《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠴᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ ᠬᠣᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ᠂ ᠮᠠᠨ᠎ᠤ ᠲᠢᠩᠬᠢᠮ᠎ᠠᠴᠠ 2025 ᠣᠨ᠎ᠤ ᠠᠷᠪᠠᠨ ᠵᠢᠷᠭᠤᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠵᠤ᠂ ᠣᠳᠣ 1 ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠠᠵᠤ ᠠᠬᠤᠢ᠌ᠯᠠᠯ᠂ 32 ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠂ 2 ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠬᠢᠨᠠᠨ ᠬᠠᠮᠢᠶᠠᠷᠬᠤ ᠠᠵᠤ ᠠᠬᠤᠢ᠌ᠯᠠᠯ᠂ 53 ᠪᠠᠷᠢᠯᠭ᠎ᠠ ᠵᠢᠨ ᠦᠢ᠍ᠯᠡᠰ᠎ᠤᠨ ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠢ ᠬᠢᠨᠠᠨ ᠪᠠᠢ᠌ᠴᠠᠭ᠋ᠠᠭᠰᠠᠨ ᠰᠠᠨᠠᠯ᠎ᠤᠨ ᠨᠡᠷᠡᠰ (ᠳᠠᠭ᠋ᠠᠯᠳᠤᠭᠤᠯᠤᠯ᠎ᠳᠤ ᠦᠵᠡ)᠎ᠢ ᠨᠡᠢ᠌ᠲᠡᠯᠡᠵᠦ᠂ ᠬᠢᠨᠠᠨ ᠪᠠᠶ᠋ᠢᠴᠠᠭ᠋ᠠᠭᠰᠠᠨ ᠰᠠᠨᠠᠯ᠎ᠢ 2025 ᠣᠨ᠎ᠤ 5 ᠳ᠋ᠤᠭ᠋ᠠᠷ ᠰᠠᠷ᠎ᠠ ᠵᠢᠨ 22᠎ᠤ ᠡᠳᠦᠷ᠎ᠤᠨ 17 ᠴᠠᠭ 30 ᠮᠢᠨᠦ᠋ᠲ ᠬᠦᠷᠲᠡᠯ᠎ᠡ ᠨᠡᠢ᠌ᠲᠡᠯᠡᠨ᠎ᠡ᠃ 3 ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢ ᠬᠢᠨᠠᠨ ᠪᠠᠢ᠌ᠴᠠᠭ᠋ᠠᠭᠰᠠᠨ ᠰᠠᠨᠠᠯ᠎ᠤᠨ ᠨᠡᠷᠡᠰ ( ᠳᠠᠭ᠋ᠠᠯᠳᠤᠭᠤᠯᠤᠯ᠎ᠳᠤ ᠦᠵᠡ)᠎ᠢ ᠨᠡᠢ᠌ᠲᠡᠯᠡᠵᠦ᠂ ᠬᠢᠨᠠᠨ ᠪᠠᠶ᠋ᠢᠴᠠᠭ᠋ᠠᠭᠰᠠᠨ ᠰᠠᠨᠠᠯ᠎ᠢ 2025 ᠣᠨ᠎ᠤ 5 ᠳ᠋ᠤᠭ᠋ᠠᠷ ᠰᠠᠷ᠎ᠠ ᠵᠢᠨ 29᠎ᠤ ᠡᠳᠦᠷ᠎ᠤᠨ 17 ᠴᠠᠭ 30 ᠮᠢᠨᠦ᠋ᠲ ᠬᠦᠷᠲᠡᠯ᠎ᠡ ᠨᠡᠢ᠌ᠲᠡᠯᠡᠨ᠎ᠡ ᠃ ᠨᠡᠶ᠋ᠢᠲᠡᠯᠡᠭᠰᠡᠨ ᠰᠠᠨᠠᠯ᠎ᠳᠤ ᠣᠨᠳᠣᠤ ᠰᠠᠨᠠᠯ᠎ᠲᠠᠢ ᠪᠤᠶᠤ ᠠᠰᠠᠭᠤᠳᠠᠯ᠎ᠲᠠᠢ ᠪᠠᠶ᠋ᠢᠪᠠᠯ᠂ ᠵᠥᠪᠳᠡᠭᠡᠨ ᠲᠣᠳᠣᠷᠬᠠᠶ᠋ᠢᠯᠠᠬᠤ᠎ᠪᠠᠷ ᠳᠤᠷᠠᠳᠴᠤ ᠪᠣᠯᠤᠨ᠎ᠠ᠂ ᠬᠢᠨᠠᠨ ᠪᠠᠶ᠋ᠢᠴᠠᠭ᠋ᠠᠭᠰᠠᠨ ᠰᠠᠨᠠᠯ᠎ᠳᠤ ᠪᠠᠲᠤᠯᠠᠭᠳᠠᠭᠰᠠᠨ ᠥᠬᠡᠶ ᠠᠵᠤ ᠠᠬᠤᠶ᠋ᠢᠯᠠᠯ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ᠎ᠠᠴᠠ ᠪᠣᠳᠠᠲᠠᠶ ᠰᠠᠨᠠᠯ᠎ᠢ ᠦᠵᠡᠵᠦ ᠪᠣᠯᠤᠨ᠎ᠠ᠃
ᠶᠠᠮᠠᠷᠪᠠ ᠬᠣᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠎ᠠᠴᠠ ᠬᠡᠷᠪᠡ ᠠᠵᠤ ᠠᠬᠤᠶ᠋ᠢᠯᠠᠯ᠎ᠤᠨ ᠮᠡᠳᠡᠭᠦᠯᠦᠭᠰᠡᠨ ᠬᠢᠷᠢ ᠬᠡᠮ᠎ᠤᠨ ᠪᠠᠶ᠋ᠢᠳᠠᠯ᠎ᠳᠤ ᠣᠨᠳᠣᠤ ᠰᠠᠨᠠᠯ᠎ᠲᠠᠢ ᠪᠠᠶ᠋ᠢᠪᠠᠯ᠂ ᠴᠥᠮ ᠮᠠᠨ᠎ᠤ ᠲᠢᠩᠬᠢᠮ᠎ᠳᠤ ᠪᠠᠶ᠋ᠢᠳᠠᠯ ᠵᠶ᠋ᠠᠨ ᠲᠤᠰᠬᠠᠵᠤ ᠪᠣᠯᠤᠨ᠎ᠠ᠂ ᠨᠢᠭᠡᠴᠢ᠎ᠠᠴᠠ ᠪᠠᠶ᠋ᠢᠳᠠᠯ ᠵᠶ᠋ᠠᠨ ᠲᠤᠰᠬᠠᠬᠤ᠎ᠳᠤ ᠠᠯᠪᠠᠨ ᠲᠠᠮᠠᠭ᠎ᠠ᠎ᠪᠠᠨ ᠳᠠᠷᠤᠬᠤ ᠴᠢᠬᠤᠯᠠᠲᠠᠶ᠂ ᠬᠤᠪᠢ ᠬᠥᠮᠦᠨ᠎ᠠᠴᠠ ᠪᠠᠶ᠋ᠢᠳᠠᠯ ᠵᠶ᠋ᠠᠨ ᠲᠤᠰᠬᠠᠬᠤ᠎ᠳᠤ ᠦᠨᠡᠨ ᠪᠣᠳᠠᠲᠠᠶ ᠣᠪᠣᠭ ᠨᠡᠷ᠎ᠡ ᠵᠢᠨ ᠭᠠᠷᠤᠨ ᠦᠰᠦᠭ ᠵᠢᠷᠤᠬᠤ ᠵᠢᠨ ᠬᠠᠮᠲᠤ ᠬᠠᠷᠢᠯᠴᠠᠬᠤ ᠤᠲᠠᠰᠤ᠂ ᠬᠠᠶᠢᠭ ᠪᠠ ᠰᠢᠤᠳᠠᠨ᠎ᠤ ᠳ᠋ᠤᠭ᠋ᠠᠷ ᠵᠶ᠋ᠠᠨ ᠦᠯᠡᠳᠡᠭᠡᠬᠦ ᠬᠡᠷᠡᠭᠲᠡᠶ᠃ ᠮᠠᠲ᠋ᠧᠷᠢᠶᠠᠯ ᠵᠶ᠋ᠠᠨ ᠰᠢᠦᠳᠠᠨ ᠵᠶ᠋ᠠᠷ ᠢᠯᠡᠭᠡᠨ ᠮᠡᠳᠡᠭᠦᠯᠦᠨ ᠬᠦᠷᠭᠡᠭᠰᠡᠨ ᠠᠵᠤ ᠠᠬᠤᠶ᠋ᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ᠎ᠪᠠᠨ ᠦᠯᠡᠳᠡᠭᠡᠵᠦ᠂ ᠬᠡᠷᠡᠭᠴᠡᠭᠡ᠎ᠳᠤ᠎ᠪᠠᠨ ᠪᠡᠯᠡᠳᠬᠡᠬᠦ ᠬᠡᠷᠡᠭᠲᠡᠶ᠃
ᠬᠠᠷᠢᠯᠴᠠᠬᠤ ᠤᠲᠠᠰᠤ᠄ 0471-6944058᠂ 0471-6944062
ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ ᠵᠢᠨ 6 ᠳ᠋ᠤᠭ᠋ᠠᠷ ᠲᠣᠭ᠋ᠠᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ 12 ᠳ᠋ᠤᠭ᠋ᠠᠷ ᠳᠠᠪᠬᠤᠷᠯᠢᠭ᠎ᠤᠨ ᠶᠡᠷᠦᠩᠬᠡᠶ᠋ᠢᠯᠡᠭᠰᠡᠨ ᠴᠣᠩᠬᠤ
ᠳᠠᠭ᠋ᠠᠯᠳᠤᠭᠤᠯᠤᠯ᠄
2025 ᠣᠨ᠎ᠤ 5 ᠳ᠋ᠤᠭ᠋ᠠᠷ ᠰᠠᠷ᠎ᠠ ᠵᠢᠨ 16᠎ᠤ ᠡᠳᠦᠷ