ᠥᠪᠥᠷ ᠮᠣᠩᠭᠣᠯ᠎ᠤᠨ ᠹᠦ᠋ ᠬᠤᠸᠠ ᠪᠠᠷᠢᠯᠭ᠎ᠠ ᠤᠭᠰᠠᠷᠠᠯᠭ᠎ᠠ ᠵᠢᠨ ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ᠎ᠳᠤ ᠦᠭᠬᠦ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠲᠤᠬᠠᠢ ᠠᠯᠪᠠᠨ ᠵᠠᠷ
2024-10-24

     ᠪᠡᠶ᠎ᠡ ᠵᠢᠨ ᠦᠨᠡᠮᠯᠡᠯ᠎ᠤᠨ ᠨᠣᠮᠧᠷ /  ᠨᠡᠢ᠌ᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠄ 91150900116492932T

     ᠬᠠᠤᠯᠢ ᠵᠢᠨ ᠡᠷᠬᠡᠲᠡᠨ᠄ ᠶᠠᠩ ᠶᠠᠨ ᠸᠸᠨ

     ᠰᠢᠢ᠍ᠳᠭᠡᠯ ᠦᠭᠭᠦᠭᠰᠡᠨ ᠪᠠᠢ᠌ᠭᠤᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ

     ᠪᠢᠴᠢᠭ ᠮᠠᠲᠸᠷᠢᠶᠠᠯ᠎ᠤᠨ ᠳ᠋ᠤᠭ᠋ᠠᠷ᠄ ᠦᠪᠦᠷ ᠪᠠᠷᠢᠯᠭ᠎ᠠ ᠴᠢᠨᠠᠷ ᠲᠤᠷᠭ᠋ᠠᠭᠤᠯᠢ ᠥᠰᠥᠭ [2023] 22 ᠳ᠋ᠤᠭ᠋ᠠᠷ ᠲᠣᠭ᠋ᠠᠲᠤ

     ᠰᠢᠢ᠍ᠳᠭᠡᠯ᠎ᠤᠨ  ᠠᠭᠤᠯᠭ᠎ᠠ ᠄ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ 30 ᠡᠳᠦᠷ᠎ᠤᠨ ᠬᠤᠭᠤᠴᠠᠭ᠎ᠠ᠎ᠲᠠᠢ ᠲᠦᠷ ᠬᠤᠷᠢᠶᠠᠨ᠎ᠠ

     ᠬᠠᠤᠯᠢ ᠵᠥᠷᠢᠴᠡᠭᠰᠡᠨ ᠪᠣᠳᠠᠲᠤ ᠬᠡᠷᠡᠭ᠄ ᠥᠪᠥᠷ ᠮᠣᠩᠭᠣᠯ᠎ᠤᠨ ᠹᠦ᠋ ᠬᠤᠸᠠ ᠪᠠᠷᠢᠯᠭ᠎ᠠ ᠤᠭᠰᠠᠷᠠᠯᠭ᠎ᠠ ᠵᠢᠨ  ᠢᠨᠵᠧᠨᠧᠷᠢᠩ᠎ᠤᠨ ᠬᠢᠵᠠᠭ᠋ᠠᠷᠲᠤ ᠺᠣᠮᠫᠠᠨᠢ 2019 ᠣᠨ᠎ᠤ 6  ᠳ᠋ᠤᠭ᠋ᠠᠷ  ᠰᠠᠷ᠎ᠠ ᠵᠢᠨ 30᠎ᠤ ᠡᠳᠦᠷ᠎ᠤᠨ 20 ᠴᠠᠭ᠎ᠤᠨ ᠦᠶ᠎ᠡ᠎ᠪᠠᠷ᠂ ᠪᠠᠢ᠌ᠭᠤᠯᠵᠤ ᠪᠠᠢ᠌ᠭ᠎ᠠ ᠲᠥᠷᠥᠯ ᠵᠦᠢ᠍ᠯ  ᠶᠠᠩ ᠭᠤᠸᠠᠩ ᠬᠤᠸᠠ ᠴᠧᠩ C ᠲᠣᠭᠣᠷᠢᠭ᠎ᠤᠨ 11 ᠳ᠋ᠤᠭᠡᠷ ᠠᠰᠠᠷ᠎ᠲᠤ ᠨᠢᠭᠡ ᠤᠳᠠᠭ᠋ᠠᠨ᠎ᠤ ᠥᠨᠳᠥᠷ᠎ᠠᠴᠠ ᠤᠨᠠᠭᠰᠠᠨ ᠡᠨᠳᠡᠯ ᠭᠠᠷᠴᠤ᠂ ᠨᠢᠭᠡ ᠬᠥᠮᠥᠨ ᠡᠨᠳᠡᠵᠡᠢ᠃

     ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠄ 《  ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠳᠦᠷᠢᠮ 》᠎ᠤᠨ ᠵᠢᠷᠭᠤᠳᠤᠭ᠋ᠠᠷ ᠵᠦᠢ᠍ᠯ᠎ᠤᠨ (  ᠨᠢᠭᠡ ) ᠂ (  ᠵᠢᠷᠭᠤᠭ᠎ᠠ ) ᠂ (  ᠨᠠᠢ᠍ᠮᠠ ) ᠂ (  ᠶᠢᠰᠦ ) ᠂ (  ᠠᠷᠪᠠᠨ ᠨᠢᠭᠡ ) ᠳ᠋ᠤᠭᠡᠷ ᠵᠤᠷᠪᠤᠰ ᠂ ᠠᠷᠪᠠᠨ ᠳᠥᠷᠪᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ ; 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠳᠥᠴᠢᠨ ᠳᠥᠷᠪᠡᠳᠦᠭᠡᠷ ᠵᠦᠢ᠍ᠯ᠂ ᠳᠥᠴᠢᠨ ᠲᠠᠪᠤᠳᠤᠭ᠋ᠠᠷ ᠵᠦᠢ᠍ᠯ; 《  ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠬᠠᠤᠯᠢ 》 ᠵᠢᠨ ᠶᠢᠰᠦᠳᠦᠭᠡᠷ ᠵᠦᠢ᠍ᠯ᠎ᠤᠨ (  ᠭᠤᠷᠪᠠ ) ᠳ᠋ᠤᠭ᠋ᠠᠷ ᠵᠤᠷᠪᠤᠰ ᠂ 《  ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠳᠦᠷᠢᠮ 》᠎ᠤᠨ ᠠᠷᠪᠠᠨ ᠳᠥᠷᠪᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ ᠂ 《  ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠲᠣᠭᠲᠠᠭ᠋ᠠᠯ 》᠎ᠤᠨ ᠬᠣᠷᠢᠨ ᠭᠤᠷᠪᠠᠳᠤᠭ᠋ᠠᠷ ᠵᠦᠢ᠍ᠯ ᠵᠢᠴᠢ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ 《 〈  ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ 》 (  ᠪᠠᠷᠢᠯᠭ᠎ᠠ  ᠴᠢᠨᠠᠷ [ 2008] 121 ᠳ᠋ᠤᠭᠡᠷ ᠲᠣᠭ᠋ᠠᠲᠤ ) ᠃

     ᠰᠢᠢ᠍ᠳᠪᠦᠷᠢᠯᠡᠭᠰᠡᠨ ᠡᠳᠦᠷ᠄ 2023-08-29

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ