2025 ᠣᠨ᠎ᠤ ᠬᠣᠷᠢᠳᠤᠭ᠋ᠠᠷ ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠢ ᠬᠢᠨᠠᠨ ᠪᠠᠶ᠋ᠢᠴᠠᠭ᠋ᠠᠭᠰᠠᠨ ᠰᠠᠨᠠᠯ᠎ᠤᠨ ᠲᠤᠬᠠᠶ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ᠎ᠤᠨ ᠨᠡᠶ᠋ᠢᠳᠡᠯᠡᠯ
2025-06-20

    《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠬᠠᠤᠯᠢ》 ᠵᠢᠴᠢ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠬᠦᠷᠢᠶᠡᠨ᠎ᠳᠠᠬᠢ  ᠠᠵᠤ ᠠᠬᠤᠶ᠋ᠢᠯᠠᠯ᠎ᠤᠨ ᠬᠢᠷᠢ ᠬᠡᠮ᠎ᠤᠨ ᠬᠠᠮᠢᠶᠠᠷᠤᠯᠲᠠ ᠵᠢᠨ  ᠬᠣᠯᠪᠣᠭᠳᠠᠯ ᠪᠥᠬᠦᠶ ᠲᠣᠭᠲᠠᠭ᠋ᠠᠯ ᠶᠣᠰᠣᠭ᠋ᠠᠷ᠂ ᠮᠠᠨ᠎ᠤ ᠲᠢᠩᠬᠢᠮ᠎ᠠᠴᠠ 2025  ᠣᠨ᠎ᠤ  ᠬᠣᠷᠢᠳᠤᠭ᠋ᠠᠷ  ᠪᠦᠯᠦᠭ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠵᠦᠢ᠍ᠯᠡᠰ᠎ᠤᠨ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠵᠤ᠂ ᠣᠳᠣ 2  ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠠᠵᠤ ᠠᠬᠤᠢ᠌ᠯᠠᠯ ᠂ 33 ᠬᠠᠢ᠌ᠨ ᠪᠠᠢ᠌ᠴᠠᠭ᠋ᠠᠵᠤ ᠵᠢᠷᠤᠵᠤ ᠲᠥᠯᠥᠪᠯᠡᠬᠦ ᠠᠵᠤ ᠠᠬᠤᠢ᠌ᠯᠠᠯ ᠂ 5 ᠪᠦᠲᠦᠭᠡᠨ  ᠪᠠᠢ᠌ᠭᠤᠯᠤᠯᠲᠠ ᠵᠢᠨ  ᠢᠨᠵᠧᠨᠧᠷᠢᠩ᠎ᠤᠨ ᠬᠢᠨᠠᠨ ᠬᠠᠮᠢᠶᠠᠷᠬᠤ ᠠᠵᠤ ᠠᠬᠤᠢ᠌ᠯᠠᠯ ᠂ 54 ᠪᠠᠷᠢᠯᠭ᠎ᠠ ᠵᠢᠨ  ᠦᠢ᠍ᠯᠡᠰ᠎ᠤᠨ  ᠠᠵᠤ ᠠᠬᠤᠢ᠌ᠯᠠᠯ᠎ᠤᠨ ᠠᠶᠤᠯ ᠦᠭᠡᠢ ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ  ᠦᠨᠡᠮᠯᠡᠯ᠎ᠢ  ᠬᠢᠨᠠᠨ ᠪᠠᠢ᠌ᠴᠠᠭ᠋ᠠᠭᠰᠠᠨ ᠰᠠᠨᠠᠯ᠎ᠤᠨ ᠨᠡᠷᠡᠰ ᠂ 1  ᠪᠦᠲᠦᠭᠡᠨ ᠪᠠᠢ᠌ᠭᠤᠯᠤᠯᠲᠠ ᠵᠢᠨ  ᠢᠨᠵᠧᠨᠧᠷᠢᠩ᠎ᠤᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ ᠨᠡᠷᠡᠰ ᠎ᠢ ᠨᠡᠢ᠌ᠲᠡᠯᠡᠵᠦ᠂  ᠬᠢᠨᠠᠨ ᠪᠠᠶ᠋ᠢᠴᠠᠭ᠋ᠠᠭᠰᠠᠨ ᠰᠠᠨᠠᠯ᠎ᠢ 2025  ᠣᠨ᠎ᠤ 6 ᠳ᠋ᠤᠭ᠋ᠠᠷ  ᠰᠠᠷ᠎ᠠ ᠵᠢᠨ 19᠎ᠤ ᠡᠳᠦᠷ᠎ᠤᠨ 17 ᠴᠠᠭ 30 ᠮᠢᠨᠦ᠋ᠲ ᠬᠦᠷᠲᠡᠯ᠎ᠡ ᠨᠡᠢ᠌ᠲᠡᠯᠡᠨ᠎ᠡ ᠃ ᠨᠡᠶ᠋ᠢᠲᠡᠯᠡᠭᠰᠡᠨ ᠰᠠᠨᠠᠯ᠎ᠳᠤ ᠣᠨᠳᠣᠤ ᠰᠠᠨᠠᠯ᠎ᠲᠠᠢ ᠪᠤᠶᠤ ᠠᠰᠠᠭᠤᠳᠠᠯ᠎ᠲᠠᠢ ᠪᠠᠶ᠋ᠢᠪᠠᠯ᠂ ᠵᠥᠪᠳᠡᠭᠡᠨ ᠲᠣᠳᠣᠷᠬᠠᠶ᠋ᠢᠯᠠᠬᠤ᠎ᠪᠠᠷ ᠳᠤᠷᠠᠳᠴᠤ ᠪᠣᠯᠤᠨ᠎ᠠ᠂ ᠬᠢᠨᠠᠨ ᠪᠠᠶ᠋ᠢᠴᠠᠭ᠋ᠠᠭᠰᠠᠨ ᠰᠠᠨᠠᠯ᠎ᠳᠤ ᠪᠠᠲᠤᠯᠠᠭᠳᠠᠭᠰᠠᠨ ᠥᠬᠡᠶ ᠠᠵᠤ ᠠᠬᠤᠶ᠋ᠢᠯᠠᠯ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠰᠢᠰᠲ᠋ᠧᠮ᠎ᠠᠴᠠ ᠪᠣᠳᠠᠲᠠᠶ ᠰᠠᠨᠠᠯ᠎ᠢ  ᠦᠵᠡᠵᠦ ᠪᠣᠯᠤᠨ᠎ᠠ᠃

     ᠶᠠᠮᠠᠷᠪᠠ ᠬᠣᠯᠪᠣᠭᠳᠠᠯ ᠪᠥᠬᠦᠶ ᠨᠢᠭᠡᠴᠢ ᠵᠢᠴᠢ ᠬᠤᠪᠢ ᠬᠥᠮᠦᠨ᠎ᠠᠴᠠ ᠬᠡᠷᠪᠡ ᠠᠵᠤ ᠠᠬᠤᠶ᠋ᠢᠯᠠᠯ᠎ᠤᠨ ᠮᠡᠳᠡᠭᠦᠯᠦᠭᠰᠡᠨ ᠬᠢᠷᠢ ᠬᠡᠮ᠎ᠤᠨ ᠪᠠᠶ᠋ᠢᠳᠠᠯ᠎ᠳᠤ ᠣᠨᠳᠣᠤ ᠰᠠᠨᠠᠯ᠎ᠲᠠᠢ ᠪᠠᠶ᠋ᠢᠪᠠᠯ᠂ ᠴᠥᠮ ᠮᠠᠨ᠎ᠤ ᠲᠢᠩᠬᠢᠮ᠎ᠳᠤ ᠪᠠᠶ᠋ᠢᠳᠠᠯ ᠵᠶ᠋ᠠᠨ ᠲᠤᠰᠬᠠᠵᠤ ᠪᠣᠯᠤᠨ᠎ᠠ᠂ ᠨᠢᠭᠡᠴᠢ᠎ᠠᠴᠠ ᠪᠠᠶ᠋ᠢᠳᠠᠯ ᠵᠶ᠋ᠠᠨ ᠲᠤᠰᠬᠠᠬᠤ᠎ᠳᠤ ᠠᠯᠪᠠᠨ ᠲᠠᠮᠠᠭ᠎ᠠ᠎ᠪᠠᠨ ᠳᠠᠷᠤᠬᠤ ᠴᠢᠬᠤᠯᠠᠲᠠᠶ᠂ ᠬᠤᠪᠢ ᠬᠥᠮᠦᠨ᠎ᠠᠴᠠ ᠪᠠᠶ᠋ᠢᠳᠠᠯ ᠵᠶ᠋ᠠᠨ ᠲᠤᠰᠬᠠᠬᠤ᠎ᠳᠤ ᠦᠨᠡᠨ ᠪᠣᠳᠠᠲᠠᠶ ᠣᠪᠣᠭ ᠨᠡᠷ᠎ᠡ ᠵᠢᠨ ᠭᠠᠷ᠎ᠤᠨ ᠦᠰᠦᠭ ᠵᠢᠷᠤᠬᠤ ᠵᠢᠨ ᠬᠠᠮᠲᠤ ᠬᠠᠷᠢᠯᠴᠠᠬᠤ ᠤᠲᠠᠰᠤ᠂ ᠬᠠᠶᠢᠭ ᠪᠠ ᠰᠢᠤᠳᠠᠨ᠎ᠤ ᠳ᠋ᠤᠭ᠋ᠠᠷ ᠵᠶ᠋ᠠᠨ ᠦᠯᠡᠳᠡᠭᠡᠬᠦ ᠬᠡᠷᠡᠭᠲᠡᠶ᠃  ᠮᠠᠲ᠋ᠧᠷᠢᠶᠠᠯ ᠵᠶ᠋ᠠᠨ ᠰᠢᠦᠳᠠᠨ ᠵᠶ᠋ᠠᠷ  ᠢᠯᠡᠭᠡᠨ  ᠮᠡᠳᠡᠭᠦᠯᠦᠨ ᠬᠦᠷᠭᠡᠭᠰᠡᠨ ᠠᠵᠤ ᠠᠬᠤᠶ᠋ᠢᠯᠠᠯ ᠪᠤᠶᠤ ᠬᠤᠪᠢ ᠬᠥᠮᠦᠨ ᠡᠷᠬᠡᠪᠰᠢ ᠬᠠᠷᠢᠯᠴᠠᠬᠤ ᠠᠷᠭ᠎ᠠ᠎ᠪᠠᠨ ᠦᠯᠡᠳᠡᠭᠡᠵᠦ᠂ ᠬᠡᠷᠡᠭᠴᠡᠭᠡ᠎ᠳᠤ᠎ᠪᠠᠨ ᠪᠡᠯᠡᠳᠬᠡᠬᠦ ᠬᠡᠷᠡᠭᠲᠡᠶ᠃

     ᠬᠠᠷᠢᠯᠴᠠᠬᠤ ᠤᠲᠠᠰᠤ᠄ 0471-6944058᠂ 0471-6944062

     ᠬᠠᠷᠢᠯᠴᠠᠬᠤ ᠬᠠᠶᠢᠭ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠤᠲᠠ ᠵᠢᠨ ᠰᠠᠶ᠋ᠢᠬᠠᠨ ᠲᠣᠭᠤᠷᠢᠭ᠎ᠤᠨ ᠴᠡᠯᠡᠭᠡᠷ ᠲᠠᠯ᠎ᠠ ᠶᠡᠭᠡ ᠵᠡᠭᠡᠯᠢ ᠵᠢᠨ 6 ᠳ᠋ᠤᠭ᠋ᠠᠷ ᠲᠣᠭ᠋ᠠᠲᠤ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠣᠪᠴᠢᠶ᠎ᠠ ᠵᠢᠨ 12 ᠳ᠋ᠤᠭ᠋ᠠᠷ ᠳᠠᠪᠬᠤᠷᠯᠢᠭ᠎ᠤᠨ ᠶᠡᠷᠦᠩᠬᠡᠶ᠋ᠢᠯᠡᠭᠰᠡᠨ ᠴᠣᠩᠬᠤ

 

ᠳᠠᠭ᠋ᠠᠯᠳᠤᠭᠤᠯᠤᠯ᠄

    1.  ᠬᠣᠷᠢᠳᠤᠭ᠋ᠠᠷ  ᠪᠦᠯᠦᠭ ᠬᠠᠶ᠋ᠢᠨ ᠪᠠᠶ᠋ᠢᠴᠠᠭ᠋ᠠᠵᠤ ᠵᠢᠷᠤᠵᠤ ᠲᠥᠯᠥᠪᠯᠡᠬᠦ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠶ᠋ᠢᠴᠠᠭ᠋ᠠᠭᠰᠠᠨ ᠰᠠᠨᠠᠯ

    2.  ᠬᠣᠷᠢᠳᠤᠭ᠋ᠠᠷ  ᠪᠦᠯᠦᠭ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠶ᠋ᠢᠴᠠᠭ᠋ᠠᠭᠰᠠᠨ ᠰᠠᠨᠠᠯ

    3.  ᠬᠣᠷᠢᠳᠤᠭ᠋ᠠᠷ  ᠪᠦᠯᠦᠭ  ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ  ᠬᠢᠨᠠᠨ ᠬᠠᠮᠢᠶᠠᠷᠬᠤ ᠠᠵᠤ ᠠᠬᠤᠶ᠋ᠢᠯᠠᠯ᠎ᠤᠨ ᠬᠢᠷᠢ ᠬᠡᠮ᠎ᠢ ᠬᠢᠨᠠᠨ ᠪᠠᠢ᠌ᠴᠠᠭ᠋ᠠᠭᠰᠠᠨ ᠰᠠᠨᠠᠯ

    4. ᠬᠣᠷᠢᠳᠤᠭ᠋ᠠᠷ  ᠪᠦᠯᠦᠭ  ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ  ᠠᠶᠤᠯ  ᠦᠭᠡᠢ  ᠦᠢ᠍ᠯᠡᠳᠪᠦᠷᠢᠯᠡᠯ᠎ᠤᠨ ᠵᠥᠪᠰᠢᠶᠡᠷᠡᠯ᠎ᠤᠨ ᠦᠨᠡᠮᠯᠡᠯ᠎ᠤᠨ ᠬᠢᠷᠢ ᠬᠡᠮ᠎ᠢ ᠬᠢᠨᠠᠨ ᠪᠠᠶ᠋ᠢᠴᠠᠭ᠋ᠠᠭᠰᠠᠨ ᠰᠠᠨᠠᠯ

    5.  ᠬᠣᠷᠢᠳᠤᠭ᠋ᠠᠷ  ᠪᠦᠯᠦᠭ ᠪᠦᠲᠦᠭᠡᠨ ᠪᠠᠢ᠌ᠭᠤᠯᠤᠯᠲᠠ ᠵᠢᠨ ᠢᠨᠵᠧᠨᠧᠷᠢᠩ᠎ᠤᠨ ᠶᠠᠰᠤ ᠴᠢᠨᠠᠷ᠎ᠢ ᠪᠠᠢ᠌ᠴᠠᠭ᠋ᠠᠨ ᠬᠡᠮᠵᠢᠬᠦ ᠪᠠᠢ᠌ᠭᠤᠯᠤᠮᠵᠢ ᠵᠢᠨ  ᠬᠢᠷᠢ ᠬᠡᠮ᠎ᠢ ᠬᠢᠨᠠᠨ ᠪᠠᠢ᠌ᠴᠠᠭ᠋ᠠᠭᠰᠠᠨ ᠰᠠᠨᠠᠯ

 

                    2025  ᠣᠨ᠎ᠤ 6  ᠳ᠋ᠤᠭ᠋ᠠᠷ  ᠰᠠᠷ᠎ᠠ ᠵᠢᠨ 13᠎ᠤ ᠡᠳᠦᠷ 


 

ᠢᠷᠡᠯᠲᠡ᠄ ᠥᠪᠡᠷᠲᠡᠭᠡᠨ ᠵᠠᠰᠠᠬᠤ ᠣᠷᠣᠨ᠎ᠤ ᠣᠷᠣᠨ ᠰᠠᠭᠤᠴᠠ ᠪᠠ ᠬᠤᠲᠠ ᠬᠥᠳᠡᠭᠡ ᠵᠢᠨ ᠪᠥᠲᠥᠭᠡᠨ ᠪᠠᠶ᠋ᠢᠭᠤᠯᠤᠯᠲᠠ ᠵᠢᠨ ᠲᠢᠩᠬᠢᠮ