ᠪᠡᠶ᠎ᠡ ᠵᠢᠨ ᠦᠨᠡᠮᠯᠡᠯ᠎ᠤᠨ ᠨᠣᠮᠧᠷ / ᠨᠡᠢ᠌ᠭᠡᠮ᠎ᠤᠨ ᠢᠲᠡᠭᠡᠮᠵᠢ ᠵᠢᠨ ᠨᠢᠭᠡᠳᠦᠯᠲᠡᠢ ᠺᠣᠳ᠋᠄ 91150204660961640N
ᠬᠠᠤᠯᠢ ᠵᠢᠨ ᠡᠷᠬᠡᠲᠡᠨ᠄ ᠴᠢᠦ ᠭᠠᠨ ᠮᠢᠨ
ᠰᠢᠢ᠍ᠳᠭᠡᠯ ᠦᠭᠭᠦᠭᠰᠡᠨ ᠪᠠᠢ᠌ᠭᠤᠯᠭ᠎ᠠ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠣᠲᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠲᠢᠩᠬᠢᠮ
ᠪᠢᠴᠢᠭ ᠮᠠᠲᠸᠷᠢᠶᠠᠯ᠎ᠤᠨ ᠳ᠋ᠤᠭ᠋ᠠᠷ᠄ ᠦᠪᠦᠷ ᠪᠠᠷᠢᠯᠭ᠎ᠠ ᠴᠢᠨᠠᠷ ᠲᠤᠷᠭ᠋ᠠᠭᠤᠯᠢ ᠥᠰᠥᠭ [2023] 04 ᠳ᠋ᠤᠭᠡᠷ ᠲᠣᠭ᠋ᠠᠲᠤ
ᠰᠢᠢ᠍ᠳᠭᠡᠯ᠎ᠤᠨ ᠠᠭᠤᠯᠭ᠎ᠠ ᠄ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ 30 ᠡᠳᠦᠷ᠎ᠤᠨ ᠬᠤᠭᠤᠴᠠᠭ᠎ᠠ᠎ᠲᠠᠢ ᠲᠦᠷ ᠬᠤᠷᠢᠶᠠᠨ᠎ᠠ
ᠬᠠᠤᠯᠢ ᠵᠥᠷᠢᠴᠡᠭᠰᠡᠨ ᠪᠣᠳᠠᠲᠤ ᠬᠡᠷᠡᠭ᠄ ᠪᠤᠭᠤᠲᠤ ᠬᠣᠲᠠ ᠵᠢᠨ ᠴᠦᠨ ᠬᠣᠶ ᠪᠠᠷᠢᠯᠭ᠎ᠠ ᠤᠭᠰᠠᠷᠠᠯᠭ᠎ᠠ ᠬᠥᠳᠡᠯᠮᠦᠷᠢ ᠦᠢ᠍ᠯᠡᠴᠢᠯᠡᠭᠡᠨ᠎ᠤ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ 2020 ᠣᠨ᠎ᠤ 5 ᠳ᠋ᠤᠭ᠋ᠠᠷ ᠰᠠᠷ᠎ᠠ ᠵᠢᠨ 25᠎ᠤ ᠡᠳᠦᠷ᠎ᠤᠨ 11 ᠴᠠᠭ 10 ᠮᠢᠨᠦ᠋ᠲ᠎ᠤᠨ ᠦᠶ᠎ᠡ᠎ᠪᠠᠷ᠂ ᠲᠦᠮᠡᠳ ᠪᠠᠷᠠᠭᠤᠨ ᠬᠣᠰᠢᠭᠤᠨ᠎ᠤ ᠴᠢᠶᠠᠨ ᠶᠤᠸᠠᠨ ᠶᠠᠩ ᠭᠤᠸᠠᠩ ᠴᠧᠩ ᠣᠷᠣᠨ ᠰᠠᠭᠤᠴᠠ ᠵᠢᠨ ᠲᠣᠭᠣᠷᠢᠭ᠎ᠤᠨ ᠪᠠᠷᠢᠯᠭ᠎ᠠ ᠵᠢᠨ ᠲᠤᠬᠠᠢ ᠵᠢᠨ ᠲᠠᠯᠠᠪᠤᠷ᠎ᠲᠤ᠂ 20 ᠳ᠋ᠤᠭ᠋ᠠᠷ ᠠᠰᠠᠷ᠎ᠤᠨ ᠵᠢᠷᠭᠤᠳᠤᠭ᠋ᠠᠷ ᠳᠠᠪᠬᠤᠷᠯᠢᠭ᠎ᠤᠨ ᠱᠠᠯᠠ ᠳᠡᠭᠡᠷᠡᠬᠢ ᠡᠯᠭᠦᠮᠡᠯ ᠨᠢᠷᠤᠭᠤ ᠵᠢᠴᠢ ᠨᠤᠪᠰᠢ ᠵᠢ ᠢᠯᠭ᠋ᠠᠷᠠᠭᠤᠯᠤᠨ ᠳᠢᠭᠯᠡᠬᠦ ᠶᠠᠪᠤᠴᠠ᠎ᠳᠤ᠂ ᠨᠢᠭᠡ ᠤᠳᠠᠭ᠋ᠠᠨ᠎ᠤ ᠬᠦᠨᠳᠦ ᠰᠢᠷᠬᠠᠲᠤᠯ᠎ᠤᠨ ᠡᠨᠳᠡᠯ ᠭᠠᠷᠴᠤ᠂ ᠨᠢᠭᠡ ᠠᠵᠢᠯᠴᠢᠨ ᠨᠠᠰᠤ ᠪᠠᠷᠠᠵᠠᠢ᠃
ᠬᠠᠤᠯᠢ ᠴᠠᠭ᠋ᠠᠵᠠ ᠵᠢᠨ ᠦᠨᠳᠦᠰᠦ ᠪᠠᠷᠢᠮᠲᠠ ᠄ 《 ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠳᠦᠷᠢᠮ 》᠎ᠤᠨ ᠵᠢᠷᠭᠤᠳᠤᠭ᠋ᠠᠷ ᠵᠦᠢ᠍ᠯ᠎ᠤᠨ ( ᠨᠢᠭᠡ ) ᠂ ( ᠵᠢᠷᠭᠤᠭ᠎ᠠ ) ᠂ ( ᠨᠠᠢ᠍ᠮᠠ ) ᠂ ( ᠶᠢᠰᠦ ) ᠂ ( ᠠᠷᠪᠠᠨ ᠨᠢᠭᠡ ) ᠵᠤᠷᠪᠤᠰ ᠂ ᠠᠷᠪᠠᠨ ᠳᠥᠷᠪᠡᠳᠦᠭᠡᠷ ᠵᠦᠢ᠍ᠯ᠎ᠤᠨ ᠨᠢᠭᠡᠳᠦᠭᠡᠷ ᠵᠤᠷᠪᠤᠰ ; 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ᠎ᠤᠨ ᠬᠠᠤᠯᠢ》 ᠵᠢᠨ ᠳᠥᠴᠢᠨ ᠳᠥᠷᠪᠡᠳᠦᠭᠡᠷ ᠵᠦᠢ᠍ᠯ᠂ ᠳᠥᠴᠢᠨ ᠲᠠᠪᠤᠳᠤᠭ᠋ᠠᠷ ᠵᠦᠢ᠍ᠯ; 《 ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ᠎ᠤᠨ ᠬᠠᠤᠯᠢ 》 ᠵᠢᠨ ᠶᠢᠰᠦᠳᠦᠭᠡᠷ ᠵᠦᠢ᠍ᠯ᠎ᠤᠨ ( ᠭᠤᠷᠪᠠ ) ᠳ᠋ᠤᠭ᠋ᠠᠷ ᠵᠤᠷᠪᠤᠰ ᠂ 《 ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠳᠦᠷᠢᠮ 》᠎ᠤᠨ ᠠᠷᠪᠠᠨ ᠳᠥᠷᠪᠡᠳᠦᠭᠡᠷ ᠵᠦᠢ᠍ᠯ᠎ᠤᠨ ᠬᠣᠶᠠᠳᠤᠭ᠋ᠠᠷ ᠵᠤᠷᠪᠤᠰ ᠂ 《 ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠠᠮᠢᠶᠠᠷᠤᠯᠲᠠ ᠵᠢᠨ ᠲᠣᠭᠲᠠᠭ᠋ᠠᠯ 》᠎ᠤᠨ ᠬᠣᠷᠢᠨ ᠭᠤᠷᠪᠠᠳᠤᠭ᠋ᠠᠷ ᠵᠦᠢ᠍ᠯ ᠵᠢᠴᠢ ᠣᠷᠣᠨ ᠰᠠᠭᠤᠴᠠ ᠪᠠ ᠬᠤᠳᠠ ᠬᠥᠳᠡᠭᠡ ᠵᠢᠨ ᠪᠦᠲᠦᠭᠡᠨ ᠪᠠᠢ᠌ᠭᠤᠯᠤᠯᠲᠠ ᠵᠢᠨ ᠶᠠᠮᠤᠨ᠎ᠤ 《 〈 ᠪᠠᠷᠢᠯᠭ᠎ᠠ ᠪᠠᠷᠢᠬᠤ ᠠᠵᠤ ᠠᠬᠤᠢ᠌ᠯᠠᠯ᠎ᠤᠨ ᠠᠶᠤᠯᠭᠦᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠥᠳᠡᠯᠦᠩᠭᠦᠢ ᠬᠢᠨᠠᠯᠲᠠ ᠬᠠᠮᠢᠶᠠᠷᠤᠯᠲᠠ ᠵᠢᠨ ᠲᠦᠷ ᠬᠡᠷᠡᠭᠵᠢᠭᠦᠯᠬᠦ ᠠᠷᠭ᠎ᠠ 〉 ᠵᠢ ᠳᠠᠷᠤᠮᠠᠯᠯᠠᠨ ᠶᠠᠪᠤᠭᠤᠯᠬᠤ ᠲᠤᠬᠠᠢ ᠮᠡᠳᠡᠭᠳᠡᠯ 》 ( ᠪᠠᠷᠢᠯᠭ᠎ᠠ ᠴᠢᠨᠠᠷ [ 2008]]121 ᠳ᠋ᠤᠭᠡᠷ ᠲᠣᠭ᠋ᠠᠲᠤ ) ᠃
ᠰᠢᠢ᠍ᠳᠪᠦᠷᠢᠯᠡᠭᠰᠡᠨ ᠡᠳᠦᠷ᠄ 2023- 08 - 29