂ ᠤᠷᠤᠨ ᠰᠠᠭᠤᠴᠠ ᠵᠢᠨ ᠲᠣᠭᠤᠷᠢᠭ᠎ᠤᠨ ᠴᠠᠬᠢᠯᠭ᠋ᠠᠨ ᠬᠥᠳᠡᠯᠭᠡᠭᠦᠷᠲᠦ ᠳᠤᠭᠤᠶ ᠲᠡᠷᠭᠡ᠂ ᠭᠠᠯ ᠤᠨᠲᠠᠷᠠᠭ᠋ᠠᠬᠤ ᠵᠠᠮ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠠᠵᠢᠯ ᠲᠥᠷᠥᠯ᠎ᠤᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠭᠤᠤᠯᠳᠠᠯᠭ᠎ᠠ᠎ᠲᠠᠢ ᠬᠦᠷᠢᠶᠡᠨ᠎ᠤ ᠠᠶᠤᠯ ᠲᠦᠭᠰᠢᠭᠦᠷᠢ ᠬᠡᠮ ᠰᠣᠭᠤᠭ᠎ᠢ ᠪᠥᠬᠦ ᠬᠦᠴᠦᠨ ᠵᠶ᠋ᠠᠷ ᠵᠶ᠋ᠠᠨ ᠠᠷᠢᠯᠭ᠋ᠠᠵᠤ᠂ ᠠᠵᠢᠯ ᠲᠥᠷᠥᠯ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠵᠢᠨ ᠱᠤᠭᠤᠮ᠎ᠢ ᠡᠷᠡᠰ ᠪᠠᠲᠤ ᠰᠠᠬᠢᠬᠤ ᠬᠡᠷᠡᠭᠲᠡᠢ᠃ ᠨᠡᠶ᠋ᠢᠭᠡᠮ᠎ᠤᠨ ᠵᠠᠰᠠᠯᠲᠠ ᠵᠢ ᠴᠢᠩᠭ᠋ᠠᠳᠬᠠᠵᠤ᠂ ᠵᠠᠬᠢᠳᠠᠯ ᠰᠤᠷᠪᠤᠯᠵᠢᠯᠠᠭ᠎ᠠ ᠵᠢᠨ ᠠᠵᠢᠯ᠎ᠤᠨ ᠬᠠᠤᠯᠢᠵᠢᠯ᠎ᠢ ᠭᠦᠨᠵᠡᠭᠡᠶ ᠠᠬᠢᠭᠤᠯᠵᠤ᠂ ᠰᠢᠨ᠎ᠡ ᠴᠠᠭ ᠦᠶ᠎ᠡ ᠵᠢᠨ 《ᠹᠧᠩ ᠴᠢᠶᠣᠤ ᠵᠢᠨ ᠲᠤᠷᠰᠢᠯᠭ᠎ᠠ》 ᠵᠢ ᠪᠠᠷᠢᠮᠲᠠᠯᠠᠨ ᠬᠥᠭᠵᠢᠭᠦᠯᠵᠦ᠂ 《ᠲᠦᠷᠪᠡ ᠵᠢ ᠦᠨᠳᠦᠰᠦᠨ ᠱᠠᠲᠤᠨ᠎ᠳᠤ ᠪᠠᠭᠤᠯᠭ᠋ᠠᠬᠤ》 ᠲᠦᠷᠢᠮ᠎ᠢ ᠪᠦᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠠᠵᠢᠯ᠎ᠤᠨ ᠲᠠᠷᠠᠭ᠎ᠠ ᠵᠠᠰᠠᠬᠤ ᠵᠢ ᠠᠵᠢᠯ᠎ᠤᠨ ᠡᠮᠦᠨ᠎ᠡ ᠵᠠᠰᠠᠬᠤ ᠪᠤᠯᠭ᠋ᠠᠨ ᠬᠤᠪᠢᠷᠠᠭᠤᠯᠬᠤ ᠵᠢ ᠠᠬᠢᠭᠤᠯᠬᠤ ᠬᠡᠷᠡᠭᠳᠡᠢ᠃ ᠨᠠᠮ᠎ᠤᠨ ᠨᠢᠭᠤᠴᠠ ᠵᠢ ᠬᠠᠮᠠᠭ᠋ᠠᠯᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠨᠢᠭᠤᠴᠠ ᠵᠢ ᠬᠠᠮᠠᠭ᠋ᠠᠯᠠᠬᠤ ᠬᠠᠮᠢᠶᠠᠷᠤᠯᠲᠠ ᠵᠢ ᠲᠤᠬᠠᠶ᠋ᠢᠯᠠᠭᠰᠠᠨ ᠠᠵᠢᠯ᠎ᠤᠨ ᠪᠦᠬᠦ ᠶᠠᠪᠤᠴᠠ ᠵᠢᠨ ᠡᠯ᠎ᠡ ᠭᠤᠭᠴᠤᠭ᠎ᠠ᠎ᠳᠤ ᠠᠭᠤᠰᠤᠯᠴᠠᠭᠤᠯᠵᠤ᠂ ᠨᠢᠭᠤᠴᠠ ᠵᠢ ᠬᠠᠮᠠᠭ᠋ᠠᠯᠠᠬᠤ ᠰᠠᠬᠢᠯᠭ᠎ᠠ ᠪᠠᠲᠤ ᠵᠢᠨ ᠬᠥᠮᠦᠵᠢᠯ᠎ᠢ ᠴᠢᠩᠭ᠋ᠠᠳᠬᠠᠵᠤ᠂ ᠲᠦᠷᠢᠮ᠎ᠤᠨ ᠬᠡᠷᠡᠭᠵᠢᠭᠦᠯᠦᠯᠲᠡ ᠵᠢ ᠴᠢᠩᠳᠠᠯᠠᠵᠤ᠂ ᠨᠢᠭᠤᠴᠠ᠎ᠳᠤ ᠬᠤᠯᠪᠣᠭᠳᠠᠬᠤ ᠬᠥᠮᠦᠰ᠂ ᠨᠢᠭᠤᠴᠠ᠎ᠳᠤ ᠬᠤᠯᠪᠣᠭᠳᠠᠬᠤ ᠠᠴᠢᠶᠠᠯᠠᠪᠤᠷᠢ᠂ ᠨᠢᠭᠤᠴᠠ᠎ᠳᠤ ᠬᠤᠯᠪᠣᠭᠳᠠᠬᠤ ᠰᠦᠯᠵᠢᠶ᠎ᠡ ᠵᠢ ᠰᠠᠶ᠋ᠢᠲᠤᠷ ᠬᠠᠮᠢᠶᠠᠷᠴᠤ᠂ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠰᠡᠷᠭᠡᠶ᠋ᠢᠯᠡᠯᠲᠡ ᠵᠢᠨ ᠱᠤᠭᠤᠮ᠎ᠢ ᠡᠷᠡᠰ ᠰᠠᠬᠢᠬᠤ ᠬᠡᠷᠡᠭᠲᠡᠢ ᠭᠡᠵᠦ ᠱᠠᠭ᠋ᠠᠷᠳᠠᠪᠠ᠃


W020250306326961418948.jpg

     ᠬᠤᠷᠠᠯ᠎ᠠᠴᠠ᠂ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠤᠳᠤᠷᠢᠳᠬᠤ ᠨᠥᠬᠦᠳ᠎ᠤᠨ ᠲᠤᠰᠢᠶᠠᠯ᠎ᠤᠨ ᠮᠡᠳᠡᠭᠦᠯᠦᠯᠲᠡ ᠵᠢ ᠬᠢᠨᠠᠬᠤ ᠦᠶ᠎ᠡ᠎ᠳᠤ ᠳᠤᠷᠠᠳᠤᠭᠰᠠᠨ ᠴᠢᠬᠤᠯᠠ ᠱᠠᠭ᠋ᠠᠷᠳᠠᠯᠭ᠎ᠠ ᠵᠢᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ 《ᠬᠤᠶᠠᠷ ᠶᠡᠭᠡ ᠶᠠᠪᠤᠳᠠᠯ》᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠪᠣᠳᠠᠲᠤ ᠠᠵᠢᠯᠯᠠᠭ᠎ᠠ᠎ᠪᠠᠷ ᠵᠶ᠋ᠠᠨ 《ᠬᠤᠶᠠᠷ᠎ᠢ ᠲᠤᠭᠳᠠᠭ᠋ᠠᠭᠰᠠᠨ》᠎ᠢ ᠡᠷᠡᠰ ᠬᠦᠷᠢᠶᠡᠯᠡᠵᠦ᠂ 《ᠬᠤᠶᠠᠷ᠎ᠢ ᠬᠦᠷᠢᠶᠡᠯᠡᠬᠦ》 ᠵᠢ ᠡᠷᠡᠰ ᠪᠡᠶᠡᠯᠡᠭᠦᠯᠬᠦ ᠬᠡᠷᠡᠭᠲᠡᠢ᠃ ᠤᠯᠤᠰ ᠲᠦᠷᠦ ᠵᠢᠨ ᠦᠨᠡᠨᠴᠢ ᠰᠢᠳᠤᠷᠭᠤ ᠵᠢ ᠪᠠᠲᠤᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠰᠡᠳᠬᠢᠯ ᠵᠶ᠋ᠠᠨ ᠨᠢᠭᠡᠳᠬᠡᠨ ᠰᠦᠭ ᠰᠦᠨᠡᠰᠦ᠎ᠪᠠᠨ ᠱᠤᠭᠤᠬᠤ ᠵᠢ ᠴᠥᠬᠦᠷᠡᠰᠢ ᠦᠭᠡᠢ ᠪᠠᠷᠢᠮᠲᠠᠯᠠᠵᠤ᠂ ᠤᠯᠤᠰ ᠲᠦᠷᠦ ᠵᠢᠨ ᠴᠢᠳᠠᠪᠤᠷᠢ᠎ᠪᠠᠨ ᠲᠠᠰᠤᠷᠠᠯᠲᠠ ᠦᠭᠡᠢ ᠴᠢᠩᠭ᠋ᠠᠳᠬᠠᠵᠤ᠂ ᠨᠠᠮᠴᠢ ᠴᠢᠨᠠᠷ᠎ᠤᠨ ᠪᠣᠯᠪᠠᠰᠤᠷᠠᠯ ᠵᠶ᠋ᠠᠨ ᠳᠠᠪᠲᠠᠨ ᠪᠣᠯᠪᠠᠰᠤᠷᠠᠭᠤᠯᠵᠤ᠂ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠰᠢᠯᠢᠳᠡᠭ ᠰᠤᠷᠲᠠᠯ᠎ᠢ ᠪᠢᠰᠢᠷᠡᠵᠦ᠂ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠡᠷᠡ ᠶᠣᠰᠣᠭ᠋ᠠᠷ᠎ᠨᠢ ᠰᠠᠶ᠋ᠢᠲᠤᠷ ᠨᠠᠶ᠋ᠢᠳᠠᠪᠤᠷᠢᠵᠢᠭᠤᠯᠬᠤ ᠬᠡᠷᠡᠭᠲᠡᠢ᠃ ᠤᠯᠤᠰ ᠲᠦᠷᠦ ᠵᠢᠨ ᠬᠠᠷᠢᠭᠤᠴᠠᠯᠭ᠎ᠠ ᠵᠢ ᠪᠠᠲᠤ ᠡᠭᠦᠷᠭᠡᠯᠡᠵᠦ᠂ ᠲᠥᠪ᠎ᠤᠨ ᠨᠠᠢ᠍ᠮᠠᠨ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠲᠦᠷᠢᠮ᠎ᠤᠨ ᠵᠣᠷᠢᠭ ᠰᠠᠨᠠᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠰᠤᠷᠲᠠᠯ ᠢᠯᠵᠠᠷᠡᠯ᠎ᠢ ᠬᠠᠮᠲᠤ᠎ᠪᠠᠷ ᠪᠠᠶ᠋ᠢᠴᠠᠭ᠋ᠠᠵᠤ ᠵᠡᠷᠭᠡ᠎ᠪᠠᠷ ᠵᠠᠰᠠᠬᠤ ᠵᠢ ᠠᠬᠢᠭᠤᠯᠵᠤ᠂ ᠬᠡᠯᠪᠡᠷᠢᠴᠢ ᠦᠵᠡᠯ᠎ᠢ ᠦᠷᠭᠦᠯᠵᠢᠯᠡᠨ ᠴᠡᠭᠴᠡᠯᠡᠨ ᠵᠠᠰᠠᠵᠤ ᠦᠨᠳᠦᠰᠦᠨ ᠱᠠᠲᠤᠨ᠎ᠤ ᠳᠠᠷᠤᠭ᠋ᠠᠰᠤ ᠵᠢ ᠬᠥᠩᠭᠡᠷᠡᠭᠦᠯᠬᠦ᠎ᠳᠤ ᠴᠢᠳᠠᠪᠤᠷᠢ ᠣᠯᠭᠤᠵᠤ᠂ ᠰᠤᠷᠲᠠᠯ ᠴᠢᠬᠡᠴᠢ ᠣᠪᠣᠷ ᠲᠥᠪ᠂ ᠠᠵᠢᠯ ᠬᠢᠵᠦ ᠦᠢ᠍ᠯᠡᠰ ᠪᠤᠰᠬᠠᠬᠤ ᠭᠦᠨ ᠵᠤᠵᠠᠭ᠋ᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ᠃ ᠨᠠᠮ᠎ᠤᠨ ᠭᠡᠰᠢᠭᠦᠨ᠎ᠤ ᠬᠠᠮᠢᠶᠠᠷᠤᠯᠲᠠ ᠵᠢ ᠴᠢᠩᠭ᠋ᠠᠳᠬᠠᠵᠤ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠢ ᠦᠨᠡᠨ ᠬᠦ᠌ ᠰᠠᠶ᠋ᠢᠲᠤᠷ ᠬᠢᠵᠦ᠂ ᠥᠷᠭᠡᠨ ᠤᠯᠠᠨ ᠨᠠᠮ᠎ᠤᠨ ᠭᠡᠰᠢᠭᠦᠨ ᠺᠠᠳ᠋ᠷᠴᠤᠳ᠎ᠢ ᠬᠦᠳᠦᠯᠦᠨ ᠵᠢᠯᠣᠭᠤᠳᠴᠤ ᠪᠠᠶ᠋ᠢᠭ᠋ᠠᠳ ᠬᠤᠰᠢᠭᠤᠴᠢ ᠵᠢᠱ᠌ᠢᠶᠡᠴᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠠᠵᠢᠯᠯᠠᠬᠤ ᠵᠢ ᠲᠡᠷᠢᠭᠦᠨ᠎ᠳᠤ ᠲᠠᠯᠪᠢᠵᠤ᠂ ᠲᠡᠷᠢᠭᠦᠨ᠎ᠤ᠎ᠬᠢ ᠵᠢ ᠡᠷᠡᠯᠬᠡᠭᠯᠡᠨ ᠲᠡᠮᠡᠴᠡᠵᠦ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢ ᠪᠦᠬᠦ ᠲᠠᠯ᠎ᠠ᠎ᠪᠠᠷ ᠠᠬᠢᠭᠤᠯᠬᠤ ᠰᠢᠨ᠎ᠡ ᠠᠶᠠᠨ ᠵᠠᠮ᠎ᠳᠤ ᠰᠢᠨ᠎ᠡ ᠡᠭᠦᠷᠭᠡᠯᠡᠯ ᠰᠢᠨ᠎ᠡ ᠵᠢᠳᠬᠦᠯ ᠴᠢᠷᠮᠠᠶ᠋ᠢᠯᠭ᠎ᠠ ᠵᠢ ᠢᠯᠡᠷᠡᠭᠦᠯᠬᠦ ᠬᠡᠷᠡᠭᠲᠡᠢ ᠭᠡᠵᠦ ᠱᠠᠭ᠋ᠠᠷᠳᠠᠪᠠ᠃

     ᠬᠤᠷᠠᠯ᠎ᠠᠴᠠ᠂ ᠲᠥᠪ᠎ᠤᠨ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠬᠤ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ ᠠᠵᠢᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠬᠤ ᠬᠡᠷᠡᠭᠲᠡᠢ᠃ ᠬᠤᠲᠠ ᠪᠠᠯᠭ᠋ᠠᠰᠤ ᠵᠢᠨ ᠤᠰᠤᠨ᠎ᠤ ᠣᠷᠴᠢᠨ ᠲᠣᠭᠤᠷᠢᠨ᠎ᠢ ᠵᠠᠰᠠᠬᠤ᠂ ᠪᠠᠷᠢᠯᠭ᠎ᠠ ᠵᠢᠨ ᠬᠤᠭ ᠨᠣᠪᠰᠢ ᠵᠢ ᠵᠠᠰᠠᠬᠤ᠂ ᠠᠮᠢᠳᠤᠷᠠᠯ᠎ᠤᠨ ᠬᠤᠭ ᠨᠣᠪᠰᠢ ᠵᠢ ᠰᠢᠢ᠍ᠳᠪᠦᠷᠢᠯᠡᠬᠦ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠡᠷᠭᠡ ᠡᠭᠦᠷᠭᠡ ᠵᠢ ᠴᠢᠩᠭ᠎ᠠ ᠠᠩᠬᠠᠷᠴᠤ᠂ ᠠᠵᠢᠯ᠎ᠤᠨ ᠬᠤᠭᠤᠴᠠᠭ᠎ᠠ ᠵᠢ ᠲᠣᠩᠭᠤᠷᠤᠭᠤᠯᠤᠨ ᠪᠠᠶ᠋ᠢᠷᠢᠯᠠᠭᠤᠯᠵᠤ᠂ ᠠᠯᠬᠤᠮ ᠳᠠᠷᠠᠭ᠎ᠠ᠎ᠲᠠᠢ᠎ᠪᠠᠷ ᠳᠥᠯᠭᠢᠨ ᠠᠬᠢᠭᠤᠯᠵᠤ᠂ ᠲᠣᠭᠲᠠᠭᠰᠠᠨ ᠬᠤᠭᠤᠴᠠᠭ᠋ᠠᠨ᠎ᠳᠤ ᠬᠥᠮᠥᠷᠭᠡ᠎ᠪᠠᠨ ᠴᠡᠪᠡᠷᠯᠡᠬᠦ ᠵᠢ ᠦᠨᠡᠨᠬᠦ ᠪᠠᠲᠤᠯᠠᠬᠤ ᠬᠡᠷᠡᠭᠲᠡᠶ᠃ ᠨᠢᠭᠡ᠎ᠠᠴᠠ ᠵᠦᠢ᠍ᠴᠢᠯᠡᠵᠦ ᠨᠦᠬᠦᠭᠡ ᠵᠢ  ᠰᠠᠶ᠋ᠢᠵᠢᠷᠠᠭᠤᠯᠬᠤ ᠵᠢ ᠠᠳᠬᠤᠵᠤ᠂ ᠠᠳᠠᠯᠢ ᠲᠦᠷᠦᠯ ᠬᠡᠯᠪᠡᠷᠢ᠂ ᠬᠤᠯᠪᠣᠭᠳᠠᠬᠤ ᠴᠢᠨᠠᠷᠲᠠᠢ᠂ ᠡᠭᠦᠰᠦᠮᠡᠯ ᠴᠢᠨᠠᠷᠲᠠᠢ ᠠᠰᠠᠭᠤᠳᠠᠯ᠎ᠢ ᠰᠢᠰᠲ᠋ᠧᠮ᠎ᠲᠠᠢ ᠡᠮᠬᠢᠯᠡᠨ ᠰᠢᠢ᠍ᠳᠪᠦᠷᠢᠯᠡᠬᠦ ᠬᠡᠷᠡᠭᠲᠡᠢ᠃ 《ᠣᠳᠣᠬᠠᠨ᠎ᠳᠤ ᠥᠭᠡᠷᠡᠴᠢᠯᠡᠬᠦ》 ᠪᠠ 《ᠤᠷᠳᠤ ᠬᠤᠭᠤᠴᠠᠭ᠎ᠠ᠎ᠪᠠᠷ ᠪᠠᠶ᠋ᠢᠭᠤᠯᠬᠤ》᠂ 《ᠪᠠᠶ᠋ᠢᠩᠭᠤ ᠰᠢᠮᠳᠠᠭᠤᠯᠤᠨ ᠵᠢᠯᠣᠭᠤᠳᠬᠤ》 ᠪᠠ 《ᠴᠢᠩᠭ᠎ᠠ ᠵᠢᠯᠣᠭᠤᠳᠬᠤ》 ᠵᠢ ᠤᠶᠠᠯᠳᠤᠭᠤᠯᠬᠤ ᠵᠢ ᠪᠠᠷᠢᠮᠲᠠᠯᠠᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠬᠢᠨᠠᠨ ᠬᠠᠮᠢᠶᠠᠷᠤᠯᠲᠠ ᠵᠢᠨ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠨᠢᠭᠡ ᠠᠰᠠᠭᠤᠳᠠᠯ᠎ᠢ ᠰᠢᠢ᠍ᠳᠪᠦᠷᠢᠯᠡᠪᠡᠯ᠂ ᠨᠢᠭᠡ ᠢᠵᠢ ᠲᠣᠭᠲᠠᠴᠠ ᠵᠢ ᠲᠡᠭᠦᠯᠳᠡᠷᠵᠢᠭᠦᠯᠬᠦ᠎ᠪᠠᠷ ᠴᠢᠷᠮᠠᠶ᠋ᠢᠵᠤ᠂ ᠨᠢᠭᠡ ᠲᠦᠷᠦᠯ᠎ᠤᠨ ᠲᠤᠳᠠᠭᠳᠠᠯ᠎ᠢ ᠨᠥᠬᠦᠪᠥᠷᠢᠯᠡᠬᠦ ᠬᠡᠷᠡᠭᠲᠡᠢ᠃ ᠠᠵᠢᠯ᠎ᠤᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠳᠡᠭᠡᠳᠦ ᠲᠤᠤᠷᠠᠳᠤ ᠱᠠᠳᠤ᠎ᠪᠠᠷ ᠵᠶ᠋ᠠᠨ ᠬᠤᠯᠪᠣᠭ᠋ᠠᠯᠠᠨ ᠬᠥᠳᠡᠯᠦᠯᠴᠡᠬᠦ ᠵᠢ ᠴᠢᠩᠭ᠋ᠠᠳᠬᠠᠵᠤ᠂ ᠴᠡᠭᠴᠡᠯᠡᠨ ᠰᠠᠶ᠋ᠢᠵᠢᠷᠠᠭᠤᠯᠬᠤ ᠵᠢ ᠰᠢᠮᠳᠠᠭᠤᠯᠤᠨ ᠵᠢᠯᠣᠭᠤᠳᠬᠤ᠂ ᠦᠷ᠎ᠡ ᠪᠦᠲᠦᠮᠵᠢ ᠵᠢ ᠮᠥᠷᠳᠡᠨ ᠠᠰᠠᠭᠤᠬᠤ ᠵᠢ ᠰᠠᠶ᠋ᠢᠲᠤᠷ ᠠᠳᠬᠤᠵᠤ᠂ ᠠᠮᠢ ᠠᠬᠤᠢ ᠣᠷᠴᠢᠨ ᠲᠣᠭᠤᠷᠢᠨ᠎ᠢ ᠦᠷᠭᠦᠯᠵᠢᠯᠡᠨ ᠰᠠᠶ᠋ᠢᠵᠢᠷᠠᠭᠤᠯᠬᠤ ᠵᠢ ᠪᠦᠬᠦ ᠬᠦᠴᠦᠨ ᠵᠶ᠋ᠠᠷ ᠵᠶ᠋ᠠᠨ ᠠᠬᠢᠭᠤᠯᠬᠤ ᠬᠡᠷᠡᠭᠲᠡᠢ ᠭᠡᠵᠦ ᠱᠠᠭ᠋ᠠᠷᠳᠠᠪᠠ᠃  

     ᠬᠤᠷᠠᠯ᠎ᠠᠴᠠ᠂ ᠬᠢᠨᠠᠨ ᠪᠤᠳᠤᠵᠤ ᠴᠡᠭᠴᠡᠯᠡᠨ ᠰᠠᠶ᠋ᠢᠵᠢᠷᠠᠭᠤᠯᠤᠭᠰᠠᠨ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠳᠠᠷᠠᠭ᠋ᠠᠴᠢ ᠵᠢᠨ ᠠᠯᠬᠤᠮ᠎ᠤᠨ ᠠᠵᠢᠯ᠎ᠢ ᠰᠤᠳᠤᠯᠤᠨ ᠪᠠᠶ᠋ᠢᠷᠢᠯᠠᠭᠤᠯᠵᠠᠢ᠃ ᠬᠢᠨᠠᠨ ᠪᠤᠳᠤᠬᠤ ᠴᠡᠭᠴᠡᠯᠡᠨ ᠰᠠᠶ᠋ᠢᠵᠢᠷᠠᠭᠤᠯᠬᠤ ᠠᠵᠢᠯ᠎ᠤᠨ ᠲᠥᠰᠦᠯ᠎ᠢ ᠴᠢᠩᠳᠠᠯᠠᠵᠤ᠂ ᠴᠡᠭᠴᠡᠯᠡᠨ ᠰᠠᠶ᠋ᠢᠵᠢᠷᠠᠭᠤᠯᠬᠤ ᠠᠰᠠᠭᠤᠳᠠᠯ ᠪᠠ ᠠᠷᠭ᠎ᠠ ᠬᠡᠮᠵᠢᠶ᠎ᠡ ᠨᠢᠭᠡᠪᠦᠷᠢ ᠵᠢ ᠰᠢᠭᠰᠢᠨ ᠪᠠᠶ᠋ᠢᠴᠠᠭ᠋ᠠᠵᠤ᠂ ᠶᠠᠮᠠᠷᠪᠠ ᠠᠰᠠᠭᠤᠳᠠᠯ᠂ ᠶᠠᠮᠠᠷᠪᠠ ᠠᠷᠭ᠎ᠠ ᠬᠡᠮᠵᠢᠶ᠎ᠡ ᠵᠢ ᠴᠤ᠌ ᠭᠡᠭᠡᠭᠳᠡᠭᠦᠯᠬᠦ ᠦᠭᠡᠢ᠎ᠪᠠᠷ ᠡᠬᠡ ᠲᠠᠩᠰᠠᠴᠢᠯᠠᠨ ᠬᠠᠮᠢᠶᠠᠷᠴᠤ᠂ ᠨᠠᠷᠢᠨ ᠲᠠᠩᠰᠠ ᠵᠢᠨ ᠬᠡᠯᠪᠡᠷᠢ᠎ᠪᠠᠷ ᠠᠬᠢᠭᠤᠯᠵᠤ᠂ ᠠᠬᠢᠴᠠ ᠵᠢ ᠠᠩᠬᠠᠷᠴᠤ᠂ ᠶᠠᠰᠤ ᠴᠢᠨᠠᠷ᠎ᠢ ᠠᠳᠬᠤᠵᠤ᠂ ᠲᠣᠭᠲᠠᠴᠠ ᠵᠢ ᠪᠠᠶ᠋ᠢᠭᠤᠯᠵᠤ᠂ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠴᠠᠭ ᠲᠤᠬᠠᠢ᠎ᠳᠤᠨᠢ ᠴᠢᠨᠠᠷ ᠰᠠᠶ᠋ᠢᠲᠠᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃

     ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠵᠠᠢ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢ᠊