ᠥᠪᠥᠷ ᠮᠣᠩᠭᠣᠯ᠎ᠤᠨ ᠲᠢᠶᠠᠨ ᠯᠢ ᠪᠠᠷᠢᠯᠭ᠎ᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠎ᠳᠤ ᠦᠭᠬᠦ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠤᠬᠠᠢ ᠠᠯᠪᠠᠨ ᠵᠠᠷ
2024-10-24

     ᠪᠡᠶ᠎ᠡ ᠵᠢᠨ ᠦᠨᠡᠮᠯᠡᠯ᠎ᠤᠨ ᠨᠣᠮᠧᠷ /  ᠨᠢᠭᠡᠳᠦᠯᠲᠡᠢ ᠨᠡᠢ᠌ᠭᠡᠮ᠎ᠤᠨ ᠢᠲᠡᠭᠡᠮᠵᠢ ᠵᠢᠨ ᠺᠣᠳ᠋᠄ 91150602MA0PT96R1J

     ᠬᠠᠤᠯᠢ ᠵᠢᠨ ᠡᠷᠬᠡᠲᠡᠨ᠄ ᠬᠤᠸᠠᠩ ᠯᠢ ᠵᠥᠩ

     ᠰᠢᠢ᠍ᠳᠭᠡᠯ ᠦᠭᠭᠦᠭᠰᠡᠨ ᠪᠠᠢ᠌ᠭᠤᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ

     ᠪᠢᠴᠢᠭ ᠮᠠᠲᠸᠷᠢᠶᠠᠯ᠎ᠤᠨ ᠳ᠋ᠤᠭ᠋ᠠᠷ᠄ ᠦᠪᠦᠷ ᠪᠠᠷᠢᠯᠭ᠎ᠠ  ᠴᠢᠨᠠᠷ ᠲᠤᠷᠭ᠋ᠠᠭᠤᠯᠢ  ᠥᠰᠥᠭ [2023] 25 ᠳ᠋ᠤᠭ᠋ᠠᠷ ᠲᠣᠭ᠋ᠠᠲᠤ

     ᠰᠢᠢ᠍ᠳᠭᠡᠯ᠎ᠤᠨ  ᠠᠭᠤᠯᠭ᠎ᠠ ᠄ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ 30 ᠡᠳᠦᠷ᠎ᠤᠨ ᠬᠤᠭᠤᠴᠠᠭ᠎ᠠ᠎ᠲᠠᠢ  ᠲᠦᠷ ᠬᠤᠷᠢᠶᠠᠨ᠎ᠠ

     ᠬᠠᠤᠯᠢ ᠵᠥᠷᠢᠴᠡᠭᠰᠡᠨ ᠪᠣᠳᠠᠲᠤ ᠶᠠᠪᠤᠳᠠᠯ᠄ ᠥᠪᠥᠷ ᠮᠣᠩᠭᠣᠯ᠎ᠤᠨ ᠲᠢᠶᠠᠨ ᠯᠢ ᠪᠠᠷᠢᠯᠭ᠎ᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ 2019 ᠣᠨ᠎ᠤ 7  ᠳ᠋ᠤᠭ᠋ᠠᠷ  ᠰᠠᠷ᠎ᠠ ᠵᠢᠨ 17᠎ᠤ ᠡᠳᠦᠷ᠎ᠤᠨ 18 ᠴᠠᠭ 21 ᠮᠢᠨᠦ᠋ᠲ᠎ᠤᠨ ᠦᠶ᠎ᠡ᠎ᠪᠠᠷ᠂ ᠦᠦᠰᠢᠨ ᠬᠣᠰᠢᠭᠤᠨ᠎ᠤ  ᠭᠠᠯᠠᠭᠤᠳᠤ ᠪᠠᠯᠭ᠋ᠠᠰᠤᠨ᠎ᠤ ᠷᠸᠨ ᠮᠢᠨ ᠵᠠᠮ᠎ᠤᠨ ᠵᠡᠭᠦᠨᠳᠡᠬᠢ ᠦᠦᠰᠢᠨ ᠬᠣᠰᠢᠭᠤᠨ᠎ᠤ᠎ᠲᠠᠢ ᠾᠧ ᠤᠯᠠᠨ ᠤᠯᠤᠰ᠎ᠤᠨ  ᠲᠠᠯᠠᠪᠠᠢ ᠵᠢᠨ ᠳᠥᠷᠪᠡᠳᠦᠭᠡᠷ ᠂ ᠲᠠᠪᠤᠳᠤᠭ᠋ᠠᠷ ᠠᠵᠢᠯ᠎ᠤᠨ ᠬᠡᠰᠡᠭ᠎ᠤᠨ ᠪᠦᠲᠦᠭᠡᠨ ᠪᠠᠢ᠌ᠭᠤᠯᠤᠯᠲᠠ ᠵᠢᠨ ᠲᠦᠷᠦᠯ ᠵᠦᠢ᠍ᠯ᠎ᠤᠨ ᠪᠠᠷᠢᠯᠭ᠎ᠠ ᠵᠢᠨ ᠲᠤᠬᠠᠢ ᠵᠢᠨ ᠲᠠᠯᠠᠪᠠᠢ᠎ᠳᠤ ᠂ E ᠠᠰᠠᠷ᠎ᠤᠨ ᠬᠣᠢ᠌ᠲᠤ ᠲᠠᠯ᠎ᠠ᠎ᠳᠤ ᠡᠯᠭᠦᠮᠡᠯ ᠰᠠᠭᠰᠤ᠎ᠪᠠᠷ ᠭᠠᠳᠠᠷ ᠬᠡᠷᠡᠮ᠎ᠤᠨ ᠳᠤᠯᠠᠭ᠋ᠠᠨ᠎ᠢ ᠬᠠᠮᠠᠭ᠋ᠠᠯᠠᠬᠤ ᠠᠵᠢᠯ ᠬᠢᠵᠦ ᠪᠠᠢ᠌ᠭᠰᠠᠨ  ᠨᠢᠭᠡ ᠠᠵᠢᠯᠴᠢᠨ ᠴᠠᠬᠢᠯᠭ᠋ᠠᠨ᠎ᠳᠤ ᠴᠣᠬᠢᠭᠳᠠᠨ  ᠨᠠᠰᠤ ᠪᠠᠷᠠᠵᠠᠢ ᠃

     ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠄ 《  ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠳᠦᠷᠢᠮ 》᠎ᠤᠨ ᠵᠢᠷᠭᠤᠳᠤᠭ᠋ᠠᠷ ᠵᠦᠢ᠍ᠯ᠎ᠤᠨ (  ᠨᠢᠭᠡ ) ᠂ (  ᠵᠢᠷᠭᠤᠭ᠎ᠠ ) ᠂ (  ᠨᠠᠢ᠍ᠮᠠ ) ᠂ (  ᠶᠢᠰᠦ ) ᠂ (  ᠠᠷᠪᠠᠨ ᠨᠢᠭᠡ )   ᠳ᠋ᠤᠭᠡᠷ ᠵᠤᠷᠪᠤᠰ ᠂ ᠠᠷᠪᠠᠨ ᠳᠥᠷᠪᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ ; 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠳᠥᠴᠢᠨ ᠳᠥᠷᠪᠡᠳᠦᠭᠡᠷ ᠵᠦᠢ᠍ᠯ᠂ ᠳᠥᠴᠢᠨ ᠲᠠᠪᠤᠳᠤᠭ᠋ᠠᠷ ᠵᠦᠢ᠍ᠯ; 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ   ᠰᠢᠢ᠍ᠳᠭᠡᠯ᠎ᠤᠨ ᠬᠠᠤᠯᠢ 》 ᠵᠢᠨ ᠶᠢᠰᠦᠳᠦᠭᠡᠷ ᠵᠦᠢ᠍ᠯ᠎ᠤᠨ (  ᠭᠤᠷᠪᠠ ) ᠳ᠋ᠤᠭ᠋ᠠᠷ ᠵᠤᠷᠪᠤᠰ ᠂ 《  ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠳᠦᠷᠢᠮ 》᠎ᠤᠨ ᠠᠷᠪᠠᠨ ᠳᠥᠷᠪᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ ᠂ 《  ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠲᠣᠭᠲᠠᠭ᠋ᠠᠯ 》᠎ᠤᠨ ᠬᠣᠷᠢᠨ ᠭᠤᠷᠪᠠᠳᠤᠭ᠋ᠠᠷ ᠵᠦᠢ᠍ᠯ ᠵᠢᠴᠢ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ 《 〈  ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ ) ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ 》 (  ᠪᠠᠷᠢᠯᠭ᠎ᠠ  ᠴᠢᠨᠠᠷ [ 2008] 121 ᠳ᠋ᠤᠭᠡᠷ ᠲᠣᠭ᠋ᠠᠲᠤ ) ᠃

     ᠰᠢᠢ᠍ᠳᠪᠦᠷᠢᠯᠡᠭᠰᠡᠨ ᠡᠳᠦᠷ᠄ 2023 - 08 - 29

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ